ᠭᠤᠷᠪᠠᠨ ᠱᠠᠲᠤᠨ ᠤ ᠠᠵᠢᠯᠴᠢᠨ ᠤ ᠡᠪᠯᠡᠯ ᠬᠠᠮᠲᠤᠷᠠᠨ ᠬᠢᠯᠢ ᠳᠠᠭᠠᠤ ᠰᠤᠮᠤ ᠪᠠᠯᠭᠠᠰᠤ ᠶᠢᠨ ᠡᠷᠡᠭᠦᠯ ᠬᠠᠮᠠᠭᠠᠯᠠᠯ ᠤᠨ ᠬᠤᠷᠢᠶ᠎ᠠ ᠶᠢᠨ ᠠᠵᠢᠯᠲᠠᠨ ᠢ ᠬᠠᠯᠠᠮᠵᠢᠯᠠᠨ ᠲᠣᠬᠤᠨᠢᠭᠤᠯᠬᠤ ᠠᠵᠢᠯᠯᠠᠭ᠎ᠠ ᠦᠷᠨᠢᠭᠦᠯᠪᠡ
ᠨᠡᠶᠢᠲᠡᠯᠡᠭᠰᠡᠨ ᠴᠠᠭ᠄
2024/11/26
      ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠤᠨ  ᠨᠠᠶᠢᠳᠠᠪᠦᠷᠵᠢᠭᠤᠯᠵᠤ᠂ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ᠂ ᠶᠡᠷᠦᠩᠬᠡᠶ ᠱᠦᠵᠢ ᠰᠢ ᠶᠢᠨ ᠫᠢᠩ ᠤᠨ ᠠᠵᠢᠯᠴᠢᠨ ᠠᠩᠭᠢ ᠪᠣᠯᠤᠨ ᠠᠵᠢᠯᠴᠢᠨ ᠤ ᠡᠪᠯᠡᠯ ᠤᠨ ᠠᠵᠢᠯ ᠤᠨ ᠲᠤᠬᠠᠶ ᠴᠢᠬᠤᠯᠠ ᠥᠭᠦᠯᠡᠯᠲᠡ ᠪᠣᠯᠤᠨ ᠳᠤᠮᠳᠠᠳᠤ ᠤᠯᠤᠰ ᠤᠨ ᠠᠵᠢᠯᠴᠢᠨ ᠤ ᠡᠪᠯᠡᠯ ᠤᠨ ᠠᠷᠪᠠᠨ ᠨᠠᠶᠮᠠᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠠᠶᠢᠲᠤᠷ ᠨᠠᠶᠢᠳᠠᠪᠦᠷᠢᠵᠢᠭᠤᠯᠤᠨ᠂ ᠠᠵᠢᠯᠴᠢᠨ ᠤ ᠡᠪᠯᠡᠯ ᠤᠨ ᠵᠣᠬᠢᠶᠠᠨ ᠪᠠᠶᠢᠭᠤᠯᠤᠯᠲᠠ ᠶᠢᠨ ᠬᠢᠯᠢ ᠳᠠᠭᠠᠤ ᠰᠤᠮᠤ  ᠪᠠᠯᠭᠠᠰᠤ ᠶᠢᠨ ᠡᠷᠡᠭᠦᠯ ᠬᠠᠮᠠᠭᠠᠯᠠᠯ ᠤᠨ ᠬᠤᠷᠢᠶᠠᠨ  ᠤ ᠠᠵᠢᠯᠲᠠᠨ ᠠᠵᠢᠯᠴᠢᠨ ᠳᠠᠬᠢ ᠬᠠᠯᠠᠮᠵᠢ ᠬᠠᠶᠢᠷ᠎ᠠ ᠶᠢ ᠲᠣᠪᠣᠶᠢᠯᠭᠠᠵᠤ᠂᠂ ᠥᠷᠭᠡᠨ ᠣᠯᠠᠨ ᠡᠮᠨᠡᠯᠭᠡ ᠶᠢᠨ ᠠᠵᠢᠯᠲᠠᠨ  ᠤ ᠨᠠᠮ ᠤᠨ ᠠᠴᠢ ᠳᠤ ᠲᠠᠯᠠᠷᠬᠠᠨ᠂ ᠨᠠᠮ ᠤᠨ ᠦᠭᠡ ᠶᠢ ᠰᠣᠨᠣᠰᠴᠦ᠂ ᠨᠠᠮ ᠢᠶᠠᠨ ᠳᠠᠭᠠᠬᠤ ᠤᠬᠠᠮᠰᠠᠷᠲᠤ ᠴᠢᠨᠠᠷ ᠢ  ᠨᠢ ᠬᠥᠭᠵᠢᠭᠡᠬᠦ ᠶᠢᠨ ᠲᠥᠯᠦᠭᠡ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠰᠢᠨᠵᠢᠯᠡᠬᠦ ᠤᠬᠠᠭᠠᠨ ᠰᠣᠶᠣᠯ ᠡᠷᠡᠭᠦᠯ ᠬᠠᠮᠠᠭᠠᠯᠠᠯ ᠪᠡᠶ᠎ᠡ ᠶᠢᠨ ᠲᠠᠮᠢᠷ ᠤᠨ ᠠᠵᠢᠯᠴᠢᠨ ᠤ ᠡᠪᠯᠡᠯ᠂ ᠰᠢᠯᠢ ᠶᠢᠨ ᠭᠤᠤᠯ ᠠᠶᠢᠮᠠᠭ ᠤᠨ ᠠᠵᠢᠯᠴᠢᠨ ᠤ ᠡᠪᠯᠡᠯ᠂ ᠬᠤᠰᠢᠭᠤ ᠠᠵᠢᠯᠴᠢᠨ ᠤ ᠶᠡᠷᠦᠩᠬᠡᠶ ᠡᠪᠯᠡᠯ ᠬᠠᠮᠲᠤᠷᠠᠨ ᠥᠷᠨᠢᠭᠦᠯᠦᠭᠰᠡᠨ ︿︿ᠠᠷᠠᠳ ᠣᠯᠠᠨ  ᠤ ᠡᠷᠡᠭᠦᠯ ᠮᠡᠨᠳᠦ ᠶᠢ ᠬᠠᠮᠠᠭᠠᠯᠠᠵᠤ᠂ ᠤᠮᠠᠷᠠᠲᠤ ᠬᠢᠯᠢ ᠶᠢᠨ ᠠᠮᠤᠷ ᠲᠣᠭᠲᠠᠭᠤᠨ ᠢ  ᠬᠠᠮᠠᠭᠠᠯᠠᠶ᠎ᠠ﹀﹀ ᠭᠡᠰᠡᠨ ᠬᠢᠯᠢ ᠳᠠᠭᠠᠤ ᠰᠤᠮᠤ ᠪᠠᠯᠭᠠᠰᠤᠨ ᠤ ᠡᠷᠡᠭᠦᠯ ᠬᠠᠮᠠᠭᠠᠯᠠᠯ ᠤᠨ ᠬᠤᠷᠢᠶᠠᠨ ᠤ ᠠᠵᠢᠯᠲᠠᠨ ᠠᠵᠢᠯᠴᠢᠨ ᠢ ᠬᠠᠯᠠᠮᠵᠢᠯᠠᠨ ᠲᠣᠬᠤᠨᠢᠭᠤᠯᠬᠤ ᠠᠵᠢᠯᠯᠠᠭ᠎ᠠ11 ᠰᠠᠷ᠎ᠠ ᠶᠢᠨ 6 ᠤ ᠡᠳᠦᠷ ᠬᠠᠳᠠᠪᠴᠢ ᠪᠠᠯᠭᠠᠰᠤ ᠶᠢᠨ ᠲᠦᠪ ᠡᠷᠡᠭᠦᠯ ᠬᠠᠮᠠᠭᠠᠯᠠᠯ ᠤᠨ ᠬᠤᠷᠢᠶᠠᠨ ᠳᠤ ᠶᠠᠪᠤᠭᠳᠠᠪᠠ  ᠃      ᠡᠨᠡ ᠬᠦ ᠬᠤᠭᠤᠴᠠᠭᠠᠨ ᠳᠤ᠂ ᠬᠠᠲᠠᠪᠴᠢ ᠪᠠᠯᠭᠠᠰᠤᠨ ᠤ ᠲᠦᠪ ᠡᠷᠡᠭᠦᠯ ᠬᠠᠮᠠᠭᠠᠯᠠᠯ ᠤᠨ ᠬᠤᠷᠢᠶ᠎ᠠ ᠶᠢᠨ ᠠᠵᠢᠯᠲᠠᠨ ᠠᠵᠢᠯᠴᠢᠨ ᠳᠤ ᠲᠣᠬᠤᠨᠢᠭᠤᠯᠬᠤ ᠮᠥᠩᠭᠦ ᠪᠣᠯᠤᠨ ᠳᠤᠬᠤᠨᠢᠭᠤᠯᠬᠤ ᠪᠡᠯᠡᠭ ᠭᠠᠷᠳᠠᠭᠤᠯᠤᠨ᠂ ᠲᠡᠳᠡᠨ ᠤ ᠠᠵᠢᠯ ᠤᠨ ᠪᠠᠶᠢᠷᠢ ᠪᠠᠨ ᠪᠠᠲᠤ ᠰᠠᠬᠢᠵᠤ᠂ ᠬᠢᠯᠢ ᠬᠢᠵᠠᠭᠠᠷ ᠣᠷᠣᠨ ᠳᠤ ᠦᠨᠳᠦᠰᠦ ᠬᠠᠳᠬᠤᠨ᠂ ᠬᠢᠯᠢ ᠬᠢᠵᠠᠭᠠᠷ ᠣᠷᠣᠨ ᠤ ᠣᠯᠠᠨ ᠲᠦᠮᠡᠨ ᠤ ᠪᠡᠶ᠎ᠡ ᠮᠠᠬᠠᠪᠣᠳ ᠤᠨ ᠡᠷᠡᠭᠦᠯ ᠮᠡᠨᠳᠦ ᠶᠢ ᠪᠠᠲᠤᠯᠠᠬᠤ ᠳᠤ ᠦᠵᠡᠭᠦᠯᠦᠭᠰᠡᠨ ᠬᠤᠪᠢ ᠨᠡᠮᠡᠷᠢ ᠳᠤ ᠲᠠᠯᠠᠷᠬᠠᠵᠤ ᠪᠠᠶᠢᠬᠤ ᠪᠠᠨ ᠢᠯᠡᠳᠬᠡᠪᠡ᠃        ᠣᠶᠢᠯᠠᠭᠠᠭᠰᠠᠨ ᠢᠶᠠᠷ᠂ ᠬᠤᠰᠢᠭᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠠᠴᠠ ᠵᠠᠯᠭᠠᠭᠠᠳ ᠪᠥᠬᠦ ᠬᠤᠰᠢᠭᠤᠨ ᠤ ᠬᠢᠯᠢ ᠳᠠᠭᠠᠤ ᠰᠤᠮᠤ ᠪᠠᠯᠭᠠᠰᠤᠨ ᠤ ᠡᠯ᠎ᠡ ᠡᠷᠡᠭᠦᠯ ᠬᠠᠮᠠᠭᠠᠯᠠᠯ ᠤᠨ ᠬᠤᠷᠢᠶᠠᠨ ᠤ 53 ᠠᠵᠢᠯᠲᠠᠨ ᠠᠵᠢᠯᠴᠢᠨ ᠳᠤ ᠲᠣᠬᠤᠨᠢᠭᠤᠯᠬᠤ ᠮᠥᠩᠭᠦ ᠪᠣᠯᠤᠨ ᠪᠡᠯᠡᠭ ᠢ ᠭᠠᠷᠳᠠᠭᠤᠯᠬᠤ ᠪᠤᠯᠤᠨ᠎ᠠ  ᠃      ᠲᠠᠷᠠᠭᠠᠴᠢ ᠶᠢᠨ ᠠᠯᠬᠤᠮ ᠳᠤ᠂ ᠬᠤᠰᠢᠭᠤ ᠠᠵᠢᠯᠴᠢᠨ ᠤ ᠶᠡᠷᠦᠩᠬᠡᠶ ᠡᠪᠯᠡᠯ ᠦᠶᠯᠡᠴᠢᠯᠡᠭᠡᠨ ᠤ ᠶᠠᠰᠤ ᠴᠢᠨᠠᠷ ᠦᠷ᠎ᠡ ᠪᠦᠲᠦᠮᠵᠢ ᠪᠠᠨ ᠲᠠᠰᠤᠷᠠᠯᠲᠠ ᠥᠬᠡᠶ ᠳᠡᠭᠡᠭᠰᠢᠯᠡᠭᠦᠯᠵᠦ᠂ ᠬᠢᠯᠢ ᠳᠠᠭᠠᠤ ᠰᠤᠮᠤ ᠪᠠᠯᠭᠠᠰᠤᠨ ᠤ ᠡᠷᠡᠭᠦᠯ ᠬᠠᠮᠠᠭᠠᠯᠠᠯ ᠤᠨ ᠬᠤᠷᠢᠶᠠᠨ ᠤ ᠠᠵᠢᠯᠲᠠᠨ ᠠᠵᠢᠯᠴᠢᠨ ᠢ ᠬᠠᠯᠠᠮᠵᠢᠯᠠᠨ ᠬᠠᠶᠢᠷᠠᠯᠠᠬᠤ ᠡᠷᠴᠢᠮ ᠢᠶᠠᠨ ᠴᠢᠩᠭᠠᠷᠠᠭᠤᠯᠵᠤ᠂ ᠲᠡᠳᠡᠨ ᠳᠤ ᠠᠵᠢᠯᠴᠢᠨ ᠤ ᠡᠪᠯᠡᠯ ᠤᠨ ᠵᠣᠬᠢᠶᠠᠨ ᠪᠠᠶᠢᠭᠤᠯᠤᠯᠲᠠ ᠶᠢᠨ ᠬᠠᠶᠢᠷ᠎ᠠ  ᠶᠢ ᠦᠨᠡᠨᠬᠦ ᠮᠡᠳᠡᠷᠡᠭᠦᠯᠬᠦ ᠪᠣᠯᠣᠨ᠎ᠠ᠃
 
ᠢᠷᠡᠯᠲᠡ᠄ ᠵᠡᠬᠦᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号