ᠮᠠᠨ ᠤ ᠬᠤᠰᠢᠭᠤᠨ ᠤ ᠲᠠᠢ ᠵᠢᠢ ᠨᠢᠳᠤᠷᠭ᠎ᠠ ᠪᠠᠷ ᠪᠡᠶ᠎ᠡ ᠴᠢᠭᠢᠷᠠᠭᠵᠢᠭᠤᠯᠬᠤ ᠨᠡᠶᠢᠭᠡᠮᠯᠢᠭ ᠥᠪᠡᠷᠲᠡᠭᠡᠨ ᠵᠠᠰᠠᠬᠤ ᠣᠷᠣᠨ ᠤ ᠵᠢᠱᠢᠶ᠎ᠡ ᠦᠵᠡᠭᠦᠯᠬᠦ ᠰᠠᠭᠤᠷᠢᠨ ᠭᠠᠵᠠᠷ ᠤᠨ ᠢᠷᠠᠭᠤ ᠠᠯᠳᠠᠷ ᠢ ᠬᠦᠷᠲᠡᠪᠡ
ᠨᠡᠶᠢᠲᠡᠯᠡᠭᠰᠡᠨ ᠴᠠᠭ᠄
2024/11/25
      11 ᠰᠠᠷ᠎ᠠ ᠶᠢᠨ 5᠎ ᠤ ᠦᠳᠡ ᠶᠢᠨ ᠡᠮᠦᠨ᠎ᠡ᠂ ᠥᠪᠡᠷᠲᠡᠭᠡᠨ ᠵᠠᠰᠠᠬᠤ ᠣᠷᠣᠨ ᠤ ᠪᠥᠬᠦ ᠠᠷᠠᠳ ᠤᠨ ᠵᠡᠪᠰᠡᠭ ᠤᠨ ᠡᠷᠳᠡᠮ᠂ ᠲᠠᠢ ᠵᠢᠢ ᠨᠢᠳᠤᠷᠭ᠎ᠠ ᠪᠠᠷ ᠪᠡᠶ᠎ᠡ ᠴᠢᠬᠢᠷᠠᠭᠵᠢᠭᠤᠯᠬᠤ ᠬᠦᠳᠡᠯᠭᠡᠭᠡᠨ ᠤ ᠵᠢᠱᠢᠶ᠎ᠡ ᠦᠵᠡᠭᠦᠯᠬᠦ ᠰᠠᠭᠤᠷᠢᠨ ᠭᠠᠵᠠᠷ ᠤᠨ ᠫᠠᠶᠢᠰᠠ ᠰᠡᠬᠦᠬᠦ ᠶᠣᠰᠣᠯᠠᠯ ᠬᠤᠰᠢᠭᠤ ᠰᠣᠶᠣᠯ ᠲᠠᠮᠢᠷ ᠵᠢᠭᠤᠯᠴᠢᠯᠠᠯ ᠷᠠᠳᠢᠤ᠋ ᠲᠧᠯᠸᠢᠰ ᠤᠨ ᠲᠣᠪᠴᠢᠶ᠎ᠠ ᠳᠤ ᠶᠠᠪᠤᠭᠳᠠᠪᠠ᠃      ᠥᠪᠥᠷ ᠮᠣᠩᠭᠤᠯ ᠤᠨ ᠵᠡᠪᠰᠡᠭ ᠤᠨ ᠡᠷᠳᠡᠮ ᠤᠨ ᠨᠡᠶᠢᠭᠡᠮᠯᠢᠭ ᠤᠨ ᠰᠢᠯᠭᠠᠨ ᠦᠨᠡᠯᠡᠭᠴᠢ ᠨᠡᠷ ᠪᠣᠯᠣᠨ ᠬᠤᠰᠢᠭᠤ ᠨᠠᠮ ᠤᠨ ᠬᠤᠷᠢᠶᠠᠨ ᠤ ᠨᠡᠶᠢᠭᠡᠮ ᠤᠨ ᠠᠵᠢᠯ ᠤᠨ ᠬᠡᠯᠲᠡᠰ᠂ ᠨᠠᠮ ᠤᠨ ᠬᠤᠷᠢᠶᠠᠨ ᠤ ᠠᠯᠪᠠᠨ ᠬᠡᠷ᠂ ᠰᠣᠶᠣᠯ ᠲᠠᠮᠢᠷ ᠵᠢᠭᠤᠯᠴᠢᠯᠠᠯ ᠷᠠᠳᠢᠤ᠋ ᠲᠧᠯᠸᠢᠰ ᠤᠨ ᠲᠣᠪᠴᠢᠶ᠎ᠠ ᠵᠢᠴᠢ ᠮᠠᠨ ᠤ ᠬᠤᠰᠢᠭᠤᠨ ᠤ ᠲᠠᠢ ᠵᠢᠶ ᠨᠢᠳᠤᠷᠭ᠎ᠠ ᠎ ᠪᠠᠷ ᠪᠡᠶ᠎ᠡ ᠴᠢᠭᠢᠷᠠᠭᠵᠢᠭᠤᠯᠬᠤ ᠨᠡᠶᠢᠭᠡᠮᠯᠢᠭ ᠤᠨ ᠬᠢᠨ ᠠᠵᠢᠯᠯᠠᠭ᠎ᠠ ᠳᠤ ᠣᠷᠤᠯᠴᠠᠵᠠᠢ᠃      ᠮᠠᠨ ᠤ ᠬᠤᠰᠢᠭᠤᠨ ᠤ ᠲᠠᠢ ᠵᠢᠢ ᠨᠢᠳᠤᠷᠭ᠎ᠠ ᠪᠠᠷ ᠪᠡᠶ᠎ᠡ ᠴᠢᠭᠢᠷᠠᠭᠵᠢᠭᠤᠯᠬᠤ ᠨᠡᠶᠢᠭᠡᠮᠯᠢᠭ ᠨᠢ ᠥᠪᠡᠷᠲᠡᠭᠡᠨ ᠵᠠᠰᠠᠬᠤ ᠣᠷᠣᠨ ᠤ ᠪᠦᠬᠦ ᠠᠷᠠᠳ ᠤᠨ ᠵᠡᠪᠰᠡᠭ ᠤᠨ ᠡᠷᠳᠡᠮ᠂ ᠲᠠᠢ ᠵᠢᠢ ᠨᠢᠳᠤᠷᠭ᠎ᠠ ᠪᠠᠷ ᠪᠡᠶ᠎ᠡ ᠴᠢᠬᠢᠷᠠᠭᠵᠢᠭᠤᠯᠬᠤ ᠬᠦᠳᠡᠯᠭᠡᠭᠡᠨ ᠤ ᠵᠢᠱᠢᠶ᠎ᠡ ᠦᠵᠡᠭᠦᠯᠬᠦ ᠰᠠᠭᠤᠷᠢᠨ ᠭᠠᠵᠠᠷ ᠤᠨ ᠢᠷᠡᠭᠤ ᠠᠯᠳᠠᠷ ᠬᠦᠷᠲᠡᠭᠰᠡᠨ‌ᠨᠢ ᠲᠠᠢ ᠵᠢᠢ ᠨᠢᠳᠤᠷᠭ᠎ᠠ ᠎ ᠶᠢᠨ ᠬᠥᠳᠡᠯᠭᠡᠭᠡᠨ ᠢ ᠳᠡᠯᠭᠡᠷᠡᠭᠦᠯᠬᠦ ᠲᠠᠯ᠎ᠠ ᠪᠠᠷ ᠬᠢ ᠦᠢᠯᠡᠳᠦᠯ ᠢ ᠭᠦᠢᠴᠡᠳ ᠨᠤᠲᠠᠯᠠᠭᠰᠠᠨ ᠶᠠᠪᠤᠳᠠᠯ ᠪᠤᠯᠬᠤ ᠶᠤᠮ᠃ ᠬᠤᠶᠢᠰᠢᠳᠠ ᠮᠠᠨ ᠤ ᠬᠤᠰᠢᠭᠤᠨ ᠤ ᠲᠠᠢ ᠵᠢᠢ ᠨᠢᠳᠤᠷᠭ᠎ᠠ ᠪᠠᠷ ᠪᠡᠶ᠎ᠡ ᠴᠢᠬᠢᠷᠠᠭᠵᠢᠭᠤᠯᠬᠤ ᠨᠡᠶᠢᠭᠡᠮᠯᠢᠭ ᠨᠢ ᠨᠠᠰᠤᠲᠠᠶᠢᠴᠤᠳ ᠤᠨ ᠲᠠᠢ ᠵᠢᠢ ᠨᠢᠳᠤᠷᠭ᠎ᠠ ᠶᠢᠨ ᠬᠥᠳᠡᠯᠭᠡᠭᠡᠨ ᠢ ᠠᠬᠢᠭᠤᠯᠤᠨ ᠲᠦᠭᠡᠮᠡᠯᠵᠢᠭᠦᠯᠬᠦ ᠳᠤ ᠨᠠᠩ ᠶᠡᠭᠡ ᠴᠢᠷᠮᠠᠶᠢᠯᠭ᠎ᠠ ᠪᠠ ᠬᠤᠪᠢ ᠨᠡᠮᠡᠷᠢ ᠦᠵᠡᠭᠦᠯᠵᠦ᠂ ᠪᠥᠬᠦ ᠬᠤᠰᠢᠭᠤᠨ ᠤ ᠨᠠᠰᠤᠲᠠᠶᠢᠴᠤᠳ ᠤᠨ ᠲᠠᠢ ᠵᠢᠢ ᠨᠢᠳᠤᠷᠭ᠎ᠠ ᠎ ᠶᠢᠨ ᠬᠥᠳᠡᠯᠭᠡᠭᠡᠨ ᠢ ᠰᠢᠨ᠎ᠡ ᠲᠦᠪᠰᠢᠨ ᠳᠤ ᠬᠦᠷᠭᠡᠬᠦ ᠪᠣᠯᠣᠨ᠎ᠠ᠃
 
ᠢᠷᠡᠯᠲᠡ᠄ ᠵᠡᠬᠦᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号