11 ᠰᠠᠷ᠎ᠠ ᠶᠢᠨ 7 ᠤ ᠡᠳᠦᠷ᠂ ᠬᠤᠰᠢᠭᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠰᠣᠨᠢᠨ | ᠮᠡᠳᠡᠭᠡ ᠨᠡᠶᠢᠲᠡᠯᠡᠬᠦ ᠬᠤᠷᠠᠯ ᠬᠤᠷᠠᠯᠳᠤᠭᠤᠯᠵᠤ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠰᠣᠨᠢᠨ | ᠮᠡᠳᠡᠭᠡᠨ ᠤ ᠥᠭᠦᠯᠡᠭᠴᠢ ᠠᠴᠠ 2024 ᠣᠨ ᠤ ᠲᠦᠷᠦᠭᠦᠦ ᠭᠤᠷᠪᠠᠨ ᠤᠯᠠᠷᠢᠯ ᠤᠨ ᠠᠵᠤ ᠠᠬᠤᠶ ᠶᠢᠨ | ᠭᠦᠶᠴᠡᠳᠬᠡᠯ ᠲᠤᠭ᠎ᠠ᠂ ᠭᠤᠤᠯᠳᠠᠯᠭ᠎ᠠ ᠲᠠᠢ ᠲᠥᠷᠥᠯ ᠵᠦᠶᠯ ᠤᠨ ᠠᠬᠢᠴᠠ ᠵᠢᠴᠢ ᠠᠷᠠᠯᠵᠢᠶᠠᠴᠢᠨ ᠤᠷᠢᠵᠤ ᠪᠠᠯᠠ | ᠣᠷᠣᠭᠤᠯᠬᠤ ᠠᠵᠢᠯ ᠢ ᠥᠷᠨᠢᠭᠦᠯᠦᠭᠰᠡᠨ ᠪᠠᠶᠢᠳᠠᠯ ᠢ ᠮᠡᠳᠡᠭᠳᠡᠭᠰᠡᠨ ᠤ ᠬᠠᠮᠲᠤ ᠰᠤᠷᠪᠤᠯᠵᠢᠯᠠᠭᠴᠢ ᠶᠢᠨ ᠠᠰᠠᠭᠤᠯᠲᠠ | ᠶᠢ ᠬᠠᠷᠢᠭᠤᠯᠪᠠ᠃ | 2024 ᠣᠨ ᠤ ᠲᠦᠷᠦᠭᠦᠦ ᠭᠤᠷᠪᠠᠨ ᠤᠯᠠᠷᠢᠯ ᠤᠨ ᠪᠥᠬᠦ ᠬᠤᠰᠢᠭᠤᠨ ᠤ ᠭᠠᠵᠠᠷ ᠣᠷᠣᠨ ᠤ | ᠦᠶᠯᠡᠳᠪᠦᠷᠢᠯᠡᠯ ᠤᠨ ᠶᠡᠷᠦᠩᠬᠡᠶ ᠥᠷᠲᠡᠭ51 .38 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ | ᠬᠤᠭᠤᠴᠠᠭᠠᠨ ᠤ ᠬᠢ ᠠᠴᠠ1.9 % ᠪᠠᠷ ᠨᠡᠮᠡᠭᠳᠡᠪᠡ᠃ ᠠᠵᠤ ᠦᠶᠯᠡᠰ ᠢᠶᠠᠷ ᠬᠤᠪᠢᠶᠠᠵᠤ ᠦᠵᠡᠪᠡᠯ᠂ ᠨᠢᠭᠡᠳᠦᠭᠡᠷ | ᠠᠵᠤ ᠦᠶᠯᠡᠰ ᠤᠨ ᠨᠡᠮᠡᠭᠳᠡᠯ ᠥᠷᠲᠡᠭ 8 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ | ᠠᠴᠠ 2 .9 % ᠪᠠᠷ ᠨᠡᠮᠡᠭᠳᠡᠪᠡ᠃ ᠬᠤᠶᠠᠳᠤᠭᠠᠷ ᠠᠵᠤ ᠦᠶᠯᠡᠰ ᠤᠨ ᠨᠡᠮᠡᠭᠳᠡᠯ ᠥᠷᠲᠡᠭ24 .03 ᠳ᠋ᠦᠩᠰᠢᠭᠤᠷ | ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 1 % ᠪᠠᠷ ᠨᠡᠮᠡᠭᠳᠡᠪᠡ᠃ ᠭᠤᠷᠪᠠᠳᠤᠭᠠᠷ ᠠᠵᠤ | ᠦᠶᠯᠡᠰ ᠤᠨ ᠨᠡᠮᠡᠭᠳᠡᠯ ᠥᠷᠲᠡᠭ19 . 34 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ | ᠠᠴᠠ 2 .5 % ᠪᠠᠷ ᠨᠡᠮᠡᠭᠳᠡᠪᠡ᠃ | 2024 ᠣᠨ ᠳᠤ ᠮᠠᠨ ᠤ ᠬᠤᠰᠢᠭᠤᠨ ᠤ12 ᠲᠥᠷᠥᠯ ᠵᠦᠶᠯ ᠠᠶᠢᠮᠠᠭ ᠤᠨ ᠲᠠᠰ ᠤᠨ ᠭᠤᠤᠯᠳᠠᠯᠭ᠎ᠠ ᠲᠠᠢ | ᠲᠥᠷᠥᠯ ᠵᠦᠢᠯ ᠳᠤ ᠣᠷᠣᠵᠤ᠂ ᠶᠡᠷᠦᠩᠬᠡᠶ ᠪᠠᠯᠠ ᠣᠷᠣᠭᠤᠯᠤᠯᠲᠠ ᠨᠢ 36 . 27 ᠳ᠋ᠦᠩᠰᠢᠭᠤᠷ ᠲᠥᠭᠦᠷᠢᠭ ᠲᠤ | ᠬᠦᠷᠴᠦ᠂ ᠵᠢᠯ ᠤᠨ ᠳᠣᠲᠣᠷ᠎ᠠ14 .8 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠬᠤ ᠪᠠᠷ ᠲᠥᠯᠥᠪᠯᠡᠵᠦ᠂ | ᠠᠳᠠᠯᠢ ᠬᠤᠭᠤᠴᠠᠭᠠᠨ ᠤ ᠬᠢ ᠠᠴᠠ 44 . 2 % ᠢᠶᠠᠷ ᠨᠡᠮᠡᠭᠳᠡᠪᠡ᠃ ᠣᠳᠣᠬᠠᠨ ᠳᠤ᠂ ᠲᠥᠷᠥᠯ ᠵᠦᠶᠯ ᠤᠨ ᠭᠠᠷ | ᠭᠦᠶᠴᠡᠳᠬᠡᠯ ᠪᠦᠷᠢᠨ ᠪᠣᠯᠤᠭᠰᠠᠨ ᠪᠥᠭᠡᠳ ᠪᠦᠬᠦᠨ ᠢ ᠠᠵᠢᠯ ᠡᠬᠢᠯᠡᠭᠦᠯᠦᠨ ᠪᠥᠲᠥᠭᠡᠨ ᠪᠠᠶᠢᠭᠤᠯᠵᠤ᠂ 1 ᠠᠴᠠ 9 | ᠰᠠᠷ᠎ᠠ ᠳᠤ 11.2 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠤᠯᠲᠠ ᠶᠢ ᠪᠡᠶᠡᠯᠡᠭᠦᠯᠵᠦ᠂ ᠣᠨ ᠤ ᠪᠠᠯᠠ | ᠣᠷᠣᠭᠤᠯᠤᠯᠲᠠ ᠶᠢᠨ ᠲᠥᠯᠥᠪᠯᠡᠭᠡ ᠶᠢᠨ ᠢᠶᠠᠨ 76 % ᠶᠢ ᠪᠡᠶᠡᠯᠡᠭᠦᠯᠪᠡ᠃ 2024 ᠣᠨ ᠳᠤ 500 ᠲᠦᠮᠡᠨ | ᠲᠥᠭᠦᠷᠢᠭ ᠠᠴᠠ ᠳᠡᠭᠡᠭᠰᠢᠬᠢ ᠬᠤᠰᠢᠭᠤ ᠱᠠᠲᠤᠨ ᠤ ᠭᠤᠤᠯᠳᠠᠯᠭ᠎ᠠ ᠲᠠᠢ ᠲᠥᠷᠥᠯ ᠵᠦᠶᠯ ᠢ 52 ᠲᠣᠬᠢᠷᠠᠭᠤᠯᠵᠤ᠂ | ᠳᠥᠰᠥᠪᠯᠡᠭᠰᠡᠨ ᠪᠡᠯᠡ ᠣᠷᠤᠭᠤᠯᠤᠯᠲᠠ ᠠᠳᠠᠯᠢ ᠬᠤᠭᠤᠴᠠᠭᠠᠨ ᠤ ᠬᠢ ᠠᠴᠠ 15 % ᠪᠠᠷ ᠨᠡᠮᠡᠭᠳᠡᠪᠡ᠃ 1 ᠠᠴᠠ | 9 ᠰᠠᠷ᠎ᠠ ᠳᠤ᠂ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ | 13 . 2 % ᠢᠶᠠᠷ ᠨᠡᠮᠡᠭᠳᠡᠵᠦ᠂ ᠪᠥᠬᠦ ᠵᠢᠯ ᠤᠨ ᠴᠠᠭ ᠤᠨ ᠳᠠᠷᠠᠭᠠᠯᠠᠯ ᠤᠨ ᠠᠬᠢᠴᠠ 90 % ᠶᠢ ᠪᠡᠶᠡᠯᠡᠭᠦᠯᠪᠡ᠃ | 1 ᠠᠴᠠ 10 ᠰᠠᠷ᠎ᠠ ᠳᠤ᠂ ᠪᠠᠯᠠ ᠣᠷᠣᠭᠤᠯᠤᠯᠲᠠ ᠵᠢᠱᠢᠯᠲᠡ ᠪᠠᠷ ᠠᠳᠠᠯᠢ ᠬᠤᠭᠤᠴᠠᠭᠠᠨ ᠤ ᠬᠢ ᠠᠴᠠ 13 . 1 | % ᠪᠠᠷ ᠨᠡᠮᠡᠭᠳᠡᠪᠡ᠃ | 2024 ᠣᠨ ᠳᠤ᠂ ᠬᠤᠰᠢᠭᠤ ᠨᠠᠮ ᠵᠠᠰᠠᠭ ᠤᠨ ᠭᠤᠤᠯ ᠤᠳᠤᠷᠢᠳᠤᠯᠭ᠎ᠠ ᠳᠤᠭᠤᠶᠢᠯᠠᠩ ᠳᠠᠭᠠᠭᠤᠯᠤᠨ | ᠭᠤᠸᠠᠩᠵᠧᠦ᠂ ᠪᠡᠭᠡᠵᠢᠩ᠂ ᠱᠠᠨᠳᠦ᠋ᠩ ᠵᠡᠷᠭᠡ ᠭᠠᠵᠠᠷ ᠲᠤ ᠬᠦᠷᠴᠦ ᠠᠷᠠᠯᠵᠢᠶᠠᠴᠢᠨ ᠤᠷᠢᠬᠤ ᠲᠥᠷᠥᠯ ᠵᠦᠶᠯ ᠢ | 12 ᠤᠳᠠᠭ᠎ᠠ ᠵᠣᠯᠭᠠᠭᠤᠯᠵᠤ᠂ ᠪᠠᠭ᠎ᠠ ᠳᠤᠭᠤᠶᠢᠯᠠᠩ ᠤᠨ 20 ᠤᠳᠠᠭ᠎ᠠ ᠶᠢᠨ ᠠᠷᠠᠯᠵᠢᠶᠠᠴᠢᠨ ᠤᠷᠢᠬᠤ ᠠᠵᠢᠯᠯᠠᠭ᠎ᠠ | ᠥᠷᠨᠢᠭᠦᠯᠵᠦ᠂ ᠠᠷᠠᠯᠵᠢᠶᠠᠴᠢᠨ ᠤᠷᠢᠵᠤ ᠪᠠᠯᠠ ᠣᠷᠣᠭᠤᠯᠬᠤ ᠪᠦᠲᠦᠮᠵᠢᠲᠡᠶ ᠰᠦᠪᠡᠭᠴᠢ ᠶᠢ 70 ᠵᠤᠷᠪᠤᠰ | ᠵᠣᠯᠭᠠᠭᠤᠯᠪᠠ᠃ ᠠᠷᠠᠯᠵᠢᠶᠠᠴᠢᠨ ᠤᠷᠢᠵᠤ ᠪᠡᠯᠡ ᠣᠷᠣᠭᠤᠯᠬᠤ 10 ᠲᠥᠷᠥᠯ ᠵᠦᠢᠯ ᠤᠨ ᠵᠥᠪᠳᠡᠯᠴᠡᠬᠡᠷ | ᠲᠣᠭᠲᠠᠵᠤ᠂ 30 . 5 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠬᠤ ᠪᠠᠷ ᠲᠥᠯᠥᠪᠯᠡᠵᠦ ᠪᠤᠢ︔ ᠰᠢᠨ᠎ᠡ ᠪᠠᠷ | ᠨᠠᠶᠢᠳᠠᠪᠤᠷᠢᠵᠢᠭᠤᠯᠤᠭᠰᠠᠨ ᠲᠥᠷᠥᠯ ᠵᠦᠶᠯ 4᠂ ᠰᠢᠨ᠎ᠡ ᠪᠠᠷ ᠡᠬᠢᠯᠡᠭᠦᠯᠦᠭᠰᠡᠨ 4 ᠲᠥᠷᠥᠯ ᠵᠦᠢᠯ ᠪᠠᠶᠢᠨ᠎ᠠ᠃ | 1 ᠠᠴᠠ10 ᠰᠠᠷ᠎ᠠ ᠳᠤ᠂ 10 . 5 ᠳ᠋ᠦᠩᠰᠢᠭᠤᠷ ᠲᠥᠭᠦᠷᠢᠭ ᠤᠨ ᠪᠠᠯᠠ ᠮᠥᠩᠭᠦ ᠶᠢ ᠪᠣᠳᠠᠲᠠᠶᠢᠵᠢᠭᠤᠯᠵᠤ᠂ | ᠠᠳᠠᠯᠢ ᠬᠤᠭᠤᠴᠠᠭᠠᠨ ᠤ ᠬᠢ ᠠᠴᠠ 14 % ᠪᠠᠷ ᠨᠡᠮᠡᠭᠳᠡᠨ᠂ ᠪᠥᠬᠦ ᠵᠢᠯ ᠳᠤ ᠵᠢᠱᠢᠯᠲᠡ ᠪᠠᠷ 13 .6 | ᠳ᠋ᠦᠩᠰᠢᠭᠤᠷ ᠲᠥᠭᠦᠷᠢᠭ ᠠᠴᠠ ᠳᠡᠭᠡᠭᠰᠢ ᠪᠠᠯᠠ ᠮᠥᠩᠭᠦ ᠶᠢ ᠪᠣᠳᠠᠲᠠᠶᠢᠵᠢᠭᠤᠯᠵᠤ᠂ ᠠᠳᠠᠯᠢ ᠬᠤᠭᠤᠴᠠᠭᠠᠨ ᠤ ᠬᠢ | ᠠᠴᠠ 20 % ᠪᠠᠷ ᠨᠡᠮᠡᠭᠳᠡᠪᠡ᠃ |