ᠮᠠᠨ ᠤ ᠬᠤᠰᠢᠭᠤ ︿︿ᠪᠢ ᠡᠬᠡ ᠣᠷᠣᠨ ᠲᠠᠢ ᠪᠠᠨ﹀﹀ ᠭᠤᠣᠯ ᠰᠡᠳᠦᠪᠲᠦ ᠣᠬᠤᠷ ᠸᠢᠳᠢᠣ᠋ ᠪᠢᠴᠢᠯᠭᠡ  ᠶᠢᠨ ᠤᠷᠤᠯᠳᠤᠭᠠᠨ ᠤ ᠱᠠᠩᠨᠠᠯ ᠣᠯᠭᠤᠬᠤ ᠶᠣᠰᠣᠯᠠᠯ ᠡᠷᠬᠢᠯᠡᠪᠡ
ᠨᠡᠶᠢᠲᠡᠯᠡᠭᠰᠡᠨ ᠴᠠᠭ᠄
2024/11/26
      ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ᠂ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠪᠣᠯᠤᠨ ᠰᠢ ᠶᠢᠨ ᠫᠢᠩ ᠤᠨ ᠰᠣᠶᠣᠯ ᠤᠨ ᠦᠵᠡᠯ ᠰᠠᠨᠠᠭ᠎ᠠ  ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ 75 ᠵᠢᠯ ᠤᠨ ᠣᠶ ᠶᠢ ᠪᠠᠶᠠᠷᠯᠠᠨ ᠪᠡᠯᠭᠡᠯᠡᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠡᠨᠡ ᠬᠦ ᠭᠤᠤᠯ ᠱᠤᠭᠤᠮ ᠤᠨ ᠲᠣᠭᠤᠷᠢᠨ ᠳᠤ᠂ ᠤᠮᠠᠷᠠᠲᠤ ᠬᠢᠯᠢ  ᠶᠢᠨ ᠰᠣᠶᠣᠯ ᠤᠨ ᠪᠠᠶᠢᠭᠤᠯᠤᠯᠲᠠ ᠶᠢ ᠢᠳᠡᠪᠬᠢᠲᠡᠶ ᠠᠬᠢᠭᠤᠯᠵᠤ᠂ ︿︿ᠮᠢᠩᠭᠠᠨ ᠭᠠᠵᠠᠷ ᠤᠨ ᠬᠢᠯᠢ᠂ ᠳᠥᠷᠪᠡᠨ ᠴᠠᠭ  ᠤᠨ ᠦᠵᠦᠮᠦᠴᠢᠨ﹀﹀ ᠰᠣᠶᠣᠯ ᠵᠢᠭᠤᠯᠴᠢᠯᠠᠯ ᠤᠨ ᠲᠥᠷᠥᠯ ᠲᠡᠮᠳᠡᠭ ᠢ ᠦᠷᠭᠦᠯᠵᠢᠯᠡᠨ ᠭᠡᠷᠡᠯᠲᠦᠭᠦᠯᠬᠦ ᠶᠢᠨ         ᠲᠥᠯᠥᠭᠡ᠂ 11 ᠰᠠᠷ᠎ᠠ ᠶᠢᠨ 7 ᠤ ᠡᠳᠦᠷ᠂ ᠬᠤᠰᠢᠭᠤ ᠰᠣᠶᠣᠯ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ ᠪᠣᠯᠤᠨ ᠬᠠᠮ ᠵᠠᠭᠤᠴᠢᠯᠠᠭᠤᠷ ᠤᠨ ᠲᠥᠪ ᠠᠴᠠ ᠬᠠᠮᠲᠤᠷᠠᠨ ᠡᠷᠭᠢᠯᠡᠭᠰᠡᠨ ︿︿ᠪᠢ ᠡᠬᠡ ᠤᠷᠤᠨ ᠲᠠᠢ ᠪᠠᠨ ﹀﹀ ᠭᠤᠣᠯ ᠰᠡᠳᠦᠪᠲᠦ ᠣᠬᠤᠷ ᠸᠢᠳᠢᠣ᠋ ᠪᠢᠴᠢᠯᠭᠡ ᠶᠢᠨ ᠤᠷᠤᠯᠳᠤᠭᠠᠨ ᠤ ᠱᠠᠩᠨᠠᠯ ᠣᠯᠭᠤᠬᠤ ᠶᠣᠰᠣᠯᠠᠯ ᠡᠷᠬᠢᠯᠡᠪᠡ᠃      ᠲᠣᠰ ᠤᠳᠠᠭᠠᠨ ᠤ ᠣᠬᠤᠷ ᠸᠢᠳᠢᠣ᠋ ᠪᠢᠴᠢᠯᠭᠡ ᠶᠢᠨ ᠤᠷᠤᠯᠳᠤᠭᠠᠨ ᠨᠢ ᠪᠥᠬᠦ ᠬᠤᠰᠢᠭᠤᠨ ᠤ ᠥᠷᠭᠡᠨ ᠣᠯᠠᠨ ᠣᠬᠤᠷ ᠸᠢᠳᠢᠣ᠋ ᠰᠣᠨᠢᠷᠬᠠᠭᠴᠢᠳ ᠤᠨ ᠬᠦᠷᠢᠶᠡᠯᠡᠯ ᠢ ᠣᠯᠵᠤ᠂ ᠤᠷᠤᠯᠳᠤᠭᠠᠨ ᠳᠤ ᠣᠷᠣᠯᠴᠠᠭᠰᠠᠨ ᠪᠦᠲᠦᠭᠡᠯ ᠤᠳ  ᠨᠢ ᠴᠥᠮ ︿︿ᠪᠢ ᠡᠬᠡ ᠣᠷᠣᠨ ᠲᠠᠢ ᠪᠠᠨ᠂ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ 75 ᠵᠢᠯ ᠤᠨ ᠣᠶ ᠶᠢ ᠪᠡᠯᠭᠡᠯᠡᠶ᠎ᠡ﹀﹀ ᠭᠡᠬᠦ ᠭᠤᠤᠯ ᠰᠡᠳᠦᠪ ᠢ ᠴᠢᠩᠭ᠎ᠠ ᠠᠳᠬᠤᠵᠤ᠂ ᠣᠬᠤᠷ ᠸᠢᠳᠢᠣ᠋ ᠪᠠᠷ ᠵᠡᠭᠦᠨ ᠦᠵᠦᠮᠦᠴᠢᠨ ᠬᠤᠰᠢᠭᠤᠨ ᠤ ᠠᠵᠤ ᠠᠬᠤᠶ ᠨᠡᠶᠢᠭᠡᠮ ᠤᠨ ᠥᠷᠨᠢᠭᠦᠨ ᠬᠥᠭᠵᠢᠯᠲᠡ ᠶᠢᠨ ᠭᠤᠶᠢᠳᠠ ᠰᠠᠶᠢᠬᠠᠨ ᠬᠤᠷᠣᠮ ᠪᠠ ᠥᠪᠡᠷᠮᠢᠴᠡ ᠣᠨᠴᠠᠯᠢᠭ ᠪᠥᠬᠦᠶ ᠰᠣᠶᠣᠯ ᠢᠷᠭᠡᠨᠰᠢᠯ ᠤᠨ ᠦᠵᠡᠮᠵᠢ ᠶᠢ ᠲᠣᠭᠲᠠᠭᠠᠵᠤ᠂ ᠪᠠᠭ᠎ᠠ ᠠᠴᠠ ᠶᠡᠭᠡ ᠶᠢ ᠬᠠᠷᠠᠭᠤᠯᠵᠤ᠂ ᠣᠯᠠᠨ ᠬᠠᠷᠠᠭᠠᠰᠤ ᠠᠴᠠ ᠮᠠᠨ ᠤ ᠬᠤᠰᠢᠭᠤᠨ ᠤ ᠴᠢᠨᠠᠷ ᠰᠠᠶᠢᠲᠠᠶ ᠬᠥᠭᠵᠢᠯᠲᠡ ᠶᠢᠨ ᠦᠷ᠎ᠡ ᠪᠦᠲᠦᠭᠡᠯ ᠪᠠ ᠠᠷᠠᠳ ᠣᠯᠠᠨ ᠤ ᠠᠰᠢᠭ ᠭᠥᠷᠳᠡᠭᠰᠡᠨ ᠲᠥᠷᠥᠭᠳᠡᠯ ᠪᠠ ᠵᠣᠯ ᠵᠢᠷᠭᠠᠯᠲᠤ ᠲᠥᠷᠥᠭᠳᠡᠯ ᠢ ᠬᠠᠷᠠᠭᠤᠯᠵᠠᠢ᠃ ᠰᠢᠯᠭᠠᠷᠠᠭᠤᠯᠤᠯᠲᠠ ᠪᠠᠷ ᠳᠡᠮᠵᠢᠨ᠂ 18 ᠰᠢᠯᠢᠳᠡᠭ ᠱᠠᠩᠨᠠᠯ᠂ 3 ᠭᠤᠷᠪᠠᠳᠤᠭᠠᠷ ᠳᠡᠰ ᠤᠨ ᠱᠠᠩᠨᠠᠯ᠂ 2 ᠬᠤᠶᠠᠳᠤᠭᠠᠷ ᠳᠡᠰ ᠤᠨ ᠱᠠᠩᠨᠠᠯ ᠪᠠ1 ᠨᠢᠭᠡᠳᠦᠭᠡᠷ ᠳᠡᠰ ᠤᠨ ᠱᠠᠩᠨᠠᠯ ᠢ ᠲᠣᠳᠤᠷᠠᠭᠤᠯᠤᠨ ᠢᠷᠠᠭᠤ ᠠᠯᠳᠠᠷ ᠤᠨ ᠦᠨᠡᠮᠯᠡᠯ ᠣᠯᠭᠤᠪᠠ᠃      ᠲᠠᠷᠠᠭᠠᠴᠢ ᠶᠢᠨ ᠠᠯᠬᠤᠮ ᠳᠤ᠂ ᠮᠠᠨ ᠤ ᠬᠤᠰᠢᠭᠤ ᠤᠮᠠᠷᠠᠲᠤ ᠬᠢᠯᠢ ᠶᠢᠨ ᠰᠣᠶᠣᠯ ᠤᠨ ᠪᠠᠶᠢᠭᠤᠯᠤᠯᠲᠠ ᠪᠣᠯᠤᠨ ᠰᠣᠶᠣᠯ ᠵᠢᠭᠤᠯᠴᠢᠯᠠᠯ ᠤᠨ ᠨᠠᠷᠠᠲᠤ ᠲᠡᠮᠳᠡᠭ ᠤᠨ ᠬᠥᠭᠵᠢᠯᠲᠡ ᠶᠢ ᠦᠷᠭᠦᠯᠵᠢᠯᠡᠨ ᠠᠬᠢᠭᠤᠯᠵᠤ᠂ ᠥᠪᠡᠷᠮᠢᠴᠡ ᠣᠨᠴᠠᠯᠢᠭ ᠢᠶᠠᠷ ᠢᠯᠡ ᠲᠣᠳᠣ᠂ ᠬᠡᠯᠪᠡᠷᠢ ᠮᠠᠶ᠋ᠢᠭ ᠢᠶᠠᠷ ᠰᠢᠨ᠎ᠡ ᠰᠡᠪᠡᠭᠦᠨ ᠲᠠᠯ᠎ᠠ ᠨᠤᠲᠤᠭ ᠤᠨ ᠨᠠᠭᠠᠳᠤᠮ᠂ ᠬᠡᠷᠡᠯ ᠵᠢᠷᠤᠭ ᠤᠨ ᠦᠵᠡᠰᠬᠦᠯᠡᠩ᠂ ᠰᠣᠶᠣᠯ ᠵᠢᠭᠤᠯᠴᠢᠯᠠᠯ ᠤᠨ ᠨᠠᠶᠢᠷ᠂ ᠠᠮᠲᠠᠲᠤ ᠢᠳᠡᠭᠡᠨ          ᠠᠮᠲᠠᠯᠠᠬᠤ᠂ ᠪᠣᠳᠠᠰ ᠤᠨ ᠪᠤᠰᠤ ᠰᠣᠶᠣᠯ ᠤᠨ ᠥᠪ ᠤᠨ ᠦᠵᠡᠰᠬᠦᠯᠡᠩ ᠵᠡᠷᠭᠡ ᠠᠯᠢ ᠣᠯᠠᠨ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ︿︿ᠮᠢᠩᠭᠠᠨ ᠭᠠᠵᠠᠷ ᠤᠨ ᠬᠢᠯᠢ᠂ ᠳᠥᠷᠪᠡᠨ ᠤᠯᠠᠷᠢᠯ ᠤᠨ ᠦᠵᠦᠮᠦᠴᠢᠨ﹀﹀ ᠭᠡᠰᠡᠨ ᠨᠠᠷᠠᠲᠤ ᠲᠡᠮᠳᠡᠭ ᠢ ᠨᠠᠩ ᠢᠯᠡᠭᠦᠦ ᠠᠯᠳᠠᠷᠰᠢᠭᠤᠯᠬᠤ ᠪᠤᠯᠤᠨ᠎ᠠ᠃
 
ᠢᠷᠡᠯᠲᠡ᠄ ᠵᠡᠬᠦᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号