ᠤᠯᠢᠶᠠᠰᠤᠲᠠᠢ ᠪᠠᠯᠭᠠᠰᠤᠨ ᠤ ᠨᠠᠮ ᠤᠨ ᠬᠤᠷᠢᠶ᠎ᠠ ᠨᠢ ᠲᠣᠭᠤᠷᠢᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠲᠤᠰᠬᠠᠢ ᠰᠡᠳᠦᠪᠲᠦ ᠠᠷᠠᠳᠴᠢᠯᠠᠯ ᠠᠮᠢᠳᠤᠷᠠᠯ ᠤᠨ ᠬᠤᠷᠠᠯ ᠤᠨ ᠬᠤᠷᠠᠯ ᠠᠴᠠ ᠡᠮᠦᠨᠡᠬᠢ ᠰᠤᠷᠤᠯᠴᠠᠯᠭ᠎ᠠ ᠶᠢᠨ ᠬᠤᠷᠠᠯ ᠢ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/11/25
      11 ᠰᠠᠷ᠎ᠠ ᠶᠢᠨ 1 ᠎ ᠤ ᠡᠳᠦᠷ᠂ ᠤᠯᠢᠶᠠᠰᠤᠲᠠᠢ ᠪᠠᠯᠭᠠᠰᠤᠨ ᠤ ᠨᠠᠮ ᠤᠨ ᠬᠤᠷᠢᠶ᠎ᠠ ᠨᠢ ᠲᠣᠭᠤᠷᠢᠨ ᠪᠠᠶᠢᠴᠠᠭᠠᠵᠤ  ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠲᠤᠰᠬᠠᠢ ᠰᠡᠳᠦᠪᠲᠦ ᠠᠷᠠᠳᠴᠢᠯᠠᠯ ᠠᠮᠢᠳᠤᠷᠠᠯ ᠤᠨ ᠬᠤᠷᠠᠯ ᠠᠴᠠ ᠡᠮᠦᠨᠡᠬᠢ ᠰᠤᠷᠤᠯᠴᠠᠯᠭ᠎ᠠ ᠶᠢᠨ ᠬᠤᠷᠠᠯ ᠢ ᠬᠤᠷᠠᠯᠳᠤᠭᠤᠯᠵᠤ᠂ ᠪᠠᠯᠭᠠᠰᠤᠨ ᠤ ᠨᠠᠮ ᠵᠠᠰᠠᠭ ᠤᠨ ᠤᠳᠤᠷᠢᠳᠬᠤ ᠪᠠᠭ ᠤᠨ ᠭᠡᠰᠢᠭᠦᠳ ᠬᠤᠷᠠᠯ ᠳᠤ ᠣᠷᠣᠯᠴᠠᠪᠠ᠃      ᠬᠤᠷᠠᠯ ᠳᠡᠭᠡᠷ᠎ᠡ ︽ᠲᠣᠭᠤᠷᠢᠨ ᠪᠠᠶᠢᠴᠠᠭᠠᠬᠤ ᠪᠠ ᠴᠠᠭᠳᠠᠨ ᠪᠠᠶᠢᠴᠠᠭᠠᠬᠤ ᠠᠵᠢᠯ ᠤᠨ ᠲᠤᠬᠠᠢ ᠶᠠᠷᠦᠩᠬᠡᠢ ᠱᠦᠵᠢ ᠰᠢ ᠶᠢᠨ ᠫᠢᠩ ᠤᠨ ᠴᠢᠬᠤᠯᠠ ᠥᠭᠦᠯᠡᠯᠲᠡ︾᠂ ᠰᠢ ᠶᠢᠨ ᠫᠢᠩ ᠤᠨ ᠮᠤᠵᠢ ᠶᠠᠮᠤᠨ ᠤ ᠳᠡᠰ ᠤᠨ ᠭᠤᠣᠯ ᠤᠳᠤᠷᠢᠳᠬᠤ ᠺᠠᠳ᠋ᠷᠴᠤᠳ ᠤᠨ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠲᠤᠰᠬᠠᠢ ᠰᠡᠳᠦᠪᠲᠦ ᠰᠤᠳᠤᠯᠤᠨ ᠶᠠᠷᠢᠯᠴᠠᠬᠤ ᠠᠩᠭᠢ ᠶᠢᠨ ᠰᠤᠷᠤᠯᠭ᠎ᠠ ᠡᠬᠢᠯᠡᠬᠦ ᠶᠣᠰᠣᠯᠠᠯ ᠳᠡᠭᠡᠷ᠎ᠡ ᠲᠠᠯᠪᠢᠭᠰᠠᠨ ᠴᠢᠬᠤᠯᠠ ᠶᠠᠷᠢᠶ᠎ᠠ᠂ ᠶᠡᠷᠦᠩᠬᠡᠢ ᠱᠦᠵᠢ ᠰᠢ ᠶᠢᠨ ᠫᠢᠩ ᠤᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶᠠᠨ ᠤ ᠠᠷᠪᠠᠨ ᠲᠠᠪᠤᠳᠤᠭᠠᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠳᠡᠭᠡᠷ᠎ᠡ ᠲᠠᠯᠪᠢᠭᠰᠠᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠵᠡᠷᠭᠡ ᠶᠢ ᠨᠢᠭᠡᠳᠦᠭᠡᠷ ᠵᠥᠪᠯᠡᠬᠦ ᠰᠡᠳᠦᠪ ᠪᠠᠷ ᠭᠤᠣᠯᠳᠠᠯᠭ᠎ᠠ ᠲᠠᠢ ᠰᠤᠷᠤᠯᠴᠠᠪᠠ᠃ ᠡᠭᠦᠨ ᠎ ᠤ ᠬᠠᠮᠲᠤ ᠪᠠᠰᠠ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠲᠣᠭᠤᠷᠢᠨ ᠪᠠᠶᠢᠴᠠᠭᠠᠬᠤ ᠠᠵᠢᠯ ᠤᠨ ᠳᠦᠷᠢᠮ︾ ︽ᠲᠥᠪ ᠤᠨ ᠨᠠᠢᠮᠠᠨ ᠵᠤᠷᠪᠤᠰ ᠲᠣᠭᠲᠠᠭᠠᠯ ᠵᠢᠴᠢ ᠬᠡᠷᠡᠭᠵᠢᠭᠦᠯᠬᠦ ᠨᠠᠷᠢᠨ ᠳᠦᠷᠢᠮ︾ ᠵᠡᠷᠭᠡ ᠠᠭᠤᠯᠭ᠎ᠠ ᠶᠢ ᠰᠤᠷᠤᠯᠴᠠᠪᠠ᠃      ᠬᠤᠷᠠᠯ ᠠᠴᠠ ᠴᠢᠬᠤᠯᠠᠴᠢᠯᠠᠭᠰᠠᠨ ᠨᠢ᠂ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠤᠨᠤᠯ ᠢᠶᠠᠷ ᠵᠡᠪᠰᠡᠭᠯᠡᠬᠦ ᠶᠢ ᠴᠢᠩᠭᠠᠳᠬᠠᠬᠤ ᠬᠡᠷᠡᠭᠲᠡᠢ᠃ ᠰᠤᠷᠤᠯᠴᠠᠬᠤ ᠪᠠᠷ ᠦᠨᠳᠦᠰᠦ  ᠶᠢ ᠪᠠᠬᠢᠵᠢᠭᠦᠯᠬᠦ᠂ ᠰᠤᠷᠤᠯᠴᠠᠬᠤ ᠪᠠᠷ ᠰᠦᠭ ᠰᠦᠨᠡᠰᠦ ᠶᠢ ᠱᠤᠭᠤᠬᠤ ᠶᠢ ᠪᠡᠶᠡᠯᠡᠭᠦᠯᠵᠦ᠂ ᠰᠤᠷᠤᠯᠴᠠᠯᠭ᠎ᠠ ᠶᠢᠨ ᠦᠷ᠎ᠡ ᠪᠦᠲᠦᠭᠡᠯ ᠢ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠲᠤᠰᠬᠠᠢ ᠰᠡᠳᠦᠪᠲᠦ ᠠᠷᠠᠳᠴᠢᠯᠠᠯ ᠤᠨ ᠠᠮᠢᠳᠤᠷᠠᠯ ᠤᠨ ᠬᠤᠷᠠᠯ ᠤᠨ ᠪᠦᠬᠦ ᠶᠠᠪᠤᠴᠠ ᠳᠤ ᠲᠤᠭᠤᠰᠢᠯᠠᠭᠤᠯᠵᠦ᠂ ᠡᠯ᠎ᠡ ᠵᠦᠢᠯ ᠤᠨ ᠴᠡᠭᠴᠡᠯᠡᠨ ᠰᠠᠶᠢᠵᠢᠷᠠᠭᠤᠯᠬᠤ ᠡᠭᠦᠷᠭᠡ ᠶᠢ ᠪᠣᠳᠠᠲᠠᠢ ᠠᠳᠬᠤᠵᠤ ᠰᠠᠶᠢᠲᠤᠷ ᠠᠳᠬᠤᠬᠤ ᠶᠢ ᠠᠬᠢᠭᠤᠯᠬᠤ ᠬᠡᠷᠡᠭᠲᠡᠢ᠃ ᠠᠰᠠᠭᠤᠳᠠᠯ ᠢ ᠡᠮᠬᠢᠯᠡᠬᠦ ᠠᠵᠢᠯ ᠢ ᠰᠠᠶᠢᠲᠤᠷ ᠬᠢᠵᠦ᠂ ᠤᠯᠤᠰ ᠲᠦᠷᠦ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠬᠡᠷᠡᠭᠲᠡᠢ᠃ ᠲᠠᠨᠢᠯᠲᠠ ᠪᠠᠨ ᠤᠯᠠᠮ ᠨᠢᠭᠡ ᠠᠯᠬᠤᠮ ᠭᠦᠨᠵᠡᠭᠡᠶᠢᠷᠡᠭᠦᠯᠵᠦ᠂ ᠦᠵᠡᠯ ᠰᠠᠨᠠᠭ᠎ᠠ ᠪᠠᠨ ᠨᠢᠭᠡᠳᠬᠡᠵᠦ᠂ ᠬᠠᠷᠢᠭᠤ ᠲᠤᠰᠬᠠᠭᠰᠠᠨ ᠰᠠᠨᠠᠯ ᠲᠠᠢ ᠬᠠᠷᠢᠴᠠᠭᠤᠯᠤᠨ ᠵᠤᠷᠪᠤᠰ ᠳᠠᠷᠠᠭᠠᠯᠠᠨ ᠡᠮᠬᠢᠯᠡᠨ ᠵᠠᠳᠠᠯᠵᠤ᠂ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠲᠤᠰᠬᠠᠢ ᠰᠡᠳᠦᠪᠲᠦ  ᠠᠷᠠᠳᠴᠢᠯᠠᠯ ᠠᠮᠢᠳᠤᠷᠠᠯ ᠤᠨ ᠬᠤᠷᠠᠯ ᠢ ᠰᠠᠶᠢᠲᠤᠷ ᠬᠤᠷᠠᠯᠳᠤᠭᠤᠯᠬᠤ ᠳᠤ ᠰᠠᠭᠤᠷᠢ ᠶᠢ ᠰᠠᠶᠢᠲᠤᠷ ᠲᠠᠯᠪᠢᠵᠤ᠂ ᠠᠷᠠᠳᠴᠢᠯᠠᠯ ᠠᠮᠢᠳᠤᠷᠠᠯ ᠤᠨ ᠬᠤᠷᠠᠯ ᠤᠨ ᠴᠢᠨᠠᠷ ᠰᠠᠶᠢᠲᠠᠢ᠂ ᠰᠠᠶᠢᠨ ᠦᠷ᠎ᠡ ᠪᠦᠲᠦᠮᠵᠢ ᠣᠯᠬᠤ ᠶᠢ ᠪᠠᠲᠤᠯᠠᠬᠤ ᠬᠡᠷᠡᠭᠲᠡᠢ᠃ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠴᠢᠩᠭ᠎ᠠ ᠠᠳᠬᠤᠵᠤ᠂ ᠦᠷ᠎ᠡ ᠪᠦᠲᠦᠭᠡᠯ ᠤᠨ ᠬᠡᠷᠡᠭᠯᠡᠯᠲᠡ ᠶᠢ ᠥᠷᠭᠡᠳᠬᠡᠬᠦ ᠬᠡᠷᠡᠭᠲᠡᠢ᠃ ᠬᠠᠷᠢᠭᠤᠴᠠᠯᠭ᠎ᠠ ᠶᠢ ᠦᠨᠡᠨᠬᠦ ᠡᠭᠦᠷᠭᠡᠯᠡᠵᠦ᠂ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠠᠵᠢᠯ ᠤᠨ ᠪᠣᠳᠠᠲᠠᠢ ᠦᠷ᠎ᠡ ᠪᠦᠲᠦᠮᠵᠢ ᠣᠯᠬᠤ ᠶᠢ ᠪᠠᠲᠤᠯᠠᠵᠤ᠂ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠠᠵᠢᠯ ᠢ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ  ᠲᠤᠭᠤᠰᠢᠯᠠᠭᠤᠯᠬᠤ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠦᠷ᠎ᠡ ᠪᠦᠲᠦᠭᠡᠯ ᠢ ᠪᠠᠬᠢᠵᠢᠭᠦᠯᠦᠨ ᠭᠦᠨᠵᠡᠭᠡᠶᠢᠷᠡᠭᠦᠯᠬᠦ ᠲᠠᠢ ᠤᠶᠠᠯᠳᠤᠭᠤᠯᠵᠤ᠂ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠤᠭᠰᠠᠨ ᠦᠷ᠎ᠡ ᠪᠦᠲᠦᠭᠡᠯ ᠢ ᠡᠯ᠎ᠡ ᠵᠦᠢᠯ ᠤᠨ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠪᠣᠳᠠᠲᠠᠢ ᠦᠷ᠎ᠡ ᠪᠦᠲᠦᠮᠵᠢ ᠪᠣᠯᠭᠠᠨ ᠬᠤᠪᠢᠷᠠᠭᠤᠯᠬᠤ ᠪᠠᠷ ᠬᠦᠴᠦᠯᠡᠨ ᠴᠢᠷᠮᠠᠶᠢᠬᠤ ᠬᠡᠷᠡᠭᠲᠡᠢ᠃
 
ᠢᠷᠡᠯᠲᠡ᠄ ᠤᠯᠢᠶᠠᠰᠣᠲᠠᠢ ᠪᠠᠯᠭᠠᠰᠤ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号