ᠲᠥᠯᠥᠭᠡᠯᠡᠭᠴᠢᠳ ᠠ᠋᠄ | ᠤᠲᠤ ᠪᠢ᠂ ᠬᠤᠰᠢᠭᠤ ᠠᠷᠠᠳ ᠤᠨ ᠵᠠᠰᠠᠭ ᠤᠨ ᠣᠷᠳᠣᠨ ᠢ ᠲᠦᠯᠦᠭᠡᠯᠡᠨ ᠶᠡᠭᠡ ᠬᠤᠷᠠᠯ ᠳᠤ ᠠᠵᠢᠯ ᠤᠨ | ᠢᠯᠡᠳᠭᠡᠯ ᠬᠢᠶ᠎ᠡ᠂ ᠬᠢᠨᠠᠨ ᠵᠥᠪᠯᠡᠬᠦ ᠪᠣᠯᠪᠠᠤ᠂ ᠤᠯᠤᠰ ᠲᠥᠷᠦ ᠶᠢᠨ ᠵᠥᠪᠯᠡᠯᠭᠡᠨ ᠤ ᠭᠡᠰᠢᠭᠦᠳ ᠪᠠ ᠬᠤᠷᠠᠯ ᠳᠤ | ᠰᠤᠯᠠ ᠣᠷᠣᠯᠴᠠᠭᠰᠠᠨ ᠨᠦᠬᠦᠳ ᠰᠠᠨᠠᠯ ᠵᠥᠪᠯᠡᠯᠭᠡ ᠪᠠᠨ ᠳᠡᠪᠰᠢᠭᠦᠯᠬᠦ ᠪᠣᠯᠪᠠᠤ᠃ | 2023 ᠣᠨ ᠤ ᠠᠵᠢᠯ ᠤᠨ ᠡᠷᠭᠢᠴᠡᠭᠦᠯᠦᠯ | ᠥᠩᠭᠡᠷᠡᠭᠰᠡᠨ ᠨᠢᠭᠡ ᠵᠢᠯ ᠪᠣᠯ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ | ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠬᠤ ᠡᠬᠢᠯᠡᠯᠲᠡ ᠶᠢᠨ ᠵᠢᠯ᠂ ᠮᠦᠨᠴᠦ ᠠᠵᠣ ᠠᠬᠤᠢ ᠨᠡᠶᠢᠭᠡᠮ ᠤᠨ | ᠲᠣᠭᠲᠠᠭᠤᠨ ᠢ ᠪᠠᠲᠣᠯᠠᠨ ᠬᠦᠭᠵᠢᠨ ᠳᠠᠪᠰᠢᠭᠰᠠᠨ ᠨᠢᠭᠡ ᠵᠢᠯ ᠮᠥᠨ᠃ ᠨᠢᠭᠡ ᠵᠢᠯ ᠤᠨ ᠲᠣᠷᠰᠢ᠂ ᠪᠦᠬᠦ | ᠬᠤᠰᠢᠭᠤ ᠪᠠᠷ ᠢᠶᠠᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ | ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠡᠯ᠎ᠡ ᠵᠦᠢᠯ ᠤᠨ ᠠᠵᠢᠯ ᠤᠨ ᠭᠤᠣᠯ ᠰᠢᠵᠢᠮ ᠪᠣᠯᠭᠠᠨ᠂ ᠬᠤᠶᠠᠷ | ᠶᠡᠭᠡ ᠶᠠᠪᠤᠳᠠᠯ ᠢ ᠰᠠᠶᠢᠲᠤᠷ ᠪᠡᠶᠡᠯᠡᠬᠦᠯᠬᠦ ᠪᠠ ︽ᠰᠢᠨ᠎ᠡ ᠵᠠᠮ ᠢᠶᠠᠷ ᠵᠠᠮᠨᠠᠨ᠂ ᠳᠤᠮᠳᠠ ᠲᠦᠪᠰᠢᠨ ᠳᠤ ᠬᠦᠷᠬᠦ︾ | ᠬᠠᠷᠠᠯᠲᠠ ᠶᠢ ᠪᠡᠶᠡᠯᠡᠭᠦᠯᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠬᠤᠰᠢᠭᠤ ᠨᠠᠮ ᠤᠨ ᠬᠤᠷᠢᠶ᠎ᠠ ᠶᠢᠨ ᠪᠠᠲᠤ | ᠴᠢᠩᠭ᠎ᠠ ᠤᠳᠤᠷᠢᠳᠤᠯᠭ᠎ᠠ ᠳᠣᠣᠷ᠎ᠠ᠂ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶ᠎ᠠ᠂ ᠤᠯᠤᠰ ᠲᠥᠷᠥ ᠶᠢᠨ ᠵᠥᠪᠯᠡᠯᠭᠡᠨ ᠤ ᠬᠢᠨᠠᠯᠲᠠ ᠳᠡᠮᠵᠢᠯᠭᠡ ᠳᠣᠣᠷ᠎ᠠ᠂ ᠰᠡᠳᠬᠢᠯ ᠢᠶᠠᠨ | ᠨᠢᠭᠡᠳᠬᠡᠨ ᠬᠦᠴᠦᠨ ᠢᠶᠠᠨ ᠬᠠᠮᠲᠣᠳᠬᠠᠵᠣ᠂ ᠬᠥᠭᠵᠢᠯᠲᠡ ᠶᠢ ᠠᠳᠬᠤᠨ᠂ ᠥᠭᠡᠷᠡᠴᠢᠯᠡᠯᠲᠡ ᠶᠢ ᠠᠬᠢᠭᠤᠯᠵᠤ᠂ | ᠠᠷᠠᠳ ᠤᠨ ᠠᠮᠢᠳᠤᠷᠠᠯ ᠳᠤ ᠠᠰᠢᠭ ᠬᠦᠷᠲᠡᠭᠡᠵᠦ᠂ ᠪᠦᠯᠬᠦᠮᠳᠡᠯ ᠢ ᠴᠢᠩᠭᠠᠳᠬᠠᠨ᠂ ᠠᠮᠤᠷ ᠲᠦᠪᠰᠢᠨ ᠢ ᠪᠠᠲᠤᠯᠠᠵᠤ᠂ | ᠪᠦᠬᠦ ᠵᠢᠯ ᠤᠨ ᠡᠯ᠎ᠡ ᠵᠦᠢᠯ ᠤᠨ ᠬᠠᠷᠠᠯᠲᠠ ᠡᠭᠦᠷᠭᠡ ᠪᠠᠨ ᠨᠡᠯᠢᠶᠡᠳ ᠰᠠᠶᠢᠨ ᠪᠡᠶᠡᠯᠡᠭᠦᠯᠪᠠ᠃ ᠵᠢᠱᠢᠯᠲᠡ ᠪᠠᠷ᠂ ᠪᠥᠬᠦ | ᠵᠢᠯ ᠤᠨ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠥᠷᠲᠡᠭ 76.94 ᠳ᠋ᠦᠩᠰᠢᠭᠤᠷ ᠲᠦᠭᠦᠷᠢᠭ ᠲᠤ | ᠬᠦᠷᠴᠦ᠂ ᠠᠳᠠᠯᠢ ᠬᠤᠭᠤᠴᠠᠭᠠᠨ ᠤ ᠬᠢ ᠠᠴᠠ 6% ᠪᠠᠷ ᠨᠡᠮᠡᠭᠳᠡᠪᠡ︔ ᠡᠩ ᠤᠨ ᠣᠯᠠᠨ ᠨᠡᠶᠢᠲᠡ ᠶᠢᠨ | ᠲᠥᠰᠥᠪ ᠤᠨ ᠣᠷᠣᠯᠭ᠎ᠠ 6.68 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ | 9.7% ᠪᠠᠷ ᠨᠡᠮᠡᠭᠳᠡᠪᠡ︔ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ 20.4 ᠳ᠋ᠦᠩᠰᠢᠭᠤᠷ | ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 11% ᠪᠠᠷ ᠨᠡᠮᠡᠭᠳᠡᠪᠡ︔ ᠨᠡᠶᠢᠭᠡᠮ ᠤᠨ | ᠬᠡᠷᠡᠭᠯᠡᠭᠡᠨ ᠤ ᠵᠦᠢᠯᠡᠰ ᠢ ᠵᠢᠵᠢᠭᠯᠡᠨ ᠪᠣᠷᠤᠯᠠᠭᠤᠯᠤᠭᠰᠠᠨ ᠶᠡᠷᠦᠩᠬᠡᠢ ᠬᠡᠮᠵᠢᠶ᠎ᠡ 11.3 ᠳ᠋ᠦᠩᠰᠢᠭᠤᠷ ᠲᠥᠭᠦᠷᠢᠭ ᠲᠤ | ᠬᠦᠷᠴᠦ᠂ ᠠᠳᠠᠯᠢ ᠬᠤᠭᠤᠴᠠᠭᠠᠨ ᠤ ᠬᠢ ᠠᠴᠠ 4% ᠪᠠᠷ ᠨᠡᠮᠡᠭᠳᠡᠪᠡ︔ ᠬᠤᠳᠠ ᠬᠥᠳᠡᠭᠡ ᠶᠢᠨ ᠰᠠᠭᠤᠭᠠᠯᠢ | ᠠᠷᠠᠳ ᠤᠨ ᠬᠥᠮᠥᠨ ᠪᠦᠷᠢ ᠶᠢᠨ ᠳᠤᠮᠳᠠᠴᠢ ᠲᠤᠬᠢᠷᠠᠭᠤᠯᠵᠤ ᠪᠣᠯᠬᠤᠶᠢᠴᠠ ᠣᠷᠣᠯᠭ᠎ᠠ ᠲᠤᠰᠪᠦᠷᠢ 49765 | ᠲᠥᠭᠦᠷᠢᠭ ᠪᠠ 42776 ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 5.8% ᠪᠠ 5. | 9% ᠪᠠᠷ ᠨᠡᠮᠡᠭᠳᠡᠨ᠂ ᠠᠵᠤ ᠠᠬᠤᠢ ᠶᠢᠨ ᠬᠦᠭᠵᠢᠯᠲᠡ ᠬᠡᠪ ᠤᠨ ᠪᠠᠶᠢᠳᠠᠯ ᠢᠶᠠᠨ ᠪᠠᠲᠤᠯᠠᠪᠠ᠃ | ᠨᠢᠭᠡ ᠵᠢᠯ ᠤᠨ ᠲᠣᠷᠰᠢ᠂ ᠪᠢᠳᠡ ᠠᠮᠢ ᠠᠬᠤᠢ ᠶᠢ ᠲᠡᠷᠢᠭᠦᠨ ᠳᠤ ᠲᠠᠯᠪᠢᠬᠤ ᠶᠢ ᠪᠠᠷᠢᠮᠲᠠᠯᠠᠨ᠂ ᠬᠠᠮᠠᠭᠠᠯᠠᠯᠲᠠ | ᠶᠢ ᠴᠢᠩᠭᠠᠳᠬᠠᠵᠣ᠂ ᠵᠠᠰᠠᠯᠲᠠ ᠶᠢ ᠴᠢᠬᠤᠯᠠᠴᠢᠯᠠᠨ᠂ ᠬᠤᠪᠢᠷᠠᠯᠲᠠ ᠶᠢ ᠠᠬᠢᠭᠤᠯᠵᠣ᠂ ᠠᠮᠢ ᠠᠬᠤᠢ ᠶᠢᠨ ᠠᠮᠤᠷ | ᠲᠦᠪᠰᠢᠨ ᠤ ᠬᠠᠯᠬᠠᠪᠴᠢ ᠶᠢ ᠪᠠᠶᠢᠭᠤᠯᠬᠤ ᠲᠠᠯ᠎ᠠ ᠪᠠᠷ ᠰᠢᠨ᠎ᠡ ᠦᠷ᠎ᠡ ᠪᠦᠲᠦᠮᠵᠢ ᠣᠯᠪᠠ᠃ ᠣᠷᠴᠢᠨ ᠠᠬᠤᠢ ᠶᠢᠨ | ᠵᠠᠰᠠᠯᠲᠠ ᠶᠢ ᠯᠠᠪᠳᠠᠭᠤᠨ ᠪᠠᠲᠤᠲᠠᠢ ᠲᠦᠯᠬᠢᠨ ᠠᠬᠢᠭᠤᠯᠪᠠ᠃ ᠤᠯᠤᠰ ᠪᠠ ᠥᠪᠡᠷᠲᠡᠭᠡᠨ ᠵᠠᠰᠠᠬᠤ ᠣᠷᠣᠨ ᠤ | ᠲᠠᠰ ᠤᠨ ᠨᠤᠲᠤᠭ ᠪᠡᠯᠴᠢᠭᠡᠷ ᠤᠨ ᠠᠮᠢ ᠠᠬᠤᠢ ᠶᠢ ᠰᠡᠷᠭᠦᠭᠡᠬᠦ ᠲᠤᠷᠰᠢᠯᠲᠠ ᠶᠢᠨ ᠴᠡᠭ ᠤᠨ ᠲᠥᠷᠥᠯ ᠵᠦᠢᠯ ᠤᠨ | 51.5 ᠲᠦᠮᠡᠨ ᠮᠦ ᠶᠢᠨ ᠵᠠᠰᠠᠯᠲᠠ ᠶᠢᠨ ᠦᠷ᠎ᠡ ᠪᠦᠲᠦᠮᠵᠢ ᠶᠢ ᠪᠠᠬᠢᠵᠢᠭᠦᠯᠵᠦ᠂ ᠬᠤᠯᠠᠨ ᠰᠢᠷᠭ᠎ᠠ ᠲᠠᠭ᠎ᠠ᠂ | ᠦᠵᠦᠮᠦᠴᠢᠨ ᠡᠯᠡᠰᠦᠷᠬᠡᠭ ᠭᠠᠵᠠᠷ ᠢ ᠶᠡᠷᠦᠩᠬᠡᠶᠢᠯᠡᠨ ᠵᠠᠰᠠᠬᠤ ᠢᠨᠵᠧᠨᠧᠷᠢᠩ ᠢ ᠡᠬᠢᠯᠡᠭᠦᠯᠦᠨ ᠬᠡᠷᠡᠭᠵᠢᠭᠦᠯᠵᠦ᠂ | 6300 ᠮᠦ ᠶᠢ ᠰᠢᠨ᠎ᠡ ᠪᠠᠷ ᠤᠶᠢᠵᠢᠭᠤᠯᠤᠨ᠂ 1000 ᠮᠦ ᠡᠯᠡᠰᠦ ᠶᠢ ᠲᠣᠭᠲᠠᠪᠤᠷᠢᠵᠢᠭᠤᠯᠪᠠ᠃ ︽ᠭᠤᠣᠯ | ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢᠨ ᠳᠦᠷᠢᠮ︾ ᠢ ᠨᠠᠶᠢᠳᠠᠪᠤᠷᠢᠵᠢᠭᠤᠯᠤᠨ᠂ ᠭᠤᠣᠯ ᠮᠥᠷᠡᠨ ᠨᠠᠭᠤᠷ | ᠴᠥᠭᠦᠷᠥᠮ ᠢ ᠪᠠᠶᠢᠩᠭᠤ ᠲᠣᠭᠤᠷᠢᠨ ᠪᠠᠶᠢᠴᠠᠭᠠᠵᠤ᠂ ᠬᠠᠷᠢᠶ᠎ᠠ ᠣᠷᠣᠨ ᠤ ᠤᠰᠤᠨ ᠤ ᠴᠢᠨᠠᠷ ᠣᠯᠣᠰ ᠤᠨ ᠳᠡᠰ ᠤᠨ | ᠬᠢᠨᠠᠨ ᠪᠠᠶᠢᠴᠠᠭᠠᠬᠤ ᠪᠠᠷᠢᠮᠵᠢᠶ᠎ᠠ ᠳᠤ ᠨᠡᠶᠢᠴᠡᠨ᠂ ᠠᠶᠢᠮᠠᠭ ᠤᠨ ᠲᠠᠰ ᠤᠨ ᠴᠢᠬᠤᠯᠠ ᠨᠤᠭᠤ ᠭᠠᠵᠠᠷ 2 ᠢ ᠪᠠᠶᠢᠭᠤᠯᠣᠨ | ᠂ ᠨᠤᠭᠤ ᠭᠠᠵᠠᠷ ᠤᠨ ᠬᠠᠮᠠᠭᠠᠯᠠᠯᠲᠠ ᠶᠢᠨ ᠨᠣᠷᠮ᠎ᠠ ᠪᠥᠬᠦ ᠠᠶᠢᠮᠠᠭ ᠤᠨ ᠲᠡᠷᠢᠭᠦᠨ ᠳᠤ ᠣᠷᠣᠪᠠ᠃ 2723 ᠲᠦᠮᠡᠨ | ᠲᠥᠭᠦᠷᠢᠭ ᠤᠨ ᠪᠡᠯᠡ ᠣᠷᠣᠭᠤᠯᠣᠨ᠂ 4912 ᠮᠦ ᠭᠠᠵᠠᠷ ᠰᠢᠨᠵᠢᠯᠡᠭᠡᠨ ᠤ ᠣᠷᠴᠢᠨ ᠲᠣᠭᠤᠷᠢᠨ ᠤ ᠵᠠᠰᠠᠯᠲᠠ ᠶᠢ | ᠪᠡᠶᠡᠯᠡᠬᠦᠯᠪᠡ᠃ ᠪᠣᠬᠢᠷᠲᠤᠯ ᠦᠭᠡᠢ ᠠᠭᠤᠷᠬᠠᠢ ᠶᠢᠨ ᠪᠦᠲᠦᠭᠡᠨ ᠪᠠᠶᠢᠭᠤᠯᠤᠯᠲᠠ ᠶᠢᠨ ᠶᠠᠰᠤ ᠴᠢᠨᠠᠷ ᠢ | ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠪᠠ ᠰᠢᠯᠢᠳᠡᠭ ᠨᠡᠷᠡᠰ ᠤᠨ ᠵᠢᠭᠰᠠᠭᠠᠯᠲᠠ ᠶᠢᠨ ᠪᠠᠷᠢᠮᠵᠢᠶ᠎ᠠ ᠳᠤ | ᠬᠦᠷᠭᠡᠬᠦ ᠶᠢ ᠡᠭᠦᠳᠦᠨ ᠪᠠᠶᠢᠭᠤᠯᠬᠤ ᠠᠵᠢᠯ ᠢ ᠡᠷᠴᠢᠮᠲᠠᠢ ᠦᠷᠨᠢᠬᠦᠯᠵᠦ᠂ ᠲᠥᠪ ᠤᠨ ᠣᠷᠴᠢᠨ ᠲᠣᠭᠤᠷᠢᠨ ᠤ | ᠬᠠᠮᠠᠭᠠᠯᠠᠯᠲᠠ ᠶᠢ ᠱᠠᠭᠠᠷᠳᠠᠨ ᠪᠠᠶᠢᠴᠠᠭᠠᠵᠣ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ | ᠡᠭᠦᠷᠭᠡ ᠶᠢ ᠡᠮᠬᠢ ᠵᠢᠷᠤᠮ ᠲᠠᠢ ᠠᠬᠢᠭᠤᠯᠪᠠ᠃ ᠬᠠᠮᠠᠭᠠᠯᠠᠯᠲᠠ ᠶᠢᠨ ᠦᠷ᠎ᠡ ᠪᠦᠲᠦᠮᠵᠢ ᠲᠠᠰᠤᠷᠠᠯᠲᠠ ᠦᠭᠡᠢ | ᠭᠦᠨᠵᠡᠭᠡᠶᠢᠷᠡᠪᠡ᠃ 5093 ᠲᠦᠮᠡᠨ ᠮᠦ ᠦᠨᠳᠦᠰᠦᠨ ᠨᠤᠲᠤᠭ ᠪᠡᠯᠴᠢᠭᠡᠷ ᠢ ᠬᠤᠪᠢᠶᠠᠷᠢᠯᠠᠨ ᠲᠣᠭᠲᠠᠭᠠᠵᠤ᠂ ᠪᠥᠬᠦ | ᠬᠤᠰᠢᠭᠤᠨ ᠤ ᠨᠤᠲᠤᠭ ᠪᠡᠯᠴᠢᠭᠡᠷ ᠤᠨ ᠶᠡᠷᠦᠩᠬᠡᠢ ᠲᠠᠯᠠᠪᠠᠶ ᠶᠢᠨ 95% ᠶᠢ ᠡᠵᠡᠯᠡᠪᠡ᠃ ᠪᠥᠬᠦ ᠠᠶᠢᠮᠠᠭ ᠲᠤ ᠡᠩ | ᠲᠡᠷᠢᠭᠦᠨ ᠳᠤ ᠬᠤᠶᠠᠷ ᠬᠡᠰᠡᠭ ᠬᠤᠪᠢᠶᠠᠵᠤ ᠬᠤᠶᠠᠷ ᠵᠢᠯ ᠰᠡᠯᠭᠦᠨ ᠬᠠᠳᠤᠬᠤ ᠳᠦᠷᠢᠮ ᠢ ᠬᠡᠷᠡᠭᠵᠢᠭᠦᠯᠵᠦ᠂ | ᠬᠤᠳᠠᠯᠳᠤᠭᠠᠨ ᠤ ᠴᠢᠨᠡᠷᠲᠡᠢ ᠡᠪᠡᠰᠦ ᠬᠠᠳᠤᠬᠤ ᠲᠠᠯᠠᠪᠠᠶ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 90 | ᠲᠦᠮᠡᠨ ᠮᠦ ᠪᠠᠭᠠᠰᠴᠤ᠂ ᠳᠡᠭᠡᠷᠡᠮᠳᠡᠯᠭᠡ ᠶᠢᠨ ᠴᠢᠨᠠᠷᠲᠠᠢ ᠬᠠᠳᠣᠯᠠᠩ ᠬᠠᠳᠤᠬᠤ ᠠᠵᠢᠯᠯᠠᠭ᠎ᠠ ᠶᠢ ᠪᠦᠲᠦᠮᠵᠢᠲᠡᠢ | ᠬᠢᠵᠠᠭᠠᠷᠯᠠᠪᠠ᠃ ᠨᠤᠲᠤᠭ ᠪᠡᠯᠴᠢᠭᠡᠷ ᠤᠨ ᠠᠮᠢ ᠠᠬᠤᠢ ᠶᠢᠨ ᠨᠦᠬᠦᠪᠦᠷᠢ ᠱᠠᠩᠨᠠᠯ ᠤᠨ ᠳᠦᠷᠢᠮ ᠢ ᠴᠢᠩᠭ᠎ᠠ | ᠬᠡᠷᠡᠭᠵᠢᠭᠦᠯᠵᠦ᠂ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ᠂ ᠪᠡᠯᠴᠢᠭᠡᠷᠯᠡᠭᠦᠯᠬᠦ ᠶᠢ ᠵᠣᠭᠰᠤᠭᠠᠬᠤ | ᠪᠡᠯᠴᠢᠭᠡᠷᠯᠡᠭᠦᠯᠬᠦ ᠶᠢ ᠴᠠᠭᠠᠵᠠᠯᠠᠬᠤ ᠰᠡᠯᠭᠦᠨ ᠮᠠᠯᠵᠢᠬᠤ ᠳᠦᠷᠢᠮ ᠢ ᠨᠠᠶᠢᠳᠠᠪᠤᠷᠢᠵᠢᠭᠤᠯᠵᠤ᠂ ᠵᠢᠯ ᠳᠤ ᠡᠯ᠎ᠡ | ᠲᠥᠷᠥᠯ ᠤᠨ ᠨᠦᠬᠦᠪᠦᠷᠢ ᠱᠠᠩᠨᠠᠯ ᠤᠨ ᠪᠡᠯᠡ ᠮᠥᠩᠭᠦ ᠶᠢ 4.4 ᠳ᠋ᠦᠩᠰᠢᠭᠤᠷ ᠲᠥᠭᠦᠷᠢᠭ ᠲᠠᠷᠬᠠᠭᠠᠪᠠ᠃ ︽ᠣᠶ | ᠰᠢᠭᠤᠢ ᠨᠤᠲᠤᠭ ᠪᠡᠯᠴᠢᠭᠡᠷ ᠤᠨ ᠳᠠᠷᠤᠭ᠎ᠠ ᠶᠢᠨ ᠳᠦᠷᠢᠮ︾ ᠢ ᠨᠠᠶᠢᠳᠠᠪᠣᠷᠢᠵᠢᠭᠤᠯᠣᠨ᠂ ᠪᠥᠬᠦ ᠬᠤᠰᠢᠭᠤᠨ ᠤ ᠣᠶ | ᠰᠢᠭᠤᠢ ᠶᠢᠨ ᠪᠦᠷᠬᠦᠴᠡ ᠶᠢᠨ ᠨᠣᠷᠮ᠎ᠠ ᠦᠷᠬᠦᠯᠵᠢᠯᠡᠨ ᠳᠡᠭᠡᠭᠰᠢᠯᠡᠵᠦ᠂ ᠡᠯᠡᠰᠦᠷᠬᠡᠭᠵᠢᠭᠰᠡᠨ ᠲᠠᠯᠠᠪᠠᠶ ᠣᠯᠠᠮ | ᠪᠠᠭᠠᠰᠣᠨ᠂ ᠲᠠᠯ᠎ᠠ ᠨᠤᠲᠤᠭ ᠤᠨ ᠬᠡᠭᠡᠷ᠎ᠡ ᠶᠢᠨ ᠠᠮᠢᠲᠠᠨ ᠣᠷᠭᠤᠮᠠᠯ ᠤᠨ ᠲᠥᠷᠥᠯ ᠵᠦᠢᠯ ᠪᠠ ᠲᠤᠭ᠎ᠠ ᠲᠣᠯᠣᠭᠠᠢ | ᠢᠯᠡᠳᠲᠡ ᠨᠡᠮᠡᠭᠳᠡᠵᠦ᠂ ᠠᠭᠠᠷ ᠤᠨ ᠴᠡᠪᠡᠷᠴᠡ ᠶᠢᠨ ᠶᠡᠷᠦᠩᠬᠡᠶᠢᠯᠡᠭᠰᠡᠨ ᠵᠢᠭᠠᠯᠲᠠ ᠲᠤᠭ᠎ᠠ ᠪᠥᠬᠦ ᠣᠷᠣᠨ ᠤ ᠡᠮᠦᠨ᠎ᠡ | ᠡᠩᠨᠡᠭᠡᠨ ᠳᠤ ᠵᠢᠭᠰᠠᠭᠠᠭᠳᠠᠨ᠂ ᠳᠣᠯᠣᠳᠤᠭᠠᠷ ᠪᠦᠯᠦᠭ ᠤᠨ ᠤᠯᠤᠰ ᠤᠨ ᠠᠮᠢ ᠠᠬᠤᠢ ᠶᠢᠨ ᠪᠣᠯᠪᠠᠰᠤᠨ ᠤ ᠪᠦᠳᠦᠭᠡᠨ | ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠣᠷᠣᠨ ᠤ ᠴᠣᠯᠠ ᠶᠢ ᠭᠥᠷᠳᠡᠪᠡ᠃ | ᠨᠢᠭᠡ ᠵᠢᠯ ᠤᠨ ᠲᠣᠷᠰᠢ᠂ ᠪᠢᠳᠡ ᠴᠢᠨᠠᠷ ᠢ ᠳᠡᠭᠡᠭᠰᠢᠯᠡᠭᠦᠯᠦᠨ ᠠᠰᠢᠭ ᠢ ᠨᠡᠮᠡᠭᠳᠡᠭᠦᠯᠬᠦ ᠶᠢ ᠪᠠᠷᠢᠮᠲᠠᠯᠠᠨ᠂ | ᠪᠦᠲᠦᠴᠡ ᠶᠢ ᠲᠣᠬᠢᠷᠠᠭᠤᠯᠵᠣ᠂ ᠴᠢᠳᠠᠮᠵᠢ ᠶᠢ ᠬᠤᠪᠢᠷᠠᠭᠤᠯᠣᠨ᠂ ᠬᠡᠯᠬᠢᠶᠡᠰᠦ ᠶᠢ ᠣᠷᠲᠣᠳᠬᠠᠵᠣ᠂ ᠲᠠᠷᠢᠶᠠᠯᠠᠩ ᠮᠠᠯ | ᠠᠵᠣ ᠠᠬᠤᠢ ᠶᠢᠨ ᠠᠰᠢᠭ ᠰᠢᠮ᠎ᠡ ᠶᠢᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ ᠭᠠᠵᠠᠷ ᠢ ᠪᠦᠲᠦᠭᠡᠨ | ᠪᠠᠶᠢᠭᠤᠯᠬᠤ ᠲᠠᠯ᠎ᠠ ᠪᠠᠷ ᠰᠢᠨ᠎ᠡ ᠰᠢᠪᠲᠤᠯᠤᠯᠲᠠ ᠶᠢ ᠪᠡᠶᠡᠯᠡᠭᠦᠯᠪᠡ᠃ ︽3+2︾ ᠮᠠᠯ ᠠᠵᠤ ᠠᠬᠤᠢ ᠶᠢᠨ | ᠬᠥᠭᠵᠢᠯᠲᠡ ᠶᠢᠨ ᠵᠠᠭᠪᠤᠷ ᠢ ᠪᠠᠬᠢᠵᠢᠭᠦᠯᠪᠡ᠃ ᠮᠠᠯᠵᠢᠯ ᠤᠨ ᠣᠨ ᠤ ᠣᠨᠳᠣᠷᠣᠭᠰᠠᠨ ᠮᠠᠯ ᠤᠨ ᠲᠤᠭ᠎ᠠ 360 | ᠲᠦᠮᠡᠨ ᠲᠣᠯᠣᠭᠠᠢ ᠳᠤ ᠬᠦᠷᠪᠡ᠃ ᠦᠵᠦᠮᠦᠴᠢᠨ ᠬᠤᠨᠢᠨ ᠤ ᠡᠭᠦᠯᠳᠡᠷ ᠢ ᠴᠡᠪᠡᠷᠰᠢᠭᠦᠯᠦᠨ ᠦᠷ᠎ᠡ ᠠᠰᠢᠭ ᠢ | ᠳᠡᠭᠡᠭᠰᠢᠯᠡᠭᠦᠯᠬᠦ ᠠᠵᠢᠯ ᠢ ᠠᠬᠢᠭᠤᠯᠵᠤ᠂ 5 ᠦᠵᠦᠮᠦᠴᠢᠨ ᠬᠤᠨᠢ ᠲᠡᠵᠢᠭᠡᠨ ᠦᠷᠡᠵᠢᠭᠦᠯᠬᠦ ᠲᠠᠯᠠᠪᠠᠢ ᠶᠢ ᠰᠢᠨ᠎ᠡ ᠪᠠᠷ | ᠬᠢᠨᠠᠨ ᠲᠣᠭᠲᠠᠭᠠᠵᠣ᠂ ᠣᠳᠣ ᠪᠣᠯᠲᠠᠯ᠎ᠠ ᠦᠵᠦᠮᠦᠴᠢᠨ ᠬᠤᠨᠢ ᠲᠡᠵᠢᠭᠡᠨ ᠦᠷᠡᠵᠢᠭᠦᠯᠬᠦ 26 ᠲᠠᠯᠠᠪᠠᠢ᠂ 290 | ᠭᠤᠣᠯᠳᠠᠯᠭᠠᠲᠣ ᠰᠦᠷᠦᠭ ᠢ ᠪᠣᠶᠢᠵᠢᠭᠤᠯᠪᠠ︔ 8 ᠲᠦᠮᠡᠨ ᠬᠤᠨᠢᠨ ᠳᠤ ᠭᠠᠷ ᠬᠡᠭᠡᠯᠲᠦᠭᠦᠯᠭᠡ ᠬᠢᠬᠦ ᠠᠵᠢᠯ ᠢ | ᠲᠣᠷᠰᠢᠨ ᠶᠠᠪᠣᠭᠳᠠᠭᠤᠯᠵᠣ᠂ ᠲᠥᠯ ᠲᠤᠰᠬᠤ ᠨᠣᠷᠮ᠎ᠠ᠂ ᠢᠬᠡᠷ᠎ᠡ ᠬᠤᠷᠠᠭᠠᠯᠠᠬᠤ ᠨᠣᠷᠮ᠎ᠠ ᠲᠣᠰ ᠲᠣᠰ 111% ᠪᠠ | 21% ᠬᠦᠷᠪᠡ᠃ ᠮᠢᠬᠠᠨ ᠦᠬᠡᠷ ᠤᠨ ᠭᠤᠣᠯᠳᠠᠯᠭᠠᠲᠤ ᠰᠦᠷᠦᠭ ᠤᠨ ᠪᠠᠶᠢᠭᠤᠯᠤᠯᠲᠠ ᠶᠢ ᠰᠠᠶᠢᠲᠤᠷ ᠠᠳᠬᠤᠵᠤ᠂ | 3 ᠭᠤᠣᠯᠳᠠᠯᠭᠠᠲᠤ ᠰᠦᠷᠦᠭ ᠢ ᠰᠢᠨ᠎ᠡ ᠪᠠᠷ ᠬᠢᠨᠠᠨ ᠲᠣᠭᠲᠠᠭᠠᠵᠤ᠂ ᠠᠶᠢᠮᠠᠭ ᠤᠨ ᠲᠠᠰ ᠤᠨ ᠬᠤᠸᠠ ᠰᠢ ᠦᠬᠡᠷ | ᠲᠡᠵᠢᠭᠡᠨ ᠦᠷᠡᠵᠢᠬᠦᠯᠬᠦ 3 ᠰᠦᠷᠦᠭ ᠢ ᠪᠣᠶᠢᠵᠢᠭᠤᠯᠤᠨ᠂ ᠦᠬᠡᠷ ᠤᠨ ᠡᠭᠦᠯᠳᠡᠷ ᠰᠠᠶᠢᠵᠢᠷᠠᠭᠤᠯᠤᠭᠰᠠᠨ ᠬᠠᠷᠢᠴᠠᠯ᠂ | ᠦᠷᠡᠵᠢᠯᠲᠡ ᠶᠢᠨ ᠨᠣᠷᠮ᠎ᠠ ᠲᠣᠰ ᠲᠣᠰ 92.8% ᠪᠠ 86.2% ᠬᠦᠷᠪᠡ᠃ ᠮᠣᠩᠭᠤᠯ ᠠᠳᠤᠭᠤᠨ ᠤ | ᠡᠭᠦᠯᠳᠡᠷ ᠤᠨ ᠬᠠᠮᠠᠭᠠᠯᠠᠯᠲᠠ ᠶᠢ ᠪᠥᠬᠦ ᠲᠠᠯ᠎ᠠ ᠪᠠᠷ ᠴᠢᠩᠭᠠᠳᠬᠠᠵᠤ᠂ ᠮᠣᠩᠭᠤᠯ ᠮᠣᠷᠢᠨ ᠤ ᠲᠤᠭ᠎ᠠ ᠲᠣᠯᠣᠭᠠᠢ ᠶᠢ 7 | ᠲᠦᠮᠡ ᠣᠷᠴᠢᠮ ᠳᠤ ᠲᠣᠭᠲᠠᠪᠣᠷᠢᠵᠢᠭᠤᠯᠪᠡ᠃ ᠰᠦᠨ ᠤ ᠦᠢᠯᠡᠰ ᠤᠨ ᠬᠦᠭᠵᠢᠯᠲᠡ ᠶᠢ ᠲᠣᠭᠲᠠᠭᠤᠨ ᠢᠶᠠᠷ | ᠠᠬᠢᠭᠤᠯᠵᠤ᠂ 5 ᠴᠡᠭᠡ ᠪᠣᠯᠪᠠᠰᠤᠷᠠᠭᠤᠯᠬᠤ ᠲᠤᠷᠰᠢᠯᠲᠠ ᠶᠢᠨ ᠴᠡᠭ ᠢ ᠰᠢᠨ᠎ᠡ ᠪᠠᠷ ᠪᠠᠶᠢᠭᠤᠯᠵᠤ᠂ ︽ᠰᠢᠮ᠎ᠡ︾ | ᠰᠠᠭᠠᠯᠢ ᠶᠢᠨ ᠦᠢᠯᠡᠰ ᠪᠠ ︽ᠤᠭᠤᠷᠠᠭ︾ ᠴᠠᠭᠠᠨ ᠢᠳᠡᠭᠡᠨ ᠤ ᠦᠢᠯᠡᠳᠪᠦᠷᠢ ︽SC︾ ᠶᠢᠨ ᠭᠡᠷᠡᠴᠢ ᠲᠡᠮᠳᠡᠭ | ᠣᠯᠵᠣ᠂ ︽ᠵᠡᠯ᠎ᠡ︾ ᠰᠠᠭᠠᠯᠢ ᠶᠢᠨ ᠦᠢᠯᠡᠰ ︽ᠰᠢᠯᠢ ᠶᠢᠨ ᠭᠤᠣᠯ ᠴᠠᠭᠠᠨ ᠢᠳᠡᠭᠡᠨ︾ ᠤ ᠣᠷᠣᠨ ᠪᠦᠰᠡ ᠶᠢᠨ | ᠨᠡᠶᠢᠲᠡ ᠶᠢᠨ ᠬᠡᠷᠡᠭᠯᠡᠭᠡᠨ ᠤ ᠲᠥᠷᠥᠯ ᠲᠡᠮᠳᠡᠭ ᠤᠨ ᠡᠷᠬᠡ ᠣᠯᠭᠤᠯᠲᠠ ᠶᠢ ᠬᠦᠷᠲᠡᠨ᠂ ᠴᠠᠭᠠᠨ ᠢᠳᠡᠭᠡᠨ ᠤ ᠵᠢᠯ ᠤᠨ | ᠦᠢᠯᠡᠳᠬᠦᠨ ᠤ ᠥᠷᠲᠡᠭ 1500 ᠲᠦᠮᠡᠨ ᠲᠥᠭᠦᠷᠢᠭ ᠢ ᠳᠠᠪᠠᠪᠠ᠃ ᠴᠢᠨᠠᠷ ᠰᠠᠶᠢᠲᠠᠢ ᠪᠠᠶᠢᠭᠠᠯᠢᠯᠢᠭ ᠲᠡᠵᠢᠭᠡᠯ | ᠡᠪᠡᠰᠦᠨ ᠤ ᠵᠢᠯ ᠤᠨ ᠭᠠᠷᠤᠯᠲᠠ 5 ᠳ᠋ᠦᠩᠰᠢᠭᠤᠷ ᠺᠢᠯᠣᠭ᠍ᠷᠠᠮ ᠢ ᠳᠠᠪᠠᠨ᠂ ᠮᠠᠨᠳᠤᠬᠤᠪᠤᠯᠠᠭ ᠭᠠᠴᠠᠭ᠎ᠠ᠂ ᠬᠠᠷᠠᠭᠠᠲᠤ | ᠭᠠᠴᠠᠭ᠎ᠠ᠂ ᠪᠦᠯᠢᠶᠡᠨ ᠭᠠᠴᠠᠭ᠎ᠠ ᠪᠣᠯᠣᠨ ᠬᠡᠰᠢᠭ ᠮᠠᠯ ᠠᠵᠤ ᠠᠬᠤᠢ ᠵᠡᠷᠭᠡ 4 ᠡᠵᠡᠩᠨᠡᠯᠲᠡ ᠶᠢᠨ ᠴᠡᠭ ᠤᠨ | ᠡᠳᠦᠷ ᠲᠤ 8 ᠲᠣᠨ ᠬᠤᠯᠢᠮᠠᠭ ᠲᠡᠵᠢᠭᠡᠯ ᠪᠣᠯᠪᠠᠰᠤᠷᠠᠭᠤᠯᠬᠤ ᠦᠢᠯᠡᠳᠪᠦᠷᠢ ᠶᠢᠨ ᠲᠠᠰᠤᠭ ᠠᠰᠢᠭᠯᠠᠯᠲᠠ ᠳᠤ ᠣᠷᠣᠵᠣ | ᠂ ᠪᠦᠭᠦ ᠬᠤᠰᠢᠭᠤᠨ ᠤ ᠬᠡᠷᠡᠭᠴᠡᠭᠡ ᠶᠢ ᠬᠠᠩᠭᠠᠬᠤ ᠲᠡᠵᠢᠭᠡᠯ ᠪᠣᠷᠳᠣᠭᠠᠨ ᠤ ᠨᠥᠭᠡᠴᠡ ᠶᠢᠨ ᠰᠢᠰᠲ᠋ᠧᠮ ᠢ ᠴᠣᠭᠴᠠᠯᠠᠨ | ᠪᠠᠶᠢᠭᠤᠯᠪᠠ᠃ ᠮᠠᠯ ᠤᠨ ᠠᠰᠢᠭ ᠰᠢᠮ᠎ᠡ ᠶᠢᠨ ᠵᠠᠬ᠎ᠠ ᠳᠡᠯᠭᠡᠭᠦᠷ ᠤᠨ ᠭᠦᠢᠯᠭᠡᠭᠡ ᠶᠢ ᠭᠦᠨᠵᠡᠭᠡᠶᠢᠷᠡᠭᠦᠯᠦᠨ ᠥᠷᠭᠡᠳᠬᠡᠪᠡ | ᠃ ︽ᠦᠵᠦᠮᠦᠴᠢᠨ ᠬᠤᠨᠢᠨ ᠤ ᠨᠠᠶᠢᠷ︾᠂ ︽ᠬᠤᠨᠢᠨ ᠮᠢᠬᠠᠨ ᠤ ᠨᠠᠶᠢᠷ︾ ᠵᠢᠴᠢ ᠡᠯ᠎ᠡ ᠲᠥᠷᠥᠯ ᠤᠨ | ᠲᠠᠨᠢᠯᠴᠠᠭᠤᠯᠭ᠎ᠠ ᠶᠢᠨ ᠴᠤᠭᠯᠠᠭᠠᠨ ᠢ ᠡᠷᠭᠢᠯᠡᠬᠦ ᠪᠠᠷ ᠳᠠᠮᠵᠢᠭᠤᠯᠤᠨ᠂ ︽ᠦᠵᠦᠮᠦᠴᠢᠨ ᠬᠤᠨᠢ︾ ᠨᠠᠷᠠᠲᠤ ᠲᠡᠮᠳᠡᠭ | ᠤᠨ ᠠᠯᠳᠠᠷᠰᠢᠯ ᠪᠠ ᠵᠠᠬ᠎ᠠ ᠳᠡᠯᠭᠡᠭᠦᠷ ᠤᠨ ᠥᠷᠢᠰᠦᠯᠳᠦᠬᠦ ᠬᠦᠴᠦᠨ ᠢ ᠳᠡᠭᠡᠭᠰᠢᠯᠡᠭᠦᠯᠦᠨ᠂ ᠣᠷᠣᠨ ᠤ ᠭᠠᠳᠠᠨᠠᠬᠢ | ᠬᠤᠨᠢᠨ ᠮᠢᠬᠠᠨ ᠤ ᠵᠠᠬᠢᠶᠠᠯᠠᠭ᠎ᠠ ᠶᠢᠨ ᠠᠷᠠᠯᠵᠢᠶᠠᠨ ᠤ ᠥᠷᠲᠡᠭ 4.72 ᠳ᠋ᠦᠩᠰᠢᠭᠤᠷ ᠲᠥᠭᠦᠷᠢᠭ ᠲᠤ ᠬᠦᠷᠴᠦ᠂ | ᠮᠠᠯᠴᠢᠳ ᠤᠨ ᠬᠤᠨᠢ ᠶᠢ ︽ᠨᠠᠷᠠᠲᠤ ᠲᠡᠮᠳᠡᠭᠲᠦ ᠬᠤᠨᠢ︾ ᠪᠣᠯᠭᠠᠪᠡ᠃ ᠭᠠᠵᠠᠷ ᠣᠷᠣᠨ ᠤ 5 ᠳᠠᠭᠠᠭᠤᠯᠤᠭᠴᠢ ᠠᠵᠤ | ᠠᠬᠤᠶᠢᠯᠠᠯ ᠢ ᠬᠥᠲᠥᠯᠥᠨ ᠵᠢᠯᠤᠭᠤᠳᠴᠤ᠂ ᠮᠠᠯᠵᠢᠬᠤ ᠡᠷᠦᠬᠡ ᠲᠠᠢ 61 ᠲᠦᠮᠡᠨ ᠲᠣᠯᠣᠭᠠᠢ ᠮᠢᠬᠠᠨ ᠬᠤᠨᠢ | ᠬᠤᠳᠠᠯᠳᠤᠨ ᠠᠪᠬᠤ ᠵᠠᠬᠢᠶᠠᠯᠠᠭ᠎ᠠ ᠲᠣᠭᠲᠠᠵᠣ᠂ ᠮᠠᠯᠵᠢᠬᠤ ᠡᠷᠦᠬᠡ ᠶᠢᠨ ᠮᠠᠯ ᠤᠨ ᠭᠠᠷᠭᠠᠯᠲᠠ ᠶᠢᠨ ᠬᠦᠴᠢᠷ | ᠠᠰᠠᠭᠤᠳᠠᠯ ᠢ ᠰᠢᠢᠳᠪᠦᠷᠢᠯᠡᠪᠡ᠃ ᠬᠡᠷᠡᠭᠯᠡᠭᠡᠨ ᠤ ᠵᠠᠬ᠎ᠠ ᠳᠡᠯᠭᠡᠭᠦᠷ ᠤᠨ ᠤᠳᠤᠷᠢᠳᠤᠮᠵᠢ ᠶᠢ ᠢᠮᠠᠭᠲᠠ ᠠᠩᠬᠠᠷᠴᠤ᠂ | ᠥᠯᠵᠡᠶᠢᠲᠦ ᠲᠠᠯ᠎ᠠ ᠨᠤᠲᠤᠭ᠂ ᠲᠠᠢ ᠶᠠᠩ ᠵᠡᠷᠭᠡ ᠨᠢᠭᠡ ᠪᠦᠯᠦᠭ ᠡᠳ᠋ᠰᠢᠭᠦᠯᠦᠨ ᠪᠣᠯᠪᠠᠰᠤᠷᠠᠭᠤᠯᠬᠤ ᠠᠵᠤ | ᠠᠬᠤᠶᠢᠯᠠᠯ ᠤᠨ ᠲᠠᠰ ᠳᠡᠪᠰᠢᠬᠦ ᠶᠢ ᠳᠡᠮᠵᠢᠵᠦ᠂ ᠸᠧ ᠡᠾᠧ ᠮᠠᠯᠵᠢᠯ ᠤᠨ ᠲᠠᠯᠠᠪᠠᠢ ᠶᠢᠨ ᠬᠤᠨᠢᠨ ᠠᠷᠠᠰᠤ | ᠡᠳ᠋ᠰᠢᠭᠦᠯᠦᠨ ᠪᠣᠯᠪᠠᠰᠤᠷᠠᠭᠤᠯᠬᠤ ᠦᠢᠯᠡᠳᠪᠦᠷᠢ ᠶᠢᠨ ᠲᠠᠰᠤᠭ ᠢ ᠪᠠᠶᠢᠭᠤᠯᠣᠨ ᠠᠰᠢᠭᠯᠠᠯᠲᠠ ᠳᠤ ᠣᠷᠣᠭᠤᠯᠤᠨ᠂ | ᠪᠦᠲᠦᠭᠡᠭᠳᠡᠬᠦᠨ ᠤ ᠪᠦᠳᠦᠭᠦᠯᠢᠭ ᠰᠢᠭᠤᠳ ᠪᠣᠷᠤᠯᠠᠭᠤᠯᠭ᠎ᠠ ᠠᠴᠠ ᠨᠠᠷᠢᠯᠢᠭ ᠡᠳ᠋ᠰᠢᠭᠦᠯᠦᠨ ᠪᠣᠯᠪᠠᠰᠤᠷᠠᠭᠤᠯᠬᠤ ᠳᠠᠰᠢ | ᠬᠤᠪᠢᠷᠠᠬᠤ ᠶᠢ ᠠᠬᠢᠭᠤᠯᠵᠤ᠂ ᠮᠠᠯ ᠤᠨ ᠠᠰᠢᠭ ᠰᠢᠮ᠎ᠡ ᠶᠢᠨ ᠦᠢᠯᠡᠳᠪᠦᠷᠢᠯᠡᠯ ᠪᠠ ᠪᠣᠷᠤᠯᠠᠭᠤᠯᠭ᠎ᠠ ᠶᠢ ᠵᠡᠷᠭᠡᠪᠡᠷ | ᠬᠥᠭᠵᠢᠭᠦᠯᠵᠤ᠂ ᠪᠣᠷᠣᠯᠠᠭᠤᠯᠭ᠎ᠠ ᠶᠢᠨ ᠦᠷᠲᠡᠭ 7 ᠳ᠋ᠦᠩᠰᠢᠭᠤᠷ ᠲᠦᠭᠦᠷᠢᠭ ᠢ ᠳᠠᠪᠠᠨ᠂ ᠦᠵᠦᠮᠦᠴᠢᠨ ᠬᠤᠨᠢ | ᠦᠨᠡᠨᠬᠦ ᠮᠠᠯᠴᠢᠳ ᠤᠨ ︽ᠪᠠᠶᠠᠵᠢᠯ ᠤᠨ ᠬᠤᠨᠢ︾ ᠪᠣᠯᠤᠭᠰᠠᠨ ᠪᠠᠶᠢᠨ᠎ᠠ᠃ | ᠨᠢᠭᠡ ᠵᠢᠯ ᠤᠨ ᠲᠣᠷᠰᠢ᠂ ᠪᠢᠳᠡ ᠨᠦᠭᠡᠴᠡ ᠪᠠᠨ ᠨᠡᠮᠡᠭᠳᠡᠬᠦᠯᠦᠨ ᠪᠦᠲᠦᠮᠵᠢ ᠪᠠᠨ ᠪᠠᠲᠣᠳᠬᠠᠬᠤ ᠶᠢ | ᠪᠠᠷᠢᠮᠲᠠᠯᠠᠨ᠂ ᠠᠮᠢᠳᠤᠯᠢᠭ ᠬᠦᠴᠦᠨ ᠢ ᠬᠦᠭᠵᠢᠭᠡᠵᠦ᠂ ᠳᠠᠯᠳᠠ ᠬᠦᠴᠦᠨ ᠢ ᠠᠭᠤᠳᠠᠯᠠᠨ᠂ ᠬᠥᠳᠡᠯᠭᠡᠭᠴᠢ ᠬᠦᠴᠦᠨ ᠢ | ᠨᠡᠮᠡᠭᠳᠡᠬᠦᠯᠵᠦ᠂ ᠴᠢᠬᠤᠯᠠ ᠡᠨᠧᠷᠭᠢ ᠶᠢᠨ ᠰᠤᠷᠪᠤᠯᠵᠢ ᠶᠢᠨ ᠰᠠᠭᠤᠷᠢᠨ ᠭᠠᠵᠠᠷ ᠢ ᠪᠦᠲᠦᠭᠡᠨ ᠪᠠᠶᠢᠭᠤᠯᠬᠤ ᠲᠠᠯ᠎ᠠ ᠪᠠᠷ | ᠰᠢᠨ᠎ᠡ ᠠᠯᠬᠤᠮ ᠢ ᠠᠯᠬᠤᠪᠠ᠃ ᠴᠢᠬᠤᠯᠠ ᠶᠡᠭᠡ ᠲᠦᠷᠦᠯ ᠵᠦᠢᠯ ᠢ ᠯᠠᠪᠳᠠᠭᠤᠨ ᠢᠶᠠᠷ ᠲᠦᠯᠬᠢᠨ ᠠᠬᠢᠭᠤᠯᠪᠠ᠃ | ᠵᠢᠯ ᠳᠤ 500 ᠲᠦᠮᠡᠨ ᠲᠥᠭᠦᠷᠢᠭ ᠠᠴᠠ ᠳᠡᠭᠡᠭᠰᠢᠬᠢ 43 ᠭᠤᠣᠯᠳᠠᠯᠭᠠᠲᠤ ᠲᠥᠷᠥᠯ ᠵᠦᠢᠯ ᠢ ᠲᠣᠬᠢᠷᠠᠭᠤᠯᠵᠤ᠂ | ᠵᠢᠯ ᠤᠨ ᠪᠡᠯᠡ ᠣᠷᠣᠭᠤᠯᠤᠯᠲᠠ ᠶᠢᠨ ᠡᠭᠦᠷᠭᠡ ᠪᠠᠨ 100.4% ᠪᠠᠷ ᠪᠡᠶᠡᠯᠡᠭᠦᠯᠪᠡ᠃ ᠡᠭᠦᠨ ᠳᠤ | ᠠᠶᠢᠮᠠᠭ ᠤᠨ ᠲᠠᠰ ᠤᠨ 10 ᠭᠤᠣᠯᠳᠠᠯᠭᠠᠲᠤ ᠲᠥᠷᠥᠯ ᠵᠦᠢᠯ ᠢ ᠪᠦᠬᠦᠨ ᠢ ᠠᠵᠢᠯ ᠡᠬᠢᠯᠡᠬᠦᠯᠦᠨ ᠰᠡᠷᠭᠦᠭᠡᠵᠦ᠂ 10. | 72 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠣᠯᠲᠠ ᠶᠢ ᠪᠡᠶᠡᠯᠡᠬᠦᠯᠦᠨ᠂ ᠬᠤᠳᠠᠯᠳᠤᠭᠠᠴᠢᠨ ᠤᠷᠢᠵᠤ ᠪᠡᠯᠡ | ᠣᠷᠣᠭᠤᠯᠣᠭᠰᠠᠨ 11.4 ᠳ᠋ᠦᠩᠰᠢᠭᠤᠷ ᠲᠥᠭᠦᠷᠢᠭ ᠢ ᠨᠠᠶᠢᠳᠠᠪᠣᠷᠢᠵᠢᠭᠤᠯᠪᠠ᠃ ᠣᠳᠤᠬᠢ ᠪᠠᠶᠢᠭ᠎ᠠ ᠠᠵᠤ | ᠠᠬᠤᠶᠢᠯᠠᠯ ᠪᠠ ᠠᠭᠤᠷᠬᠠᠢ ᠶᠢᠨ ᠡᠬᠢ ᠪᠠᠶᠠᠯᠢᠭ ᠲᠤ ᠪᠠᠨ ᠰᠠᠭᠤᠷᠢᠯᠠᠨ᠂ ᠲᠣᠭᠲᠠᠭᠤᠨ ᠢ ᠪᠠᠲᠣᠯᠠᠨ ᠨᠡᠮᠡᠭᠳᠡᠯ ᠢ | ᠪᠡᠶᠡᠯᠡᠬᠦᠯᠵᠦ᠂ ᠠᠵᠤ ᠦᠢᠯᠡᠳᠪᠦᠷᠢ ᠶᠢᠨ ᠠᠵᠤ ᠠᠬᠤᠢ ᠶᠢᠨ ᠳᠠᠬᠢᠨ ᠢᠶᠠᠷ ᠬᠦᠭᠵᠢᠬᠦ ᠶᠢ ᠪᠦᠬᠦ ᠬᠦᠴᠦᠨ ᠢᠶᠠᠷ | ᠠᠬᠢᠭᠤᠯᠪᠠ᠃ ᠠᠭᠤᠷᠬᠠᠢ ᠶᠢᠨ ᠠᠵᠤ ᠠᠬᠤᠶᠢᠯᠠᠯ ᠤᠨ ᠮᠡᠷᠭᠡᠵᠢᠯ ᠢᠶᠠᠨ ᠰᠢᠨᠡᠴᠢᠯᠡᠨ ᠰᠢᠨ᠎ᠡ ᠶᠢ ᠡᠭᠦᠳᠬᠦ ᠶᠢ | ᠵᠣᠷᠢᠭᠵᠢᠭᠤᠯᠤᠨ᠂ ᠱᠠᠨᠳᠦ᠋ᠩ ᠤᠨ ᠠᠷᠦᠬᠠᠳᠠ ᠪᠠ ᠪᠠᠶᠠᠨᠬᠦ᠋ᠭᠡᠪᠦᠷ᠂ ᠿᠦᠩ ᠭᠤᠸᠠᠨ ᠠᠭᠤᠷᠬᠠᠢ ᠶᠢᠨ ᠦᠢᠯᠡᠰ ᠪᠠ | ᠰᠢᠯᠢᠨ ᠠᠭᠤᠷᠬᠠᠢ ᠶᠢᠨ ᠦᠢᠯᠡᠰ ᠵᠡᠷᠭᠡ 4 ᠠᠵᠤ ᠠᠬᠤᠶᠢᠯᠠᠯ ᠤᠨ ᠡᠨᠧᠷᠭᠢ ᠠᠷᠪᠢᠯᠠᠬᠤ ᠮᠡᠷᠭᠡᠵᠢᠯ ᠤᠨ | ᠰᠢᠨᠡᠴᠢᠯᠡᠯᠲᠡ ᠶᠢ ᠪᠡᠶᠡᠯᠡᠬᠦᠯᠦᠨ᠂ ᠨᠡᠭᠦᠷᠡᠰᠦᠨ ᠠᠭᠤᠷᠬᠠᠢ ᠶᠢᠨ ᠪᠤᠰᠤ 5 ᠠᠵᠤ ᠠᠬᠤᠶᠢᠯᠠᠯ ᠤᠨ ᠠᠭᠤᠷᠬᠠᠢ ᠶᠢᠨ | ᠬᠤᠳᠳᠤᠭ ᠤᠨ ᠳᠣᠣᠷᠠᠬᠢ ᠲᠣᠣᠷ ᠰᠦᠯᠵᠢᠶᠡᠨ ᠤ ᠪᠦᠷᠬᠦᠴᠡ ᠶᠢ ᠪᠦᠬᠦᠨ ᠢ ᠬᠠᠮᠤᠷᠠᠭᠤᠯᠪᠠ᠃ ᠳ᠋ᠢ ᠺᠦᠸᠧ | ᠠᠭᠤᠷᠬᠠᠢ ᠶᠢᠨ ᠦᠢᠯᠡᠰ᠂ ᠶᠢᠨ ᠲᠠᠢ ᠠᠭᠤᠷᠬᠠᠢ ᠶᠢᠨ ᠦᠢᠯᠡᠰ᠂ ᠵᠢᠶᠠ ᠢᠦᠢ ᠢᠳᠡᠭᠡᠨ ᠤᠮᠳᠠᠭᠠᠨ ᠤ ᠦᠢᠯᠡᠰ | ᠵᠡᠷᠭᠡ 3 ᠠᠵᠤ ᠠᠬᠤᠶᠢᠯᠠᠯ ᠢ ᠪᠠᠷᠢᠮᠵᠢᠶ᠎ᠠ ᠳᠤ ᠨᠡᠶᠢᠴᠡᠭᠦᠯᠦᠨ ᠲᠤᠭ᠎ᠠ ᠪᠦᠷᠢᠳᠬᠡᠯ ᠳᠤ ᠣᠷᠣᠭᠤᠯᠬᠤ ᠶᠢ ᠪᠡᠶᠡᠯᠡᠭᠦᠯᠪᠡ | ᠃ ᠲᠠᠯᠳᠠ ᠬᠦᠴᠦᠨ ᠢ ᠠᠭᠤᠳᠠᠯᠠᠵᠣ ᠴᠢᠳᠠᠪᠤᠷᠢ ᠶᠢ ᠥᠷᠭᠡᠳᠬᠡᠬᠦ ᠠᠵᠢᠯ ᠠᠩᠬ᠎ᠠ ᠠᠯᠬᠤᠮ ᠦᠷ᠎ᠡ ᠪᠦᠲᠦᠮᠵᠢ ᠣᠯᠪᠠ | ᠃ ︽ᠲᠤᠰᠬᠠᠢ ᠨᠠᠷᠢᠯᠢᠭ ᠣᠨᠴᠠ ᠰᠢᠨ᠎ᠡ︾ ᠳᠤᠮᠳᠠ ᠵᠢᠵᠢᠭ ᠠᠵᠤ ᠠᠬᠤᠶᠢᠯᠠᠯ ᠢ ᠪᠣᠶᠢᠵᠢᠭᠤᠯᠬᠤ ᠶᠢ ᠪᠠᠶᠢᠯᠳᠤᠬᠤ | ᠪᠣᠳᠣᠯᠭ᠎ᠠ ᠶᠢᠨ ᠴᠢᠨᠠᠷᠲᠠᠢ ᠰᠢᠨ᠎ᠡ ᠪᠠᠷ ᠬᠥᠭᠵᠢᠭᠰᠡᠨ ᠠᠵᠤ ᠦᠢᠯᠡᠰ ᠤᠨ ᠲᠥᠪᠯᠡᠷᠡᠨ ᠬᠥᠭᠵᠢᠬᠦ ᠶᠢ ᠲᠦᠷᠭᠡᠳᠬᠡᠬᠦ | ᠰᠢᠪᠲᠤᠯᠤᠯᠲᠠ ᠶᠢᠨ ᠴᠡᠭ ᠪᠣᠯᠭᠠᠬᠤ ᠶᠢ ᠪᠠᠷᠢᠮᠲᠠᠯᠠᠵᠤ᠂ ᠱᠠᠨᠳᠦ᠋ᠩ ᠤᠨ ᠪᠠᠶᠠᠨᠬᠦ᠋ᠭᠡᠪᠦᠷ᠂ ᠬᠤᠨᠢᠨ ᠳᠡᠭᠡᠵᠢ | ᠲᠠᠷᠢᠶᠠᠯᠠᠩ ᠮᠠᠯ ᠠᠵᠤ ᠠᠬᠤᠢ᠂ ᠡᠵᠢ ᠨᠠᠭᠤᠷ ᠤᠨ ᠳᠠᠪᠤᠰᠤᠨ ᠲᠠᠯᠠᠪᠠᠶ ᠵᠡᠷᠭᠡ 3 ᠠᠵᠤ ᠠᠬᠤᠶᠢᠯᠠᠯ ᠥᠪᠡᠷᠲᠡᠭᠡᠨ | ᠵᠠᠰᠠᠬᠤ ᠣᠷᠣᠨ ᠤ ᠭᠤᠤᠯᠳᠠᠯᠭᠠᠲᠤ ᠠᠵᠤ ᠦᠢᠯᠡᠰ ᠤᠨ ᠬᠥᠭᠵᠢᠯᠲᠡ ᠶᠢᠨ ᠲᠥᠷᠥᠯ ᠵᠦᠢᠯ ᠳᠤ ᠠᠮᠵᠢᠯᠲᠠ ᠲᠠᠢ | ᠰᠤᠩᠭᠤᠭᠳᠠᠪᠠ︔ ᠱᠠᠨᠳᠦ᠋ᠩ ᠤᠨ ᠪᠠᠶᠠᠨᠬᠦ᠋ᠭᠡᠪᠦᠷ ᠪᠠ ᠡᠷᠳᠡᠨᠢᠲᠤᠯᠤᠭᠠᠢ ᠶᠢᠨ ᠡᠬᠢ ᠪᠠᠶᠠᠯᠢᠭ ᠢ ᠨᠢᠭᠡᠳᠦᠬᠦᠯᠦᠨ | ᠨᠡᠭᠡᠭᠡᠨ ᠬᠥᠭᠵᠢᠭᠦᠯᠬᠦ ᠶᠢ ᠪᠥᠬᠦ ᠬᠦᠴᠦᠨ ᠢᠶᠠᠷ ᠢᠶᠠᠨ ᠠᠬᠢᠭᠤᠯᠪᠠ︔ ᠴᠠᠭᠠᠨᠲᠣᠯᠤᠭᠠᠢ ᠠᠭᠤᠷᠬᠠᠢ ᠶᠢᠨ ᠣᠷᠣᠨ ᠤ | ᠶᠡᠷᠦᠩᠬᠡᠢ ᠲᠥᠯᠦᠪᠵᠢᠭᠦᠯᠭᠡ ᠶᠢᠨ ᠴᠣᠬᠤᠯᠠᠪᠤᠷᠢ ᠴᠢᠬᠤᠯᠠ ᠶᠡᠭᠡ ᠠᠬᠢᠴᠠ ᠲᠠᠢ ᠪᠣᠯᠵᠤ᠂ ᠳ᠋ᠠ ᠰᠠᠢ ᠲᠦᠸᠧ᠂ | ᠴᠡᠪᠴᠡᠷ᠂ ᠤᠯᠠᠭᠠᠨᠲᠣᠯᠤᠭᠠᠢ ᠶᠢᠨ ᠵᠡᠬᠦᠨ ᠤ ᠠᠭᠤᠷᠬᠠᠢ ᠮᠠᠯᠲᠠᠬᠤ ᠦᠨᠡᠮᠯᠡᠯ ᠵᠥᠪᠰᠢᠶᠡᠷᠡᠯ ᠣᠯᠪᠠ︔ ᠿᠦᠩ | ᠭᠤᠸᠠᠨ ᠠᠭᠤᠷᠬᠠᠢ ᠶᠢᠨ ᠦᠢᠯᠡᠰ᠂ ᠰᠢᠯᠢᠨ ᠠᠭᠤᠷᠬᠠᠢ ᠶᠢᠨ ᠦᠢᠯᠡᠰ ᠤᠨ ᠭᠦᠨ ᠬᠡᠰᠡᠭ ᠤᠨ ᠬᠠᠶᠢᠨ ᠪᠠᠶᠢᠴᠠᠭᠠᠯᠲᠠ | ᠢᠯᠡᠳᠲᠡ ᠦᠷ᠎ᠡ ᠪᠦᠲᠦᠮᠵᠢ ᠣᠯᠵᠤ᠂ ᠢᠦᠢ ᠲᠦᠩ ᠠᠵᠤ ᠦᠢᠯᠡᠰ ᠤᠨ ᠨᠡᠭᠦᠷᠡᠰᠦᠨ ᠤ ᠬᠤᠯᠢᠮᠠᠭ | ᠪᠣᠯᠪᠠᠰᠤᠷᠠᠭᠤᠯᠬᠤ ᠲᠥᠷᠥᠯ ᠵᠦᠢᠯ ᠢ ᠲᠣᠭᠲᠠᠭᠰᠠᠨ ᠬᠤᠭᠤᠴᠠᠭᠠᠨ ᠳᠤ ᠪᠠᠶᠢᠭᠤᠯᠣᠨ ᠳᠠᠭᠤᠰᠬᠠᠵᠣ᠂ ᠭᠠᠳᠠᠭᠠᠳᠤ | ᠠᠴᠠ ᠣᠷᠣᠭᠤᠯᠤᠭᠰᠠᠨ ᠨᠡᠭᠦᠷᠡᠰᠦᠨ ᠤ ᠡᠬᠢ ᠪᠠᠶᠠᠯᠢᠭ ᠢ ᠪᠣᠯᠪᠠᠰᠣᠷᠠᠭᠤᠯᠣᠨ ᠠᠵᠣ ᠦᠢᠯᠡᠰ ᠤᠨ ᠥᠷᠲᠡᠭ ᠢ | ᠨᠡᠮᠡᠭᠳᠡᠭᠦᠯᠬᠦ ᠨᠥᠬᠦᠴᠡᠯ ᠪᠦᠷᠢᠯᠳᠦᠪᠡ᠃ ᠪᠥᠬᠦ ᠵᠢᠯ ᠳᠤ ᠵᠢᠱᠢᠯᠲᠡ ᠪᠠᠷ ᠠᠵᠤ ᠦᠢᠯᠡᠳᠪᠦᠷᠢ ᠶᠢᠨ ᠦᠢᠯᠡᠳᠬᠦᠨ ᠤ | ᠥᠷᠲᠡᠭ 31.8 ᠳ᠋ᠦᠩᠰᠢᠭᠤᠷ ᠲᠥᠭᠦᠷᠢᠭ ᠲᠤ ᠬᠦᠷᠴᠦ᠂ 22 ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ | ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 6.5% ᠨᠡᠮᠡᠭᠳᠡᠵᠦ᠂ ᠠᠵᠤ ᠦᠢᠯᠡᠳᠪᠦᠷᠢ ᠠᠴᠠ ᠡᠳ᠋ ᠤᠨ | ᠵᠠᠰᠠᠭ ᠤᠨ ᠭᠠᠶᠢᠯᠢ ᠳᠤ ᠨᠡᠮᠡᠷᠢᠯᠡᠭᠰᠡᠨ ᠨᠣᠷᠮ᠎ᠠ 70% ᠶᠢ ᠳᠠᠪᠠᠪᠠ᠃ | ᠨᠢᠭᠡ ᠵᠢᠯ ᠤᠨ ᠲᠣᠷᠰᠢ᠂ ᠪᠢᠳᠡ ᠰᠡᠳᠬᠢᠴᠡ ᠪᠠᠨ ᠰᠢᠨᠡᠴᠢᠯᠡᠨ ᠬᠦᠭᠵᠢᠯᠲᠡ ᠪᠠᠨ ᠲᠦᠰᠦᠪᠯᠡᠬᠦ ᠶᠢ | ᠪᠠᠷᠢᠮᠲᠠᠯᠠᠨ᠂ ᠥᠭᠡᠷᠡᠴᠢᠯᠡᠯᠲᠡ ᠶᠢ ᠠᠳᠬᠤᠵᠣ᠂ ᠨᠡᠭᠡᠭᠡᠯᠲᠡ ᠶᠢ ᠦᠷᠭᠡᠳᠬᠡᠨ᠂ ᠦᠢᠯᠡᠴᠢᠯᠡᠭᠡ ᠶᠢ ᠰᠢᠯᠢᠳᠡᠭᠵᠢᠬᠦᠯᠵᠦ | ᠂ ᠤᠮᠠᠷᠠᠰᠢ ᠨᠡᠭᠡᠭᠡᠯᠲᠡ ᠬᠢᠬᠦ ᠴᠢᠬᠤᠯᠠ ᠪᠠᠬᠢᠯᠡᠯᠲᠡ ᠶᠢ ᠪᠠᠶᠢᠭᠤᠯᠬᠤ ᠲᠠᠯ᠎ᠠ ᠪᠠᠷ ᠰᠢᠨ᠎ᠡ ᠳᠡᠭᠡᠭᠰᠢᠯᠡᠯᠲᠡ ᠲᠠᠢ ᠪᠣᠯᠪᠠ᠃ | ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠦᠷᠭᠦᠯᠵᠢᠯᠡᠨ ᠰᠢᠯᠢᠳᠡᠭᠵᠢᠪᠡ᠃ ᠨᠡᠶᠢᠭᠡᠮ ᠤᠨ ᠢᠲᠡᠭᠡᠮᠵᠢ ᠶᠢᠨ | ᠲᠤᠭᠲᠠᠯᠴᠠᠭ᠎ᠠ ᠶᠢᠨ ᠪᠠᠶᠢᠭᠤᠯᠤᠯᠲᠠ ᠶᠢ ᠢᠮᠠᠭᠲᠠ ᠴᠢᠩᠭᠠᠳᠬᠠᠵᠤ᠂ ᠶᠡᠷᠦᠩᠬᠡᠶᠢᠯᠡᠭᠰᠡᠨ ᠢᠲᠡᠭᠡᠮᠵᠢ ᠶᠢᠨ ᠬᠡᠮᠵᠢᠶ᠎ᠡ | ᠪᠥᠬᠦ ᠣᠷᠣᠨ ᠤ ᠡᠮᠦᠨ᠎ᠡ ᠡᠩᠨᠡᠭᠡᠨ ᠳᠤ ᠵᠢᠭᠰᠠᠭᠠᠭᠳᠠᠨ᠂ ᠪᠥᠬᠦ ᠠᠶᠢᠮᠠᠭ ᠤᠨ ᠲᠡᠷᠢᠭᠦᠨ ᠳᠤ ᠣᠷᠤᠪᠠ᠃ ︽ | ᠬᠤᠶᠠᠷ ᠢ ᠰᠢᠯᠢᠳᠡᠭᠵᠢᠭᠦᠯᠬᠦ︾ ᠲᠤᠰᠬᠠᠢ ᠠᠵᠢᠯᠯᠠᠭ᠎ᠠ ᠶᠢ ᠯᠠᠪᠳᠠᠭᠤᠨ ᠪᠠᠲᠤᠲᠠᠢ ᠠᠬᠢᠭᠤᠯᠵᠤ᠂ ᠨᠡᠶᠢᠲᠡ 26 | ᠵᠦᠢᠯ ᠤᠨ ᠬᠠᠮᠢᠶᠠᠷᠤᠯᠲᠠ ᠶᠢᠨ ᠵᠦᠢᠯᠡᠰ ᠢ ᠬᠦᠴᠦᠨ ᠦᠭᠡᠢ ᠪᠣᠯᠭᠠᠭᠰᠠᠨ ᠪᠤᠶᠤ ᠡᠷᠬᠡ ᠶᠢ ᠦᠨᠳᠦᠰᠦᠨ ᠱᠠᠲᠣᠨ ᠳᠤ | ᠪᠠᠭᠤᠯᠭᠠᠵᠤ᠂ 1175 ᠭᠦᠢᠴᠡᠳᠬᠡᠬᠦ ᠭᠤᠭᠴᠤᠭ᠎ᠠ ᠪᠠ 1417 ᠭᠦᠢᠴᠡᠳᠬᠡᠬᠦ ᠨᠥᠬᠦᠴᠡᠯ ᠢ ᠴᠣᠮᠬᠠᠳᠬᠠᠵᠤ᠂ | ᠵᠠᠰᠠᠭ ᠤᠨ ᠶᠠᠪᠤᠳᠠᠯ ᠤᠨ ᠦᠢᠯᠡᠴᠢᠯᠡᠭᠡ ᠶᠢᠨ ᠬᠠᠪᠰᠤᠷᠤᠨ ᠭᠦᠢᠴᠡᠳᠬᠡᠬᠦ ᠣᠷᠣᠯᠠᠨ ᠭᠦᠢᠴᠡᠳᠬᠡᠬᠦ ᠠᠵᠢᠯ ᠭᠤᠷᠪᠠᠨ | ᠱᠠᠲᠤ ᠶᠢ ᠪᠦᠷᠬᠦᠨ᠂ ᠰᠦᠯᠵᠢᠶ᠎ᠡ ᠪᠠᠷ ᠭᠦᠢᠴᠡᠳᠬᠡᠭᠰᠡᠨ ᠨᠣᠷᠮ᠎ᠠ᠂ ᠭᠦᠢᠴᠡᠳᠬᠡᠵᠦ ᠪᠣᠯᠬᠤ ᠨᠣᠷᠮ᠎ᠠ ᠪᠠ | ᠬᠠᠨᠤᠮᠵᠢ ᠶᠢᠨ ᠨᠣᠷᠮ᠎ᠠ ᠲᠣᠰ ᠲᠣᠰ 90.5%᠂ 97% ᠪᠠ 99% ᠳᠤ ᠬᠥᠷᠪᠡ᠃ 12345 ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ᠤᠲᠠᠰᠤ ᠪᠠᠷ ᠲᠣᠰᠬᠠᠭᠰᠠᠨ ᠠᠰᠠᠭᠤᠳᠠᠯ ᠢ ᠰᠢᠢᠳᠪᠦᠷᠢᠯᠡᠬᠦ ᠠᠵᠢᠯ ᠢ ᠬᠢᠨᠠᠮᠠᠭᠠᠢ | ᠠᠳᠬᠤᠵᠤ᠂ ᠨᠡᠶᠢᠲᠡ 4720 ᠵᠦᠢᠯ ᠢ ᠭᠥᠯᠢᠶᠡᠨ ᠠᠪᠴᠤ ᠰᠢᠢᠳᠪᠦᠷᠢᠯᠡᠨ᠂ ᠰᠢᠢᠳᠪᠦᠷᠢᠯᠡᠭᠰᠡᠨ ᠨᠣᠷᠮ᠎ᠠ᠂ | ᠬᠠᠨᠤᠮᠵᠢ ᠶᠢᠨ ᠨᠣᠷᠮ᠎ᠠ ᠲᠣᠰ ᠲᠣᠰ 98.7% ᠪᠠ 96.5% ᠳᠤ ᠬᠥᠷᠪᠡ᠃ ᠭᠠᠶᠢᠯᠢ ᠶᠢ ᠬᠥᠩᠭᠡᠯᠡᠵᠦ | ᠰᠦᠢᠳᠬᠡᠯ ᠢ ᠪᠠᠭᠤᠷᠠᠭᠤᠯᠬᠤ ᠲᠥᠷᠥ ᠶᠢᠨ ᠪᠣᠳᠣᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠠᠵᠤ | ᠠᠬᠤᠶᠢᠯᠠᠯ ᠳᠤ ᠬᠤᠯᠪᠣᠭᠳᠠᠭᠰᠠᠨ ᠰᠦᠢᠳᠬᠡᠯ ᠬᠤᠷᠢᠶᠠᠬᠤ ᠪᠠ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠶᠢ | ᠵᠢᠷᠤᠮᠵᠢᠭᠤᠯᠤᠨ᠂ ᠵᠢᠯ ᠳᠤ ᠭᠠᠶᠢᠯᠢ ᠶᠢ ᠬᠥᠩᠭᠡᠯᠡᠵᠦ ᠰᠦᠢᠳᠬᠡᠯ ᠢ ᠪᠠᠭᠤᠷᠠᠭᠤᠯᠣᠭᠰᠠᠨ 3600 ᠲᠦᠮᠡᠨ | ᠲᠥᠭᠦᠷᠢᠭ ᠢ ᠰᠢᠨ᠎ᠡ ᠪᠠᠷ ᠨᠡᠮᠡᠭᠳᠡᠭᠦᠯᠦᠨ᠂ 2400 ᠭᠠᠷᠤᠢ ᠵᠠᠬ᠎ᠠ ᠳᠡᠯᠭᠡᠭᠦᠷ ᠤᠨ ᠭᠤᠣᠯ ᠴᠣᠭᠴᠠ ᠳᠤ ᠠᠰᠢᠭ | ᠬᠦᠷᠲᠡᠭᠡᠪᠡ᠃ ᠭᠠᠳᠠᠭᠠᠳᠤ ᠨᠡᠭᠡᠭᠡᠯᠲᠡ ᠲᠠᠰᠤᠷᠠᠯᠲᠠ ᠦᠭᠡᠢ ᠳᠡᠭᠡᠭᠰᠢᠯᠡᠪᠡ᠃ ᠠᠶᠠᠨᠴᠢᠳ ᠪᠠ ᠪᠠᠷᠠᠭ᠎ᠠ ᠶᠢ ᠰᠠᠯᠭᠠᠨ | ᠨᠡᠪᠲᠡᠷᠡᠭᠦᠯᠬᠦ ᠪᠠ ᠪᠣᠭᠤᠮᠲᠠ ᠶᠢᠨ ᠪᠦᠬᠦ ᠲᠠᠯ᠎ᠠ ᠪᠠᠷ ᠣᠶᠤᠨᠴᠢ ᠪᠠᠷ ᠨᠡᠪᠲᠡᠷᠡᠬᠦ ᠪᠠᠶᠢᠭᠤᠯᠤᠯᠲᠠ ᠶᠢ ᠬᠡᠷᠡᠭᠵᠢᠭᠦᠯᠵᠦ᠂ | ᠪᠠᠷᠠᠭᠠᠨ ᠤ ᠲᠡᠭᠡᠭᠡᠪᠦᠷᠢ ᠶᠢᠨ ᠵᠠᠮ ᠢ ᠪᠦᠬᠦᠨ ᠢ ᠪᠠᠶᠢᠭᠤᠯᠵᠣ ᠳᠠᠭᠤᠰᠬᠠᠪᠠ︔ ᠬᠢᠨᠠᠯᠲᠠ ᠬᠠᠮᠢᠶᠠᠷᠤᠯᠲᠠ ᠶᠢ | ᠴᠢᠩᠭᠠᠳᠬᠠᠨ ᠦᠢᠯᠡᠴᠢᠯᠡᠭᠡ ᠶᠢ ᠰᠢᠯᠢᠳᠡᠭᠵᠢᠭᠦᠯᠬᠦ ᠶᠢ ᠵᠡᠷᠭᠡᠪᠡᠷ ᠠᠳᠬᠤᠬᠤ ᠶᠢ ᠪᠠᠷᠢᠮᠲᠠᠯᠠᠵᠤ᠂ ᠭᠠᠳᠠᠭᠠᠳᠤ | ᠠᠷᠠᠯᠵᠢᠶᠠᠨ ᠤ ᠪᠠᠷᠠᠭ᠎ᠠ ᠶᠢ ᠪᠣᠭᠤᠮᠲᠠ ᠪᠠᠷ ᠥᠩᠭᠡᠷᠡᠬᠦ ᠳᠤ ︽ᠲᠦᠷᠭᠡᠨ ᠬᠢᠨᠠᠬᠤ᠂ ᠲᠦᠷᠭᠡᠨ ᠪᠠᠶᠢᠴᠠᠭᠠᠬᠤ᠂ | ᠲᠦᠷᠭᠡᠨ ᠰᠢᠯᠭᠠᠬᠤ᠂ ᠲᠦᠷᠭᠡᠨ ᠶᠠᠪᠤᠭᠤᠯᠬᠤ︾ ᠶᠢ ᠪᠡᠶᠡᠯᠡᠭᠦᠯᠪᠡ᠃ ᠵᠢᠢ ᠳ᠋ᠢᠶᠠᠨ᠂ ᠳ᠋ᠦᠩ ᠳ᠋ᠡ᠂ ᠨᠠᠨ ᠳ᠋ᠢᠩ᠂ | ᠫᠧᠩ ᠴᠥᠩ᠂ ᠲᠡᠮᠦᠷ ᠵᠠᠮ ᠤᠨ ᠲᠣᠭᠤᠰᠣ ᠬᠤᠷᠢᠭᠯᠠᠬᠤ ᠲᠠᠰᠤᠭ ᠵᠡᠷᠭᠡ 5 ᠲᠥᠷᠥᠯ ᠵᠦᠢᠯ ᠢ | ᠨᠠᠶᠢᠳᠠᠪᠤᠷᠢᠵᠢᠭᠤᠯᠤᠨ ᠠᠵᠢᠯᠯᠠᠭᠤᠯᠵᠤ᠂ ᠪᠥᠸᠧ ᠶᠤᠸᠠᠨ᠂ ᠮᠢᠨ ᠪᠠᠩ᠂ ᠴᠧᠩ ᠶᠤᠸᠠᠨ᠂ ᠢ ᠳ᠋ᠠ ᠽᠥᠩ ᠵᠡᠷᠭᠡ 4 | ᠲᠥᠷᠥᠯ ᠵᠦᠢᠯ ᠢ ᠲᠣᠭᠲᠠᠭᠤᠨ ᠢᠶᠠᠷ ᠠᠬᠢᠭᠤᠯᠪᠠ᠃ ᠭᠠᠳᠠᠭᠠᠳᠤ ᠠᠴᠠ ᠣᠷᠣᠭᠤᠯᠬᠤ ᠲᠦᠷᠦᠯ ᠵᠦᠢᠯ ᠢ | ᠦᠷᠭᠦᠯᠵᠢᠯᠡᠨ ᠥᠷᠭᠡᠳᠬᠡᠵᠦ᠂ ᠴᠠᠶᠢᠷ ᠤᠨ ᠨᠠᠷᠢᠯᠢᠭ ᠨᠤᠨᠳᠠᠭ ᠢ ᠭᠠᠳᠠᠭᠠᠳᠤ ᠠᠴᠠ ᠣᠷᠣᠭᠤᠯᠬᠤ ᠠᠵᠢᠯ | ᠰᠢᠪᠲᠣᠯᠣᠯᠲᠠ ᠲᠠᠢ ᠪᠣᠯᠪᠠ᠃ ᠲᠡᠮᠦᠷ ᠵᠠᠮ ᠤᠨ ᠪᠣᠭᠤᠮᠲᠠ ᠶᠢ ᠨᠡᠬᠡᠭᠡᠬᠦ ᠡᠮᠦᠨᠡᠬᠢ ᠬᠤᠭᠤᠴᠠᠭᠠᠨ ᠤ ᠠᠵᠢᠯ ᠢ ᠪᠦᠬᠦ | ᠲᠠᠯ᠎ᠠ ᠪᠠᠷ ᠡᠬᠢᠯᠡᠭᠦᠯᠵᠦ᠂ ᠵᠡᠭᠦᠨ ᠬᠠᠳᠠᠪᠴᠢ ᠠᠴᠠ ᠵᠦᠰᠬᠤᠸᠠ ᠬᠦᠷᠬᠦ ᠲᠡᠮᠦᠷ ᠵᠠᠮ ᠤᠨ ᠵᠡᠭᠦᠨ ᠬᠠᠲᠠᠪᠴᠢ | ᠥᠷᠲᠡᠭᠡ ᠡᠵᠡᠩᠨᠡᠯᠲᠡ ᠪᠠᠨ ᠰᠡᠷᠭᠦᠭᠡᠵᠦ᠂ ᠪᠥᠬᠦ ᠵᠢᠯ ᠤᠨ ᠪᠠᠷᠠᠭᠠᠨ ᠤ ᠲᠡᠭᠡᠭᠡᠪᠦᠷᠢ ᠶᠢᠨ ᠬᠡᠮᠵᠢᠶ᠎ᠡ 270 ᠲᠦᠮᠡᠨ | ᠲᠣᠨ ᠢ ᠳᠠᠪᠠᠵᠤ᠂ ᠬᠢᠵᠢᠭ ᠤᠨ ᠪᠠᠶᠢᠳᠠᠯ ᠤᠨ ᠡᠮᠦᠨᠡᠬᠢ ᠠᠴᠠ 77.6% ᠪᠠᠷ ᠨᠡᠮᠡᠭᠳᠡᠨ᠂ ᠪᠥᠬᠦ ᠵᠢᠯ ᠤᠨ | ᠭᠠᠳᠠᠭᠠᠳᠤ ᠠᠷᠠᠯᠵᠢᠶᠠᠨ ᠤ ᠶᠡᠷᠦᠩᠬᠡᠢ ᠦᠷᠲᠡᠭ 5 ᠳ᠋ᠦᠩᠰᠢᠭᠤᠷ ᠲᠥᠭᠦᠷᠢᠭ ᠢ ᠳᠠᠪᠠᠪᠠ︔ ᠵᠡᠭᠦᠨ ᠬᠠᠲᠠᠪᠴᠢ | ᠪᠣᠭᠤᠮᠲᠠ ᠶᠢᠨ ᠵᠥᠭᠡᠭᠡᠪᠦᠷᠢ ᠶᠢᠨ ᠬᠡᠮᠵᠢᠶ᠎ᠡ ᠠᠩᠬ᠎ᠠ ᠤᠳᠠᠭ᠎ᠠ ᠡᠷᠢᠶᠡᠨ ᠪᠣᠭᠤᠮᠲᠠ ᠠᠴᠠ ᠳᠠᠪᠠᠵᠤ ᠪᠦᠬᠦ ᠠᠶᠢᠮᠠᠭ ᠤᠨ | ᠲᠡᠷᠢᠭᠦᠨ ᠳᠤ ᠣᠷᠣᠵᠤ᠂ ᠡᠩ ᠤᠨ ᠪᠣᠭᠤᠮᠲᠠ ᠠᠴᠠ ᠪᠠᠨ ᠥᠪᠡᠷᠲᠡᠭᠡᠨ ᠵᠠᠰᠠᠬᠤ ᠣᠷᠣᠨ ᠤ ᠭᠤᠣᠯᠳᠠᠯᠭ᠎ᠠ ᠲᠠᠢ | ᠲᠤᠰᠬᠠᠢ ᠪᠣᠭᠤᠮᠲᠠ ᠪᠣᠯᠣᠨ ᠳᠡᠪᠰᠢᠪᠡ᠃ | ᠨᠢᠭᠡ ᠵᠢᠯ ᠤᠨ ᠲᠣᠷᠰᠢ᠂ ᠪᠢᠳᠡ ᠪᠣᠳᠠᠲᠠᠢ ᠪᠠᠷ ᠠᠵᠢᠯᠯᠠᠬᠤ ᠶᠢ ᠲᠡᠷᠢᠭᠦᠨ ᠳᠤ ᠲᠠᠯᠪᠢᠬᠤ ᠶᠢ ᠪᠠᠷᠢᠮᠲᠠᠯᠠᠨ᠂ | ᠪᠣᠳᠠᠲᠣ ᠠᠵᠢᠯ ᠢ ᠪᠡᠶᠡᠯᠡᠬᠦᠯᠵᠦ᠂ ᠪᠦᠲᠦᠭᠡᠨ ᠪᠠᠶᠢᠭᠤᠯᠣᠯᠲᠠ ᠶᠢ ᠰᠠᠶᠢᠵᠢᠷᠠᠭᠤᠯᠣᠨ᠂ ᠠᠷᠠᠳ ᠤᠨ ᠰᠡᠳᠬᠢᠯ ᠢ | ᠳᠣᠯᠠᠭᠠᠴᠠᠭᠤᠯᠵᠣ᠂ ᠬᠥᠳᠡᠭᠡ ᠲᠣᠰᠬᠤᠨ ᠮᠠᠯᠵᠢᠬᠤ ᠣᠷᠣᠨ ᠤ ᠪᠦᠬᠦ ᠲᠠᠯ᠎ᠠ ᠶᠢᠨ ᠬᠥᠭᠵᠢᠯ ᠮᠠᠨᠳᠤᠯ ᠢ ᠠᠬᠢᠭᠤᠯᠬᠤ | ᠲᠠᠯ᠎ᠠ ᠪᠠᠷ ᠰᠢᠨ᠎ᠡ ᠬᠠᠭᠤᠳᠠᠰᠤ ᠶᠢ ᠪᠢᠴᠢᠭᠯᠡᠪᠡ᠃ ᠤᠳᠤ ᠦᠶ᠎ᠡ ᠶᠢᠨ ᠠᠵᠤ ᠦᠢᠯᠡᠰ ᠤᠨ ᠠᠮᠢᠵᠢᠷᠠᠯ ᠤᠨ ᠬᠦᠴᠦᠨ | ᠢ ᠬᠦᠭᠵᠢᠭᠡᠪᠡ᠃ ᠪᠥᠬᠦ ᠬᠤᠰᠢᠭᠤᠨ ᠤ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠰᠦᠯᠵᠢᠶ᠎ᠡ ᠪᠠᠷ ᠵᠢᠵᠢᠭᠯᠡᠨ | ᠬᠤᠳᠠᠯᠳᠤᠭᠰᠠᠨ ᠲᠤᠭ᠎ᠠ᠂ ᠰᠦᠯᠵᠢᠶ᠎ᠡ ᠪᠠᠷ ᠬᠤᠳᠠᠯᠳᠤᠭᠰᠠᠨ ᠦᠷᠲᠡᠭ ᠠᠳᠠᠯᠢ ᠬᠤᠭᠤᠴᠠᠭᠠᠨ ᠤ ᠬᠢ ᠠᠴᠠ 35% | ᠪᠠ 52% ᠪᠠᠷ ᠨᠡᠮᠡᠭᠳᠡᠪᠡ᠃ 1494 ᠵᠠᠬ᠎ᠠ ᠳᠡᠯᠭᠡᠭᠦᠷ ᠤᠨ ᠪᠡᠶᠡᠴᠢ ᠴᠣᠭᠴᠠ ᠰᠢᠨ᠎ᠡ ᠪᠠᠷ ᠨᠡᠮᠡᠭᠳᠡᠨ᠂ | ᠭᠠᠳᠠᠭᠠᠳᠤ ᠪᠡᠯᠡ ᠮᠥᠩᠭᠦ ᠶᠢ ᠣᠷᠢᠨ ᠣᠷᠣᠭᠤᠯᠬᠤ ᠲᠠᠯ᠎ᠠ ᠪᠠᠷ ᠰᠢᠨ᠎ᠡ ᠰᠢᠪᠲᠤᠯᠤᠯᠲᠠ ᠭᠠᠷᠭᠠᠪᠠ᠃ ︽ᠵᠡᠭᠦᠨ | ᠬᠠᠲᠠᠪᠴᠢ ᠤᠯᠠᠨ ᠤᠯᠤᠰ ᠤᠨ ᠲᠠᠸᠠᠷ ᠤᠨ ᠰᠣᠯᠢᠯᠴᠠᠭᠠᠨ ᠤ ᠴᠤᠭᠯᠠᠭᠠᠨ︾᠂ ︽ᠱᠣᠷᠯᠤᠭ ᠤᠨ ᠵᠠᠬ᠎ᠠ ᠶᠢᠨ ᠨᠠᠶᠢᠷ︾ | ᠵᠡᠷᠭᠡ ᠳᠡᠯᠭᠡᠨ ᠪᠣᠷᠣᠯᠠᠭᠤᠯᠬᠤ ᠠᠵᠢᠯᠯᠠᠭ᠎ᠠ ᠶᠢ ᠶᠠᠪᠤᠭᠳᠠᠭᠤᠯᠵᠤ᠂ ᠰᠣᠶᠣᠯ ᠵᠢᠭᠤᠯᠴᠢᠯᠠᠯ ᠢ ᠠᠭᠤᠰᠤᠯᠴᠠᠭᠤᠯᠤᠨ | ᠬᠥᠭᠵᠢᠭᠦᠯᠬᠦ ᠠᠵᠤ ᠦᠢᠯᠡᠰ ᠤᠨ ᠬᠦᠷᠢᠶᠡᠯᠡᠩ ᠢ ᠠᠰᠢᠭᠯᠠᠯᠲᠠ ᠳᠤ ᠣᠷᠣᠭᠤᠯᠵᠤ᠂ ᠤᠯᠢᠶᠠᠰᠤᠲᠠᠢ ᠠᠭᠤᠯᠠ ᠶᠢᠨ | ᠤᠯᠤᠰ ᠤᠨ 3A ᠳᠡᠰ ᠤᠨ ᠦᠵᠡᠮᠵᠢ ᠶᠢᠨ ᠣᠷᠣᠨ ᠢ ᠠᠮᠵᠢᠯᠲᠠ ᠲᠠᠢ ᠪᠠᠶᠢᠭᠤᠯᠪᠠ᠃ ᠬᠢᠯᠢ ᠶᠢᠨ ᠵᠢᠭᠤᠯᠴᠢᠯᠠᠯ ᠤᠨ | ᠲᠤᠷᠰᠢᠯᠲᠠ ᠶᠢᠨ ᠣᠷᠣᠨ ᠤ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠵᠤ᠂ ᠠᠷᠠᠳ ᠤᠯᠠᠨ ᠤ ᠬᠢᠯᠢ | ᠠᠯᠤᠰᠯᠠᠨ ᠵᠢᠭᠤᠯᠴᠢᠯᠠᠬᠤ ᠬᠦᠰᠡᠯ ᠡᠷᠡᠮᠡᠯᠵᠡᠯ ᠪᠡᠶᠡᠯᠡᠭᠳᠡᠪᠡ᠃ ᠬᠢᠯᠢ ᠨᠤᠲᠤᠭ ᠢᠶᠠᠷ ᠬᠡᠭᠡᠷᠡᠯᠡᠨ ᠠᠶᠠᠯᠠᠬᠤ ᠠᠵᠢᠯᠯᠠᠭ᠎ᠠ | ᠂ ︽ᠮᠣᠩᠭᠤᠯ ᠮᠣᠷᠢᠨ ᠤ ᠵᠣᠷᠢᠭ ᠰᠠᠨᠠᠭ᠎ᠠ ᠬᠤᠨᠳᠠᠭᠠᠲᠤ︾ ᠬᠤᠯᠪᠣᠭᠠᠲᠤ ᠤᠷᠤᠯᠳᠤᠭᠠᠨ᠂ ᠠᠷᠪᠠᠳᠤᠭᠠᠷ ᠤᠳᠠᠭᠠᠨ ᠤ | ᠠᠷᠠᠳ ᠤᠨ ᠶᠡᠭᠡ ᠨᠠᠭᠠᠳᠤᠮ ᠵᠢᠴᠢ ︽ᠳᠥᠷᠪᠡᠨ ᠴᠠᠭ ᠤᠨ ᠦᠵᠦᠮᠦᠴᠢᠨ︾ ᠰᠣᠶᠣᠯ ᠵᠢᠭᠤᠯᠴᠢᠯᠠᠯ ᠤᠨ ᠨᠠᠶᠢᠷ | ᠵᠡᠷᠭᠡ ᠰᠢᠷᠢᠰ ᠠᠵᠢᠯᠯᠠᠭ᠎ᠠ ᠶᠢ ᠡᠷᠬᠢᠯᠡᠨ ᠶᠠᠪᠤᠭᠳᠠᠭᠤᠯᠵᠤ᠂ ᠠᠷᠠᠳ ᠤᠨ ᠶᠡᠭᠡ ᠨᠠᠭᠠᠳᠤᠮ ᠤᠨ ᠡᠬᠢᠯᠡᠯᠲᠡ ᠶᠢᠨ | ᠶᠣᠰᠣᠯᠠᠯ ᠤᠨ ᠰᠦᠯᠵᠢᠶᠡᠨ ᠤ ᠰᠢᠭᠤᠳ ᠨᠡᠪᠲᠡᠷᠡᠭᠦᠯᠭᠡ ᠶᠢ ᠬᠦᠯᠢᠶᠡᠨ ᠰᠣᠨᠢᠷᠬᠠᠭᠰᠠᠨ ᠬᠥᠮᠥᠨ ᠤ ᠲᠤᠭ᠎ᠠ 500 | ᠲᠦᠮᠡᠨ ᠬᠥᠮᠥᠨ ᠤᠳᠠᠭ᠎ᠠ ᠳᠤ ᠬᠦᠷᠴᠦ᠂ ᠪᠥᠬᠦ ᠵᠢᠯ ᠳᠤ ᠵᠢᠭᠤᠯᠴᠢᠯᠠᠭᠰᠠᠳ ᠢ 22.46 ᠲᠦᠮᠡᠨ ᠬᠥᠮᠥᠨ | ᠤᠳᠠᠭ᠎ᠠ ᠬᠦᠯᠢᠶᠡᠨ ᠠᠪᠴᠤ᠂ ︽ᠮᠢᠩᠭᠠᠨ ᠭᠠᠵᠠᠷ ᠤᠨ ᠬᠢᠯᠢ · ᠳᠥᠷᠪᠡᠨ ᠴᠠᠭ ᠤᠨ ᠦᠵᠦᠮᠦᠴᠢᠨ︾ ᠰᠣᠶᠣᠯ | ᠵᠢᠭᠤᠯᠴᠢᠯᠠᠯ ᠤᠨ ᠨᠡᠷ᠎ᠡ ᠶᠢᠨ ᠬᠠᠭᠤᠳᠠᠰᠤ ᠶᠢ ᠠᠯᠳᠠᠷᠰᠢᠭᠤᠯᠪᠠ᠃ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠠᠵᠢᠯ ᠢ ᠦᠷᠭᠦᠯᠵᠢᠯᠡᠨ ᠠᠬᠢᠭᠤᠯᠪᠠ᠃ ᠶᠠᠳᠠᠭᠤ ᠠᠴᠠ ᠠᠩᠭᠢᠵᠢᠷᠠᠭᠤᠯᠬᠤ ᠪᠣᠭᠤᠮᠳᠠ ᠰᠢᠪᠲᠤᠯᠬᠤ | ᠦᠷ᠎ᠡ ᠪᠦᠲᠦᠮᠵᠢ ᠶᠢ ᠦᠷᠬᠦᠯᠵᠢᠯᠡᠨ ᠪᠠᠬᠢᠵᠢᠬᠦᠯᠵᠦ᠂ ᠲᠠᠬᠢᠨ ᠶᠠᠳᠠᠭᠤᠷᠠᠬᠤ ᠠᠴᠠ ᠰᠡᠷᠭᠡᠶᠢᠯᠡᠬᠦ ᠬᠢᠨᠠᠨ ᠬᠡᠮᠵᠢᠯᠲᠡ ᠶᠢ | ᠪᠠᠶᠢᠩᠭᠤᠵᠢᠭᠤᠯᠤᠨ ᠥᠷᠨᠢᠭᠦᠯᠵᠦ᠂ ᠬᠡᠪᠴᠢᠶᠡᠲᠦ ᠴᠢᠨᠠᠷᠲᠠᠢ ᠲᠠᠬᠢᠨ ᠶᠠᠳᠠᠭᠤᠷᠠᠬᠤ ᠶᠢ ᠰᠡᠷᠭᠡᠶᠢᠯᠡᠬᠦ ᠬᠤᠷᠢᠭ᠎ᠠ | ᠱᠤᠭᠤᠮ ᠢ ᠪᠠᠲᠦ ᠰᠠᠬᠢᠪᠠ᠃ 7422 ᠲᠦᠮᠡᠨ ᠲᠥᠭᠦᠷᠢᠭ ᠤᠨ ᠪᠡᠯᠡ ᠣᠷᠣᠭᠤᠯᠵᠤ᠂ 39 ᠲᠥᠷᠥᠯ ᠵᠦᠢᠯ ᠢ | ᠬᠡᠷᠡᠭᠵᠢᠭᠦᠯᠵᠦ᠂ 32 ᠣᠳᠣᠬᠢᠴᠢᠯᠠᠭᠰᠠᠨ ᠭᠡᠷ ᠪᠦᠯᠢ ᠶᠢᠨ ᠮᠠᠯᠵᠢᠯ ᠤᠨ ᠲᠠᠯᠠᠪᠠᠢ ᠶᠢᠨ ᠵᠢᠱᠢᠶ᠎ᠡ ᠦᠵᠡᠭᠦᠯᠬᠦ | ᠡᠷᠦᠬᠡ ᠶᠢ ᠡᠭᠦᠳᠦᠨ ᠪᠠᠶᠢᠭᠤᠯᠬᠤ ᠠᠵᠢᠯ ᠢ ᠥᠨᠳᠥᠷ ᠪᠠᠷᠢᠮᠵᠢᠶ᠎ᠠ ᠪᠠᠷ ᠪᠡᠶᠡᠯᠡᠭᠦᠯᠵᠦ᠂ ᠵᠣᠷᠯᠣᠩ ᠢ | ᠲᠦᠭᠡᠮᠡᠯᠵᠢᠭᠦᠯᠦᠭᠰᠡᠨ ᠨᠣᠷᠮ᠎ᠠ 40% ᠶᠢ ᠳᠠᠪᠠᠨ᠂ ᠮᠠᠯᠵᠢᠬᠤ ᠣᠷᠣᠨ ᠤ ᠠᠮᠢᠳᠤᠷᠠᠯ ᠤᠨ ᠬᠤᠭ ᠨᠣᠪᠰᠢ ᠶᠢ | ᠲᠥᠪᠯᠡᠷᠡᠭᠦᠯᠦᠨ ᠰᠢᠢᠳᠪᠦᠷᠢᠯᠡᠬᠦᠪᠠ ᠬᠤᠲᠠ ᠲᠣᠭᠤᠷᠢᠭ ᠤᠨ ᠬᠤᠭ ᠨᠣᠪᠰᠢ ᠶᠢ ᠬᠦᠨᠦᠭᠡᠯ ᠦᠭᠡᠢ ᠰᠢᠢᠳᠪᠦᠷᠢᠯᠡᠬᠦ | ᠨᠣᠷᠮ᠎ᠠ ᠲᠣᠰ ᠲᠣᠰ 48% ᠪᠠ 100% ᠳᠤ ᠬᠦᠷᠴᠦ᠂ ᠪᠥᠬᠦ ᠬᠤᠰᠢᠭᠤᠨ ᠤ ᠭᠠᠴᠠᠭᠠᠨ ᠤ ᠬᠠᠮᠲᠤ ᠶᠢᠨ ᠠᠵᠤ | ᠠᠬᠤᠢ ᠶᠢᠨ ᠬᠥᠭᠵᠢᠯᠲᠡ ᠶᠢᠨ ᠤᠶᠠᠨ ᠬᠠᠲᠠᠨ ᠴᠢᠨᠠᠷ ᠪᠠ ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ | ᠣᠯᠠᠮ ᠨᠢᠭᠡ ᠠᠯᠬᠤᠮ ᠳᠡᠭᠡᠭᠰᠢᠯᠡᠪᠡ᠃ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠬᠥᠳᠡᠯᠭᠡᠭᠡᠨ ᠢ | ᠯᠠᠪᠳᠠᠭᠤᠨ ᠪᠠᠲᠤᠲᠠᠢ ᠦᠷᠨᠢᠭᠦᠯᠵᠦ᠂ ᠵᠢᠯ ᠤᠷᠤᠭᠤᠯᠬᠤ᠂ ᠱᠠᠯᠢᠨ ᠪᠦᠷᠢᠯᠭᠡᠬᠦ᠂ ᠠᠳᠠᠯᠢᠳᠬᠠᠨ ᠮᠦᠴᠡᠷᠬᠡᠬᠦ ᠵᠡᠷᠭᠡ | ᠳᠠᠳᠬᠠᠯ ᠢ ᠦᠭᠡᠷᠡᠴᠢᠯᠡᠨ ᠮᠣᠷᠠᠯ ᠢ ᠰᠣᠷᠲᠠᠯᠴᠢᠯᠠᠬᠤ ᠲᠤᠰᠬᠠᠢ ᠴᠡᠭᠴᠡᠯᠡᠨ ᠵᠠᠰᠠᠬᠤ ᠠᠵᠢᠯ ᠢᠯᠡᠳᠲᠡ ᠦᠷ᠎ᠡ | ᠪᠦᠲᠦᠮᠵᠢ ᠣᠯᠵᠤ᠂ ᠥᠪᠡᠷᠲᠡᠭᠡᠨ ᠵᠠᠰᠠᠬᠤ ᠣᠷᠣᠨ ᠤ ᠪᠣᠯᠪᠠᠰᠤᠨ ᠬᠤᠲᠠ ᠶᠢᠨ ᠳᠠᠬᠢᠨ ᠬᠢᠨᠠᠯᠲᠠ ᠶᠢ ᠠᠮᠵᠢᠯᠲᠠ | ᠲᠠᠢ ᠦᠩᠭᠡᠷᠡᠭᠡᠨ᠂ ᠡᠷᠳᠡᠨᠢᠳᠠᠯᠠᠢ ᠭᠠᠴᠠᠭ᠎ᠠ ᠤᠯᠤᠰ ᠤᠨ ᠲᠠᠰ ᠤᠨ ᠣᠷᠤᠰᠢᠨ ᠠᠮᠢᠳᠤᠷᠠᠬᠤ ᠳᠤ ᠲᠠᠭᠠᠲᠠᠢ | ᠦᠵᠡᠰᠬᠦᠯᠡᠩᠲᠦ ᠲᠣᠰᠬᠤᠨ ᠢᠶᠠᠷ ᠥᠪᠡᠷᠲᠡᠭᠡᠨ ᠵᠠᠰᠠᠬᠤ ᠣᠷᠣᠨ ᠤ ᠳᠠᠬᠢᠨ ᠬᠢᠨᠠᠯᠲᠠ ᠶᠢ ᠬᠦᠯᠢᠶᠡᠨ ᠠᠪᠴᠦ᠂ | ᠡᠩᠬᠡᠵᠢᠷᠭᠠᠯᠠᠩ ᠭᠠᠴᠠᠭ᠎ᠠ᠂ ᠬᠠᠷᠠᠭᠠᠲᠤ ᠭᠠᠴᠠᠭ᠎ᠠ ᠠᠶᠢᠮᠠᠭ ᠤᠨ ᠲᠠᠰ ᠤᠨ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠵᠢᠱᠢᠶ᠎ᠡ ᠦᠵᠡᠭᠦᠯᠬᠦ ᠭᠠᠴᠠᠭ᠎ᠠ ᠶᠢᠨ ᠰᠢᠯᠭᠠᠨ ᠪᠠᠶᠢᠴᠠᠭᠠᠯᠲᠠ ᠶᠢ ᠥᠩᠭᠡᠷᠡᠭᠦᠯᠵᠦ᠂ ᠪᠥᠬᠦ | ᠬᠤᠰᠢᠭᠤᠨ ᠳᠤ ᠲᠦᠭᠡᠮᠡᠯᠵᠢᠭᠦᠯᠵᠦ ᠪᠣᠯᠬᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠨᠡᠶᠢᠲᠡᠯᠢᠭ | ᠵᠢᠱᠢᠶ᠎ᠡ ᠵᠠᠭᠪᠣᠷ ᠪᠣᠯᠪᠠ᠃ 580 ᠰᠠᠣᠷᠢ ᠤᠰᠤᠨ ᠰᠤᠷᠪᠤᠯᠵᠢ ᠶᠢᠨ ᠢᠨᠵᠧᠨᠧᠷᠢᠩ ᠢ ᠰᠢᠨ᠎ᠡ ᠪᠠᠷ ᠪᠠᠶᠢᠭᠤᠯᠪᠠ︔ | 222 ᠮᠠᠯᠴᠢᠨ ᠡᠷᠦᠬᠡ ᠳᠤ ᠪᠠᠶᠢᠩᠭᠤ ᠶᠢᠨ ᠴᠠᠬᠢᠯᠭᠠᠨ ᠨᠡᠪᠲᠡᠷᠡᠭᠦᠯᠪᠡ︔ 26 ᠰᠠᠤᠷᠢ 4G ᠦᠷᠳᠡᠭᠡ ᠶᠢ | ᠰᠢᠨ᠎ᠡ ᠪᠠᠷ ᠪᠠᠶᠢᠭᠤᠯᠵᠤ᠂ 414 ᠺᠢᠯᠣᠮᠧᠲᠷ ᠣᠶᠤᠨᠲᠤ ᠷᠠᠳᠢᠣ᠋ ᠲᠧᠯᠸᠢᠰ ᠤᠨ ᠭᠡᠷᠡᠯᠯᠢᠭ ᠣᠲᠠᠰᠤ ᠶᠢ ᠳᠠᠲᠠᠵᠦ᠂ | ᠮᠠᠯᠵᠢᠬᠤ ᠣᠷᠣᠨ ᠤ ᠤᠤᠭᠤᠬᠤ ᠣᠰᠣ᠂ ᠴᠠᠬᠢᠯᠭᠠᠨ᠂ ᠴᠢᠮᠡᠭᠡ ᠨᠡᠪᠲᠡᠷᠡᠭᠦᠯᠭᠡ ᠶᠢᠨ ᠳᠤᠲᠠᠭᠤᠳᠠᠯ ᠢ | ᠰᠠᠶᠢᠵᠢᠷᠠᠭᠤᠯᠪᠠ᠃ ᠬᠤᠳᠠ ᠶᠢᠨ ᠶᠠᠪᠤᠳᠠᠯ ᠤᠨ ᠪᠦᠲᠦᠭᠡᠨ ᠪᠠᠶᠢᠭᠤᠯᠤᠯᠲᠠ ᠦᠷᠭᠦᠯᠵᠢᠯᠡᠨ ᠰᠢᠯᠢᠳᠡᠭᠵᠢᠪᠡ᠃ | ᠨᠡᠶᠢᠲᠡ 8879 ᠲᠦᠮᠡᠨ ᠲᠥᠭᠦᠷᠢᠭ ᠤᠨ ᠪᠡᠯᠡ ᠣᠷᠣᠭᠤᠯᠵᠤ᠂ ᠱᠢ ᠵᠢᠢ ᠵᠢᠶᠠ ᠶᠤᠸᠠᠨ᠂ ᠴᠠᠩ ᠱᠧᠩ ᠶᠤᠸᠠᠨ᠂ | ᠪᠠᠶᠠᠨ᠂ ᠰᠠᠶᠢᠬᠠᠨ ᠰᠠᠭᠤᠭᠠᠯᠢ ᠲᠣᠭᠤᠷᠢᠭ ᠵᠡᠷᠭᠡ 6 ᠬᠠᠭᠤᠴᠢᠨ ᠰᠠᠭᠤᠭᠠᠯᠢ ᠲᠣᠭᠤᠷᠢᠭ ᠢ ᠥᠭᠡᠷᠡᠴᠢᠯᠡᠡ | ᠰᠠᠶᠢᠵᠢᠷᠠᠭᠤᠯᠵᠤ᠂ 215 ᠡᠷᠦᠭᠡ ᠶᠢᠨ ᠬᠠᠭᠤᠴᠢᠨ ᠣᠷᠣᠨ ᠰᠠᠭᠤᠴᠠ ᠶᠢ ᠦᠭᠡᠷᠡᠴᠢᠯᠡᠨ ᠲᠦᠪᠬᠢᠨᠡᠬᠦᠯᠵᠤ᠂ | ᠰᠢᠨ᠎ᠡ ᠪᠠᠷ ᠪᠠᠶᠢᠭᠤᠯᠤᠭᠰᠠᠨ ᠢᠯᠴᠢ ᠰᠣᠯᠢᠯᠴᠠᠬᠤ ᠥᠷᠲᠡᠭᠡ ᠶᠢ ᠠᠰᠢᠭᠯᠠᠯᠲᠠ ᠳᠤ ᠣᠷᠣᠭᠤᠯᠵᠤ᠂ 4.93 | ᠺᠢᠯᠣᠮᠧᠲᠷ ᠬᠠᠭᠤᠴᠢᠨ ᠣᠰᠣᠨ ᠬᠤᠭᠤᠯᠠᠢ ᠶᠢ ᠰᠢᠨᠡᠳᠭᠡᠨ᠂ ᠣᠯᠠᠨ ᠲᠦᠮᠡᠨ ᠤ ᠣᠷᠣᠨ ᠰᠠᠭᠤᠴᠠ ᠶᠢᠨ | ᠨᠥᠬᠦᠴᠡᠯ ᠢ ᠰᠠᠶᠢᠵᠢᠷᠠᠭᠤᠯᠪᠠ᠃ 12 ᠲᠦᠮᠡᠨ ᠲᠡᠭᠰᠢ ᠳᠥᠷᠪᠡᠯᠵᠢᠨ ᠮᠧᠲᠷ ᠤᠨ ᠭᠤᠶᠣᠵᠢᠭᠤᠯᠤᠨ | ᠨᠣᠭᠤᠭᠠᠷᠠᠭᠤᠯᠵᠤ ᠭᠡᠷᠡᠯᠲᠦᠬᠦᠯᠦᠭᠰᠡᠨ ᠲᠠᠯᠠᠪᠠᠢ ᠨᠡᠮᠡᠭᠳᠡᠵᠦ᠂ ᠬᠤᠲᠠ ᠶᠢᠨ ᠪᠠᠷᠠᠭᠤᠨ ᠲᠣᠭᠤᠷᠢᠯ ᠵᠠᠮ᠂ ᠠᠷᠠᠳ ᠤᠨ | ᠴᠡᠴᠡᠷᠯᠢᠭ᠂ ᠣᠪᠣᠭᠠᠨ ᠴᠡᠴᠡᠷᠯᠢᠭ᠂ ᠭᠤᠣᠯ ᠵᠠᠮ ᠵᠡᠭᠡᠯᠢ ᠶᠢ ᠨᠣᠭᠤᠭᠠᠷᠠᠭᠤᠯᠤᠨ ᠵᠠᠰᠠᠵᠣ ᠥᠩᠭᠡᠲᠦ ᠳ᠋ᠧᠩ ᠢᠶᠠᠷ | ᠭᠡᠷᠡᠯᠲᠦᠭᠦᠯᠪᠡ᠃ 2 ᠵᠤᠷᠪᠤᠰ ᠭᠤᠣᠯ ᠵᠠᠮ ᠢ ᠰᠢᠨᠡᠳᠭᠡᠨ᠂ 5.1 ᠲᠦᠮᠡᠨ ᠲᠡᠭᠰᠢ ᠳᠥᠷᠪᠡᠯᠵᠢᠨ ᠮᠧᠲᠷ ᠵᠡᠭᠡᠯᠢ | ᠭᠤᠳᠤᠮᠵᠢ ᠶᠢ ᠬᠠᠲᠠᠭᠤᠷᠠᠭᠤᠯᠵᠦ᠂ 1664 ᠲᠡᠷᠭᠡᠨ ᠵᠣᠭᠰᠤᠭᠠᠯ ᠰᠢᠨ᠎ᠡ ᠪᠠᠷ ᠨᠡᠮᠡᠭᠳᠡᠨ᠂ 31 ᠰᠠᠭᠤᠭᠠᠯᠢ | ᠲᠤᠭᠤᠷᠢᠭ ᠠᠳᠠᠯ ᠠᠬᠤᠢ ᠶᠢᠨ ᠦᠢᠯᠡᠴᠢᠯᠡᠭᠡ ᠲᠠᠢ ᠪᠣᠯᠵᠤ᠂ ᠬᠤᠲᠠ ᠶᠢᠨ ᠶᠠᠪᠤᠳᠠᠯ ᠤᠨ ᠬᠠᠮᠢᠶᠠᠷᠤᠯᠲᠠ ᠶᠢᠨ ᠬᠢᠷᠢ | ᠬᠡᠮᠵᠢᠶ᠎ᠡ ᠶᠢ ᠳᠡᠭᠡᠭᠰᠢᠯᠡᠭᠦᠯᠪᠡ᠃ ᠬᠤᠳᠠ ᠬᠥᠳᠡᠭᠡ ᠶᠢᠨ ᠵᠠᠮ ᠬᠠᠷᠢᠯᠴᠠᠭᠠᠨ ᠤ ᠲᠣᠣᠷ ᠲᠠᠰᠤᠷᠠᠯᠳᠠ ᠦᠭᠡᠢ | ᠲᠡᠭᠦᠯᠳᠡᠷᠵᠢᠪᠡ᠃ ᠵᠡᠭᠦᠨ ᠦᠵᠦᠮᠦᠴᠢᠨ ᠬᠤᠰᠢᠭᠤᠨ ᠤ ᠠᠷᠠᠳ ᠤᠨ ᠬᠡᠷᠡᠭᠯᠡᠭᠡᠨ ᠤ ᠲᠡᠭᠡᠭᠡᠪᠦᠷᠢ ᠶᠢᠨ ᠨᠢᠰᠬᠡᠯ ᠤᠨ | ᠪᠠᠭᠤᠳᠠᠯ ᠤᠨ ᠲᠥᠷᠥᠯ ᠵᠦᠢᠯ ᠤᠨ ᠰᠡᠳᠦᠪ ᠲᠤᠭᠲᠠᠭᠠᠬᠤ ᠭᠤᠶᠤᠴᠢᠯᠠᠯ ᠢ ᠲᠥᠷᠥ ᠶᠢᠨ ᠶᠠᠪᠤᠳᠠᠯ ᠤᠨ ᠬᠤᠷᠢᠶᠠᠨ ᠳᠤ | ᠮᠡᠳᠡᠭᠦᠯᠪᠡ᠃ 331᠂ 306 ᠨᠣᠮᠧᠷᠲᠦ ᠤᠯᠤᠰ ᠤᠨ ᠳᠡᠰ ᠤᠨ ᠵᠠᠰᠠᠮᠠᠯ ᠵᠠᠮ ᠢ ᠪᠦᠬᠦ ᠱᠤᠭᠤᠮ ᠢᠶᠠᠷ | ᠨᠠᠪᠲᠠᠷᠡᠭᠦᠯᠵᠦ᠂ ᠠᠴᠢᠨ ᠲᠣᠯᠣᠭᠠᠢ ︱ ᠦᠩᠲᠦ ᠬᠦᠷᠬᠦ ᠬᠡᠰᠡᠭ ᠤᠨ ᠭᠤᠷᠪᠠᠳᠤᠭᠠᠷ ᠳᠡᠰ ᠤᠨ ᠵᠠᠮ ᠪᠠ ᠤᠯᠠᠭᠠᠨ | ᠡᠷᠭᠢ ︱ ᠴᠠᠭᠠᠨ ᠫᠧᠩ ᠬᠦᠷᠬᠦ᠂ ᠵᠢᠷᠠᠨ ᠬᠤᠭᠤᠯᠠᠢ ︱ᠭᠤᠷᠪᠠᠨ ᠣᠪᠣᠭ᠎ᠠ ᠬᠦᠷᠬᠦ 2 ᠵᠣᠷᠪᠣᠰ ᠭᠠᠴᠠᠭᠠᠨ ᠳᠤ | ᠨᠡᠪᠲᠡᠷᠡᠬᠦ ᠵᠠᠮ ᠢ ᠳᠡᠪᠢᠰᠦᠨ ᠠᠰᠢᠭᠯᠠᠯᠲᠠ ᠳᠤ ᠣᠷᠣᠭᠤᠯᠵᠤ᠂ 331 ᠨᠣᠮᠧᠷᠲᠦ ᠤᠯᠤᠰ ᠤᠨ ᠳᠡᠰ ᠤᠨ ᠵᠠᠰᠠᠮᠠᠯ | ᠵᠠᠮ ᠤᠨ ᠡᠬᠡᠪᠣᠯᠠᠭ ᠤᠨ ᠬᠡᠰᠡᠭ᠂ 334 ᠨᠣᠮᠧᠷᠲᠦ ᠤᠯᠤᠰ ᠤᠨ ᠳᠡᠰ ᠤᠨ ᠵᠠᠰᠠᠮᠠᠯ ᠵᠠᠮ ᠤᠨ ᠭᠠᠬᠢᠯ ᠤᠨ ᠬᠡᠰᠡᠭ | ᠪᠠ ᠵᠢᠭᠠᠰᠤᠲᠠᠢ ᠶᠢᠨ ᠬᠡᠰᠡᠭ᠂ 206 ᠨᠣᠮᠧᠷᠲᠦ ᠮᠣᠵᠢ ᠶᠢᠨ ᠳᠡᠰ ᠤᠨ ᠵᠠᠰᠠᠮᠠᠯ ᠵᠠᠮ ᠤᠨ ᠮᠠᠨᠳᠣᠬᠤᠪᠣᠯᠠᠭ︱ | ᠪᠠᠶᠠᠠᠬᠤᠰᠢᠭᠤ ᠬᠦᠷᠬᠦ 4 ᠵᠣᠷᠪᠣᠰ ᠵᠠᠰᠠᠮᠠᠯ ᠵᠠᠮ ᠢ ᠰᠢᠨᠡᠳᠬᠡᠨ ᠵᠠᠰᠠᠵᠤ᠂ ᠪᠥᠬᠦ ᠬᠤᠰᠢᠭᠤᠨ ᠤ ᠵᠠᠰᠠᠮᠠᠯ ᠵᠠᠮ ᠤᠨ | ᠨᠡᠪᠲᠡᠷᠡᠬᠦ ᠴᠢᠳᠠᠪᠤᠷᠢ ᠶᠢ ᠪᠦᠲᠦᠮᠵᠢᠲᠡᠶ ᠳᠡᠭᠡᠭᠰᠢᠯᠡᠭᠦᠯᠵᠦ᠂ ᠠᠷᠠᠳ ᠲᠦᠮᠡᠨ ᠤ ᠶᠠᠪᠤᠵᠤ ᠰᠠᠭᠤᠬᠤ ᠳᠤ ᠨᠠᠩ | ᠳᠥᠭᠦᠮ ᠳᠥᠲᠡ ᠪᠣᠯᠭᠠᠪᠠ᠃ | ᠨᠢᠭᠡ ᠵᠢᠯ ᠤᠨ ᠲᠣᠷᠰᠢ᠂ ᠪᠢᠳᠡ ᠬᠢᠯᠢ ᠪᠠᠨ ᠰᠠᠬᠢᠨ ᠬᠠᠷᠢᠭᠤᠴᠠᠯᠭ᠎ᠠ ᠪᠠᠨ ᠬᠦᠢᠴᠡᠳᠬᠡᠬᠦ ᠶᠢ ᠪᠠᠷᠢᠮᠲᠠᠯᠠᠨ᠂ | ᠠᠷᠠᠳ ᠤᠨ ᠰᠡᠳᠬᠢᠯ ᠢ ᠨᠢᠭᠲᠠᠷᠠᠭᠤᠯᠵᠣ᠂ ᠠᠶᠤᠯ ᠲᠦᠭᠰᠢᠭᠦᠷᠢ ᠶᠢ ᠰᠡᠷᠭᠡᠶᠢᠯᠡᠨ᠂ ᠠᠮᠣᠷ ᠲᠣᠭᠲᠠᠭᠤᠨ ᠢ ᠪᠠᠲᠣᠯᠠᠵᠣ | ᠂ ᠡᠬᠡ ᠤᠯᠤᠰ ᠤᠨ ᠤᠮᠠᠷᠠᠲᠤ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠪᠠᠶᠢᠭᠤᠯᠬᠤ ᠲᠠᠯ᠎ᠠ ᠪᠠᠷ | ᠰᠢᠨ᠎ᠡ ᠰᠠᠶᠢᠵᠢᠷᠠᠯᠲᠠ ᠶᠢ ᠪᠡᠶᠡᠯᠡᠭᠦᠯᠪᠡ᠃ ᠨᠡᠶᠢᠭᠡᠮ ᠤᠨ ᠪᠠᠲᠤᠯᠠᠭ᠎ᠠ ᠶᠢᠨ ᠬᠢᠷᠢ ᠬᠡᠮᠵᠢᠶ᠎ᠡ ᠦᠷᠭᠦᠯᠵᠢᠯᠡᠨ ᠴᠢᠩᠭᠠᠷᠠᠪᠠ | ᠃ ᠪᠥᠬᠦ ᠵᠢᠯ ᠳᠤ ᠬᠤᠲᠠ ᠬᠥᠳᠡᠭᠡ ᠶᠢᠨ 2248 ᠬᠥᠮᠥᠨ ᠳᠤ ᠠᠵᠢᠯ ᠣᠯᠭᠤᠵᠤ᠂ 1226 ᠲᠦᠮᠡᠨ | ᠲᠥᠭᠦᠷᠢᠭ ᠤᠨ ᠠᠳᠠᠯ ᠦᠢᠯᠡᠰ ᠴᠣᠭᠴᠠᠯᠠᠬᠤ ᠪᠠᠲᠣᠯᠠᠭᠠᠲᠣ ᠵᠢᠭᠡᠯᠡᠯᠭᠡ ᠲᠠᠯᠪᠢᠪᠠ᠃ ᠨᠠᠭᠠᠲᠤ ᠵᠠᠬ᠎ᠠ ᠶᠢᠨ | ᠠᠮᠢᠳᠤᠷᠠᠯ ᠤᠨ ᠪᠠᠲᠤᠯᠠᠭ᠎ᠠ ᠶᠢᠨ ᠪᠠᠷᠢᠮᠵᠢᠶ᠎ᠠ ᠶᠢ 840 ᠲᠥᠭᠦᠷᠢᠭ ᠠᠴᠠ 860 ᠲᠥᠭᠦᠷᠢᠭ ᠪᠣᠯᠭᠠᠨ | ᠳᠡᠭᠡᠭᠰᠢᠯᠡᠭᠦᠯᠵᠦ᠂ ᠪᠥᠬᠦ ᠵᠢᠯ ᠳᠤ ᠨᠠᠭᠠᠲᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ᠂ ᠲᠦᠷ ᠴᠠᠭ ᠤᠨ ᠠᠪᠤᠷᠠᠨ | ᠲᠤᠰᠠᠯᠠᠯᠲᠠ᠂ ᠥᠨᠳᠥᠷ ᠨᠠᠰᠤᠨ ᠤ ᠨᠥᠬᠦᠪᠦᠷᠢ ᠵᠡᠷᠭᠡ ᠡᠯ᠎ᠡ ᠲᠥᠷᠥᠯ ᠤᠨ ᠠᠪᠤᠷᠠᠨ ᠲᠤᠰᠠᠯᠠᠬᠤ ᠨᠦᠬᠦᠪᠦᠷᠢ | ᠮᠥᠩᠭᠦ ᠶᠢ ᠨᠡᠶᠢᠲᠡ 1536 ᠲᠦᠮᠡᠨ ᠲᠥᠭᠦᠷᠢᠭ ᠲᠠᠷᠬᠠᠭᠠᠪᠠ᠃ 65 ᠨᠠᠰᠤᠨ ᠠᠴᠠ ᠳᠡᠭᠡᠭᠰᠢᠬᠢ ᠨᠠᠰᠣᠲᠠᠳ ᠲᠤ | ᠰᠦᠢᠳᠬᠡᠯ ᠬᠤᠷᠢᠶᠠᠬᠤ ᠦᠭᠡᠢ ᠪᠠᠷ ᠪᠡᠶ᠎ᠡ ᠶᠢᠨ ᠪᠠᠶᠢᠴᠠᠭᠠᠯᠲᠠ ᠬᠢᠯᠭᠡᠪᠡ᠃ ᠠᠶᠠᠨ ᠨᠠᠰᠤᠵᠢᠯ ᠤᠨ ᠠᠰᠠᠷᠠᠮᠵᠢ ᠶᠢᠨ | ᠬᠦᠷᠢᠶᠡᠯᠡᠩ ᠤᠨ ︽ᠪᠠᠶᠢᠭᠤᠯᠤᠮᠵᠢ ᠠᠴᠠ ᠠᠰᠠᠷᠠᠬᠤ᠂ ᠡᠮᠴᠢᠯᠡᠭᠡ ᠪᠠᠷ ᠡᠷᠡᠬᠦᠯᠵᠢᠬᠦ᠂ ᠣᠶᠤᠨᠴᠢ ᠪᠠᠷ ᠬᠠᠮᠢᠶᠠᠷᠠᠬᠤ᠂ | ᠭᠡᠷ ᠲᠡᠭᠡᠨ ᠰᠣᠪᠢᠯᠠᠬᠤ︾ ᠶᠢ ᠨᠢᠭᠡ ᠴᠣᠭᠴᠠᠵᠢᠭᠤᠯᠤᠭᠰᠠᠨ ᠨᠡᠶᠢᠲᠡᠯᠢᠭ ᠲᠤᠷᠰᠢᠯᠲᠠ ᠶᠢᠨ ᠴᠡᠭ ᠢ ᠠᠮᠵᠢᠯᠲᠠ ᠲᠠᠢ | ᠡᠭᠦᠳᠦᠨ ᠪᠠᠶᠢᠭᠤᠯᠵᠤ᠂ ᠣᠷᠣᠰᠢᠭᠤᠯᠭ᠎ᠠ ᠶᠢᠨ ᠭᠠᠵᠠᠷ᠂ ᠨᠠᠰᠤᠨ ᠳᠤ ᠥᠯᠥ ᠭᠦᠷᠦᠭᠰᠡᠳ ᠢ ᠬᠠᠮᠠᠭᠠᠯᠠᠬᠤ ᠲᠥᠪ ᠢ | ᠪᠠᠶᠢᠭᠤᠯᠵᠤ ᠠᠰᠢᠭᠯᠠᠯᠲᠠ ᠳᠤ ᠣᠷᠣᠭᠤᠯᠪᠠ᠃ ᠰᠤᠷᠭᠠᠨ ᠬᠦᠮᠦᠵᠢᠯ ᠵᠢᠭᠠᠨ ᠰᠣᠷᠭᠠᠯᠲᠠ ᠶᠢᠨ ᠴᠢᠳᠠᠪᠤᠷᠢ ᠢᠯᠡᠳᠲᠡ | ᠰᠠᠶᠢᠵᠢᠷᠠᠪᠠ᠃ ᠭᠤᠷᠪᠠᠳᠤᠭᠠᠷ ᠪᠠᠭ᠎ᠠ ᠰᠤᠷᠭᠠᠭᠤᠯᠢ᠂ ᠶᠡᠷᠦᠩᠬᠡᠶᠢᠯᠡᠭᠰᠡᠨ ᠳᠡᠭᠡᠳᠤ ᠵᠡᠷᠭᠡ ᠶᠢᠨ ᠳᠤᠮᠳᠠᠳᠤ | ᠰᠤᠷᠭᠠᠭᠤᠯᠢ ᠶᠢᠨ ᠰᠤᠷᠭᠠᠭᠤᠯᠢ ᠡᠷᠭᠢᠯᠡᠬᠦ ᠨᠥᠬᠦᠴᠡᠯ ᠢ ᠳᠡᠭᠡᠭᠰᠢᠯᠡᠭᠦᠯᠵᠦ᠂ 14 ᠳᠤᠮᠳᠠᠳᠤ ᠪᠠᠭ᠎ᠠ ᠰᠤᠷᠭᠠᠭᠤᠯᠢ᠂ | ᠬᠡᠦᠬᠡᠳ ᠤᠨ ᠴᠡᠴᠡᠷᠯᠢᠭ ᠤᠨ ᠭᠠᠯ ᠤᠨᠲᠠᠷᠠᠭᠠᠬᠤ ᠥᠭᠡᠷᠡᠴᠢᠯᠡᠯᠲᠡ ᠶᠢᠨ ᠢᠨᠵᠧᠨᠧᠷᠢᠩ ᠢ ᠪᠡᠶᠡᠯᠡᠭᠦᠯᠵᠦ᠂ ᠪᠥᠬᠦ | ᠬᠤᠰᠢᠭᠤᠨ ᠤ ᠰᠤᠷᠭᠠᠭᠤᠯᠢ ᠡᠷᠭᠢᠯᠡᠬᠦ ᠨᠥᠬᠦᠴᠡᠯ ᠢ ᠦᠷᠭᠦᠯᠵᠢᠯᠡᠨ ᠰᠠᠶᠢᠵᠢᠷᠠᠭᠤᠯᠪᠠ᠃ ᠵᠢᠯ ᠳᠤ 26 ᠨᠡᠷ᠎ᠡ ᠪᠠᠭᠰᠢ | ᠡᠯᠰᠡᠨ᠂ 305 ᠨᠡᠷ᠎ᠡ ᠰᠢᠯᠢᠳᠡᠭ ᠪᠠᠭᠰᠢ ᠶᠢ ᠱᠠᠩᠨᠠᠨ ᠬᠦᠬᠢᠬᠦᠯᠵᠦ᠂ ᠨᠢᠭᠡᠳᠦᠭᠡᠷ ᠳᠤᠮᠳᠠᠳᠤ ᠰᠤᠷᠭᠠᠭᠤᠯᠢ ᠶᠢᠨ | ᠥᠨᠳᠥᠷ ᠳᠤᠮᠳᠠᠳᠤ ᠳᠤ ᠳᠠᠪᠰᠢᠬᠤ ᠰᠢᠯᠭᠠᠯᠲᠠ ᠳᠤ 500 ᠬᠤᠪᠢ ᠶᠢ ᠳᠠᠪᠠᠭᠰᠠᠨ ᠰᠣᠷᠣᠭᠴᠢ ᠶᠢᠨ ᠲᠤᠭ᠎ᠠ ᠪᠥᠬᠦ | ᠠᠶᠢᠮᠠᠭ ᠤᠨ ᠲᠡᠷᠢᠭᠦᠨ ᠳᠤ ᠣᠷᠣᠵᠤ᠂ ︽ᠬᠤᠶᠠᠷ ᠢ ᠬᠦᠩᠭᠡᠷᠡᠬᠦᠯᠵᠦ︾ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ | ᠠᠰᠢᠭ ᠢ ᠨᠡᠮᠡᠭᠳᠡᠭᠦᠯᠪᠡ᠃ ᠪᠥᠬᠦ ᠣᠷᠣᠨ ᠤ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠤ ᠤᠯᠤᠰ ᠤᠨ | ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠤᠨ ᠬᠡᠷᠡᠭᠯᠡᠯᠲᠡ ᠶᠢᠨ ᠵᠢᠭᠠᠨ ᠰᠤᠷᠭᠠᠯᠲᠠ ᠶᠢᠨ ᠦᠷ᠎ᠡ | ᠪᠦᠲᠦᠭᠡᠯ ᠤᠨ ᠲᠤᠬᠠᠢ ᠶᠢᠨ ᠲᠠᠯᠠᠪᠠᠢ ᠶᠢᠨ ᠬᠤᠷᠠᠯ ᠢ ᠲᠡᠭᠦᠰ ᠠᠮᠵᠢᠯᠲᠠ ᠲᠠᠢ ᠳᠠᠭᠠᠭᠠᠨ ᠡᠷᠭᠢᠯᠡᠵᠦ᠂ ᠤᠯᠤᠰ ᠤᠨ | ᠨᠡᠶᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ ᠢ ᠳᠡᠯᠭᠡᠷᠡᠭᠦᠯᠦᠨ ᠲᠦᠭᠡᠮᠡᠯᠵᠢᠭᠦᠯᠪᠡ᠃ ᠬᠤᠰᠢᠭᠤ ᠬᠡᠪᠴᠢᠶᠡᠨ ᠤ | ᠣᠨᠣᠰᠢᠯᠠᠨ ᠡᠮᠨᠡᠬᠦ ᠬᠢᠷᠢ ᠲᠦᠪᠰᠢᠨ ᠲᠠᠰᠤᠷᠠᠯᠲᠠ ᠦᠭᠡᠢ ᠳᠡᠭᠡᠭᠰᠢᠯᠡᠪᠡ᠃ ᠬᠤᠰᠢᠭᠤ ᠠᠷᠠᠳ ᠤᠨ ᠡᠮᠨᠡᠯᠭᠡ ᠶᠢᠨ | ᠬᠤᠷᠢᠶ᠎ᠠ ᠬᠤᠶᠠᠳᠤᠭᠠᠷ ᠲᠠᠰ ᠤᠨ ᠬᠥᠬᠡ ᠲᠠᠰ ᠤᠨ ᠡᠮᠨᠡᠯᠭᠡ ᠶᠢᠨ ᠬᠤᠷᠢᠶ᠎ᠠ ᠪᠤᠯᠤᠨ ᠳᠠᠪᠰᠢᠵᠤ᠂ ᠬᠤᠰᠢᠭᠤ ᠮᠣᠩᠭᠤᠯ | ᠡᠮᠨᠡᠯᠭᠡ ᠶᠢᠨ ᠬᠤᠷᠢᠶ᠎ᠠ ᠬᠦᠬᠡ ᠳᠡᠰ ᠤᠨ ᠡᠮᠨᠡᠯᠭᠡ ᠶᠢᠨ ᠬᠤᠷᠢᠶ᠎ᠡ ᠶᠢᠨ ᠳᠠᠬᠢᠨ ᠬᠢᠨᠠᠯᠲᠠ ᠶᠢ ᠠᠮᠵᠢᠯᠲᠠ ᠲᠠᠢ | ᠦᠩᠭᠡᠷᠡᠭᠦᠯᠦᠨ᠂ ᠰᠢᠨ᠎ᠡ ᠪᠠᠷ ᠪᠠᠷᠢᠵᠣ ᠪᠠᠶᠢᠭ᠎ᠠ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠲᠦᠪ ᠤᠨ ᠭᠤᠣᠯ | ᠪᠠᠷᠢᠯᠭ᠎ᠠ ᠶᠢᠨ ᠠᠵᠢᠯ ᠳᠠᠭᠤᠰᠴᠠᠢ᠃ ᠴᠢᠰᠤ ᠨᠡᠪᠴᠢᠭᠦᠯᠦᠨ ᠢᠯᠭᠠᠷᠠᠭᠤᠯᠬᠤ ᠲᠠᠰᠤᠭ ᠵᠡᠷᠭᠡ 4 ᠲᠤᠰᠬᠠᠢ | ᠮᠡᠷᠭᠡᠵᠢᠯ ᠤᠨ ᠰᠠᠯᠠᠭ᠎ᠠ ᠶᠢ ᠲᠡᠭᠦᠯᠳᠡᠷᠵᠢᠭᠦᠯᠵᠦ᠂ 5 ᠲᠤᠰᠬᠠᠢ ᠮᠡᠷᠭᠡᠵᠢᠯ ᠤᠨ ᠰᠠᠯᠠᠭ᠎ᠠ ᠨᠢ ᠠᠶᠢᠮᠠᠭ ᠤᠨ ᠲᠠᠰ ᠠᠴᠠ | ᠳᠡᠭᠡᠭᠰᠢᠬᠢ ᠭᠤᠣᠯᠳᠠᠯᠭᠠᠲᠤ ᠲᠤᠰᠬᠠᠢ ᠮᠡᠷᠭᠡᠵᠢᠯ ᠤᠨ ᠰᠠᠯᠠᠭ᠎ᠠ ᠶᠢᠨ ᠡᠩᠨᠡᠭᠡᠨ ᠳᠤ ᠣᠷᠣᠪᠠ︔ ᠵᠡᠭᠦᠨ ᠦᠵᠦᠮᠦᠴᠢᠨ | ᠬᠤᠰᠢᠭᠤᠨ ᠤ ᠶᠡᠷᠦᠩᠬᠡᠢ ᠡᠮᠨᠡᠯᠭᠡ ᠶᠢᠨ ᠬᠤᠷᠢᠶ᠎ᠠ ᠪᠠᠶᠢᠭᠤᠯᠤᠭᠳᠠᠵᠤ᠂ ᠬᠤᠯᠪᠣᠭᠠᠲᠤ ᠡᠮᠨᠡᠯᠭᠡ ᠶᠢᠨ ᠬᠤᠷᠢᠶᠠᠨ ᠤ | ᠲᠤᠰᠬᠠᠢ ᠮᠡᠷᠭᠡᠵᠢᠯᠲᠡᠨ ᠢᠶᠠᠷ ᠡᠮᠨᠡᠭᠦᠯᠬᠦ᠂ ᠠᠯᠤᠰ ᠠᠴᠠ ᠡᠵᠡᠮᠳᠡᠨ ᠣᠨᠣᠰᠢᠯᠠᠬᠤ ᠶᠢ ᠪᠠᠶᠢᠩᠭᠤ ᠶᠢᠨ ᠪᠠᠶᠢᠳᠠᠯ ᠢᠶᠠᠷ | ᠲᠦᠯᠬᠢᠨ ᠠᠬᠢᠭᠤᠯᠵᠤ᠂ ᠠᠷᠠᠳ ᠣᠯᠠᠨ ᠤ ᠡᠪᠡᠳᠴᠢᠨ ᠦᠵᠡᠭᠦᠯᠬᠦ ᠬᠡᠷᠡᠭᠴᠡᠭᠡ ᠱᠠᠭᠠᠷᠳᠠᠯᠭ᠎ᠠ ᠶᠢ ᠬᠠᠩᠭᠠᠪᠠ᠃ | ᠤᠯᠤᠰ ᠤᠨ ᠡᠷᠡᠭᠦᠯ ᠬᠠᠮᠠᠭᠠᠯᠠᠯ ᠤᠨ ᠬᠤᠲᠠ ᠪᠣᠯᠣᠨ ᠤᠯᠤᠰ ᠤᠨ ᠡᠷᠡᠭᠦᠯ ᠬᠠᠮᠠᠭᠠᠯᠠᠯ ᠤᠨ ᠰᠣᠮᠣ ᠪᠠᠯᠭᠠᠰᠤ | ᠥᠪᠡᠷᠲᠡᠭᠡᠨ ᠵᠠᠰᠠᠬᠤ ᠣᠷᠣᠨ ᠤ ᠳᠠᠬᠢᠨ ᠬᠢᠨᠠᠯᠲᠠ ᠶᠢ ᠤᠷᠤᠭᠰᠢᠲᠠᠢ ᠥᠩᠭᠡᠷᠡᠭᠦᠯᠪᠡ᠃ ᠰᠣᠶᠣᠯ ᠪᠡᠶ᠎ᠡ ᠶᠢᠨ | ᠲᠠᠮᠢᠷ ᠤᠨ ᠦᠢᠯᠡᠰ ᠥᠷᠨᠢᠨ ᠬᠥᠭᠵᠢᠪᠡ᠃ ᠵᠢᠩᠰᠡᠲᠡᠢ ᠠᠭᠤᠢ ᠶᠢᠨ ᠪᠠᠭᠤᠷᠢ ᠶᠢᠨ ᠭᠤᠷᠪᠠᠳᠤᠭᠠᠷ ᠵᠢᠯ ᠤᠨ | ᠬᠠᠮᠠᠭᠠᠯᠠᠯᠲᠠ ᠶᠢᠨ ᠴᠢᠨᠡᠷᠲᠡᠢ ᠠᠭᠤᠳᠠᠯᠠᠬᠤ ᠠᠵᠢᠯ ᠢᠯᠡᠳᠲᠡ ᠦᠷ᠎ᠡ ᠪᠦᠲᠦᠮᠵᠢ ᠣᠯᠪᠠ︔ ᠪᠣᠳᠠᠰ ᠤᠨ ᠪᠤᠰᠤ | ᠰᠣᠶᠣᠯ ᠤᠨ ᠥᠪ ᠤᠨ ᠲᠦᠷᠦᠯ ᠵᠦᠢᠯ᠂ ᠪᠣᠳᠠᠰ ᠤᠨ ᠪᠤᠰᠤ ᠰᠣᠶᠤᠯ ᠤᠨ ᠥᠪ ᠤᠨ ᠵᠠᠯᠭᠠᠮᠵᠢᠯᠠᠭᠴᠢ ᠰᠢᠨ᠎ᠡ ᠦᠷ᠎ᠡ | ᠪᠦᠲᠦᠭᠡᠯ ᠣᠯᠵᠤ᠂ ᠦᠵᠦᠮᠦᠴᠢᠨ ᠤᠷᠲᠤ ᠶᠢᠨ ᠳᠠᠭᠤᠤ ᠶᠢᠨ ᠨᠡᠶᠢᠭᠡᠮᠯᠢᠭ ᠨᠢ ᠥᠪᠡᠷᠲᠡᠭᠡᠨ ᠵᠠᠰᠠᠬᠤ ᠣᠷᠣᠨ ᠤ | ᠳᠡᠰ ᠤᠨ ᠠᠩᠬᠠᠳᠠᠭᠴᠢ ᠪᠦᠯᠦᠭ ᠤᠨ ᠪᠣᠳᠠᠰ ᠤᠨ ᠪᠤᠰᠤ ᠰᠣᠶᠣᠯ ᠤᠨ ᠥᠪ ᠤᠨ ᠵᠠᠯᠭᠠᠮᠵᠢᠯᠠᠭᠴᠢ ᠶᠢᠨ ᠰᠤᠷᠭᠠᠨ | ᠬᠥᠮᠦᠵᠢᠯ ᠤᠨ ᠦᠢᠯᠡᠳᠦᠯᠭᠡ ᠶᠢᠨ ᠰᠠᠭᠤᠷᠢᠨ ᠭᠠᠵᠠᠷ ᠢᠶᠠᠷ ᠰᠣᠩᠭᠤᠭᠳᠠᠪᠠ︔ ᠪᠦᠬᠦ ᠠᠶᠢᠮᠠᠭ ᠤᠨ ᠨᠣᠮ ᠤᠨ | ᠰᠠᠩ ᠤᠨ ᠠᠵᠢᠯ ᠤᠨ ᠲᠤᠬᠠᠢ ᠶᠢᠨ ᠲᠠᠯᠠᠪᠠᠢ ᠶᠢᠨ ᠬᠤᠷᠠᠯ ᠢ ᠡᠷᠬᠢᠯᠡᠵᠦ᠂ ᠬᠤᠰᠢᠭᠤ ᠨᠣᠮ ᠤᠨ ᠰᠠᠩ ᠨᠢ | ᠤᠯᠤᠰ ᠤᠨ ᠬᠤᠶᠠᠳᠤᠭᠠᠷ ᠳᠡᠰ ᠤᠨ ᠨᠣᠮ ᠤᠨ ᠰᠠᠩ ᠪᠣᠯᠵᠣ ᠳᠡᠰ ᠳᠡᠪᠰᠢᠪᠡ︔ ︽ᠰᠣᠶᠣᠯ ᠢᠶᠠᠷ ᠠᠷᠠᠳ ᠲᠤ | ᠠᠰᠢᠭ ᠬᠦᠷᠲᠡᠭᠡᠬᠦ ᠨᠣᠮ ᠪᠢᠴᠢᠭ ᠢ ᠬᠥᠳᠡᠭᠡ ᠪᠠᠭᠤᠯᠭᠠᠬᠤ ᠠᠵᠢᠯᠯᠠᠭ᠎ᠠ︾ ᠪᠠ ᠪᠦᠬᠦ ᠠᠷᠠᠳ ᠢᠶᠠᠷ ᠢᠶᠠᠨ ᠨᠣᠮ | ᠤᠩᠰᠢᠬᠤ ᠠᠵᠢᠯᠯᠠᠭ᠎ᠠ ᠶᠢ 17 ᠤᠳᠠᠭ᠎ᠠ ᠵᠣᠬᠢᠶᠠᠨ ᠪᠠᠶᠢᠭᠤᠯᠵᠦ᠂ ᠨᠣᠮ ᠤᠩᠰᠢᠬᠤ ᠶᠢ ᠠᠷᠠᠳ ᠤᠯᠠᠨ ᠤ ᠳᠠᠳᠬᠠᠯ | ᠪᠣᠯᠭᠠᠪᠠ︔ 11 ᠬᠥᠮᠥᠨ ᠤ ᠳᠦᠷᠢᠮᠲᠦ ᠬᠥᠯ ᠪᠥᠮᠪᠦᠭᠡ ᠶᠢᠨ ᠲᠠᠯᠠᠪᠤᠷ᠂ ᠪᠡᠶ᠎ᠡ ᠶᠢᠨ ᠲᠠᠮᠢᠷ ᠤᠨ ᠴᠡᠴᠡᠷᠯᠢᠭ ᠵᠡᠷᠭᠡ | ᠪᠡᠶ᠎ᠡ ᠶᠢᠨ ᠲᠠᠮᠢᠷ ᠤᠨ ᠲᠠᠯᠠᠪᠤᠷ ᠢ ᠪᠥᠬᠦ ᠲᠠᠯ᠎ᠠ ᠪᠠᠷ ᠨᠡᠭᠡᠭᠡᠵᠦ᠂ ᠬᠤᠰᠢᠭᠤ ᠬᠠᠷᠢᠶᠠᠲᠤ ᠴᠢᠯᠦᠭᠡᠲᠦ ᠪᠥᠬᠡ ᠶᠢᠨ | ᠲᠠᠮᠢᠷᠴᠢᠳ ᠳᠠᠬᠢᠨᠲᠠ ᠰᠢᠯᠢᠳᠡᠭ ᠬᠢᠷᠢ ᠪᠦᠲᠦᠮᠵᠢ ᠣᠯᠪᠠ︔ ᠨᠡᠶᠢᠲᠡ ᠶᠢᠨ ᠠᠰᠠᠷᠠᠮᠵᠢ ᠶᠢᠨ ᠺᠢᠨᠣ᠋ ᠭᠠᠷᠭᠠᠬᠤ᠂ | ᠤᠯᠠᠭᠠᠨᠮᠥ᠋ᠴᠢᠷ ᠤᠨ ︽ᠵᠠᠭᠤᠨ ᠪᠦᠯᠬᠦᠮ ᠮᠢᠩᠭᠠᠨ ᠲᠠᠯᠠᠪᠠᠢ ᠲᠣᠭᠯᠠᠯᠲᠠ ᠦᠨᠳᠦᠰᠦᠨ ᠱᠠᠲᠤᠨ ᠳᠤ ᠪᠠᠭᠤᠬᠤ︾᠂ | ᠠᠵᠢᠯ ᠤᠨ ᠴᠢᠯᠦᠭᠡᠨ ᠤ ᠤᠯᠠᠭᠠᠨᠮᠥ᠋ᠴᠢᠷ ᠤᠨ ᠲᠣᠭᠯᠠᠯᠲᠠ ᠵᠡᠷᠭᠡ ᠣᠯᠠᠨ ᠲᠦᠮᠡᠨᠴᠢ ᠴᠢᠨᠠᠷᠲᠠᠢ ᠰᠣᠶᠣᠯ ᠪᠡᠶ᠎ᠡ ᠶᠢᠨ | ᠲᠠᠮᠢᠷ ᠤᠨ ᠠᠵᠢᠯᠯᠠᠭ᠎ᠠ ᠦᠷᠨᠢᠭᠦᠯᠦᠨ᠂ ᠣᠯᠠᠨ ᠲᠦᠮᠡᠨ ᠤ ᠰᠣᠶᠣᠯ ᠴᠡᠩᠭᠡᠯ ᠤᠨ ᠠᠮᠢᠳᠤᠷᠠᠯ ᠡᠳᠦᠷ ᠢᠷᠡᠬᠦᠶ᠎ᠡ | ᠪᠠᠶᠠᠯᠢᠭᠵᠢᠪᠠ᠃ ᠲᠦᠭᠰᠢᠭᠦᠷᠢ ᠶᠢ ᠬᠠᠮᠢᠶᠠᠷᠤᠨ ᠡᠵᠡᠮᠳᠡᠬᠦ ᠠᠵᠢᠯ ᠢ ᠣᠯᠠᠮ ᠴᠢᠩᠭᠠᠳᠬᠠᠪᠠ᠃ ᠵᠢᠯ ᠳᠤ ᠵᠠᠰᠠᠭ ᠤᠨ | ᠣᠷᠳᠣᠨ ᠤ ᠳᠠᠯᠳᠠ ᠥᠷᠢ ᠥᠭᠴᠡᠭᠡ ᠶᠢ 6069 ᠲᠦᠮᠡᠨ ᠲᠥᠭᠦᠷᠢᠭ ᠲᠦᠯᠦᠵᠦ᠂ ᠠᠷᠠᠳ ᠠᠴᠠ ᠡᠵᠡᠩᠨᠡᠭᠰᠡᠨ | ᠠᠵᠤ ᠠᠬᠤᠶᠢᠯᠠᠯ ᠳᠤ ᠥᠷᠢᠲᠦᠵᠦ ᠪᠠᠶᠢᠭ᠎ᠠ 1.34 ᠳ᠋ᠦᠩᠰᠢᠭᠤᠷ ᠲᠥᠭᠦᠷᠢᠭ ᠢ ᠪᠣᠴᠠᠭᠠᠨ᠂ ᠵᠠᠰᠠᠭ ᠤᠨ | ᠣᠷᠳᠣᠨ ᠤ ᠥᠷᠢ ᠥᠭᠴᠡᠭᠡ ᠶᠢᠨ ᠲᠦᠭᠰᠢᠭᠦᠷᠢ ᠶᠢ ᠪᠠᠭᠠᠰᠬᠠᠪᠠ᠃ ︽ᠠᠮᠤᠷ ᠠᠮᠤᠭᠤᠯᠠᠩ ᠵᠡᠭᠦᠨ ᠦᠵᠦᠮᠦᠴᠢᠨ︾ | ᠤ ᠪᠠᠶᠢᠭᠤᠯᠤᠯᠲᠠ ᠶᠢ ᠯᠠᠪᠳᠠᠭᠤᠨ ᠪᠠᠲᠤᠲᠠᠢ ᠠᠬᠢᠭᠤᠯᠵᠤ᠂ ᠨᠠᠮ ᠵᠠᠰᠠᠭ ᠴᠡᠷᠢᠭ ᠴᠠᠭᠳᠠᠭ᠎ᠠ ᠠᠷᠠᠳ ᠬᠦᠴᠦ ᠪᠠᠨ | ᠬᠠᠮᠲᠤᠳᠬᠠᠨ ᠬᠢᠯᠢ ᠪᠠᠨ ᠬᠦᠴᠦᠷᠬᠡᠭᠵᠢᠭᠦᠯᠵᠦ ᠰᠡᠷᠭᠡᠶᠢᠯᠡᠯᠲᠡ ᠶᠢ ᠪᠠᠲᠣᠳᠬᠠᠨ᠂ ᠬᠠᠳᠠᠪᠴᠢ ᠪᠠᠯᠭᠠᠰᠣ ᠪᠦᠬᠦ ᠣᠯᠣᠰ | ᠤᠨ ᠠᠮᠣᠷ ᠠᠮᠣᠭᠤᠯᠠᠩ ᠬᠢᠯᠢ ᠬᠢᠵᠠᠭᠠᠷ ᠤᠨ ᠵᠢᠱᠢᠶᠡᠴᠢ ᠰᠣᠮᠣ ᠪᠠᠯᠭᠠᠰᠣ ᠪᠠᠷ ᠦᠨᠡᠯᠡᠭᠳᠡᠨ᠂ ᠠᠷᠠᠳ ᠲᠦᠮᠡᠨ ᠤ | ᠠᠮᠣᠷ ᠲᠠᠶᠢᠪᠣᠩ ᠤᠨ ᠲᠦᠷᠦᠭᠳᠡᠯ ᠢᠯᠡᠳᠲᠡ ᠳᠡᠭᠡᠭᠰᠢᠯᠡᠪᠡ᠃ ᠤᠳᠤᠷᠢᠳᠤᠯᠭ᠎ᠠ ᠠᠴᠠ ᠵᠠᠬᠢᠳᠠᠯ ᠰᠣᠷᠪᠤᠯᠵᠢᠯᠠᠭ᠎ᠠ ᠶᠢᠨ | ᠠᠰᠠᠭᠤᠳᠠᠯ ᠢ ᠳᠠᠭᠠᠭᠠᠴᠢᠯᠠᠬᠤ ᠬᠠᠷᠢᠭᠤᠴᠠᠯᠭ᠎ᠠ ᠶᠢ ᠴᠢᠩᠭᠠᠳᠬᠠᠵᠤ᠂ ᠨᠢᠭᠡ ᠪᠦᠯᠦᠭ ᠪᠣᠳᠣᠯᠢᠶᠠᠨᠲᠠᠢ ᠵᠠᠬᠢᠳᠠᠯ | ᠰᠣᠷᠪᠤᠯᠵᠢᠯᠠᠭ᠎ᠠ ᠶᠢᠨ ᠠᠰᠠᠭᠤᠳᠠᠯ ᠢ ᠪᠦᠲᠦᠮᠵᠢᠲᠡᠶ ᠰᠢᠢᠳᠪᠦᠷᠢᠯᠡᠨ᠂ ᠵᠦᠷᠢᠴᠡᠯ ᠵᠢᠭᠤᠷᠭᠠᠨ ᠢ ᠰᠢᠢᠳᠪᠦᠷᠢᠯᠡᠭᠰᠡᠨ | ᠨᠣᠷᠮ᠎ᠠ 100% ᠳᠤ ᠬᠦᠷᠪᠡ᠃ ᠵᠠᠬᠢᠳᠠᠯ ᠰᠣᠷᠪᠤᠯᠵᠢᠯᠠᠭ᠎ᠠ ᠶᠢᠨ ᠣᠷᠣᠯᠠᠨ ᠭᠦᠢᠴᠡᠳᠬᠡᠬᠦ ᠳᠦᠷᠢᠮ ᠢ ᠪᠦᠬᠦ | ᠲᠠᠯ᠎ᠠ ᠪᠠᠷ ᠬᠡᠷᠡᠭᠵᠢᠭᠦᠯᠵᠦ᠂ ᠭᠤᠷᠪᠠᠨ ᠱᠠᠲᠤᠨ ᠤ ᠣᠷᠣᠯᠠᠨ ᠭᠦᠢᠴᠡᠳᠬᠡᠬᠦ ᠪᠠᠶᠢᠭᠤᠯᠤᠮᠵᠢ ᠶᠢᠨ ᠪᠦᠬᠦᠨ ᠢ | ᠬᠠᠮᠤᠷᠬᠤ ᠶᠢ ᠪᠡᠶᠡᠯᠡᠭᠦᠯᠪᠡ᠃ ᠠᠶᠤᠯᠭᠦᠢ ᠦᠢᠯᠡᠳᠪᠦᠷᠢᠯᠡᠯ ᠤᠨ ᠪᠠᠶᠢᠳᠠᠯ ᠶᠡᠷᠦᠩᠬᠡᠢ ᠳᠡᠭᠡᠨ ᠲᠣᠭᠲᠠᠭᠤᠨ ᠪᠠᠶᠢᠵᠤ᠂ | ᠢᠳᠡᠭᠡᠨ ᠤ ᠵᠦᠢᠯ ᠡᠮ ᠤᠨ ᠵᠦᠢᠯ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ᠂ ᠦᠶᠡᠷ ᠢ ᠰᠡᠷᠭᠡᠶᠢᠯᠡᠨ | ᠭᠠᠩ ᠲᠠᠢ ᠲᠡᠮᠡᠴᠡᠬᠦ᠂ ᠵᠠᠮ ᠬᠠᠷᠢᠯᠴᠠᠭᠠᠨ ᠤ ᠠᠮᠤᠷ ᠲᠦᠪᠰᠢᠨ᠂ ᠨᠤᠲᠤᠭ ᠪᠡᠯᠴᠢᠭᠡᠷ ᠤᠨ ᠭᠠᠯ ᠲᠦᠢᠮᠡᠷ ᠢ | ᠰᠡᠷᠭᠡᠶᠢᠯᠡᠬᠦ ᠠᠵᠢᠯ ᠢᠯᠡᠳᠲᠡ ᠦᠷ᠎ᠡ ᠪᠦᠲᠦᠮᠵᠢ ᠣᠯᠵᠤ᠂ ᠨᠡᠶᠢᠭᠡᠮ ᠤᠨ ᠶᠡᠭᠡ ᠲᠠᠯ᠎ᠠ ᠶᠢᠨ ᠡᠶ᠎ᠡ ᠵᠣᠬᠢᠴᠠᠯ ᠲᠠᠢ | ᠲᠣᠭᠲᠠᠭᠤᠨ ᠪᠠᠶᠢᠬᠤ ᠶᠢ ᠪᠦᠬᠦ ᠲᠠᠯ᠎ᠠ ᠪᠠᠷ ᠪᠠᠲᠤᠯᠠᠪᠠ᠃ | ᠨᠢᠭᠡ ᠵᠢᠯ ᠤᠨ ᠲᠣᠷᠰᠢ᠂ ᠪᠢᠳᠡ ᠲᠡᠷᠢᠭᠦᠨ ᠤ ᠬᠢ ᠶᠢ ᠲᠡᠮᠡᠴᠡᠨ ᠰᠢᠯᠢᠳᠡᠭ ᠢ ᠡᠭᠦᠳᠬᠦ ᠶᠢ ᠪᠠᠷᠢᠮᠲᠠᠯᠠᠨ᠂ | ᠰᠠᠭᠤᠷᠢ ᠪᠠᠨ ᠪᠠᠲᠣᠳᠬᠠᠵᠣ᠂ ᠳᠡᠭᠡᠭᠰᠢᠯᠡᠯᠲᠡ ᠶᠢ ᠠᠬᠢᠭᠤᠯᠣᠨ᠂ ᠳᠠᠪᠠᠭᠤᠯᠢᠭ ᠢᠶᠠᠨ ᠪᠠᠲᠣᠵᠢᠭᠤᠯᠵᠣ᠂ ︽ᠵᠢᠱᠢᠶᠡᠴᠢ | ᠥᠪᠡᠷᠲᠡᠭᠡᠨ ᠵᠠᠰᠠᠬᠤ ᠣᠷᠣᠨ︾ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠲᠠᠯ᠎ᠠ ᠪᠠᠷ ᠰᠢᠨ᠎ᠡ ᠠᠮᠵᠢᠯᠲᠠ ᠣᠯᠪᠠ | ᠃ ᠰᠢ ᠶᠢᠨ ᠫᠢᠩ ᠶᠡᠷᠦᠩᠬᠡᠢ ᠱᠦᠵᠢ ᠶᠢᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ | ᠴᠢᠬᠤᠯᠠ ᠦᠵᠡᠯ ᠰᠠᠨᠠᠭ᠎ᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠶᠠᠪᠤᠳᠠᠯ ᠢ ᠰᠢᠨ᠎ᠡ ᠴᠠᠭ | ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠪᠣᠯᠣᠨ ᠦᠨᠳᠦᠰᠦᠲᠡᠨ ᠤ ᠭᠠᠵᠠᠷ ᠣᠷᠣᠨ ᠤ ᠡᠯ᠎ᠡ ᠵᠦᠢᠯ ᠤᠨ | ᠠᠵᠢᠯ ᠤᠨ ᠭᠤᠣᠯ ᠰᠢᠵᠢᠮ ᠪᠣᠯᠭᠠᠬᠤ ᠶᠢ ᠪᠠᠷᠢᠮᠲᠠᠯᠠᠨ᠂ ᠦᠨᠳᠦᠰᠦᠲᠡᠨ ᠤ ᠲᠥᠷᠥ ᠶᠢᠨ ᠪᠣᠳᠣᠯᠭ᠎ᠠ ᠬᠠᠤᠯᠢ | ᠲᠣᠭᠲᠠᠭᠠᠯ ᠤᠨ ᠤᠬᠠᠭᠤᠯᠭ᠎ᠠ ᠬᠥᠮᠦᠵᠢᠯ ᠢ ᠦᠷᠭᠦᠯᠵᠢᠯᠡᠨ ᠴᠢᠩᠭᠠᠳᠬᠠᠵᠤ᠂ ︽ᠨᠢᠭᠡ ᠭᠠᠷᠠᠭ ᠬᠤᠶᠠᠷ ᠰᠠᠷ᠎ᠠ︾ | ᠶᠢᠨ ᠤᠬᠠᠭᠤᠯᠭ᠎ᠠ ᠪᠠ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢ ᠡᠭᠦᠳᠦᠨ ᠪᠠᠶᠢᠭᠤᠯᠬᠤ ︽ᠨᠠᠢᠮᠠ ᠳᠤ | ᠣᠷᠣᠬᠤ︾ ᠠᠵᠢᠯᠯᠠᠭ᠎ᠠ ᠶᠢ ᠶᠡᠭᠡ ᠪᠠᠷ ᠦᠷᠨᠢᠬᠦᠯᠦᠨ᠂ ᠦᠨᠳᠦᠰᠦᠲᠡᠨ ᠤ ᠵᠠᠰᠠᠯᠲᠠ ᠶᠢᠨ ᠰᠢᠰᠲ᠋ᠧᠮ ᠪᠠ | ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢ ᠡᠷᠴᠢᠮ ᠲᠠᠢ ᠲᠦᠯᠬᠢᠨ ᠠᠬᠢᠭᠤᠯᠵᠤ᠂ ᠱᠠᠰᠢᠨ ᠰᠣᠷᠲᠠᠬᠤᠨ ᠤ | ᠬᠡᠷᠡᠭ ᠶᠠᠪᠤᠳᠠᠯ ᠢ ᠬᠠᠤᠯᠢ ᠶᠣᠰᠣᠭᠠᠷ ᠵᠠᠰᠠᠨ᠂ ᠭᠤᠣᠯ ᠰᠡᠳᠦᠪᠲᠦ ᠤᠬᠠᠭᠤᠯᠭ᠎ᠠ ᠲᠠᠶᠢᠯᠪᠤᠷᠢᠯᠠᠯᠲᠠ ᠶᠢ 600 | ᠭᠠᠷᠤᠢ ᠤᠳᠠᠭ᠎ᠠ ᠥᠷᠨᠢᠭᠦᠯᠵᠦ᠂ ︽ᠭᠤᠷᠪᠠᠨ ᠰᠠᠯᠵᠤ ᠴᠢᠳᠠᠬᠤ ᠦᠭᠡᠢ︾᠂ ︽ᠲᠠᠪᠣᠨ ᠬᠠᠮᠲᠤ ᠶᠢᠨ ᠲᠠᠨᠢᠯᠲᠠ︾ | ᠶᠢᠨ ᠦᠵᠡᠯ ᠰᠠᠨᠠᠭ᠎ᠠ ᠶᠢ ᠬᠥᠮᠥᠰ ᠤᠨ ᠰᠡᠳᠬᠢᠯ ᠳᠤ ᠭᠦᠨ ᠬᠠᠳᠠᠩᠰᠢᠭᠤᠯᠪᠠ᠃ ᠦᠨᠳᠦᠰᠦᠲᠡᠨ ᠤ ᠪᠦᠯᠬᠦᠮᠳᠡᠯ | ᠳᠠᠪᠰᠢᠯᠲᠠ ᠶᠢᠨ ᠵᠢᠱᠢᠶᠡᠴᠢ ᠬᠤᠩᠭᠢᠯ ᠢ ᠪᠠᠶᠢᠭᠤᠯᠬᠤ ᠵᠢᠴᠢ ︽ᠨᠢᠭᠡ ᠰᠤᠮᠤ ᠪᠠᠯᠭᠠᠰᠤ ᠨᠢᠭᠡ ᠨᠠᠷᠠᠲᠤ ᠲᠡᠮᠳᠡᠭᠲᠦ︾ | ᠶᠢᠨ ᠪᠦᠲᠦᠭᠡᠨ ᠪᠠᠶᠢᠭᠤᠯᠤᠯᠲᠠ ᠦᠷ᠎ᠡ ᠪᠦᠲᠦᠮᠵᠢ ᠣᠯᠵᠤ᠂ ︽ᠠᠨᠠᠷ ᠤᠨ ᠦᠷ᠎ᠡ ᠰᠢᠭ ᠨᠢᠭᠲᠠᠷᠠᠨ ᠪᠦᠯᠬᠦᠮᠳᠡᠬᠦ︾ | ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠬᠢᠯᠢ ᠬᠢᠵᠠᠭᠠᠷ ᠣᠷᠣᠨ ᠳᠤ ᠰᠠᠭᠤᠷᠢᠰᠢᠬᠤ ᠵᠡᠷᠭᠡ ᠭᠠᠵᠠᠷ ᠣᠷᠣᠨ | ᠠᠯᠤᠰᠯᠠᠭᠰᠠᠨ ᠰᠣᠯᠢᠯᠴᠠᠭᠠᠨ ᠤ ᠠᠵᠢᠯᠯᠠᠭ᠎ᠠ ᠮᠠᠰᠢ ᠰᠠᠶᠢᠨ ᠲᠤᠰᠬᠠᠯ ᠲᠠᠢ ᠪᠠᠶᠢᠵᠤ᠂ ᠳᠤᠮᠳᠠᠳᠤ ᠤᠯᠤᠰ ᠤᠨ | ᠦᠨᠳᠦᠰᠦᠲᠡᠨ ᠤ ᠰᠦᠯᠵᠢᠶ᠎ᠡ ᠳᠤ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ | ᠪᠠᠲᠤᠳᠬᠠᠬᠤ ᠵᠡᠭᠦᠨ ᠦᠵᠦᠮᠦᠴᠢᠨ ᠬᠤᠰᠢᠭᠤᠨ ᠤ ᠦᠢᠯᠡᠳᠦᠯᠭᠡ︾ ᠲᠤᠰᠬᠠᠢ ᠪᠤᠯᠤᠩ ᠢ ᠨᠡᠭᠡᠭᠡᠵᠦ᠂ | ᠦᠨᠳᠦᠰᠦᠲᠡᠨ ᠤ ᠪᠦᠯᠬᠦᠮᠳᠡᠯ ᠢ ᠬᠠᠮᠲᠤ ᠪᠠᠷ ᠡᠭᠦᠳᠦᠨ ᠪᠠᠶᠢᠭᠤᠯᠬᠤ ᠪᠠᠶᠢᠷᠢᠰᠢᠯ ᠢ ᠭᠦᠨᠵᠡᠭᠡᠶᠢᠷᠡᠭᠦᠯᠪᠡ᠃ ︽ | ᠥᠪᠡᠷᠲᠡᠭᠡᠨ ᠵᠠᠰᠠᠬᠤ ᠣᠷᠣᠨ ᠤ ᠲᠠᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ | ᠬᠤᠰᠢᠭᠤ︾ ᠪᠠᠷ ᠳᠠᠬᠢᠨ ᠬᠢᠨᠠᠭᠤᠯᠵᠤ ᠵᠥᠪᠰᠢᠶᠡᠷᠡᠭᠦᠯᠬᠦ ᠪᠠᠷ ᠴᠢᠷᠮᠠᠶᠢᠨ᠂ 16 ᠵᠢᠯ ᠳᠠᠷᠠᠭᠠᠯᠠᠨ ᠣᠷᠣᠨ ᠤ ᠲᠠᠰ ᠤᠨ | ᠢᠷᠠᠭᠤ ᠠᠯᠳᠠᠷ ᠢ ᠬᠦᠷᠲᠡᠬᠦ ᠪᠣᠯᠣᠮᠵᠢ ᠲᠠᠢ ᠪᠠᠶᠢᠨ᠎ᠠ᠃ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠭᠤᠣᠯ | ᠰᠡᠳᠦᠪᠲᠦ ᠲᠠᠯᠠᠪᠠᠶ᠂ ᠡᠵᠢᠨᠠᠭᠤᠷ ᠪᠠᠯᠭᠠᠰᠤᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠬᠥᠮᠦᠵᠢᠯ ᠤᠨ | ᠰᠠᠭᠤᠷᠢᠨ ᠵᠡᠷᠭᠡ ᠨᠢᠭᠡ ᠪᠦᠯᠦᠭ ᠰᠠᠭᠤᠷᠢᠨ ᠭᠠᠵᠠᠷ ᠢ ᠳᠡᠰ ᠳᠡᠪᠰᠢᠭᠦᠯᠵᠦ᠂ ᠳᠤᠮᠳᠠᠳᠤ ᠶᠢᠨ ᠦᠨᠳᠦᠰᠦᠲᠡᠨ ᠤ | ᠬᠠᠮᠲᠤ ᠶᠢᠨ ᠴᠣᠭᠴᠠ ᠶᠢᠨ ᠦᠵᠡᠯ ᠤᠬᠠᠮᠰᠠᠷ ᠤᠨ ᠨᠡᠶᠢᠭᠡᠮ ᠤᠨ ᠵᠣᠬᠢᠶᠠᠨ ᠪᠠᠶᠢᠭᠤᠯᠤᠯᠲᠠ ᠪᠠ ᠰᠣᠳᠣᠯᠭᠠᠨ ᠤ | ᠰᠠᠭᠤᠷᠢᠨ ᠭᠠᠵᠠᠷ ᠢ ᠠᠮᠵᠢᠯᠲᠠ ᠲᠠᠢ ᠪᠠᠷ ᠪᠠᠶᠢᠭᠤᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | ᠴᠣᠭᠴᠠ ᠶᠢᠨ ᠦᠵᠡᠯ ᠤᠬᠠᠮᠰᠠᠷ ᠢ ᠪᠠᠬᠢᠵᠢᠬᠦᠯᠬᠦ ᠠᠵᠢᠯ ᠢ ᠦᠨᠳᠦᠰᠦᠨ ᠱᠠᠲᠣᠨ ᠳᠤ ᠥᠷᠭᠡᠳᠬᠡᠵᠤ᠂ ᠭᠠᠴᠠᠭ᠎ᠠ ︵ | ᠨᠡᠶᠢᠭᠡᠮ ᠲᠣᠭᠤᠷᠢᠭ︶᠂ ᠰᠣᠮᠣ ᠪᠠᠯᠭᠠᠰᠤ᠂ ᠬᠤᠰᠢᠭᠤ ᠪᠦᠬᠦᠨ ᠢ ᠬᠠᠮᠣᠷᠠᠭᠰᠠᠨ ᠡᠭᠦᠳᠦᠨ ᠪᠠᠶᠢᠭᠤᠯᠬᠤ ᠠᠵᠢᠯ ᠤᠨ | ᠪᠠᠶᠢᠷᠢᠰᠢᠯ ᠢ ᠪᠦᠷᠢᠯᠳᠦᠭᠦᠯᠪᠡ᠃ | ᠨᠢᠭᠡ ᠵᠢᠯ ᠤᠨ ᠲᠣᠷᠰᠢ᠂ ᠪᠢᠳᠡ ᠲᠦᠪ ᠶᠣᠰᠣ ᠶᠢ ᠰᠠᠬᠢᠨ ᠰᠢᠨ᠎ᠡ ᠶᠢ ᠡᠭᠦᠳᠬᠦ ᠶᠢ ᠪᠠᠷᠢᠮᠲᠠᠯᠠᠨ᠂ ᠨᠠᠮᠴᠢ | ᠴᠢᠨᠠᠷ ᠢ ᠴᠢᠩᠭᠠᠳᠬᠠᠵᠣ᠂ ᠰᠢᠨ᠎ᠡ ᠬᠡᠪ ᠰᠤᠷᠲᠠᠯ ᠢ ᠪᠣᠶ ᠪᠣᠯᠭᠠᠨ᠂ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠵᠦ᠂ | ᠪᠥᠬᠦ ᠬᠤᠰᠢᠭᠤᠨ ᠤ ᠠᠵᠤ ᠠᠬᠤᠢ ᠨᠡᠶᠢᠭᠡᠮ ᠤᠨ ᠬᠥᠭᠵᠢᠯᠲᠡ ᠳᠤ ᠦᠢᠯᠡᠴᠢᠯᠡᠬᠦ ᠲᠠᠯ᠎ᠠ ᠪᠠᠷ ᠰᠢᠨ᠎ᠡ ᠵᠢᠳᠬᠦᠯ | ᠴᠢᠷᠮᠠᠶᠢᠯᠭ᠎ᠠ ᠭᠠᠷᠭᠠᠪᠠ᠃ ᠢᠮᠠᠭᠲᠠ ᠲᠤᠭ ᠲᠡᠮᠳᠡᠭ ᠲᠣᠳᠣᠷᠬᠠᠢ ᠪᠠᠷ ᠤᠯᠤᠰ ᠲᠦᠷᠦ ᠶᠢ ᠡᠷᠬᠢᠮᠯᠡᠵᠦ᠂ ︽ᠬᠤᠶᠠᠷ ᠢ | ᠲᠤᠭᠲᠠᠭᠠᠭᠰᠠᠨ︾ ᠤ ᠰᠢᠢᠳᠪᠦᠷᠢᠯᠡᠭᠴᠢ ᠴᠢᠨᠠᠷᠲᠠᠢ ᠠᠴᠢ ᠬᠤᠯᠪᠣᠭᠳᠠᠯ ᠢ ᠭᠦᠨᠵᠡᠭᠡᠢ ᠣᠶᠢᠯᠠᠭᠠᠵᠤ᠂ ᠰᠢ ᠶᠢᠨ ᠫᠢᠩ | ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ | ᠰᠤᠷᠤᠯᠴᠠᠨ ᠲᠤᠤᠱᠯᠠᠭᠤᠯᠬᠤ ᠭᠤᠣᠯ ᠰᠡᠳᠦᠪᠲᠦ ᠬᠥᠮᠦᠵᠢᠯ ᠢ ᠯᠠᠪᠳᠠᠭᠤᠨ ᠪᠠᠲᠤᠲᠠᠢ ᠥᠷᠨᠢᠭᠦᠯᠵᠦ᠂ ︽ᠬᠤᠶᠠᠷ ᠢ | ᠲᠤᠭᠲᠠᠭᠠᠭᠰᠠᠨ︾ ᠢ ᠦᠨᠡᠨᠴᠢ ᠰᠢᠳᠤᠷᠭᠤ ᠪᠠᠷ ᠬᠦᠷᠢᠶᠡᠯᠡᠵᠦ᠂ ︽ᠬᠤᠶᠠᠷ ᠢ ᠬᠠᠮᠠᠭᠠᠯᠠᠬᠤ︾ ᠶᠢ ᠡᠷᠡᠰ | ᠪᠡᠶᠡᠯᠡᠭᠦᠯᠵᠦ᠂ ᠤᠯᠠᠨ ᠲᠦᠮᠡᠨ ᠤ ᠪᠠᠴᠢᠮ ᠰᠢᠢᠳᠪᠦᠷᠢᠯᠡᠬᠦ ᠴᠢᠬᠤᠯᠠᠲᠠᠢ ᠪᠠᠶᠢᠭ᠎ᠠ ᠠᠰᠠᠭᠤᠳᠠᠯ ᠢ ᠬᠦᠴᠦᠯᠡᠨ | ᠰᠢᠢᠳᠪᠦᠷᠢᠯᠡᠵᠦ᠂ ᠲᠥᠯᠥᠭᠡᠯᠡᠭᠴᠢ ᠠᠴᠠ ᠫᠢᠶᠣᠣ ᠥᠭᠴᠥ ᠲᠣᠭᠲᠠᠭᠠᠭᠰᠠᠨ 5 ᠵᠦᠢᠯ ᠤᠨ ᠠᠷᠠᠳ ᠤᠨ | ᠠᠮᠢᠳᠤᠷᠠᠯ ᠤᠨ ᠪᠣᠳᠠᠲᠤ ᠶᠠᠪᠤᠳᠠᠯ ᠤᠨ ᠲᠦᠷᠦᠯ ᠵᠦᠢᠯ ᠢ ᠠᠮᠵᠢᠯᠲᠠ ᠲᠠᠢ ᠪᠡᠶᠡᠯᠡᠭᠦᠯᠪᠡ᠃ ᠬᠠᠤᠯᠢ ᠶᠣᠰᠣᠭᠠᠷ ᠵᠠᠰᠠᠭ | ᠶᠠᠪᠤᠭᠤᠯᠬᠤ ᠶᠢ ᠢᠮᠠᠭᠲᠠ ᠪᠠᠷᠢᠮᠲᠠᠯᠠᠵᠤ᠂ ︽ᠭᠤᠷᠪᠠᠨ ᠴᠢᠬᠤᠯᠠ ᠨᠢᠭᠡ ᠲᠤᠮᠤ︾ ᠬᠡᠷᠡᠭ ᠶᠠᠪᠤᠳᠠᠯ ᠳᠤ ᠬᠠᠮᠲᠤᠪᠡᠷ | ᠰᠢᠢᠳᠪᠦᠷᠢ ᠲᠣᠭᠲᠠᠭᠠᠬᠤ ᠳᠦᠷᠢᠮ ᠢ ᠬᠢᠨᠠᠮᠠᠭᠠᠢ ᠬᠡᠷᠡᠭᠵᠢᠭᠦᠯᠵᠦ᠂ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠬᠢᠨᠠᠯᠲᠠ ᠲᠠᠯᠪᠢᠬᠤ ᠶᠢ ᠬᠠᠤᠯᠢ ᠶᠤᠰᠤᠭᠠᠷ ᠬᠦᠯᠢᠶᠡᠨ᠂ ᠤᠯᠤᠰ ᠲᠦᠷᠦ ᠶᠢᠨ ᠵᠥᠪᠯᠡᠯᠭᠡᠨ ᠤ | ᠠᠷᠠᠳᠴᠢᠯᠠᠯ ᠢᠶᠠᠷ ᠬᠢᠨᠠᠯᠲᠠ ᠳᠠᠯᠪᠢᠬᠤ ᠶᠢ ᠰᠠᠨᠠᠭᠠᠴᠢᠯᠠᠭ᠎ᠠ ᠠᠴᠠ ᠪᠠᠨ ᠬᠦᠯᠢᠶᠡᠨ᠂ ᠨᠡᠶᠢᠭᠡᠮ ᠤᠨ ᠡᠯ᠎ᠡ ᠡᠲᠡᠭᠡᠳ ᠪᠠ | ᠶᠠᠷᠢᠶ᠎ᠠ ᠬᠡᠯᠡᠯᠴᠡᠬᠡᠨ ᠤ ᠬᠢᠨᠠᠯᠲᠠ ᠲᠠᠯᠪᠢᠬᠤ ᠶᠢ ᠣᠬᠠᠮᠰᠠᠷ ᠠᠴᠠ ᠪᠠᠨ ᠬᠦᠯᠢᠶᠡᠵᠦ᠂ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠤᠨ ᠰᠠᠨᠠᠯ ᠵᠥᠪᠯᠡᠯᠭᠡ ᠶᠢ 57 ᠬᠤᠪᠢ᠂ ᠤᠯᠤᠰ | ᠲᠦᠷᠦ ᠶᠢᠨ ᠵᠥᠪᠯᠡᠯᠭᠡᠨ ᠤ ᠰᠠᠨᠠᠯ ᠳᠤᠷᠠᠳᠤᠯᠭ᠎ᠠ ᠶᠢ 68 ᠬᠤᠪᠢ ᠭᠦᠢᠴᠡᠳᠭᠡᠨ᠂ ᠭᠦᠢᠴᠡᠳᠭᠡᠭᠰᠡᠨ ᠨᠤᠷᠮ᠎ᠠ | 100% ᠳᠤ ᠬᠦᠷᠪᠡ᠃ ᠲᠥᠪ ᠤᠨ ᠨᠠᠢᠮᠠᠨ ᠵᠣᠷᠪᠤᠰ ᠲᠣᠭᠲᠠᠭᠠᠯ ᠵᠢᠴᠢ ᠨᠠᠷᠢᠨ ᠳᠦᠷᠢᠮ ᠤᠨ ᠵᠣᠷᠢᠭ ᠰᠠᠨᠠᠭ᠎ᠠ ᠶᠢ | ᠴᠢᠩᠭ᠎ᠠ ᠨᠠᠶᠢᠳᠠᠪᠤᠷᠢᠵᠢᠭᠤᠯᠵᠤ᠂ ᠪᠡᠶ᠎ᠡ ᠪᠠᠷ ᠢᠶᠠᠨ ᠲᠦᠷᠦᠭᠦᠯᠡᠨ ᠠᠷᠪᠢᠯᠠᠨ ᠭᠠᠮᠨᠠᠵᠦ᠂ ︽ᠭᠤᠷᠪᠠᠨ ᠵᠦᠢᠯ ᠤᠨ | ᠠᠯᠪᠠᠨ ᠤ ᠵᠠᠷᠤᠳᠠᠯ︾ ᠢ 40% ᠪᠠᠷ ᠪᠠᠭᠠᠰᠬᠠᠪᠠ᠃ ᠵᠠᠰᠠᠭ ᠤᠨ ᠣᠷᠳᠣᠨ ᠤ ᠰᠢᠰᠲ᠋ᠧᠮ ᠤᠨ ᠨᠠᠮ ᠤᠨ ᠰᠤᠷᠲᠠᠯ | ᠴᠢᠬᠡᠴᠢ ᠵᠠᠰᠠᠭ ᠤᠨ ᠪᠠᠶᠢᠭᠤᠯᠤᠯᠲᠠ ᠪᠣᠯᠣᠨ ᠢᠯᠵᠠᠷᠠᠯ ᠢ ᠡᠰᠡᠷᠭᠦᠴᠡᠬᠦ ᠲᠡᠮᠡᠴᠡᠯ ᠢ ᠭᠦᠨᠵᠡᠭᠡᠢ ᠲᠦᠯᠬᠢᠨ ᠠᠬᠢᠭᠤᠯᠵᠤ | ᠂ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠪᠡᠶᠡᠴᠢ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ | ᠨᠠᠶᠢᠳᠠᠪᠤᠷᠢᠵᠢᠭᠤᠯᠵᠤ᠂ ᠰᠤᠷᠲᠠᠯ ᠴᠢᠬᠡᠴᠢ ᠣᠪᠣᠷ ᠲᠥᠪ ᠤᠯᠤᠰ ᠲᠦᠷᠦ ᠶᠢᠨ ᠠᠮᠢ ᠠᠬᠤᠢ ᠶᠢ ᠪᠠᠬᠢᠵᠢᠭᠦᠯᠪᠡ᠃ | ᠠᠵᠢᠯᠴᠢᠨ ᠤ ᠡᠪᠯᠡᠯ᠂ ᠡᠪᠯᠡᠯ ᠤᠨ ᠬᠤᠷᠢᠶ᠎ᠠ᠂ ᠡᠮᠡᠭᠲᠡᠶᠢᠴᠦᠳ ᠤᠨ ᠬᠤᠯᠪᠣᠭ᠎ᠠ᠂ ᠠᠵᠤ ᠦᠢᠯᠡᠳᠪᠦᠷᠢ | ᠬᠤᠳᠠᠯᠳᠤᠭᠠᠨ ᠤ ᠬᠤᠯᠪᠣᠭ᠎ᠠ᠂ ᠵᠡᠮᠳᠡᠭᠴᠦᠳ ᠤᠨ ᠬᠤᠯᠪᠣᠭ᠎ᠠ᠂ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ᠂ | ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠵᠡᠷᠭᠡ ᠣᠯᠠᠨ ᠲᠦᠮᠡᠨᠴᠢ ᠪᠦᠯᠬᠦᠮ ᠤᠨ ᠵᠣᠬᠢᠶᠠᠨ ᠪᠠᠶᠢᠭᠤᠯᠤᠯᠲᠠ ᠶᠢᠨ | ᠠᠵᠢᠯ ᠢᠶᠠᠨ ᠥᠷᠨᠢᠭᠦᠯᠬᠦ ᠶᠢ ᠢᠳᠡᠪᠬᠢᠲᠡᠢ ᠳᠡᠮᠵᠢᠵᠦ᠂ ᠬᠤᠶᠠᠷ ᠢ ᠬᠦᠷᠢᠶᠡᠯᠡᠨ ᠬᠠᠷᠠᠭᠠᠯᠵᠠᠬᠤ ᠠᠵᠢᠯᠯᠠᠭ᠎ᠠ ᠶᠢ | ᠭᠦᠨᠵᠡᠭᠡᠢ ᠥᠷᠨᠢᠭᠦᠯᠦᠨ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠪᠡᠯᠡᠳᠬᠡᠯ ᠬᠦᠴᠦᠨ ᠢ ᠴᠢᠩᠭᠠᠳᠬᠠᠵᠤ᠂ | ᠠᠷᠠᠳ ᠤᠨ ᠠᠭᠠᠷ ᠤᠨ ᠰᠡᠷᠭᠡᠶᠢᠯᠡᠯᠲᠡ᠂ ᠭᠠᠳᠠᠭᠠᠳᠤ ᠶᠠᠪᠤᠳᠠᠯ᠂ ᠲᠠᠩᠰᠠ ᠡᠪᠬᠡᠮᠡᠯ᠂ ᠴᠠᠭ ᠠᠭᠤᠷ᠂ ᠨᠢᠭᠤᠴᠠ ᠶᠢ | ᠬᠠᠮᠠᠭᠠᠯᠠᠬᠤ ᠵᠡᠷᠭᠡ ᠠᠵᠢᠯ ᠳᠤ ᠰᠢᠨ᠎ᠡ ᠠᠮᠵᠢᠯᠲᠠ ᠪᠦᠲᠦᠮᠵᠢ ᠣᠯᠪᠠ᠃ | ᠲᠥᠯᠥᠭᠡᠯᠡᠭᠴᠢᠳ ᠠ᠋︕ ᠥᠩᠭᠡᠷᠡᠭᠰᠡᠨ ᠨᠢᠭᠡ ᠵᠢᠯ ᠢᠶᠠᠨ ᠡᠷᠭᠢᠴᠡᠭᠦᠯᠬᠦᠶ᠎ᠡ᠂ ᠪᠢᠳᠡ ᠴᠦᠬᠦᠷᠡᠰᠢ ᠦᠭᠡᠢ | ᠴᠢᠷᠮᠠᠶᠢᠨ ᠴᠤᠴᠠᠯᠲᠠ ᠦᠭᠡᠢ ᠤᠷᠤᠭᠰᠢᠯᠠᠵᠤ᠂ ᠬᠦᠴᠢᠷ ᠪᠡᠷᠬᠡᠰᠢᠶᠡᠯ ᠢ ᠲᠣᠭᠤᠯᠣᠨ ᠠᠮᠵᠢᠯᠲᠠ ᠪᠦᠲᠦᠮᠵᠢ | ᠣᠯᠣᠭᠰᠠᠨ ᠪᠠᠶᠢᠨ᠎ᠠ᠃ ᠡᠲᠡᠭᠡᠷ ᠠᠮᠵᠢᠯᠲᠠ ᠶᠢ ᠤᠯᠤᠭᠰᠠᠨ ᠨᠢ᠂ ᠰᠢ ᠶᠢᠨ ᠫᠢᠩ ᠨᠥᠬᠦᠷ ᠢᠶᠠᠷ ᠭᠤᠣᠯ ᠪᠤᠯᠭᠠᠭᠰᠠᠨ | ᠨᠠᠮ ᠤᠨ ᠲᠥᠪ ᠬᠤᠷᠢᠶ᠎ᠠ ᠶᠢᠨ ᠵᠢᠭᠠᠨ ᠵᠢᠯᠤᠭᠤᠳᠤᠯᠭ᠎ᠠ᠂ ᠬᠤᠰᠢᠭᠤ ᠨᠠᠮ ᠤᠨ ᠬᠤᠷᠢᠶ᠎ᠠ ᠶᠢᠨ ᠪᠠᠲᠤ ᠴᠢᠩᠭ᠎ᠠ | ᠣᠳᠣᠷᠢᠳᠣᠨ ᠰᠢᠨᠵᠢᠯᠡᠬᠦ ᠤᠬᠠᠭᠠᠨᠴᠢ ᠪᠠᠷ ᠰᠢᠢᠳᠪᠦᠷᠢᠲᠦ ᠪᠣᠳᠣᠯᠭ᠎ᠠ ᠲᠤᠭᠲᠠᠭᠠᠭᠰᠠᠨ ᠤ ᠦᠷ᠎ᠡ ᠳ᠋ᠦᠩ᠂ ᠬᠤᠰᠢᠭᠤ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠤᠯᠤᠰ ᠲᠥᠷᠥ ᠶᠢᠨ ᠵᠥᠪᠯᠡᠯᠭᠡᠨ ᠤ ᠬᠠᠯᠠᠮᠵᠢᠯᠠᠨ ᠲᠡᠮᠵᠢᠵᠦ | ᠪᠦᠲᠦᠮᠵᠢᠲᠡᠢ ᠬᠢᠨᠠᠯᠲᠠ ᠲᠠᠯᠪᠢᠭᠰᠠᠨ ᠤ ᠦᠷ᠎ᠡ ᠳ᠋ᠦᠩ᠂ ᠨᠠᠩ ᠴᠤ ᠪᠥᠬᠦ ᠬᠤᠰᠢᠭᠤᠨ ᠤ | ᠦᠨᠳᠦᠰᠦᠲᠡᠨ ᠨᠦᠭᠦᠳ ᠤᠨ 7.06 ᠲᠦᠮᠡᠨ ᠺᠠᠳ᠋ᠷ ᠣᠯᠠᠨ ᠲᠦᠮᠡᠨ ᠤ ᠪᠦᠯᠬᠦᠮᠳᠡᠨ ᠲᠡᠮᠡᠴᠡᠵᠦ ᠰᠢᠷᠭᠠᠭᠤ | ᠠᠵᠢᠯᠯᠠᠭᠰᠠᠨ ᠤ ᠦᠷ᠎ᠡ ᠳ᠋ᠦᠩ ᠪᠣᠯᠣᠨ᠎ᠠ᠃ ᠠᠳᠡ ᠪᠢ ᠬᠤᠰᠢᠭᠤ ᠠᠷᠠᠳ ᠤᠨ ᠵᠠᠰᠠᠭ ᠤᠨ ᠣᠷᠳᠣᠨ ᠢ | ᠲᠦᠯᠦᠭᠡᠯᠡᠨ᠂ ᠵᠡᠭᠦᠨ ᠦᠵᠦᠮᠦᠴᠢᠨ ᠬᠤᠰᠢᠭᠤᠨ ᠤ ᠥᠭᠡᠷᠡᠴᠢᠯᠡᠯᠲᠡ ᠬᠥᠭᠵᠢᠯᠲᠡ ᠳᠤ ᠬᠦᠴᠦᠨ ᠴᠢᠳᠠᠯ ᠢᠶᠠᠨ | ᠡᠷᠭᠦᠭᠰᠡᠭᠡᠷ ᠢᠷᠡᠭᠰᠡᠨ ᠪᠦᠬᠦ ᠬᠤᠰᠢᠭᠤᠨ ᠤ ᠦᠨᠳᠦᠰᠦᠲᠡᠨ ᠨᠦᠭᠦᠳ ᠤᠨ ᠠᠷᠠᠳ ᠲᠦᠮᠡᠨ ᠪᠣᠯᠣᠨ ᠨᠡᠶᠢᠭᠡᠮ ᠤᠨ | ᠡᠯ᠎ᠡ ᠡᠲᠡᠭᠡᠳ ᠤᠨ ᠬᠢᠨ ᠳᠤ ᠴᠢᠩ ᠰᠡᠳᠬᠢᠯ ᠤᠨ ᠲᠠᠯᠠᠷᠬᠠᠯ ᠪᠠ ᠡᠷᠬᠢᠮ ᠳᠡᠭᠡᠳᠦ ᠬᠦᠨᠳᠦᠳᠬᠡᠯ ᠢᠶᠠᠨ ᠳᠡᠪᠰᠢᠭᠦᠯᠵᠦ | ᠪᠠᠶᠢᠨ᠎ᠠ︕ | ᠪᠢᠳᠡ ᠠᠮᠵᠢᠯᠲᠠ ᠪᠦᠲᠦᠮᠵᠢ ᠪᠠᠨ ᠨᠣᠲᠠᠯᠠᠬᠤ ᠶᠢᠨ ᠬᠠᠮᠲᠣ᠂ ᠪᠥᠬᠦ ᠬᠤᠰᠢᠭᠤᠨ ᠤ ᠬᠥᠭᠵᠢᠯᠲᠡ ᠶᠢᠨ ᠬᠢᠷᠢ | ᠲᠦᠪᠰᠢᠨ ᠣᠷᠣᠨ ᠪᠠᠶᠢᠷᠢ ᠶᠢᠨ ᠡᠬᠢ ᠪᠠᠶᠠᠯᠢᠭ ᠤᠨ ᠳᠠᠪᠠᠭᠤᠯᠢᠭ ᠲᠠᠢ ᠬᠠᠷᠠᠬᠠᠨ ᠲᠣᠬᠢᠷᠠᠯᠴᠠᠭ᠎ᠠ ᠦᠭᠡᠢ᠂ ᠥᠨᠳᠥᠷ | ᠨᠡᠮᠡᠯᠲᠡ ᠥᠷᠲᠡᠭᠲᠦ ᠠᠵᠤ ᠦᠢᠯᠡᠰ ᠤᠨ ᠬᠡᠯᠬᠢᠶᠡᠰᠦ ᠬᠠᠷᠠᠬᠠᠨ ᠲᠡᠭᠦᠯᠳᠡᠷᠵᠢᠭᠡᠳᠦᠢ᠂ ︽ᠠᠵᠤ ᠠᠬᠤᠢ ᠳᠤ | ᠦᠢᠯᠡᠴᠢᠯᠡᠬᠦ ᠵᠠᠮ︾ ᠠᠴᠠ ︽ᠵᠠᠮ ᠳᠠᠭᠠᠣ ᠬᠦᠭᠵᠢᠭᠰᠡᠨ ᠠᠵᠤ ᠠᠬᠤᠢ︾ ᠪᠣᠯᠭᠠᠨ ᠬᠤᠪᠢᠷᠠᠭᠤᠯᠵᠣ᠂ ︽ | ᠪᠣᠭᠤᠮᠲᠠ ᠪᠠᠷ ᠥᠩᠭᠡᠷᠡᠬᠦ ᠠᠵᠤ ᠠᠬᠤᠢ︾ ᠠᠴᠠ ︽ᠭᠠᠵᠠᠷ ᠤᠷᠣᠨ ᠳᠤ ᠰᠠᠭᠤᠷᠢᠰᠢᠭᠰᠠᠨ ᠠᠵᠤ ᠠᠬᠤᠢ︾ ᠲᠡᠰᠢ | ᠬᠤᠪᠢᠷᠠᠭᠤᠯᠬᠤ ᠶᠢ ᠲᠤᠶᠢᠯᠪᠤᠷᠢᠲᠠᠢ ᠪᠡᠶᠡᠯᠡᠭᠦᠯᠦᠭᠡᠳᠦᠢ︔ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠪᠠ | ᠨᠡᠶᠢᠭᠡᠮ ᠨᠠᠶᠢᠲᠡ ᠠᠷᠠᠳ ᠤᠨ ᠠᠮᠢᠳᠤᠷᠠᠯ ᠤᠨ ᠬᠦᠷᠢᠶᠡᠨ ᠳᠤ ᠪᠠᠰᠠ ᠴᠥᠭᠡᠨ ᠪᠤᠰᠤ ᠳᠤᠲᠠᠭᠤᠳᠠᠯ ᠣᠷᠣᠰᠢᠵᠤ᠂ | ᠨᠤᠲᠤᠭ ᠪᠡᠯᠴᠢᠭᠡᠷ ᠤᠨ ᠠᠮᠢ ᠠᠬᠤᠢ ᠶᠢ ᠬᠠᠮᠠᠭᠠᠯᠠᠨ ᠰᠡᠷᠭᠦᠭᠡᠬᠦ ᠠᠵᠢᠯ ᠤᠨ ᠡᠭᠦᠷᠭᠡ ᠬᠦᠨᠳᠦ ᠴᠢᠬᠤᠯᠠ ᠪᠠᠶᠢᠵᠤ᠂ | ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠶᠢᠨ ᠵᠥᠷᠢᠴᠡᠯ ᠮᠥᠨ ᠲᠣᠪᠣᠶᠢᠮ᠎ᠠ ᠪᠠᠶᠢᠬᠤ︔ ᠵᠠᠷᠢᠮ ᠺᠠᠳ᠋ᠷ ᠦᠵᠡᠯ | ᠰᠠᠨᠠᠭ᠎ᠠ ᠪᠠᠨ ᠴᠢᠯᠦᠭᠡᠯᠡᠬᠦ ᠲᠠᠯ᠎ᠠ ᠪᠠᠷ ᠬᠦᠷᠦᠯᠴᠡᠬᠦ ᠦᠭᠡᠢ᠂ ᠣᠪᠣᠷ ᠰᠤᠷᠲᠠᠯ ᠤᠨ ᠲᠠᠯ᠎ᠠ ᠪᠠᠷ ᠯᠠᠪᠳᠠᠭᠤᠨ ᠪᠠᠲᠣᠲᠠᠢ | ᠪᠢᠰᠢ ᠦᠵᠡᠭᠳᠡᠯ ᠪᠠᠰᠠ ᠠᠳᠠᠯᠢ ᠪᠤᠰᠤ ᠬᠡᠮᠵᠢᠶ᠎ᠡ ᠪᠠᠷ ᠣᠷᠣᠰᠢᠵᠤ ᠪᠠᠶᠢᠬᠤ ᠵᠡᠷᠭᠡ ᠠᠰᠠᠭᠤᠳᠠᠯ ᠢ ᠰᠡᠷᠭᠡᠭ ᠢᠶᠠᠷ | ᠣᠯᠵᠤ ᠬᠠᠷᠠᠬᠤ ᠬᠡᠷᠡᠭᠲᠡᠢ︔ ᠡᠳᠡᠭᠡᠷ ᠠᠰᠠᠭᠤᠳᠠᠯ ᠳᠤ ᠪᠢᠳᠡ ᠵᠥᠪ ᠢᠶᠠᠷ ᠬᠠᠨᠳᠤᠵᠤ᠂ ᠪᠦᠲᠦᠮᠵᠢᠲᠠᠢ ᠠᠷᠭ᠎ᠠ | ᠬᠡᠮᠵᠢᠶ᠎ᠡ ᠰᠦᠪᠡᠭᠴᠢᠯᠡᠨ ᠰᠢᠢᠳᠪᠦᠷᠢᠯᠡᠵᠦ᠂ ᠡᠯ᠎ᠡ ᠦᠨᠳᠦᠰᠦᠲᠡᠨ ᠤ ᠠᠷᠠᠳ ᠲᠦᠮᠡᠨ ᠤ ᠬᠦᠰᠡᠯ ᠨᠠᠶᠢᠳᠠᠯᠭ᠎ᠠ ᠶᠢ | ᠯᠠᠪᠲᠠᠢ ᠬᠦᠰᠡᠷᠳᠡᠬᠦᠯᠬᠦ ᠦᠭᠡᠢ᠃ | 2024 ᠣᠨ ᠤ ᠠᠵᠢᠯ ᠤᠨ ᠪᠠᠶᠢᠷᠢᠯᠠᠭᠤᠯᠤᠯᠲᠠ | 2024 ᠣᠨ ᠪᠣᠯ ᠣᠯᠣᠰ ᠪᠠᠶᠢᠭᠤᠯᠣᠭᠳᠠᠭᠰᠠᠨ 75 ᠵᠢᠯ ᠤᠨ ᠣᠢ᠂ ︽ᠠᠷᠪᠠᠨ ᠳᠥᠷᠪᠡᠳᠦᠭᠡᠷ ᠲᠠᠪᠤᠨ | ᠵᠢᠯ ᠤᠨ ᠲᠥᠯᠦᠪᠵᠢᠭᠦᠯᠭᠡ︾ ᠶᠢᠨ ᠬᠠᠷᠠᠯᠲᠠ ᠡᠭᠦᠷᠭᠡ ᠶᠢ ᠪᠡᠶᠡᠯᠡᠬᠦᠯᠬᠦ ᠵᠠᠩᠭᠢᠯᠠᠭ᠎ᠠ ᠶᠢᠨ ᠨᠢᠭᠡ ᠵᠢᠯ ᠪᠠᠶᠢᠵᠣ᠂ ᠪᠦᠬᠦ | ᠵᠢᠯ ᠤᠨ ᠠᠵᠢᠯ ᠢ ᠪᠡᠶᠡᠯᠡᠬᠦᠯᠬᠦ ᠡᠭᠦᠷᠭᠡ ᠬᠠᠷᠢᠭᠤᠴᠠᠯᠭ᠎ᠠ ᠮᠠᠰᠢ ᠬᠦᠨᠳᠦ᠂ ᠠᠴᠢ ᠬᠤᠯᠪᠣᠭᠳᠠᠯ ᠮᠠᠰᠢ ᠴᠢᠬᠤᠯᠠ᠃ | ᠣᠳᠣᠬᠠᠨ ᠳᠤ ᠪᠢᠳᠡ ᠶᠠᠭ ᠪᠠᠶᠢᠯᠳᠣᠬᠤ ᠪᠣᠳᠣᠯᠭ᠎ᠠ ᠶᠢᠨ ᠠᠵᠡ ᠲᠣᠬᠢᠶᠠᠯ᠂ ᠲᠦᠷᠦ ᠶᠢᠨ ᠪᠣᠳᠣᠯᠭ᠎ᠠ ᠶᠢᠨ | ᠬᠦᠴᠦᠲᠡᠢ ᠳᠡᠮᠵᠢᠯᠭᠡ᠂ ᠠᠵᠦ ᠦᠢᠯᠡᠰ ᠤᠨ ᠳᠡᠰ ᠳᠡᠪᠰᠢᠬᠦ᠂ ᠠᠵᠣ ᠠᠬᠤᠢ ᠨᠡᠶᠢᠭᠡᠮ ᠤᠨ ᠲᠣᠭᠲᠠᠭᠤᠨ | ᠬᠦᠭᠵᠢᠯᠲᠡ ᠶᠢᠨ ᠵᠠᠩᠬᠢᠯᠠᠭ᠎ᠠ ᠶᠢᠨ ᠴᠠᠭ ᠦᠶ᠎ᠡ ᠳᠤ ᠪᠠᠶᠢᠵᠣ᠂ ᠳᠡᠭᠡᠳᠣ ᠱᠠᠲᠣᠨ ᠤ ᠲᠦᠷᠦ ᠶᠢᠨ ᠪᠣᠳᠣᠯᠭ᠎ᠠ ᠶᠢᠨ | ᠲᠣᠭᠤᠷᠢᠨ ᠳᠤ᠂ ᠪᠣᠳᠠᠲᠤ ᠪᠠᠶᠢᠳᠠᠯ ᠢᠶᠠᠨ ᠦᠨᠳᠦᠰᠦᠯᠡᠨ ᠣᠢ ᠤᠬᠠᠭᠠᠨ ᠰᠦᠪᠡᠭᠴᠢᠯᠡᠵᠦ᠂ ᠠᠷᠭ᠎ᠠ ᠬᠡᠮᠵᠢᠶ᠎ᠡ | ᠲᠣᠭᠲᠠᠭᠠᠨ᠂ ᠰᠢᠷᠭᠠᠭᠤ ᠴᠢᠷᠮᠠᠶᠢᠨ ᠠᠵᠢᠯᠯᠠᠵᠤ᠂ ᠪᠣᠳᠠᠲᠠᠢ ᠠᠵᠢᠯ ᠤᠨ ᠦᠷ᠎ᠠ ᠪᠦᠲᠦᠮᠵᠢ ᠪᠠᠷ ᠢᠶᠠᠨ ᠪᠦᠬᠦ | ᠬᠤᠰᠢᠭᠤᠨ ᠤ ᠡᠯ᠎ᠡ ᠲᠦᠷᠦᠯ ᠤᠨ ᠠᠵᠢᠯ ᠦᠢᠯᠡᠰ ᠤᠨ ᠦᠷᠨᠢᠨ ᠬᠦᠭᠵᠢᠬᠦ ᠶᠢ ᠠᠬᠢᠭᠤᠯᠬᠤ ᠬᠡᠷᠡᠭᠲᠡᠢ᠃ | ᠡᠨᠡ ᠵᠢᠯ ᠤᠨ ᠵᠠᠰᠠᠭ ᠤᠨ ᠣᠷᠳᠣᠨ ᠤ ᠠᠵᠢᠯ ᠤᠨ ᠶᠡᠷᠦᠩᠬᠡᠢ ᠰᠡᠳᠬᠢᠴᠡ ᠪᠣᠯ᠄ ᠰᠢ ᠶᠢᠨ ᠫᠢᠩ ᠤᠨ ᠰᠢᠨ᠎ᠡ | ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ | ᠵᠢᠯᠣᠭᠤᠳᠤᠯᠭ᠎ᠠ ᠪᠣᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠪᠣᠯᠣᠨ ᠬᠤᠷᠢᠳᠤᠭᠠᠷ ᠬᠤᠭᠤᠴᠠᠭᠠᠨ ᠤ ᠲᠥᠪ | ᠬᠤᠷᠢᠶᠠᠨ ᠤ ᠬᠤᠶᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠣᠣᠱᠯᠠᠭᠤᠯᠤᠨ᠂ | ᠰᠢ ᠶᠢᠨ ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠤᠨ ᠠᠵᠢᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ | ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠳᠡᠭᠡᠷ᠎ᠡ ᠱᠠᠲᠤᠨ ᠤ ᠨᠠᠮ ᠤᠨ ᠬᠤᠷᠢᠶ᠎ᠠ᠂ ᠵᠠᠰᠠᠭ ᠤᠨ | ᠣᠷᠳᠣᠨ ᠪᠠ ᠬᠤᠰᠢᠭᠤ ᠨᠠᠮ ᠤᠨ ᠬᠤᠷᠢᠶ᠎ᠠ ᠶᠢᠨ ᠪᠠᠶᠢᠷᠢᠯᠠᠭᠤᠯᠤᠯᠲᠠ ᠱᠠᠭᠠᠷᠳᠠᠯᠭ᠎ᠠ ᠶᠣᠰᠣᠭᠠᠷ᠂ ᠰᠢᠨ᠎ᠡ | ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ᠂ ᠣᠨᠣᠪᠴᠢᠲᠠᠶ᠂ ᠪᠦᠬᠦ ᠲᠠᠯ᠎ᠠ ᠪᠠᠷ ᠲᠤᠤᠱᠯᠠᠭᠤᠯᠵᠤ᠂ | ᠰᠢᠨ᠎ᠡ ᠬᠥᠭᠵᠢᠯᠲᠡ ᠶᠢᠨ ᠪᠠᠶᠢᠷᠢᠰᠢᠯ ᠳᠤ ᠰᠠᠨᠠᠭᠠᠴᠢᠯᠠᠭ᠎ᠠ ᠠᠴᠠ ᠪᠠᠨ ᠠᠭᠤᠰᠤᠯᠴᠠᠨ᠂ ᠳᠣᠮᠳᠠᠳᠣ ᠶᠢᠨ | ᠦᠨᠳᠦᠰᠦᠲᠡᠨ ᠤ ᠬᠠᠮᠲᠣ ᠶᠢᠨ ᠴᠣᠭᠴᠠ ᠶᠢᠨ ᠣᠬᠠᠮᠰᠠᠷ ᠢ ᠪᠠᠬᠢᠵᠢᠬᠦᠯᠬᠦ ᠶᠢ ᠦᠨᠳᠦᠰᠦᠲᠡᠨ ᠤ ᠭᠠᠵᠠᠷ ᠣᠷᠣᠨ ᠤ | ᠡᠯ᠎ᠡ ᠲᠦᠷᠦᠯ ᠤᠨ ᠠᠵᠢᠯ ᠤᠨ ᠭᠤᠣᠯ ᠱᠣᠭᠤᠮ ᠪᠣᠯᠭᠠᠬᠤ ᠶᠢ ᠪᠠᠷᠢᠮᠲᠠᠯᠠᠨ᠂ ︽ᠲᠠᠪᠤᠨ ᠶᠡᠭᠡ ᠡᠭᠦᠷᠭᠡ︾ ᠶᠢ | ᠴᠢᠨᠠᠷ ᠰᠠᠶᠢᠲᠠᠢ ᠪᠡᠶᠡᠯᠡᠭᠦᠯᠬᠦ ᠪᠠ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ ᠪᠦᠬᠦ ᠲᠠᠯ᠎ᠠ ᠪᠠᠷ ᠪᠦᠲᠦᠭᠡᠨ | ᠪᠠᠶᠢᠭᠤᠯᠬᠤ ᠬᠤᠶᠠᠷ ᠶᠡᠭᠡ ᠶᠠᠪᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠲᠠᠯ᠎ᠠ ᠨᠤᠲᠤᠭ ᠤᠨ ᠠᠮᠢ ᠠᠬᠤᠢ ᠶᠢᠨ | ᠬᠥᠭᠵᠢᠯᠲᠡ ᠶᠢ ᠰᠠᠶᠢᠲᠤᠷ ᠬᠠᠮᠠᠭᠠᠯᠠᠨ᠂ ᠮᠠᠯ ᠠᠵᠤ ᠠᠬᠤᠢ ᠶᠢ ᠬᠦᠴᠦᠷᠬᠡᠭᠵᠢᠭᠦᠯᠦᠨ ᠠᠷᠠᠳ ᠢ ᠪᠠᠶᠠᠵᠢᠭᠤᠯᠬᠤ | ᠰᠠᠭᠤᠷᠢ ᠶᠢ ᠲᠠᠯᠪᠢᠵᠤ᠂ ᠬᠢᠯᠢ ᠶᠢᠨ ᠪᠣᠭᠤᠮᠲᠠ ᠶᠢᠨ ᠠᠮᠢᠵᠢᠷᠠᠯ ᠤᠨ ᠬᠦᠴᠦᠨ ᠢ ᠠᠰᠢᠭᠯᠠᠨ᠂ ᠡᠨᠧᠷᠭᠢ ᠶᠢᠨ ᠠᠵᠤ | ᠦᠢᠯᠡᠰ ᠢᠶᠠᠷ ᠬᠤᠰᠢᠭᠤ ᠪᠠᠨ ᠬᠦᠴᠦᠷᠬᠡᠭᠵᠢᠭᠦᠯᠬᠦ ᠵᠠᠮ ᠢᠶᠠᠷ ᠵᠠᠮᠨᠠᠵᠤ᠂ ᠠᠮᠤᠷ ᠲᠦᠪᠰᠢᠨ ᠲᠣᠭᠲᠠᠭᠤᠨ ᠢᠶᠠᠷ | ᠬᠤᠰᠢᠭᠤ ᠪᠠᠨ ᠪᠠᠬᠢᠵᠢᠭᠦᠯᠬᠦ ᠠᠷᠭ᠎ᠠ ᠬᠡᠮᠵᠢᠶ᠎ᠡ ᠶᠢ ᠪᠣᠳᠠᠲᠠᠶᠢᠵᠢᠭᠤᠯᠤᠨ᠂ ᠬᠦᠨᠳᠦ ᠶᠡᠭᠡ ᠠᠶᠤᠯ ᠲᠦᠭᠰᠢᠭᠦᠷᠢ ᠶᠢ | ᠪᠦᠲᠦᠮᠵᠢᠲᠡᠶ ᠰᠡᠷᠭᠡᠶᠢᠯᠡᠨ ᠠᠷᠢᠯᠭᠠᠵᠤ᠂ ᠲᠣᠭᠲᠠᠭᠤᠨ ᠤ ᠳᠤᠮᠳᠠ ᠤᠷᠤᠭᠰᠢᠯᠠᠭᠰᠠᠨ ᠰᠠᠭᠤᠷᠢᠨ ᠳᠡᠭᠡᠷ᠎ᠡ | ᠤᠷᠤᠭᠰᠢᠯᠠᠬᠤ ᠪᠠᠷ ᠲᠣᠭᠲᠠᠭᠤᠨ ᠢ ᠠᠬᠢᠭᠤᠯᠤᠨ᠂ ᠤᠷᠢᠳᠠᠪᠠᠷ ᠲᠣᠭᠲᠠᠪᠣᠷᠢᠵᠢᠭᠤᠯᠣᠨ ᠳᠠᠷᠠᠭ᠎ᠠ ᠨᠢ ᠰᠢᠪᠲᠤᠯᠤᠯᠲᠠ | ᠭᠠᠷᠭᠠᠵᠤ᠂ ᠠᠷᠠᠳ ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ ᠬᠦᠰᠡᠯ ᠡᠷᠡᠮᠡᠯᠵᠡᠯ ᠢ ᠪᠡᠶᠡᠯᠡᠭᠦᠯᠦᠨ᠂ ᠠᠵᠤ | ᠠᠬᠤᠢ ᠶᠢᠨ ᠴᠢᠨᠠᠷ ᠴᠢᠨᠰᠠᠭ᠎ᠠ ᠶᠢ ᠪᠦᠲᠦᠮᠵᠢᠲᠡᠶ ᠳᠡᠭᠡᠭᠰᠢᠯᠡᠭᠦᠯᠦᠨ ᠲᠤᠭ᠎ᠠ ᠬᠡᠮᠵᠢᠶ᠎ᠡ ᠶᠢ ᠵᠣᠬᠢᠰᠲᠠᠢ ᠨᠡᠮᠡᠭᠳᠡᠭᠦᠯᠵᠦ᠂ | ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠥᠬᠦ ᠲᠠᠯ᠎ᠠ ᠪᠠᠷ ᠪᠦᠲᠦᠭᠡᠨ ᠪᠠᠶᠢᠭᠤᠯᠬᠤ ᠳᠤ ᠵᠡᠬᠦᠨ ᠦᠵᠦᠮᠦᠴᠢᠨ | ᠬᠤᠰᠢᠭᠤᠨ ᠤ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠨ᠎ᠡ᠃ | ᠭᠤᠣᠯ ᠵᠢᠱᠢᠭᠰᠡᠨ ᠬᠠᠷᠠᠯᠲᠠ ᠪᠣᠯ᠄ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠦᠷᠲᠡᠭ ᠢ 81.5 | ᠳ᠋ᠦᠩᠰᠢᠭᠤᠷ ᠲᠦᠬᠦᠷᠢᠭ ᠲᠤ ᠬᠦᠷᠭᠡᠨ᠂ 6% ᠣᠷᠴᠢᠮ ᠨᠡᠮᠡᠭᠳᠡᠬᠦᠯᠵᠦ᠂ ᠡᠩ ᠤᠨ ᠴᠢᠨᠡᠷᠲᠡᠢ ᠤᠯᠠᠨ ᠨᠡᠶᠢᠲᠡ ᠶᠢᠨ | ᠲᠥᠰᠥᠪ ᠤᠨ ᠣᠷᠣᠯᠭ᠎ᠠ ᠶᠢ 7 ᠳ᠋ᠦᠩᠰᠢᠭᠤᠷ ᠲᠦᠭᠦᠷᠢᠭ ᠲᠤ ᠬᠦᠷᠭᠡᠨ᠂ 4.7% ᠣᠷᠴᠢᠮ ᠨᠡᠮᠡᠭᠳᠡᠬᠦᠯᠵᠦ᠂ ᠪᠦᠬᠦ | ᠨᠡᠶᠢᠭᠡᠮ ᠤᠨ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢ 23.46 ᠳ᠋ᠦᠩᠰᠢᠭᠤᠷ ᠲᠦᠭᠦᠷᠢᠭ ᠲᠤ | ᠬᠦᠷᠭᠡᠨ᠂ 15% ᠣᠷᠴᠢᠮ ᠨᠡᠮᠡᠭᠳᠡᠬᠦᠯᠵᠦ ᠂ ᠨᠡᠶᠢᠭᠡᠮ ᠤᠨ ᠬᠡᠷᠡᠭᠯᠡᠭᠡᠨ ᠤ ᠵᠦᠢᠯᠡᠰ ᠢ ᠵᠢᠵᠢᠭᠯᠡᠨ ᠪᠣᠷᠤᠯᠠᠭᠤᠯᠬᠤ | ᠶᠡᠷᠦᠩᠬᠡᠢ ᠬᠡᠮᠵᠢᠶ᠎ᠡ ᠶᠢ 11.75 ᠳ᠋ᠦᠩᠰᠢᠭᠤᠷ ᠲᠦᠬᠦᠷᠢᠭ ᠲᠤ ᠬᠦᠷᠭᠡᠨ᠂ 4% ᠣᠷᠴᠢᠮ ᠨᠡᠮᠡᠭᠳᠡᠭᠦᠯᠵᠦ᠂ | ᠰᠠᠭᠤᠭᠠᠯᠢ ᠠᠷᠠᠳ ᠤᠨ ᠣᠷᠣᠯᠭ᠎ᠠ ᠶᠢᠨ ᠨᠡᠮᠡᠭᠳᠡᠯ ᠢ ᠠᠵᠤ ᠠᠬᠤᠢ ᠶᠢᠨ ᠨᠡᠮᠡᠭᠳᠡᠯ ᠲᠠᠢ ᠦᠨᠳᠦᠰᠦᠨ ᠳᠡᠭᠡᠨ | ᠲᠡᠩᠴᠡᠭᠦᠷᠢᠲᠡᠢ ᠪᠠᠶᠢᠯᠭᠠᠨ᠎ᠠ᠃ ᠳᠡᠭᠡᠷ᠎ᠡ ᠳᠤᠷᠠᠳᠤᠭᠰᠠᠨ ᠬᠠᠷᠠᠯᠲᠠ ᠨᠢ ᠭᠤᠣᠯᠳᠠᠭᠤ ᠠᠵᠤ ᠠᠬᠤᠢ ᠶᠢᠨ ᠨᠡᠮᠡᠭᠳᠡᠯ ᠤᠨ | ᠳᠠᠯᠳᠠ ᠬᠢᠷᠢ ᠲᠦᠪᠰᠢᠨ᠂ ᠠᠵᠢᠯ ᠣᠯᠭᠤᠯᠲᠠ ᠶᠢ ᠲᠣᠭᠲᠠᠪᠤᠷᠢᠵᠢᠭᠤᠯᠵᠤ ᠠᠷᠠᠳ ᠤᠨ ᠠᠮᠢᠳᠤᠷᠠᠯ ᠢ ᠪᠠᠲᠤᠯᠠᠨ | ᠠᠶᠤᠯ ᠲᠦᠭᠰᠢᠭᠦᠷᠢ ᠶᠢ ᠰᠡᠷᠭᠡᠶᠢᠯᠡᠬᠦ ᠵᠡᠷᠭᠡ ᠬᠦᠴᠦᠨ ᠵᠦᠢᠯ ᠢ ᠪᠣᠳᠤᠯᠬᠢᠯᠠᠵᠤ᠂ ᠡᠷᠬᠡᠪᠰᠢ ᠰᠢᠷᠭᠠᠭᠤ | ᠬᠠᠲᠠᠭᠤᠵᠢᠯᠲᠠᠢ ᠠᠵᠢᠯᠯᠠᠵᠤ᠂ ᠨᠠᠶᠢᠳᠠᠪᠤᠷᠢᠵᠢᠭᠤᠯᠤᠯᠲᠠ ᠶᠢ ᠬᠦᠴᠦᠲᠡᠢ ᠠᠳᠬᠤᠬᠤ ᠴᠢᠬᠤᠯᠠᠲᠠᠢ᠃ | ᠳᠡᠭᠡᠷ᠎ᠡ ᠳᠤᠷᠠᠳᠤᠭᠰᠠᠨ ᠬᠠᠷᠠᠯᠲᠠ ᠶᠢ ᠪᠡᠶᠡᠯᠡᠭᠦᠯᠬᠦ ᠶᠢᠨ ᠲᠣᠭᠤᠷᠢᠨ ᠳᠤ᠂ ᠪᠢᠳᠡ ᠳᠣᠣᠷᠠᠬᠢ ᠠᠵᠢᠯ ᠤᠳ ᠢ | ᠭᠤᠣᠯᠳᠠᠯᠭ᠎ᠠ ᠲᠠᠢ ᠰᠠᠶᠢᠲᠤᠷ ᠠᠳᠬᠤᠨ᠎ᠠ᠄ | —— ᠠᠮᠢ ᠠᠬᠤᠢ ᠶᠢ ᠲᠡᠷᠢᠭᠦᠨ ᠳᠤ ᠲᠠᠯᠪᠢᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠴᠢᠨᠠᠷ | ᠰᠠᠶᠢᠲᠠᠢ ᠬᠥᠭᠵᠢᠯᠲᠡ ᠶᠢᠨ ᠲᠣᠭᠲᠠᠯ ᠬᠦᠴᠦᠨ ᠢ ᠪᠠᠲᠤᠯᠠᠨ᠎ᠠ᠃ ᠪᠠᠶᠢᠭᠠᠯᠢᠯᠢᠭ ᠪᠣᠯ ᠪᠢᠳᠡᠨ ᠤ ᠬᠠᠮᠤᠭ ᠤᠨ ᠶᠡᠭᠡ | ᠡᠳ᠋ ᠬᠦᠷᠦᠩᠭᠡ ᠪᠠᠶᠢᠵᠣ᠂ ᠰᠠᠶᠢᠨ ᠰᠠᠶᠢᠬᠠᠨ ᠠᠮᠢ ᠠᠬᠤᠢ ᠶᠢᠨ ᠣᠷᠴᠢᠨ ᠲᠣᠭᠤᠷᠢᠨ ᠪᠣᠯ ᠠᠷᠠᠳ ᠤᠨ | ᠠᠮᠢᠳᠤᠷᠠᠯ ᠳᠤ ᠬᠠᠮᠤᠭ ᠠᠴᠠ ᠠᠰᠢᠭ ᠬᠦᠷᠲᠡᠭᠡᠬᠦ ᠪᠤᠶᠠᠨ ᠵᠢᠷᠭᠠᠯ ᠮᠥᠨ᠃ ᠪᠢᠳᠡ ᠠᠮᠢ ᠠᠬᠤᠢ ᠶᠢᠨ ᠪᠣᠯᠪᠠᠰᠤᠨ ᠤ | ᠪᠠᠶᠢᠭᠤᠯᠤᠯᠲᠠ ᠶᠢ ᠢᠮᠠᠭᠲᠠ ᠴᠢᠬᠤᠯᠠ ᠡᠭᠦᠷᠭᠡ ᠪᠠ ᠦᠨᠳᠦᠰᠦᠨ ᠤᠷᠢᠲᠠᠯ ᠪᠣᠯᠭᠠᠵᠤ᠂ ᠠᠮᠢ ᠠᠬᠤᠢ ᠶᠢᠨ ᠣᠷᠴᠢᠨ | ᠨᠥᠬᠦᠴᠡᠯ ᠤᠨ ᠬᠠᠮᠠᠭᠠᠯᠠᠯᠲᠠ ᠶᠢ ᠴᠢᠩᠭᠠᠳᠬᠠᠵᠤ᠂ ᠰᠠᠶᠢᠨ ᠰᠠᠶᠢᠬᠠᠨ ᠠᠮᠢ ᠠᠬᠤᠢ ᠶᠢᠨ ᠳᠦᠷᠰᠦ ᠪᠠᠶᠢᠳᠠᠯ ᠢ | ᠲᠠᠰᠤᠷᠠᠯᠲᠠ ᠦᠭᠡᠢ ᠪᠠᠬᠢᠵᠢᠬᠦᠯᠦᠨ᠂ ᠲᠠᠯ᠎ᠠ ᠨᠤᠲᠤᠭ ᠨᠣᠮᠢᠨ ᠨᠣᠭᠤᠭᠠᠨ᠂ ᠣᠶ ᠰᠢᠭᠤᠢ ᠢᠭᠴᠤ ᠰᠠᠬᠤᠯᠢᠭ᠂ | ᠭᠤᠣᠯ ᠮᠥᠷᠡᠨ ᠨᠠᠭᠤᠷ ᠴᠥᠭᠦᠷᠥᠮ ᠴᠡᠪᠡᠷ ᠲᠤᠩᠭᠠᠯᠠᠭ᠂ ᠠᠭᠠᠷ ᠠᠷᠢᠭᠤᠨ ᠴᠡᠩᠬᠡᠭ ᠵᠡᠭᠦᠨ ᠦᠵᠦᠮᠦᠴᠢᠨ | ᠬᠤᠰᠢᠭᠤ ᠶᠢ ᠨᠠᠩ ᠦᠵᠡᠰᠬᠦᠯᠡᠩᠲᠦ ᠰᠠᠶᠢᠬᠠᠨ ᠪᠣᠯᠭᠠᠨ ᠬᠦᠭᠵᠢᠭᠦᠯᠦᠨ᠎ᠡ᠃ | ᠠᠮᠢ ᠠᠬᠤᠢ ᠶᠢᠨ ᠬᠠᠮᠠᠭᠠᠯᠠᠯᠲᠠ ᠵᠠᠰᠠᠯᠲᠠ ᠶᠢ ᠴᠢᠩᠭᠠᠳᠬᠠᠨ᠎ᠠ᠃ ᠬᠥᠬᠡᠮᠳᠦᠭ ᠨᠣᠭᠤᠭᠠᠨ ᠠᠭᠤᠯᠠ ᠤᠰᠤ | ᠪᠣᠯ ᠠᠯᠲᠠ ᠮᠥᠩᠭᠦᠨ ᠠᠭᠤᠯᠠ ᠮᠥᠨ ᠭᠡᠬᠦ ᠣᠶᠢᠯᠠᠭᠠᠭᠳᠠᠬᠤᠨ ᠢ ᠭᠦᠨᠵᠡᠭᠡᠢ ᠦᠢᠯᠡᠳᠦᠯᠭᠡᠵᠢᠭᠦᠯᠵᠦ᠂ ︽ | ᠤᠯᠤᠰ ᠤᠨ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠣᠷᠣᠨ︾ ᠢ ᠡᠭᠦᠳᠦᠨ | ᠪᠠᠶᠢᠭᠤᠯᠬᠤ ᠦᠷ᠎ᠡ ᠪᠦᠲᠦᠮᠵᠢ ᠶᠢ ᠪᠠᠬᠢᠵᠢᠬᠦᠯᠵᠦ᠂ ᠦᠵᠦᠮᠦᠴᠢᠨ ᠤ ᠲᠠᠯ᠎ᠠ ᠨᠣᠲᠤᠭ ᠤᠨ ᠠᠮᠢ ᠠᠬᠤᠢ ᠶᠢ ᠡᠷᠡᠰ | ᠬᠠᠮᠠᠭᠠᠯᠠᠨ᠎ᠠ᠃ ᠠᠭᠤᠯᠠ ᠤᠰᠤ᠂ ᠣᠶ ᠰᠢᠭᠤᠢ᠂ ᠭᠠᠵᠠᠷ ᠲᠠᠷᠢᠶ᠎ᠠ᠂ ᠨᠠᠭᠤᠷ ᠪᠦᠷᠢᠳᠦ᠂ ᠨᠤᠲᠤᠭ ᠪᠡᠯᠴᠢᠭᠡᠷ᠂ | ᠡᠯᠡᠰᠦ ᠮᠠᠩᠬ᠎ᠠ ᠶᠢ ᠨᠢᠭᠡ ᠴᠣᠭᠴᠠᠵᠢᠭᠤᠯᠤᠨ ᠬᠠᠮᠠᠭᠠᠯᠠᠬᠤ ᠪᠠ ᠰᠢᠰᠲ᠋ᠧᠮ ᠲᠠᠢ ᠵᠠᠰᠠᠬᠤ ᠶᠢ ᠨᠢᠭᠡᠳᠦᠯᠲᠡᠢ | ᠲᠦᠯᠦᠪᠵᠢᠭᠦᠯᠵᠦ᠂ ᠣᠶ ᠰᠢᠭᠤᠢ ᠨᠤᠲᠤᠭ ᠪᠡᠯᠴᠢᠭᠡᠷ ᠤᠨ ᠳᠠᠷᠤᠭ᠎ᠠ ᠶᠢᠨ ᠳᠦᠷᠢᠮ ᠢ ᠪᠥᠬᠦ ᠲᠠᠯ᠎ᠠ ᠪᠠᠷ | ᠨᠠᠶᠢᠳᠠᠪᠦᠷᠢᠵᠢᠭᠤᠯᠤᠨ᠂ 2024 ︱ 2025 ᠣᠨ ᠤ ᠬᠤᠯᠠᠨ ᠰᠢᠷᠭ᠎ᠠ ᠲᠠᠭ᠎ᠠ᠂ ᠦᠵᠦᠮᠦᠴᠢᠨ ᠡᠯᠡᠰᠦᠷᠬᠡᠭ | ᠭᠠᠵᠠᠷ ᠢ ᠶᠡᠷᠦᠩᠬᠡᠶᠢᠯᠡᠨ ᠵᠠᠰᠠᠬᠤ ᠢᠨᠵᠧᠨᠧᠷᠢᠩ ᠢ ᠶᠠᠪᠤᠭᠳᠠᠭᠤᠯᠵᠤ᠂ ᠥᠪᠥᠷ ᠮᠣᠩᠭᠤᠯ ᠤᠨ ᠵᠡᠭᠦᠨ ᠬᠡᠰᠡᠭ ᠤᠨ | ᠲᠠᠯ᠎ᠠ ᠨᠤᠲᠤᠭ ᠤᠨ ᠡᠯᠡᠰᠦᠷᠬᠡᠭ ᠭᠠᠵᠠᠷ ᠢ ᠶᠡᠷᠦᠩᠬᠡᠶᠢᠯᠡᠨ ᠵᠠᠰᠠᠬᠤ᠂ ᠨᠤᠲᠤᠭ ᠪᠡᠯᠴᠢᠭᠡᠷ ᠤᠨ ᠠᠮᠢ ᠠᠬᠤᠢ ᠶᠢ | ᠰᠡᠷᠭᠦᠭᠡᠬᠦ ᠢᠨᠵᠧᠨᠧᠷᠢᠩ ᠢ ᠬᠡᠷᠡᠭᠵᠢᠭᠦᠯᠤᠨ᠂ ᠵᠢᠯ ᠳᠤ ᠡᠯᠡᠰᠦ ᠶᠢ ᠲᠣᠭᠲᠠᠪᠤᠷᠢᠵᠢᠭᠤᠯᠬᠤ᠂ ᠣᠶᠢᠵᠢᠭᠤᠯᠤᠨ ᠡᠪᠡᠰᠦ | ᠳᠠᠷᠢᠬᠤ᠂ ᠬᠦᠷᠢᠶᠡᠯᠡᠵᠦ ᠪᠢᠲᠡᠭᠦᠮᠵᠢᠯᠡᠨ ᠪᠣᠶᠢᠵᠢᠭᠤᠯᠬᠤ ᠶᠢ ᠲᠤᠰᠪᠦᠷᠢ 5 ᠲᠦᠮᠡᠨ ᠮᠦ ᠠᠴᠠ ᠳᠠᠪᠠᠭᠤᠯᠵᠤ᠂ 11. | 52 ᠲᠦᠮᠡᠨ ᠮᠦ ᠨᠤᠲᠤᠭ ᠪᠡᠯᠴᠢᠭᠡᠷ ᠤᠨ ᠠᠮᠢ ᠠᠬᠤᠢ ᠶᠢ ᠰᠡᠷᠭᠦᠭᠡᠨ ᠵᠠᠰᠠᠬᠤ ᠪᠠ ᠬᠠᠯᠴᠠᠭᠠᠶᠢᠷᠠᠭᠰᠠᠨ ᠨᠤᠲᠤᠭ | ᠪᠡᠯᠴᠢᠭᠡᠷ ᠢ ᠰᠡᠷᠭᠦᠭᠡᠬᠦ ᠬᠠᠷᠠᠯᠲᠠ ᠶᠢ ᠪᠡᠶᠡᠯᠡᠭᠦᠯᠦᠨ᠎ᠡ᠃ ᠨᠤᠲᠤᠭ ᠪᠡᠯᠴᠢᠭᠡᠷ ᠤᠨ ᠠᠮᠢ ᠠᠬᠤᠢ ᠶᠢᠨ | ᠬᠠᠮᠠᠭᠠᠯᠠᠯᠲᠠ ᠶᠢᠨ ᠨᠦᠬᠦᠪᠦᠷᠢ ᠱᠠᠩᠨᠠᠯ ᠤᠨ ᠲᠥᠷᠥ ᠶᠢᠨ ᠪᠣᠳᠣᠯᠭ᠎ᠠ ᠶᠢ ᠰᠠᠶᠢᠲᠤᠷ ᠨᠠᠶᠢᠳᠠᠪᠤᠷᠢᠵᠢᠭᠤᠯᠵᠤ᠂ ︽ | ᠵᠡᠭᠦᠨ ᠦᠵᠦᠮᠦᠴᠢᠨ ᠬᠤᠰᠢᠭᠤᠨ ᠤ ᠪᠠᠶᠢᠭᠠᠯᠢᠯᠢᠭ ᠬᠠᠳᠤᠯᠠᠩ ᠤᠨ ᠬᠠᠮᠢᠶᠠᠷᠤᠯᠲᠠ ᠶᠢᠨ ᠠᠷᠭ᠎ᠠ︾ ᠵᠢᠴᠢᠩᠭ᠎ᠠ | ᠬᠡᠷᠡᠭᠵᠢᠭᠦᠯᠦᠨ᠂ ᠮᠠᠯ ᠪᠡᠯᠴᠢᠭᠡᠷ ᠤᠨ ᠲᠡᠩᠴᠡᠭᠦᠷᠢ ᠶᠢ ᠪᠠᠲᠤᠯᠠᠬᠤ᠂ ᠪᠡᠯᠴᠢᠭᠡᠷᠯᠡᠭᠦᠯᠬᠦ ᠶᠢ ᠵᠣᠭᠰᠣᠭᠠᠵᠤ ᠰᠡᠯᠭᠦᠨ | ᠮᠠᠯᠵᠢᠬᠤ᠂ ᠬᠠᠪᠤᠷ ᠤᠨ ᠤᠯᠠᠷᠢᠯ ᠤᠨ ᠪᠡᠯᠴᠢᠭᠡᠷ ᠰᠡᠷᠭᠦᠭᠡᠬᠦ ᠳᠦᠷᠢᠮ ᠢ ᠪᠠᠶᠢᠩᠭᠤᠵᠢᠭᠤᠯᠤᠨ ᠰᠠᠶᠢᠲᠤᠷ ᠠᠳᠬᠤᠵᠤ᠂ | ᠨᠤᠲᠤᠭ ᠪᠡᠯᠴᠢᠭᠡᠷ ᠤᠨ ᠠᠮᠢ ᠠᠬᠤᠢ ᠶᠢᠨ ᠰᠡᠷᠭᠦᠭᠡᠯᠲᠡ ᠶᠢ ᠠᠬᠢᠭᠤᠯᠤᠨ᠎ᠠ᠃ ᠭᠤᠣᠯ ᠨᠠᠭᠤᠷ ᠤᠨ ᠳᠠᠷᠤᠭ᠎ᠠ ᠶᠢᠨ | ᠳᠦᠷᠢᠮ ᠢ ᠴᠢᠩᠭᠠᠷᠠᠭᠤᠯᠵᠤ᠂ ᠤᠯᠠᠭᠠᠢ ᠭᠤᠣᠯ ᠤᠨ ᠵᠡᠭᠦᠨ ᠦᠵᠦᠮᠦᠴᠢᠨ ᠬᠤᠰᠢᠭᠤᠨ ᠤ ᠬᠡᠰᠡᠭ ᠢ ᠵᠠᠰᠠᠬᠤ ᠵᠢᠴᠢ | ᠡᠵᠢᠨᠠᠭᠤᠷ ᠪᠠᠯᠭᠠᠰᠤᠨ ᠤ ᠡᠷᠳᠡᠨᠢᠳᠠᠯᠠᠢ ᠭᠠᠴᠠᠭ᠎ᠠ᠂ ᠠᠯᠲᠠᠨᠬᠢᠯᠢ ᠰᠣᠮᠤᠨ ᠤ ᠪᠠᠳᠠᠷᠠᠬᠤ ᠭᠠᠴᠠᠭᠠᠨ ᠤ ᠭᠤᠣᠯ ᠤᠨ | ᠰᠠᠪᠠ ᠭᠠᠵᠠᠷ ᠢ ᠵᠠᠰᠠᠬᠤ ᠲᠥᠷᠥᠯ ᠵᠦᠢᠯ ᠢ ᠠᠬᠢᠭᠤᠯᠵᠤ᠂ ᠨᠤᠭᠤ ᠭᠠᠵᠠᠷ ᠤᠨ ᠬᠠᠮᠠᠭᠠᠯᠠᠯᠲᠠ ᠶᠢᠨ ᠦᠷ᠎ᠡ | ᠪᠦᠲᠦᠭᠡᠯ ᠢ ᠪᠠᠬᠢᠵᠢᠭᠦᠯᠦᠨ᠎ᠡ᠃ ᠣᠷᠴᠢᠨ ᠠᠬᠤᠢ ᠶᠢᠨ ᠬᠠᠮᠠᠭᠠᠯᠠᠯᠲᠠ ᠶᠢ ᠱᠠᠭᠠᠷᠳᠠᠨ ᠪᠠᠶᠢᠴᠠᠭᠠᠵᠤ ᠴᠡᠭᠴᠡᠯᠡᠨ | ᠰᠠᠶᠢᠵᠢᠷᠠᠭᠤᠯᠬᠤ ᠪᠠ ᠪᠣᠬᠢᠷᠲᠤᠯ ᠦᠭᠡᠢ ᠠᠭᠤᠷᠬᠠᠢ ᠶᠢᠨ ᠪᠦᠲᠦᠭᠡᠨ ᠪᠠᠶᠢᠭᠤᠯᠤᠯᠲᠠ ᠶᠢᠨ ᠦᠷ᠎ᠡ ᠪᠦᠲᠦᠮᠵᠢ ᠶᠢ | ᠭᠦᠨᠵᠡᠭᠡᠶᠢᠷᠡᠭᠦᠯᠵᠦ᠂ ᠠᠮᠢ ᠠᠬᠤᠢ ᠶᠢᠨ ᠰᠢᠰᠲ᠋ᠧᠮ ᠤᠨ ᠦᠷᠭᠦᠯᠵᠢᠯᠡᠨ ᠰᠠᠶᠢᠵᠢᠷᠠᠬᠤ ᠶᠢ ᠠᠬᠢᠭᠤᠯᠤᠨ᠎ᠠ᠃ | ᠳᠤᠤᠷ᠎ᠠ ᠨᠡᠭᠦᠷᠡᠰᠦᠲᠥ᠋ᠷᠥᠭᠴᠢ ᠭᠠᠳᠠᠭᠰᠢᠯᠠᠭᠤᠯᠵᠤ ᠪᠣᠬᠢᠷᠲᠤᠯ ᠢ ᠪᠠᠭᠠᠰᠬᠠᠬᠤ ᠶᠢ ᠬᠠᠮᠵᠢᠯᠴᠠᠨ ᠦᠷ᠎ᠡ | ᠠᠰᠢᠭ ᠢ ᠨᠡᠮᠡᠭᠳᠡᠭᠦᠯᠬᠦ ᠶᠢ ᠠᠬᠢᠭᠤᠯᠤᠨ᠎ᠠ᠃ ᠨᠡᠭᠦᠷᠡᠰᠦᠲᠥ᠋ᠷᠥᠭᠴᠢ ᠶᠢᠨ ᠤᠷᠬᠢᠯ ᠬᠡᠮᠵᠢᠭᠳᠡᠯ ᠳᠤ ᠬᠦᠷᠬᠦ | ᠠᠵᠢᠯᠯᠠᠭ᠎ᠠ ᠶᠢ ᠯᠠᠪᠳᠠᠭᠤᠨ ᠪᠠᠲᠤᠲᠠᠢ ᠥᠷᠨᠢᠭᠦᠯᠵᠦ᠂ ᠡᠨᠧᠷᠭᠢ ᠶᠢᠨ ᠵᠠᠷᠤᠴᠠᠭᠤᠯᠭ᠎ᠠ ᠶᠡᠬᠡᠲᠡᠢ᠂ ᠪᠣᠬᠢᠷᠲᠤᠯ ᠶᠡᠬᠡᠲᠡᠢ | ᠲᠦᠷᠦᠯ ᠵᠦᠢᠯ ᠢ ᠰᠣᠬᠤᠷ ᠪᠠᠯᠠᠢ ᠪᠠᠷ ᠬᠦᠭᠵᠢᠭᠦᠯᠬᠦ ᠶᠢ ᠡᠷᠡᠰ ᠬᠤᠷᠢᠭᠯᠠᠨ᠎ᠠ︔ ︽ᠬᠦᠬᠡ ᠣᠭᠲᠠᠷᠭᠤᠢ᠂ | ᠬᠥᠬᠡᠮᠳᠦᠭ ᠤᠰᠤ᠂ ᠴᠡᠪᠡᠷ ᠬᠥᠷᠥᠰᠥ︾ ᠶᠢ ᠬᠠᠮᠠᠭᠠᠯᠠᠬᠤ ᠬᠠᠷᠠᠯᠲᠠ ᠶᠢ ᠢᠮᠠᠭᠲᠠ ᠠᠩᠬᠠᠷᠴᠤ᠂ ᠠᠭᠠᠷ ᠤᠨ | ᠪᠣᠬᠢᠷᠲᠤᠯ ᠤᠨ ᠬᠡᠮᠵᠢᠶ᠎ᠡ ᠶᠢ ᠪᠠᠭᠠᠰᠬᠠᠨ ᠬᠢᠵᠠᠭᠠᠷᠯᠠᠵᠤ᠂ ᠠᠭᠤᠷ ᠠᠮᠢᠰᠬᠤᠯ ᠤᠨ ᠰᠢᠯᠢᠳᠡᠭ ᠤᠨ ᠨᠤᠷᠮ᠎ᠠ ᠶᠢ ᠪᠦᠬᠦ | ᠣᠷᠣᠨ ᠤ ᠡᠮᠦᠨ᠎ᠡ ᠡᠩᠨᠡᠭᠡᠨ ᠳᠤ ᠤᠷᠤᠭᠤᠯᠤᠨ᠎ᠠ︔ ᠬᠥᠷᠥᠰᠥ ᠰᠢᠷᠣᠢ ᠶᠢᠨ ᠪᠣᠬᠢᠷᠲᠤᠯ ᠤᠨ ᠲᠦᠭᠰᠢᠭᠦᠷᠢ ᠶᠢ | ᠪᠦᠲᠦᠮᠵᠢᠲᠡᠶ ᠰᠡᠷᠭᠡᠶᠢᠯᠡᠵᠦ᠂ ᠠᠵᠤ ᠦᠢᠯᠡᠳᠪᠦᠷᠢ ᠶᠢᠨ ᠬᠠᠲᠠᠭᠤ ᠪᠡᠶᠡᠲᠦ ᠬᠠᠶᠠᠭᠳᠠᠮᠠᠯ ᠪᠣᠳᠠᠰ᠂ ᠠᠶᠤᠯᠲᠠᠢ | ᠬᠠᠶᠠᠭᠳᠠᠮᠠᠯ ᠪᠣᠳᠠᠰ ᠵᠢᠴᠢ ᠡᠮᠴᠢᠯᠡᠭᠡᠨ ᠤ ᠬᠠᠶᠠᠭᠳᠠᠮᠠᠯ ᠪᠣᠳᠠᠰ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠂ | ᠭᠤᠣᠯᠳᠠᠯᠭᠠᠲᠤ ᠠᠵᠤ ᠠᠬᠤᠶᠢᠯᠠᠯ ᠤᠨ ᠬᠥᠷᠥᠰᠥ ᠰᠢᠷᠣᠢ ᠶᠢᠨ ᠪᠣᠬᠢᠷᠲᠤᠯ ᠤᠨ ᠪᠠᠶᠢᠴᠠᠭᠠᠯᠲᠠ ᠶᠢ ᠰᠠᠶᠢᠲᠤᠷ ᠬᠢᠵᠦ᠂ | ᠬᠥᠷᠥᠰᠥ ᠰᠢᠷᠣᠢ ᠶᠢᠨ ᠣᠷᠴᠢᠨ ᠲᠣᠭᠤᠷᠢᠨ ᠤ ᠶᠠᠰᠤ ᠴᠢᠨᠠᠷ ᠢ ᠶᠡᠷᠦᠩᠬᠡᠢ ᠳᠡᠭᠡᠨ ᠲᠣᠭᠲᠠᠭᠤᠨ ᠪᠠᠶᠢᠯᠭᠠᠨ᠎ᠠ︔ | ᠤᠰᠤᠨ ᠤ ᠣᠷᠴᠢᠨ ᠲᠣᠭᠤᠷᠢᠨ ᠤ ᠬᠢᠨᠠᠨ ᠬᠡᠮᠵᠢᠯᠲᠡ ᠶᠢ ᠪᠠᠶᠢᠩᠭᠤᠵᠢᠭᠤᠯᠤᠨ ᠥᠷᠨᠢᠭᠦᠯᠵᠦ᠂ ᠨᠣᠭᠤ ᠭᠠᠵᠠᠷ ᠤᠨ | ᠬᠠᠮᠠᠭᠠᠯᠠᠯᠲᠠ ᠶᠢᠨ ᠦᠷ᠎ᠡ ᠪᠦᠲᠦᠮᠵᠢ ᠶᠢ ᠪᠠᠬᠢᠵᠢᠬᠦᠯᠦᠨ᠂ ᠤᠰᠤᠨ ᠤ ᠴᠢᠨᠠᠷ ᠢ ᠤᠯᠤᠰ ᠤᠨ ᠪᠠᠷᠢᠮᠵᠢᠶ᠎ᠠ ᠳᠤ | ᠬᠦᠷᠭᠡᠬᠦ ᠶᠢ ᠪᠡᠶᠡᠯᠡᠬᠦᠯᠦᠨ᠎ᠡ᠃ ᠬᠤᠭᠤᠯᠠᠨ ᠭᠡᠷ ᠤᠨ ᠬᠠᠶᠠᠭᠳᠠᠮᠠᠯ ᠪᠣᠳᠠᠰ ᠢ ᠡᠬᠢ ᠪᠠᠶᠠᠯᠢᠭᠵᠢᠭᠤᠯᠤᠨ ᠠᠰᠢᠭᠯᠠᠬᠤ | ᠪᠠ ᠬᠦᠨᠦᠭᠡᠯ ᠦᠭᠡᠢ ᠰᠢᠢᠳᠪᠦᠷᠢᠯᠡᠭᠰᠡᠨ ᠦᠷ᠎ᠡ ᠪᠦᠲᠦᠭᠡᠯ ᠢ ᠪᠠᠬᠢᠵᠢᠭᠦᠯᠵᠦ᠂ ᠬᠤᠭᠤᠯᠠᠨ ᠭᠡᠷ ᠤᠨ ᠬᠠᠶᠠᠭᠳᠠᠮᠠᠯ | ᠪᠣᠳᠠᠰ ᠢ ᠨᠢᠭᠡᠳᠦᠯᠲᠡᠢ ᠴᠤᠭᠯᠠᠭᠤᠯᠬᠤ᠂ ᠲᠡᠭᠡᠭᠡᠪᠦᠷᠢᠯᠡᠬᠦ ᠪᠠ ᠬᠦᠨᠦᠭᠡᠯ ᠦᠭᠡᠢ ᠪᠣᠯᠭᠠᠨ ᠰᠢᠢᠳᠪᠦᠷᠢᠯᠡᠬᠦ ᠶᠢ | ᠠᠬᠢᠭᠤᠯᠤᠨ᠎ᠠ᠃ ᠪᠣᠭᠳ᠋ᠬᠠᠭᠤᠯᠠ ᠶᠢᠨ 30 ᠲᠦᠮᠡᠨ ᠮᠦ ᠣᠢ ᠰᠢᠭᠤᠢ ᠶᠢᠨ ᠦᠢᠯᠡᠰ ᠤᠨ ᠨᠡᠬᠦᠷᠡᠰᠦᠳᠦ᠋ᠷᠥᠭᠴᠢ ᠶᠢᠨ | ᠰᠢᠩᠭᠡᠭᠡᠯᠲᠡ ᠶᠢ ᠪᠠᠶᠢᠴᠠᠭᠠᠨ ᠰᠣᠳᠣᠯᠣᠭᠰᠠᠨ ᠦᠷ᠎ᠡ ᠪᠦᠲᠦᠭᠡᠯ ᠢ ᠦᠷᠬᠦᠯᠵᠢᠯᠡᠨ ᠪᠠᠬᠢᠵᠢᠬᠦᠯᠵᠦ᠂ ᠠᠮᠢ ᠠᠬᠤᠢ ᠶᠢᠨ | ᠪᠦᠲᠦᠭᠡᠭᠳᠡᠬᠦᠨ ᠤ ᠥᠷᠲᠡᠭ ᠢ ᠪᠡᠶᠡᠯᠡᠭᠦᠯᠬᠦ ᠲᠣᠭᠲᠠᠴᠠ ᠶᠢ ᠰᠦᠪᠡᠭᠴᠢᠯᠡᠨ ᠪᠠᠶᠢᠭᠤᠯᠵᠤ᠂ ︽ᠬᠤᠣᠰ | ᠨᠡᠭᠦᠷᠡᠰᠦᠲᠥ᠋ᠷᠥᠭᠴᠢ︾ ᠶᠢᠨ ᠠᠵᠢᠯ ᠰᠢᠪᠲᠣᠯᠣᠯᠲᠠ ᠶᠢᠨ ᠴᠢᠨᠠᠷᠲᠠᠢ ᠠᠬᠢᠴᠠ ᠲᠠᠢ ᠪᠣᠯᠬᠤ ᠶᠢ ᠠᠬᠢᠭᠤᠯᠤᠨ᠎ᠠ᠃ | ᠠᠷᠪᠢᠲᠠᠢ ᠡᠷᠴᠢᠮᠯᠢᠭ ᠣᠷᠴᠢᠯ ᠬᠥᠭᠵᠢᠯᠲᠡ ᠶᠢ ᠲᠦᠯᠬᠢᠨ ᠠᠬᠢᠭᠤᠯᠤᠨ᠎ᠠ᠃ ᠨᠦᠬᠡᠴᠡ ᠶᠢ ᠠᠮᠢᠳᠤᠯᠢᠭ | ᠪᠣᠯᠭᠠᠨ᠂ ᠪᠦᠷᠢᠯᠭᠡᠨ ᠰᠦᠢᠳᠬᠡᠬᠦ ᠶᠢ ᠴᠢᠩᠭ᠎ᠠ ᠬᠢᠵᠠᠭᠠᠷᠯᠠᠵᠤ᠂ ︽ᠭᠠᠵᠠᠷ᠂ ᠤᠰᠤ᠂ ᠡᠨᠧᠷᠭᠢ ᠠᠷᠪᠢᠯᠠᠬᠤ︾ | ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠨ᠎ᠡ᠃ ᠬᠤᠲᠠ ᠪᠠᠯᠭᠠᠰᠤ ᠶᠢᠨ ᠨᠡᠭᠡᠭᠡᠨ ᠬᠥᠭᠵᠢᠭᠦᠯᠦᠯᠲᠡ ᠶᠢᠨ ᠵᠠᠭᠠᠭ | ᠬᠢᠵᠠᠭᠠᠷ ᠢ ᠴᠢᠩᠭ᠎ᠠ ᠡᠵᠡᠮᠳᠡᠵᠦ᠂ ᠨᠡᠮᠡᠭᠳᠡᠯ ᠢ ᠡᠵᠡᠮᠳᠡᠬᠦ ᠪᠠ ᠨᠦᠬᠡᠴᠡ ᠶᠢ ᠠᠰᠢᠭᠯᠠᠬᠤ ᠶᠢ ᠵᠡᠷᠭᠡᠪᠡᠷ ᠬᠦᠴᠦᠯᠡᠨ᠂ | ᠡᠵᠡᠯᠡᠬᠦ ᠪᠠ ᠨᠥᠬᠦᠪᠦᠷᠢᠯᠡᠬᠦ ᠶᠢ ᠲᠡᠩᠴᠡᠭᠦᠷᠢᠲᠡᠢ ᠪᠠᠶᠢᠯᠭᠠᠵᠤ᠂ ᠭᠠᠵᠠᠷ ᠰᠢᠷᠣᠢ ᠶᠢᠨ ᠠᠰᠢᠭᠯᠠᠯᠲᠠ ᠶᠢᠨ ᠦᠷ᠎ᠡ | ᠪᠦᠲᠦᠮᠵᠢ ᠶᠢ ᠳᠡᠭᠡᠭᠰᠢᠯᠡᠭᠦᠯᠦᠨ᠎ᠡ᠃ ᠤᠰᠤᠨ ᠤ ᠡᠬᠢ ᠪᠠᠶᠠᠯᠢᠭ ᠤᠨ ᠬᠠᠮᠢᠶᠠᠷᠤᠯᠲᠠ ᠶᠢᠨ ᠳᠦᠷᠢᠮ ᠢ ᠴᠢᠩᠭ᠎ᠠ | ᠨᠠᠶᠢᠳᠠᠪᠤᠷᠢᠵᠢᠭᠤᠯᠵᠤ᠂ ᠠᠵᠤ ᠦᠢᠯᠡᠰ ᠤᠨ ᠤᠰᠤ ᠠᠷᠪᠢᠯᠠᠵᠤ ᠪᠣᠬᠢᠷ ᠤᠰᠤ ᠭᠠᠳᠠᠭᠰᠢᠯᠠᠭᠤᠯᠬᠤ ᠶᠢ ᠪᠠᠭᠠᠰᠬᠠᠬᠤ᠂ | ᠴᠡᠪᠡᠷᠰᠢᠭᠦᠯᠦᠭᠰᠡᠨ ᠤᠰᠤ ᠶᠢ ᠳᠠᠬᠢᠨ ᠠᠰᠢᠭᠯᠠᠬᠤ ᠪᠠ ᠬᠤᠳᠠ ᠪᠠᠯᠭᠠᠰᠤᠨ ᠤ ᠤᠰᠤ ᠠᠷᠪᠢᠯᠠᠬᠤ ᠶᠢ ᠠᠬᠢᠭᠤᠯᠤᠨ᠎ᠠ᠃ | ᠡᠨᠧᠷᠭᠢ ᠶᠢᠨ ᠵᠠᠷᠤᠴᠠᠭᠤᠯᠭ᠎ᠠ ᠶᠢᠨ ᠶᠡᠷᠦᠩᠬᠡᠢ ᠬᠡᠮᠵᠢᠶ᠎ᠡ ᠪᠠ ᠡᠨᠧᠷᠭᠢ ᠶᠢᠨ ᠵᠠᠷᠤᠴᠠᠭᠤᠯᠭ᠎ᠠ ᠶᠢᠨ ᠬᠦᠴᠦᠯᠡᠴᠡ ᠶᠢ | ᠴᠢᠩᠭ᠎ᠠ ᠬᠢᠵᠠᠭᠠᠷᠯᠠᠵᠤ᠂ ᠡᠨᠧᠷᠭᠢ ᠠᠷᠪᠢᠯᠠᠬᠤ ᠶᠢ ᠲᠡᠷᠢᠭᠦᠨ ᠳᠤ ᠲᠠᠯᠪᠢᠬᠤ᠂ ᠡᠨᠧᠷᠭᠢ ᠶᠢᠨ ᠬᠡᠮᠵᠢᠶ᠎ᠡ ᠶᠢ | ᠦᠨᠳᠦᠰᠦᠯᠡᠨ ᠬᠡᠷᠡᠭᠵᠢᠭᠦᠯᠬᠦ ᠶᠢ ᠪᠠᠷᠢᠮᠲᠠᠯᠠᠵᠤ᠂ ᠡᠨᠧᠷᠭᠢ ᠶᠢᠨ ᠵᠠᠷᠤᠴᠠᠭᠤᠯᠭ᠎ᠠ ᠶᠢ ᠨᠠᠷᠢᠯᠢᠭᠵᠢᠭᠤᠯᠤᠨ ᠬᠠᠮᠢᠶᠠᠷᠤᠨ | ᠡᠵᠡᠮᠳᠡᠵᠦ᠂ ᠡᠨᠧᠷᠭᠢ ᠬᠡᠷᠡᠭᠯᠡᠬᠦ ᠲᠥᠰᠥᠪ ᠤᠨ ᠬᠠᠮᠢᠶᠠᠷᠤᠯᠲᠠ ᠪᠠ ᠭᠤᠣᠯᠳᠠᠯᠭᠠᠲᠤ ᠡᠨᠧᠷᠭᠢ ᠬᠡᠷᠡᠭᠯᠡᠬᠦ ᠨᠢᠭᠡᠴᠡ ᠶᠢᠨ | ᠡᠨᠧᠷᠭᠢ ᠶᠢᠨ ᠵᠠᠷᠤᠴᠠᠭᠤᠯᠭ᠎ᠠ ᠶᠢ ᠰᠦᠯᠵᠢᠶᠡᠨ ᠳᠡᠭᠡᠷ᠎ᠡ ᠬᠢᠨᠠᠨ ᠬᠡᠮᠵᠢᠬᠦ ᠶᠢ ᠪᠦᠬᠦ ᠲᠠᠯ᠎ᠠ ᠪᠠᠷ ᠬᠡᠷᠡᠭᠵᠢᠭᠦᠯᠵᠦ᠂ | ᠭᠤᠣᠯᠳᠠᠯᠭᠠᠲᠤ ᠡᠨᠧᠷᠭᠢ ᠬᠡᠷᠡᠭᠯᠡᠬᠦ ᠠᠵᠤ ᠠᠬᠤᠶᠢᠯᠠᠯ ᠤᠨ ᠡᠨᠧᠷᠭᠢ ᠠᠷᠪᠢᠯᠠᠵᠤ ᠵᠠᠷᠤᠴᠠᠭᠤᠯᠭ᠎ᠠ ᠶᠢ ᠪᠠᠭᠠᠰᠬᠠᠬᠤ | ᠮᠡᠷᠭᠡᠵᠢᠯ ᠤᠨ ᠥᠭᠡᠷᠡᠴᠢᠯᠡᠯᠲᠡ ᠪᠠᠨ ᠲᠦᠷᠭᠡᠳᠬᠡᠬᠦ ᠶᠢ ᠵᠣᠷᠢᠭᠵᠢᠭᠤᠯᠤᠨ ᠳᠡᠮᠵᠢᠵᠦ᠂ ︽ᠬᠤᠶᠠᠷ ᠢ ᠡᠵᠡᠮᠳᠡᠬᠦ︾ | ᠭᠦᠢᠴᠡᠳᠬᠡᠯ ᠲᠤᠭ᠎ᠠ ᠶᠢᠨ ᠡᠭᠦᠷᠭᠡ ᠶᠢ ᠪᠦᠬᠦ ᠲᠠᠯ᠎ᠠ ᠪᠠᠷ ᠪᠡᠶᠡᠯᠡᠭᠦᠯᠦᠨ᠎ᠡ᠃ ᠪᠣᠬᠢᠷᠲᠤᠯ ᠦᠭᠡᠢ ᠳᠤᠤᠷ᠎ᠠ | ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠤᠬᠠᠭᠤᠯᠭ᠎ᠠ ᠬᠥᠮᠦᠵᠢᠯ ᠢ ᠥᠷᠨᠢᠭᠦᠯᠵᠦ᠂ ᠪᠦᠬᠦ ᠠᠷᠠᠳ ᠤᠨ ᠠᠷᠪᠢᠯᠠᠨ | ᠭᠠᠮᠨᠠᠬᠤ ᠤᠬᠠᠮᠰᠠᠷ ᠢ ᠴᠢᠩᠭᠠᠳᠬᠠᠵᠤ᠂ ᠦᠢᠯᠡᠳᠪᠦᠷᠢᠯᠡᠯ ᠠᠮᠢᠳᠤᠷᠠᠯ ᠤᠨ ᠠᠷᠭ᠎ᠠ ᠮᠠᠶ᠋ᠢᠭ ᠤᠨ ᠪᠣᠬᠢᠷᠲᠤᠯ ᠦᠭᠡᠢ ᠪᠠᠷ | ᠬᠡᠯᠪᠡᠷᠢ ᠪᠠᠨ ᠬᠤᠪᠢᠷᠠᠭᠤᠯᠬᠤ ᠶᠢ ᠲᠦᠯᠬᠢᠨ ᠠᠬᠢᠭᠤᠯᠤᠨ᠎ᠠ᠃ | —— ᠠᠵᠤ ᠦᠢᠯᠡᠰ ᠤᠨ ᠳᠡᠰ ᠳᠡᠪᠰᠢᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠴᠢᠨᠠᠷ ᠰᠠᠶᠢᠲᠠᠢ | ᠬᠥᠭᠵᠢᠯᠲᠡ ᠶᠢᠨ ᠶᠠᠰᠤ ᠴᠢᠨᠠᠷ ᠦᠷ᠎ᠡ ᠠᠰᠢᠭ ᠢ ᠳᠡᠭᠡᠭᠰᠢᠯᠡᠭᠦᠯᠦᠨ᠎ᠡ᠃ ᠠᠮᠢ ᠠᠬᠤᠢ ᠶᠢᠨ ᠠᠵᠤ ᠦᠢᠯᠡᠰᠵᠢᠯᠲᠡ᠂ | ᠠᠵᠤ ᠦᠢᠯᠡᠰ ᠤᠨ ᠠᠮᠢ ᠠᠬᠤᠶᠢᠵᠢᠯᠲᠠ ᠶᠢ ᠭᠦᠨᠵᠡᠭᠡᠢ ᠲᠦᠯᠬᠢᠨ ᠠᠬᠢᠭᠤᠯᠵᠤ᠂ ᠣᠲᠣ ᠦᠶ᠎ᠡ ᠶᠢᠨ ᠠᠵᠤ | ᠠᠬᠤᠢ ᠶᠢᠨ ᠰᠢᠰᠲ᠋ᠧᠮ ᠢ ᠲᠦᠷᠭᠡᠳᠬᠡᠨ ᠪᠠᠶᠢᠭᠤᠯᠵᠣ᠂ ᠪᠣᠬᠢᠷᠲᠤᠯ ᠦᠭᠡᠢ ᠬᠥᠭᠵᠢᠭᠰᠡᠨ᠂ ᠬᠠᠩᠭᠠᠯᠭ᠎ᠠ ᠭᠦᠢᠴᠡᠳ᠂ | ᠨᠡᠬᠡᠬᠡᠯᠲᠡᠲᠦ ᠠᠭᠤᠰᠤᠯᠴᠠᠭᠰᠠᠨ᠂ ᠠᠮᠢᠵᠢᠷᠠᠯ ᠤᠨ ᠬᠦᠴᠦᠨ ᠢᠶᠠᠷ ᠪᠢᠯᠬᠠᠮ᠎ᠠ ᠵᠡᠭᠦᠨ ᠦᠵᠦᠮᠦᠴᠢᠨ ᠬᠤᠰᠢᠭᠤ ᠶᠢ | ᠨᠠᠩ ᠪᠠᠶᠠᠨ ᠲᠠᠩᠰᠤᠭ ᠪᠣᠯᠭᠠᠨ ᠬᠦᠭᠵᠢᠭᠦᠯᠦᠨ᠎ᠡ᠃ | ᠤᠳᠤ ᠦᠶ᠎ᠡ ᠶᠢᠨ ᠮᠠᠯ ᠠᠵᠤ ᠠᠬᠤᠢ ᠶᠢ ᠰᠢᠯᠢᠳᠡᠭᠵᠢᠭᠦᠯᠦᠨ ᠨᠠᠷᠢᠯᠢᠭᠵᠢᠭᠤᠯᠬᠤ ᠶᠢ ᠠᠬᠢᠭᠤᠯᠤᠨ᠎ᠠ᠃ ︽ | 3+2︾ ᠠᠵᠤ ᠦᠢᠯᠡᠰ ᠤᠨ ᠬᠥᠭᠵᠢᠯᠲᠡ ᠶᠢᠨ ᠵᠠᠭᠪᠤᠷ ᠢ ᠭᠦᠨᠵᠡᠭᠡᠶᠢᠷᠡᠭᠦᠯᠦᠨ ᠳᠡᠭᠡᠭᠰᠢᠯᠡᠭᠦᠯᠵᠦ᠂ ᠠᠵᠤ | ᠦᠢᠯᠡᠳᠪᠦᠷᠢᠵᠢᠯᠲᠡ ᠶᠢᠨ ᠣᠨᠣᠯᠵᠢᠬᠤᠨ᠂ ᠬᠡᠯᠬᠢᠶᠡᠵᠢᠭᠰᠡᠨ ᠮᠠᠶ᠋ᠢᠭ ᠤᠨ ᠰᠡᠳᠬᠢᠬᠦᠢ᠂ ᠲᠥᠪᠯᠡᠷᠡᠩᠭᠦᠢ ᠮᠠᠶ᠋ᠢᠭ ᠤᠨ | ᠪᠣᠶᠢᠵᠢᠭᠤᠯᠤᠯᠲᠠ ᠶᠢ ᠪᠠᠷᠢᠮᠲᠠᠯᠠᠨ᠂ ᠮᠠᠯ ᠠᠵᠤ ᠠᠬᠤᠢ ᠶᠢᠨ ᠪᠥᠬᠦ ᠠᠵᠤ ᠦᠢᠯᠡᠰ ᠤᠨ ᠬᠡᠯᠬᠢᠶᠡᠰᠦ᠂ ᠪᠥᠬᠦ | ᠥᠷᠲᠡᠭ ᠤᠨ ᠬᠡᠯᠬᠢᠶᠡᠰᠦ ᠶᠢ ᠤᠷᠲᠤᠳᠬᠠᠵᠤ ᠰᠢᠯᠢᠳᠡᠭᠵᠢᠭᠦᠯᠦᠨ ᠬᠦᠴᠦᠷᠬᠡᠭᠵᠢᠭᠦᠯᠦᠨ᠎ᠡ᠃ ᠦᠷ᠎ᠡ ᠶᠢᠨ ᠦᠢᠯᠡᠰ ᠢ | ᠳᠡᠰ ᠳᠡᠪᠰᠢᠭᠦᠯᠬᠦ ᠢᠨᠵᠧᠨᠧᠷᠢᠩ ᠢ ᠬᠡᠷᠡᠭᠵᠢᠭᠦᠯᠦᠨ᠎ᠡ᠃ ︽ᠦᠵᠦᠮᠦᠴᠢᠨ ᠬᠤᠨᠢᠨ ᠤ ᠤᠭ ᠡᠭᠦᠯᠳᠡᠷ ᠤᠨ ᠲᠠᠯᠠᠪᠠᠶ | ︱ ᠲᠡᠵᠢᠭᠡᠨ ᠦᠷᠡᠵᠢᠭᠦᠯᠬᠦ ᠲᠠᠯᠠᠪᠠᠶ ︱ ᠭᠤᠣᠯᠳᠠᠯᠭᠠᠲᠤ ᠰᠦᠷᠦᠭ ︱ ᠪᠠᠷᠢᠮᠵᠢᠶᠠᠵᠢᠭᠤᠯᠤᠭᠰᠠᠨ ᠰᠦᠷᠦᠭ︾ | ᠳᠥᠷᠪᠡᠨ ᠳᠡᠰ ᠤᠨ ᠲᠡᠵᠢᠭᠡᠨ ᠦᠷᠡᠵᠢᠭᠦᠯᠬᠦ ᠲᠤᠭᠲᠠᠯᠴᠠᠭ᠎ᠠ ᠶᠢᠨ ᠴᠢᠳᠠᠮᠵᠢ ᠶᠢ ᠭᠦᠢᠴᠡᠳ ᠪᠠᠳᠠᠷᠠᠭᠤᠯᠵᠤ᠂ 26 | ᠲᠡᠵᠢᠭᠡᠨ ᠦᠷᠡᠵᠢᠭᠦᠯᠬᠦ ᠲᠠᠯᠠᠪᠠᠶ᠂ 290 ᠭᠤᠣᠯᠳᠠᠯᠭᠠᠲᠤ ᠰᠦᠷᠦᠭ ᠂ 2600 ᠪᠠᠷᠢᠮᠵᠢᠶᠠᠵᠢᠭᠤᠯᠤᠭᠰᠠᠨ ᠰᠦᠷᠦᠭ | ᠢ ᠪᠠᠬᠢᠵᠢᠭᠦᠯᠵᠦ᠂ 4500 ᠲᠣᠯᠣᠭᠠᠢ ᠬᠢᠷᠢ ᠲᠡᠩᠴᠡᠬᠦ ᠦᠭᠡᠢ ᠬᠤᠴᠠ ᠶᠢ ᠰᠢᠭᠰᠢᠨ ᠰᠣᠯᠢᠵᠤ᠂ 10 ᠲᠦᠮᠡᠨ | ᠲᠣᠯᠣᠭᠠᠢ ᠦᠵᠦᠮᠦᠴᠢᠨ ᠬᠤᠨᠢᠨ ᠳᠤ ᠭᠠᠷ ᠬᠡᠭᠡᠯᠳᠦᠭᠦᠯᠭᠡ ᠬᠢᠨ᠎ᠠ᠃ 32 ᠰᠢᠯᠢᠳᠡᠭ ᠡᠭᠦᠯᠳᠡᠷ ᠤᠨ ᠮᠢᠬᠠᠨ | ᠦᠬᠡᠷ ᠤᠨ ᠭᠤᠣᠯᠳᠠᠯᠭᠠᠲᠤ ᠰᠦᠷᠦᠭ ᠢ ᠳᠡᠰ ᠳᠡᠪᠰᠢᠭᠦᠯᠵᠦ᠂ ᠵᠢᠯ ᠳᠤ ᠠᠶᠢᠮᠠᠭ ᠤᠨ ᠲᠠᠰ ᠤᠨ ᠰᠢᠯᠢᠳᠡᠭ | ᠡᠭᠦᠯᠳᠡᠷ ᠤᠨ ᠮᠢᠬᠠᠨ ᠦᠬᠡᠷ ᠤᠨ ᠭᠤᠣᠯᠳᠠᠯᠭᠠᠲᠤ ᠰᠦᠷᠦᠭ ᠢ 35 ᠰᠦᠷᠦᠭ ᠢ ᠳᠠᠪᠠᠭᠤᠯᠣᠨ᠎ᠠ᠃ ︽ᠠᠳᠤᠭᠤᠨ ᠤ | ᠠᠵᠤ ᠦᠢᠯᠡᠰ +︾ ᠵᠠᠭᠪᠤᠷ ᠢ ᠠᠬᠢᠭᠤᠯᠵᠤ᠂ ᠮᠣᠩᠭᠤᠯ ᠠᠳᠤᠭᠤᠨ ᠤ ᠡᠭᠦᠯᠳᠡᠷ ᠤᠨ ᠬᠠᠮᠠᠭᠠᠯᠠᠯᠲᠠ ᠶᠢᠨ ᠦᠷ᠎ᠡ | ᠪᠦᠲᠦᠭᠡᠯ ᠢ ᠪᠠᠬᠢᠵᠢᠬᠦᠯᠦᠨ᠂ ᠠᠳᠤᠭᠤᠨ ᠤ ᠰᠢᠯᠢᠳᠡᠭ ᠡᠭᠦᠯᠳᠡᠷ ᠤᠨ ᠶᠠᠰᠤ ᠴᠢᠨᠠᠷ ᠢ ᠳᠡᠭᠡᠭᠰᠢᠯᠡᠭᠦᠯᠬᠦ᠂ ᠮᠣᠷᠢᠨ | ᠤᠷᠤᠯᠳᠤᠭᠠᠨ ᠢᠶᠠᠷ ᠬᠥᠲᠥᠯᠥᠨ ᠳᠠᠭᠠᠭᠤᠯᠬᠤ᠂ ᠠᠳᠤᠭᠤᠨ ᠤ ᠰᠣᠶᠣᠯ ᠵᠢᠭᠤᠯᠴᠢᠯᠠᠯ ᠢ ᠠᠭᠤᠰᠤᠯᠴᠠᠭᠤᠯᠤᠨ | ᠬᠥᠭᠵᠢᠭᠦᠯᠬᠦ᠂ ᠣᠨᠴᠠᠯᠢᠭᠲᠦ ᠠᠳᠤᠭᠤᠨ ᠤ ᠪᠦᠲᠦᠭᠡᠭᠳᠡᠬᠦᠨ ᠦᠢᠯᠡᠳᠦᠨ ᠠᠰᠢᠭᠯᠠᠬᠤ ᠵᠡᠷᠭᠡ ᠳᠦᠷᠪᠡᠨ ᠶᠡᠭᠡ | ᠠᠵᠢᠯᠯᠠᠭ᠎ᠠ ᠶᠢ ᠬᠡᠷᠡᠭᠵᠢᠭᠦᠯᠵᠦ᠂ ᠠᠳᠤᠭᠤᠨ ᠤ ᠠᠵᠤ ᠦᠢᠯᠡᠰ ᠢ ᠦᠨᠡᠨᠬᠦ ᠠᠷᠠᠳ ᠢ ᠪᠠᠶᠠᠵᠢᠭᠤᠯᠬᠤ ᠠᠵᠤ ᠦᠢᠯᠡᠰ | ᠪᠣᠯᠭᠠᠨ᠎ᠠ᠃ ᠰᠦ ᠶᠢᠨ ᠠᠵᠤ ᠦᠢᠯᠡᠰ ᠪᠠ ᠲᠡᠵᠢᠭᠡᠯ ᠡᠪᠡᠰᠦᠨ ᠤ ᠦᠢᠯᠡᠰ ᠤᠨ ᠪᠦᠯᠦᠭᠯᠡᠯ ᠤᠨ ᠢᠨᠵᠧᠨᠧᠷᠢᠩ ᠢ | ᠬᠡᠷᠡᠭᠵᠢᠭᠦᠯᠦᠨ᠎ᠡ᠃ ᠣᠨᠴᠠᠯᠢᠭᠲᠤ ᠴᠠᠭᠠᠨ ᠢᠳᠡᠭᠡ ᠡᠳ᠋ᠰᠢᠭᠦᠯᠬᠦ ᠪᠠᠷᠢᠮᠵᠢᠶᠡᠵᠢᠭ᠌ᠰᠠᠨ ᠲᠤᠷᠰᠢᠯᠲᠠ ᠶᠢᠨ ᠴᠡᠭ ᠤᠨ | ᠲᠥᠷᠥᠯ ᠵᠦᠢᠯ ᠢ ᠲᠡᠮᠡᠴᠡᠨ ᠤᠯᠵᠤ᠂ 3 ᠤᠯᠠᠮᠵᠢᠯᠠᠯᠲᠤ ᠴᠠᠭᠠᠨ ᠢᠳᠡᠭᠡ ᠡᠳ᠋ᠰᠢᠭᠦᠯᠬᠦ ᠵᠢᠵᠢᠭ ᠦᠢᠯᠡᠳᠬᠡᠯ ᠤᠨ | ᠭᠠᠵᠠᠷ᠂ 2 ᠴᠡᠭᠡ ᠪᠣᠯᠪᠠᠰᠤᠷᠠᠭᠤᠯᠬᠤ ᠲᠤᠷᠰᠢᠯᠲᠠ ᠶᠢᠨ ᠴᠡᠭ ᠢ ᠰᠢᠨ᠎ᠡ ᠪᠠᠷ ᠪᠣᠶᠢᠵᠢᠭᠤᠯᠵᠤ᠂ ︽ᠰᠢᠮ᠎ᠡ︾᠂ ︽ | ᠵᠡᠯ᠎ᠡ︾᠂ ︽ᠤᠭᠤᠷᠠᠭ︾ ᠵᠡᠷᠭᠡ ᠨᠢᠭᠡ ᠪᠦᠯᠦᠭ ᠴᠠᠭᠠᠨ ᠢᠳᠡᠭᠡᠨ ᠤ ᠠᠵᠤ ᠠᠬᠤᠶᠢᠯᠠᠯ ᠤᠨ ᠪᠠᠷᠢᠮᠵᠢᠶᠡᠵᠢᠭ᠌ᠰᠠᠨ | ᠪᠠᠶᠢᠭᠤᠯᠤᠯᠲᠠ ᠶᠢ ᠳᠡᠮᠵᠢᠵᠦ᠂ ᠪᠥᠬᠦ ᠬᠤᠰᠢᠭᠤᠨ ᠤ ᠰᠠᠭᠠᠯᠢ ᠶᠢᠨ ᠦᠨᠢᠶ᠎ᠡ ᠶᠢᠨ ᠲᠤᠭ᠎ᠠ ᠶᠢ 3 ᠲᠦᠮᠡᠨ ᠲᠣᠯᠣᠭᠠᠢ | ᠬᠦᠷᠭᠡᠵᠦ᠂ ᠰᠦᠨ ᠤ ᠭᠠᠷᠤᠯᠲᠠ 5 ᠲᠦᠮᠡᠨ ᠲᠣᠨ ᠢ ᠳᠠᠪᠠᠭᠤᠯᠣᠨ᠂ ᠰᠦᠨ ᠤ ᠠᠵᠤ ᠦᠢᠯᠡᠰ ᠤᠨ ᠴᠢᠨᠠᠷ | ᠴᠢᠨᠰᠠᠭ᠎ᠠ ᠪᠠ ᠦᠷ᠎ᠡ ᠠᠰᠢᠭ ᠢ ᠵᠡᠷᠭᠡᠪᠡᠷ ᠳᠡᠭᠡᠭᠰᠢᠯᠡᠭᠦᠯᠬᠦ ᠶᠢ ᠠᠬᠢᠭᠤᠯᠤᠨ᠎ᠠ᠃ ᠬᠤᠮᠠᠭ ᠤᠨ ᠲᠠᠯ᠎ᠠ ᠶᠢᠨ 60.9 | ᠲᠦᠮᠡᠨ ᠮᠦ ᠤᠯᠤᠰ ᠤᠨ ᠥᠮᠴᠢᠯᠡᠯᠲᠦ ᠪᠡᠯᠴᠢᠭᠡᠷ ᠢ ᠰᠢᠨᠵᠢᠯᠡᠬᠦ ᠤᠬᠠᠭᠠᠨᠴᠢ ᠪᠠᠷ ᠵᠦᠢ ᠵᠣᠬᠢᠰᠲᠠᠢ ᠠᠰᠢᠭᠯᠠᠵᠤ᠂ | ᠰᠣᠮᠤᠨ ᠤ ᠲᠠᠰ ᠤᠨ 5 ᠲᠡᠵᠢᠭᠡᠯ ᠡᠪᠡᠰᠦ ᠶᠢ ᠨᠥᠭᠡᠴᠡᠯᠡᠵᠦ ᠡᠳ᠋ᠰᠢᠭᠦᠯᠬᠦ ᠰᠠᠭᠤᠷᠢᠨ ᠭᠠᠵᠠᠷ ᠪᠠ | ᠭᠠᠴᠠᠭᠠᠨ ᠤ ᠲᠠᠰ ᠤᠨ 25 ᠨᠥᠭᠡᠴᠡᠯᠡᠬᠦ ᠬᠥᠮᠥᠷᠭᠡ ᠲᠠᠢ ᠬᠤᠯᠪᠤᠭᠠᠯᠠᠨ᠂ ᠭᠤᠷᠪᠠᠨ ᠱᠠᠲᠤᠨ ᠤ ᠡᠪᠡᠰᠦ | ᠪᠣᠷᠳᠤᠭ᠎ᠠ ᠶᠢ ᠬᠠᠳᠠᠭᠠᠯᠠᠵᠤ ᠵᠥᠭᠡᠭᠡᠪᠦᠷᠢᠯᠡᠬᠦ ᠨᠡᠶᠢᠭᠡᠮᠴᠢᠯᠡᠭᠰᠡᠨ ᠦᠢᠯᠡᠴᠢᠯᠡᠭᠡᠨ ᠤ ᠲᠤᠭᠲᠠᠯᠴᠠᠭ᠎ᠠ ᠶᠢ ᠪᠦᠷᠢᠨᠰᠢᠭᠦᠯᠵᠦ | ᠂ ᠵᠢᠯ ᠳᠤ 44.67 ᠲᠦᠮᠡᠨ ᠲᠣᠨ ᠡᠪᠡᠰᠦ ᠪᠣᠷᠳᠤᠭ᠎ᠠ ᠶᠢ ᠨᠥᠭᠡᠴᠡᠯᠡᠵᠦ ᠡᠳ᠋ᠰᠢᠬᠦᠯᠦᠨ᠂ ᠵᠠᠬ᠎ᠠ ᠳᠡᠯᠭᠡᠭᠦᠷ ᠢ | ᠵᠣᠬᠢᠴᠠᠭᠤᠯᠬᠤ᠂ ᠡᠪᠡᠰᠦᠨ ᠤ ᠦᠨ᠎ᠡ ᠶᠢ ᠲᠣᠭᠲᠠᠪᠤᠷᠢᠵᠢᠭᠤᠯᠬᠤ᠂ ᠬᠠᠩᠭᠠᠯᠭ᠎ᠠ ᠶᠢ ᠪᠠᠲᠤᠯᠠᠬᠤ ᠬᠠᠷᠠᠯᠲᠠ ᠶᠢ | ᠪᠡᠶᠡᠯᠡᠭᠦᠯᠦᠨ᠎ᠡ᠃ ᠡᠳ᠋ᠰᠢᠭᠦᠯᠬᠦ ᠲᠠᠰ ᠳᠠᠪᠬᠤᠷᠭ᠎ᠠ ᠶᠢ ᠳᠡᠰ ᠳᠡᠪᠰᠢᠭᠦᠯᠬᠦ ᠢᠨᠵᠧᠨᠧᠷᠢᠩ ᠢ ᠬᠡᠷᠡᠭᠵᠢᠭᠦᠯᠦᠨ᠎ᠡ᠃ | ᠣᠳᠤᠬᠢ ᠪᠠᠶᠢᠭ᠎ᠠ ᠨᠢᠲᠤᠯᠬᠤ ᠠᠵᠤ ᠠᠬᠤᠶᠢᠯᠠᠯ ᠢ ᠲᠠᠰ ᠳᠡᠪᠰᠢᠭᠦᠯᠬᠦ ᠶᠢ ᠵᠣᠷᠢᠭᠵᠢᠭᠤᠯᠵᠤ᠂ ᠠᠵᠤ ᠦᠢᠯᠡᠰ ᠤᠨ | ᠬᠡᠯᠬᠢᠶᠡᠰᠦ ᠶᠢ ᠤᠷᠲᠤᠳᠬᠠᠨ᠂ ᠦᠬᠡᠷ ᠬᠤᠨᠢᠨ ᠤ ᠮᠢᠬ᠎ᠠ ᠶᠢ ᠨᠠᠷᠢᠯᠢᠭ ᠬᠤᠪᠢᠶᠠᠬᠤ᠂ ᠨᠠᠷᠢᠯᠢᠭ ᠪᠣᠭᠤᠳᠠᠯᠯᠠᠬᠤ ᠪᠠ | ᠪᠤᠯᠭᠤᠭᠰᠠᠨ ᠢᠳᠡᠭᠡᠨ ᠦᠢᠯᠡᠳᠬᠦ ᠵᠡᠷᠭᠡ ᠲᠠᠯ᠎ᠠ ᠪᠠᠷ ᠬᠦᠴᠦᠯᠡᠵᠦ᠂ ᠪᠥᠬᠦ ᠬᠤᠰᠢᠭᠤᠨ ᠤ ᠮᠠᠯ ᠨᠢᠲᠤᠯᠵᠤ | ᠡᠳ᠋ᠰᠢᠭᠦᠯᠬᠦ ᠬᠡᠮᠵᠢᠶ᠎ᠡ ᠶᠢ 100 ᠲᠦᠮᠡᠨ ᠲᠤᠯᠤᠭᠠᠢ ᠠᠴᠠ ᠳᠠᠪᠠᠭᠤᠯᠦᠨ᠂ ᠨᠠᠷᠢᠯᠢᠭ ᠡᠳ᠋ᠰᠢᠭᠦᠯᠬᠦ ᠨᠣᠷᠮ᠎ᠠ ᠶᠢ 27. | 5% ᠳᠤ ᠬᠦᠷᠭᠡᠨ᠎ᠡ᠃ ᠶᠤᠸᠠᠢ ᠢ ᠠᠮᠢᠳᠤ ᠪᠣᠳᠠᠰ ᠤᠨ ᠶᠠᠰᠤ ᠴᠢᠰᠤ ᠳᠣᠲᠣᠷ ᠡᠷᠬᠡᠲᠡᠨ ᠢᠶᠠᠷ ᠡᠮ ᠦᠢᠯᠡᠳᠬᠦ᠂ | ᠥᠯᠵᠡᠶᠢᠲᠦ ᠲᠠᠯ᠎ᠠ ᠨᠤᠲᠤᠭ ᠬᠤᠨᠢᠨ ᠠᠷᠠᠰᠤ ᠡᠳ᠋ᠰᠢᠭᠦᠯᠬᠦ ᠵᠡᠷᠭᠡ ᠲᠥᠷᠥᠯ ᠵᠦᠢᠯ ᠢ ᠬᠥᠭᠵᠢᠭᠦᠯᠦᠨ | ᠪᠤᠵᠠᠭᠠᠶᠢᠷᠠᠭᠤᠯᠵᠤ᠂ ᠬᠤᠨᠢᠨ ᠠᠷᠠᠰᠤ ᠬᠤᠨᠢᠨ ᠰᠡᠭᠦᠯ᠂ ᠶᠠᠰᠤ ᠴᠢᠰᠤ ᠳᠣᠲᠣᠷ ᠡᠷᠬᠡᠲᠡᠨ ᠵᠡᠷᠭᠡ ᠶᠢ ᠶᠡᠷᠦᠩᠬᠡᠶᠢᠯᠡᠨ | ᠠᠰᠢᠭᠯᠠᠬᠤ ᠶᠢ ᠪᠡᠶᠡᠯᠡᠭᠦᠯᠦᠨ᠎ᠡ᠃ ᠯᠢᠶᠠᠩ ᠢ ᠠᠮᠢᠳᠤ ᠪᠣᠳᠠᠰ ᠵᠡᠷᠭᠡ ᠨᠢᠭᠡ ᠪᠦᠯᠦᠭ ᠳᠡᠭᠡᠳᠦ ᠰᠢᠨ᠎ᠡ ᠮᠡᠷᠭᠡᠵᠢᠯ ᠤᠨ | ᠠᠵᠤ ᠠᠬᠤᠶᠢᠯᠠᠯ ᠤᠨ ᠡᠪᠡᠳᠴᠢᠨ ᠢᠶᠠᠷ ᠦᠬᠦᠭᠰᠡᠨ ᠮᠠᠯ ᠵᠢᠭᠦᠷᠲᠡᠨ ᠢ ᠬᠦᠨᠦᠭᠡᠯ ᠦᠭᠡᠢ ᠰᠢᠢᠳᠪᠦᠷᠢᠯᠡᠬᠦ᠂ | ᠢᠯᠭᠠᠳᠠᠰᠤᠨ ᠪᠣᠬᠢᠷᠲᠤᠯ ᠢ ᠡᠬᠢ ᠪᠠᠶᠠᠯᠢᠭᠵᠢᠭᠤᠯᠤᠨ ᠠᠰᠢᠭᠯᠠᠬᠤ ᠬᠦᠷᠢᠶ᠎ᠡ ᠴᠠᠷᠠᠭ᠎ᠠ ᠳᠤ ᠰᠢᠪᠲᠤᠯᠤᠯᠲᠠ ᠶᠢᠨ | ᠴᠢᠨᠠᠷᠲᠠᠢ ᠠᠬᠢᠴᠠ ᠲᠠᠢ ᠪᠣᠯᠭᠠᠨ᠎ᠠ᠃ ᠳᠠᠭᠠᠭᠤᠯᠤᠭᠴᠢ ᠠᠵᠤ ᠠᠬᠤᠶᠢᠯᠠᠯ ᠢ ᠳᠡᠮᠵᠢᠨ ᠨᠠᠷᠢᠯᠢᠭ ᠭᠦᠨᠵᠡᠭᠡᠢ | ᠡᠳ᠋ᠰᠢᠭᠦᠯᠦᠨ ᠪᠣᠯᠪᠠᠰᠤᠷᠠᠭᠤᠯᠬᠤ ᠦᠢᠯᠡᠳᠪᠦᠷᠢᠯᠡᠯ ᠤᠨ ᠱᠤᠭᠤᠮ ᠢ ᠲᠡᠭᠦᠯᠳᠡᠷᠵᠢᠭᠦᠯᠵᠦ᠂ ᠵᠠᠬ᠎ᠠ ᠳᠡᠯᠭᠡᠭᠦᠷ ᠤᠨ | ᠤᠳᠤᠷᠢᠳᠤᠮᠵᠢ ᠳᠤ ᠢᠳᠡᠪᠬᠢᠲᠡᠢ ᠵᠣᠬᠢᠴᠠᠵᠤ᠂ ᠬᠡᠷᠡᠭᠯᠡᠭᠴᠢᠳ ᠤᠨ ᠭᠠᠷ ᠲᠤ ᠰᠢᠭᠤᠳ ᠬᠦᠷᠬᠦ ᠪᠦᠲᠦᠭᠡᠭᠳᠡᠬᠦᠨ ᠢ | ᠦᠢᠯᠡᠳᠪᠦᠷᠢᠯᠡᠬᠦ ᠶᠢ ᠵᠣᠷᠢᠭᠵᠢᠭᠤᠯᠤᠨ᠂ ᠮᠠᠯ ᠤᠨ ᠠᠰᠢᠭ ᠰᠢᠮ᠎ᠡ ᠶᠢᠨ ᠶᠠᠰᠤ ᠴᠢᠨᠠᠷ ᠪᠠ ᠨᠡᠮᠡᠯᠲᠡ ᠥᠷᠲᠡᠭ ᠢ ᠪᠥᠬᠦ | ᠲᠠᠯ᠎ᠠ ᠪᠠᠷ ᠳᠡᠭᠡᠭᠰᠢᠯᠡᠭᠦᠯᠵᠦ᠂ ᠴᠢᠨᠠᠷ ᠰᠠᠶᠢᠲᠠᠢ ᠪᠥᠭᠡᠳ ᠥᠨᠳᠥᠷ ᠦᠨ᠎ᠡ ᠬᠦᠷᠭᠡᠬᠦ ᠶᠢ ᠪᠡᠶᠡᠯᠡᠭᠦᠯᠦᠨ᠎ᠡ᠃ ᠨᠠᠷᠠᠲᠤ | ᠲᠦᠷᠦᠯ ᠲᠡᠮᠳᠡᠭᠲᠦ ᠶᠢᠨ ᠪᠠᠶᠢᠭᠤᠯᠤᠯᠲᠠ ᠪᠠᠷ ᠪᠣᠷᠤᠯᠠᠭᠤᠯᠭ᠎ᠠ ᠶᠢ ᠠᠬᠢᠭᠤᠯᠬᠤ ᠢᠨᠵᠧᠨᠧᠷᠢᠩ ᠢ ᠬᠡᠷᠡᠭᠵᠢᠭᠦᠯᠦᠨ᠎ᠡ᠃ | ᠦᠵᠦᠮᠦᠴᠢᠨ ᠬᠤᠨᠢ ᠶᠢ ᠲᠣᠭᠲᠠᠭᠰᠠᠨ ᠴᠡᠭ ᠲᠤ ᠨᠢᠲᠤᠯᠬᠤ ᠪᠠ ᠭᠠᠳᠠᠨ᠎ᠠ ᠠᠴᠠ ᠢᠷᠡᠭᠰᠡᠨ ᠬᠤᠨᠢᠨ ᠤ ᠢᠷᠡᠯᠲᠡ ᠶᠢ | ᠮᠥᠷᠳᠡᠨ ᠪᠠᠶᠢᠴᠠᠭᠠᠵᠤ ᠢᠯᠭᠠᠨ ᠲᠣᠭᠲᠠᠭᠠᠬᠤ ᠶᠢ ᠵᠢᠷᠤᠮᠵᠢᠭᠤᠯᠤᠨ ᠬᠠᠮᠢᠶᠠᠷᠴᠤ᠂ ᠦᠵᠦᠮᠦᠴᠢᠨ ᠬᠤᠨᠢᠨ ᠤ | ᠮᠢᠬᠠᠨ ᠤ ᠵᠠᠬ᠎ᠠ ᠳᠡᠯᠭᠡᠭᠦᠷ ᠤᠨ ᠴᠡᠪᠡᠷᠵᠢᠯᠲᠡ ᠶᠢ ᠪᠠᠲᠤᠯᠠᠨ᠎ᠠ᠃ ᠦᠵᠦᠮᠦᠴᠢᠨ ᠬᠤᠨᠢᠨ ᠤ ᠨᠠᠶᠢᠷ᠂ ᠬᠤᠨᠢᠨ | ᠮᠢᠬᠠᠨ ᠤ ᠨᠠᠶᠢᠷ ᠵᠢᠴᠢ ᠡᠯ᠎ᠡ ᠲᠥᠷᠥᠯ ᠤᠨ ᠲᠠᠨᠢᠯᠴᠠᠭᠤᠯᠭ᠎ᠠ ᠶᠢᠨ ᠴᠤᠭᠯᠠᠭᠠᠨ ᠢᠶᠠᠷ ᠳᠠᠮᠵᠢᠭᠤᠯᠤᠨ ᠦᠵᠦᠮᠦᠴᠢᠨ | ᠬᠤᠨᠢᠨ ᠤ ᠨᠠᠷᠠᠲᠤ ᠲᠥᠷᠥᠯ ᠲᠡᠮᠳᠡᠭᠲᠦ ᠶᠢ ᠠᠯᠳᠠᠷᠰᠢᠭᠤᠯᠣᠨ᠂ ᠦᠵᠦᠮᠦᠴᠢᠨ ᠬᠤᠨᠢᠨ ᠤ ᠮᠥᠷᠳᠡᠯᠲᠡ ᠶᠢ | ᠪᠣᠳᠠᠲᠠᠶᠢᠵᠢᠭᠤᠯᠵᠤ᠂ ᠪᠦᠲᠦᠭᠡᠭᠳᠡᠬᠦᠨ ᠤ ᠦᠷᠲᠡᠭ ᠤᠨ ᠨᠡᠮᠡᠭᠳᠡᠯ ᠢ ᠪᠡᠶᠡᠯᠡᠭᠦᠯᠦᠨ᠂ ᠵᠠᠬ᠎ᠠ ᠳᠡᠯᠭᠡᠭᠦᠷ ᠤᠨ | ᠥᠷᠢᠰᠦᠯᠳᠦᠬᠦ ᠬᠦᠴᠦᠨ ᠢ ᠴᠢᠩᠭᠠᠷᠠᠭᠤᠯᠵᠤ᠂ ᠨᠠᠷᠠᠲᠤ ᠲᠥᠷᠥᠯ ᠲᠡᠮᠳᠡᠭᠲᠦ ᠶᠢᠨ ᠡᠵᠡᠩᠨᠡᠯᠲᠡ ᠬᠠᠮᠢᠶᠠᠷᠤᠯᠲᠠ ᠶᠢᠨ | ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠲᠠᠯ᠎ᠠ ᠪᠠᠷ ᠰᠢᠪᠲᠤᠯᠤᠯᠲᠠ ᠭᠠᠷᠭᠠᠨ᠎ᠠ᠃ | ᠠᠵᠤ ᠦᠢᠯᠡᠳᠪᠦᠷᠢ ᠶᠢᠨ ᠠᠵᠤ ᠠᠬᠤᠢ ᠶᠢᠨ ᠪᠠᠷᠢᠮᠵᠢᠶ᠎ᠠ ᠶᠢ ᠳᠡᠭᠡᠭᠰᠢᠯᠡᠭᠦᠯᠵᠦ ᠴᠢᠳᠠᠪᠤᠷᠢ ᠶᠢ ᠥᠷᠭᠡᠳᠬᠡᠬᠦ ᠶᠢ | ᠠᠬᠢᠭᠤᠯᠤᠨ᠎ᠠ᠃ ᠣᠳᠤᠬᠢ ᠪᠠᠶᠢᠭ᠎ᠠ ᠠᠵᠤ ᠠᠬᠤᠶᠢᠯᠠᠯ ᠪᠣᠯᠣᠨ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠲᠤ | ᠰᠠᠭᠤᠷᠢᠯᠠᠨ᠂ ᠳᠣᠭᠲᠠᠭᠤᠨ ᠢ ᠪᠠᠲᠣᠯᠠᠨ ᠨᠡᠮᠡᠭᠳᠡᠯ ᠢ ᠪᠡᠶᠡᠯᠡᠬᠦᠯᠵᠦ᠂ ᠠᠵᠤ ᠦᠢᠯᠡᠳᠪᠦᠷᠢ ᠶᠢᠨ ᠠᠵᠤ ᠠᠬᠤᠢ ᠶᠢᠨ | ᠴᠢᠨᠠᠷ ᠰᠠᠶᠢᠲᠠᠢ ᠬᠦᠭᠵᠢᠯᠲᠡ ᠶᠢ ᠠᠬᠢᠭᠤᠯᠣᠨ᠎ᠠ᠃ ᠵᠢᠯ ᠳᠤ ᠸᠧ ᠡᠾᠧ ᠮᠠᠯᠵᠢᠯ ᠤᠨ ᠲᠠᠯᠠᠪᠠᠢ ᠶᠢ ᠪᠠᠷᠢᠮᠵᠢᠶ᠎ᠠ ᠳᠤ | ᠨᠠᠶᠢᠴᠡᠬᠦᠯᠦᠨ ᠲᠤᠭ᠎ᠠ ᠪᠦᠷᠢᠳᠬᠡᠯ ᠳᠤ ᠣᠷᠣᠭᠤᠯᠵᠣ᠂ ᠬᠡᠪᠴᠢᠶᠡᠵᠢᠭᠰᠡᠨ ᠠᠵᠤ ᠦᠢᠯᠡᠳᠪᠦᠷᠢ ᠶᠢᠨ ᠦᠢᠯᠡᠳᠬᠦᠨ ᠤ | ᠥᠷᠲᠡᠭ ᠢ 33 ᠳ᠋ᠦᠩᠰᠢᠭᠤᠷ ᠲᠥᠭᠦᠷᠢᠭ ᠲᠤ ᠬᠦᠷᠭᠡᠨ᠎ᠡ᠃ ᠭᠠᠷᠤᠯᠲᠠ ᠪᠠᠨ ᠨᠡᠮᠡᠭᠳᠡᠭᠦᠯᠬᠦ ᠳᠠᠯᠳᠠ ᠬᠦᠴᠦᠨ ᠲᠠᠢ | ᠨᠡᠭᠦᠷᠡᠰᠦᠨ ᠠᠭᠤᠷᠬᠠᠢ ᠶᠢᠨ ᠲᠡᠷᠢᠭᠦᠨ ᠤ ᠦᠢᠯᠡᠳᠪᠦᠷᠢᠯᠡᠬᠦ ᠴᠢᠳᠠᠪᠤᠷᠢ ᠪᠠᠨ ᠪᠠᠳᠠᠷᠠᠭᠤᠯᠬᠤ ᠶᠢ ᠪᠦᠬᠦ ᠲᠠᠯ᠎ᠠ ᠪᠠᠷ | ᠠᠬᠢᠭᠤᠯᠵᠤ᠂ ︽ᠨᠢᠭᠡ ᠠᠭᠤᠷᠬᠠᠢ ᠳᠤ ᠨᠢᠭᠡ ᠲᠥᠷᠥ ᠶᠢᠨ ᠪᠣᠳᠣᠯᠭ᠎ᠠ︾ ᠪᠠᠷ ᠴᠠᠭᠠᠨᠲᠣᠯᠤᠭᠠᠢ ᠵᠡᠷᠭᠡ ᠨᠢᠭᠡ ᠪᠦᠯᠦᠭ | ᠦᠢᠯᠡᠳᠪᠦᠷᠢᠯᠡᠯ ᠢᠶᠠᠨ ᠵᠣᠭᠰᠣᠭᠰᠠᠨ ᠨᠡᠭᠦᠷᠡᠰᠦᠨ ᠠᠭᠤᠷᠬᠠᠢ ᠶᠢᠨ ᠦᠢᠯᠡᠳᠪᠦᠷᠢᠯᠡᠯ ᠢᠶᠠᠨ ᠰᠡᠷᠭᠦᠭᠡᠬᠦ ᠶᠢ | ᠠᠬᠢᠭᠤᠯᠤᠨ᠎ᠠ᠃ ᠳ᠋ᠢᠶᠠᠨᠴᠢ ᠶᠢᠨ ᠠᠮᠠ᠂ ᠳ᠋ᠠ ᠰᠠᠢ ᠲᠦᠸᠧᠸ᠋᠂ ᠤᠯᠠᠭᠠᠨᠲᠣᠯᠤᠭᠠᠢ ᠶᠢᠨ ᠵᠡᠬᠦᠨ ᠵᠡᠷᠭᠡ | ᠠᠭᠤᠷᠬᠠᠢ ᠶᠢᠨ ᠲᠥᠷᠥᠯ ᠵᠦᠢᠯ ᠢ ᠬᠢᠨᠠᠨ ᠵᠦᠪᠰᠢᠶᠡᠷᠡᠵᠦ ᠠᠵᠢᠯ ᠡᠬᠢᠯᠡᠬᠦ ᠨᠦᠬᠦᠴᠡᠯ ᠳᠤ ᠬᠦᠷᠭᠡᠬᠦ ᠪᠠᠷ ᠴᠢᠷᠮᠠᠶᠢᠨ᠎ᠠ | ︔ 1017 ᠦᠨᠳᠦᠷᠯᠢᠭ ᠤᠨ ᠮᠥᠩᠭᠦ ᠲᠤᠭᠤᠯᠭ᠎ᠠ ᠴᠠᠶᠢᠷ ᠤᠨ ᠣᠯᠠᠨ ᠲᠡᠮᠦᠷᠯᠢᠭ ᠤᠨ ᠠᠭᠤᠷᠬᠠᠢ᠂ | ᠬᠦᠪᠳᠤᠨᠲᠤᠯᠤᠭᠠᠢ ᠮᠥᠩᠭᠦ ᠲᠤᠭᠤᠯᠭ᠎ᠠ ᠴᠠᠶᠢᠷ ᠤᠨ ᠣᠯᠠᠨ ᠲᠡᠮᠦᠷᠯᠢᠭ ᠤᠨ ᠠᠭᠤᠷᠬᠠᠢ ᠶᠢᠨ ᠠᠭᠤᠷᠬᠠᠢ ᠮᠠᠯᠲᠠᠬᠤ | ᠦᠨᠡᠮᠯᠡᠯ ᠢ ᠭᠦᠢᠴᠡᠳᠬᠡᠬᠦ ᠪᠠ ᠲᠥᠷᠥᠯ ᠵᠦᠢᠯ ᠢ ᠬᠢᠨᠠᠨ ᠵᠥᠪᠰᠢᠶᠡᠷᠡᠬᠦ ᠶᠢ ᠱᠠᠯᠠᠪᠳᠠᠭᠤᠯᠣᠨ ᠪᠡᠶᠡᠯᠡᠬᠦᠯᠦᠨ᠎ᠡ︔ | ᠴᠡᠪᠴᠡᠷ᠂ ᠪᠤᠶᠠᠨ ᠠᠷᠤ᠂ ᠲᠤᠭᠤᠷᠢᠭ ᠵᠡᠷᠭᠡ ᠤᠯᠠᠨ ᠲᠡᠮᠦᠷᠯᠢᠭ ᠤᠨ ᠠᠭᠤᠷᠬᠠᠢ ᠶᠢᠨ ᠭᠠᠷ ᠬᠦᠢᠴᠡᠳᠬᠡᠯ ᠢ | ᠱᠠᠲᠤᠴᠢ ᠴᠢᠨᠠᠷᠲᠠᠢ ᠠᠬᠢᠴᠠ ᠲᠠᠢ ᠪᠣᠯᠭᠠᠨ ᠠᠬᠢᠭᠤᠯᠬᠤ ᠶᠢᠨ ᠬᠠᠮᠲᠤ ᠠᠵᠤ ᠠᠬᠤᠶᠢᠯᠠᠯ ᠤᠨ ᠡᠬᠢ ᠪᠠᠶᠠᠯᠢᠭ ᠢ | ᠨᠢᠭᠡᠲᠦᠭᠦᠯᠵᠦ ᠨᠡᠭᠡᠭᠡᠨ ᠠᠰᠢᠭᠯᠠᠬᠤ ᠶᠢ ᠠᠬᠢᠭᠤᠯᠤᠨ᠎ᠠ᠃ ᠦᠩᠲᠦ ᠠᠭᠤᠷᠬᠠᠢ ᠶᠢᠨ ᠣᠷᠣᠨ ᠤ | ᠲᠥᠯᠦᠪᠵᠢᠭᠦᠯᠭᠡ ᠶᠢᠨ ᠣᠷᠴᠢᠨ ᠲᠣᠭᠤᠷᠢᠨ ᠳᠤ ᠦᠵᠡᠭᠦᠯᠬᠦ ᠨᠥᠯᠥᠭᠡ ᠶᠢᠨ ᠦᠨᠡᠯᠡᠯᠲᠡ ᠪᠠ ᠶᠡᠷᠦᠩᠬᠡᠢ | ᠲᠣᠭᠲᠠᠭᠠᠯ ᠳᠤ ᠵᠠᠰᠠᠪᠤᠷᠢ ᠣᠷᠣᠭᠤᠯᠬᠤ ᠶᠢ ᠡᠷᠲᠡᠬᠡᠨ ᠵᠥᠪᠰᠢᠶᠡᠷᠡᠭᠦᠯᠵᠤ᠂ ᠦᠩᠲᠦ ᠨᠡᠭᠦᠷᠡᠰᠦᠨ ᠠᠭᠤᠷᠬᠠᠢ ᠶᠢᠨ | ᠵᠠᠬ᠎ᠠ ᠬᠢᠵᠠᠭᠠᠷ ᠤᠨ ᠡᠬᠢ ᠪᠠᠶᠠᠯᠢᠭ ᠢ ᠨᠢᠭᠡᠲᠦᠭᠦᠯᠬᠦ ᠲᠥᠷᠥᠯ ᠵᠦᠢᠯ ᠤᠨ ᠦᠨᠡᠨ ᠪᠣᠳᠠᠲᠠᠢ ᠠᠬᠢᠯᠲᠠ ᠲᠠᠢ ᠪᠣᠯᠬᠤ ᠶᠢ | ᠲᠦᠯᠬᠢᠨ ᠠᠬᠢᠭᠤᠯᠤᠨ᠎ᠠ᠃ ᠳᠤᠮᠳᠠᠳᠤ ᠶᠢᠨ ᠴᠢᠯᠠᠭᠤᠨ ᠲᠣᠰᠣᠨ ᠤ ᠺᠣᠮᠫᠠᠨᠢ᠂ ᠵᠥᠩ ᠺᠠᠩ᠂ ᠬᠤᠩ ᠪᠥᠸᠧ | ᠭᠤᠷᠪᠠᠨ ᠴᠢᠯᠠᠭᠤᠨ ᠲᠣᠰᠣᠨ ᠤ ᠠᠵᠤ ᠠᠬᠤᠶᠢᠯᠠᠯ ᠤᠨ ᠦᠷᠭᠦᠯᠵᠢᠯᠡᠨ ᠬᠥᠭᠵᠢᠬᠦ ᠶᠢ ᠠᠬᠢᠭᠤᠯᠵᠤ᠂ ︽ᠲᠣᠮᠣ ᠡᠬᠢ | ᠪᠠᠶᠠᠯᠢᠭ᠂ ᠵᠢᠵᠢᠭ ᠠᠵᠤ ᠦᠢᠯᠡᠰ︾ ᠤᠨ ᠣᠳᠣᠬᠢ ᠪᠠᠶᠢᠳᠠᠯ ᠢ ᠰᠢᠢᠳᠪᠦᠷᠢᠯᠡᠵᠦ᠂ ᠠᠵᠤ ᠦᠢᠯᠡᠳᠪᠦᠷᠢ ᠶᠢᠨ ᠠᠵᠤ | ᠠᠬᠤᠢ ᠶᠢᠨ ᠳᠠᠬᠢᠨ ᠢᠶᠠᠷ ᠨᠡᠮᠡᠭᠳᠡᠵᠦ ᠬᠥᠭᠵᠢᠬᠦ ᠶᠢ ᠠᠬᠢᠭᠤᠯᠤᠨ᠎ᠠ᠃ ᠡᠬᠢ ᠪᠠᠶᠠᠯᠢᠭ ᠤᠨ ᠳᠠᠪᠠᠭᠤᠯᠢᠭ ᠲᠠᠭᠠᠨ | ᠲᠦᠰᠢᠭᠯᠡᠨ᠂ ᠠᠵᠣ ᠦᠢᠯᠡᠰ ᠤᠨ ᠬᠦᠷᠢᠶᠡᠯᠡᠩ ᠢ ᠠᠰᠢᠭᠯᠠᠯᠲᠠ ᠳᠤ ᠣᠷᠣᠭᠤᠯᠣᠨ᠂ ᠨᠢᠭᠡ ᠪᠦᠯᠦᠭ ᠰᠢᠨ᠎ᠡ | ᠬᠡᠯᠪᠡᠷᠢ ᠶᠢᠨ ᠨᠡᠭᠦᠷᠡᠰᠦ ᠬᠢᠮᠢ ᠶᠢᠨ ᠠᠵᠤ ᠦᠢᠯᠡᠳᠪᠦᠷᠢ᠂ ᠲᠡᠮᠦᠷᠯᠢᠭ ᠬᠠᠶᠢᠯᠤᠭᠤᠯᠬᠤ ᠵᠡᠷᠭᠡ ᠡᠨᠧᠷᠭᠢ ᠶᠢᠨ ᠠᠵᠤ | ᠦᠢᠯᠡᠰ ᠤᠨ ᠬᠡᠯᠬᠢᠶ᠎ᠡ ᠶᠢ ᠤᠷᠲᠤᠳᠬᠠᠬᠤ᠂ ᠦᠢᠯᠡᠳᠬᠦᠨ ᠤ ᠨᠡᠮᠡᠯᠲᠡ ᠥᠷᠲᠡᠭ ᠢ ᠨᠡᠮᠡᠭᠳᠡᠭᠦᠯᠬᠦ ᠲᠣᠮᠣ ᠲᠥᠷᠥᠯ | ᠵᠦᠢᠯ᠂ ᠰᠠᠶᠢᠨ ᠲᠥᠷᠥᠯ ᠵᠦᠢᠯ ᠢ ᠪᠠᠶᠢᠷᠢᠰᠢᠭᠤᠯᠵᠤ᠂ ᠴᠠᠭᠠᠨ ᠲᠣᠯᠣᠭᠠᠢ 2×100 ᠲᠦᠮᠡᠨ ᠺᠢᠯᠣᠸᠠᠲ ᠤᠨ | ᠢᠯᠴᠢ ᠴᠠᠬᠢᠯᠭᠠᠨ ᠢ ᠬᠠᠮᠲᠤᠷᠠᠨ ᠦᠢᠯᠡᠳᠪᠦᠷᠢᠯᠡᠬᠦ ᠲᠥᠷᠥᠯ ᠵᠦᠢᠯ ᠢ ᠰᠦᠪᠡᠭᠴᠢᠯᠡᠨ ᠬᠡᠷᠡᠭᠵᠢᠭᠦᠯᠵᠦ᠂ ᠨᠡᠭᠦᠷᠡᠰᠦ | ᠴᠠᠬᠢᠯᠭᠠᠨ ᠢ ᠬᠠᠮᠲᠤᠷᠠᠨ ᠡᠵᠡᠩᠨᠡᠬᠦ ᠰᠢᠪᠲᠤᠯᠤᠯᠲᠠ ᠶᠢ ᠪᠡᠶᠡᠯᠡᠭᠦᠯᠦᠨ᠂ ᠵᠡᠭᠦᠨ ᠬᠤᠶᠢᠲᠤ ᠣᠷᠣᠨ ᠴᠢᠨᠠᠭᠰᠢᠯᠠᠪᠠᠯ | ᠪᠥᠬᠦ ᠤᠯᠤᠰ ᠲᠤ ᠡᠨᠧᠷᠭᠢ ᠬᠠᠩᠭᠠᠬᠤ ᠳᠤ ᠬᠤᠪᠢ ᠨᠡᠮᠡᠷᠢ ᠪᠠᠨ ᠦᠵᠡᠭᠦᠯᠦᠨ᠎ᠡ᠃ | ᠤᠳᠤ ᠦᠶ᠎ᠡ ᠶᠢᠨ ᠦᠢᠯᠡᠴᠢᠯᠡᠭᠡᠨ ᠤ ᠦᠢᠯᠡᠰ ᠤᠨ ᠲᠡᠰ ᠳᠡᠪᠰᠢᠬᠦ ᠶᠢ ᠠᠬᠢᠭᠤᠯᠤᠨ᠎ᠠ᠃ ᠦᠢᠯᠡᠴᠢᠯᠡᠭᠡᠨ ᠤ | ᠦᠢᠯᠡᠰ ᠢ ᠬᠥᠭᠵᠢᠭᠦᠯᠬᠦ ᠶᠢ ᠬᠥᠭᠵᠢᠯᠲᠡ ᠶᠢᠨ ᠲᠡᠩᠴᠡᠭᠦᠷᠢ ᠦᠭᠡᠢ᠂ ᠭᠦᠢᠴᠡᠳ ᠪᠤᠰᠤ ᠠᠰᠠᠭᠤᠳᠠᠯ ᠢ | ᠰᠢᠢᠳᠪᠦᠷᠢᠯᠡᠬᠦ ᠶᠢᠨ ᠴᠢᠬᠤᠯᠠ ᠭᠠᠷᠳᠠᠴᠠ ᠪᠣᠯᠭᠠᠵᠤ᠂ ᠦᠢᠯᠡᠳᠪᠦᠷᠢᠯᠡᠯ ᠤᠨ ᠴᠢᠨᠠᠷᠲᠠᠢ ᠦᠢᠯᠡᠴᠢᠯᠡᠭᠡᠨ ᠤ ᠦᠢᠯᠡᠰ ᠢ | ᠬᠦᠴᠦᠷᠬᠡᠭᠵᠢᠭᠦᠯᠦᠨ᠂ ᠠᠮᠢᠳᠤᠯᠢᠭ ᠦᠢᠯᠡᠴᠢᠯᠡᠭᠡᠨ ᠤ ᠦᠢᠯᠡᠰ ᠢ ᠰᠠᠶᠢᠲᠤᠷ ᠬᠢᠵᠦ᠂ ᠠᠷᠠᠳ ᠣᠯᠠᠨ ᠤ ᠰᠠᠶᠢᠨ | ᠰᠠᠶᠢᠬᠠᠨ ᠠᠮᠢᠳᠤᠷᠠᠯ ᠤᠨ ᠰᠢᠨ᠎ᠡ ᠬᠡᠷᠡᠭᠴᠡᠭᠡ ᠶᠢ ᠦᠨᠡᠨᠬᠦ ᠬᠠᠩᠭᠠᠨ᠎ᠠ᠃ ᠬᠤᠲᠠ ᠬᠥᠳᠡᠭᠡ ᠶᠢᠨ ᠡᠯᠧᠺᠲᠷᠣᠨ | ᠬᠤᠳᠠᠯᠳᠤᠭᠠᠨ ᠤ ᠶᠠᠪᠤᠳᠠᠯ ᠤᠨ ᠲᠤᠭᠲᠠᠯᠴᠠᠭ᠎ᠠ ᠶᠢ ᠪᠦᠷᠢᠨᠰᠢᠭᠦᠯᠵᠦ᠂ ᠮᠠᠯᠵᠢᠬᠤ ᠣᠷᠣᠨ ᠤ ᠪᠠᠷᠠᠭᠠᠨ ᠤ | ᠭᠦᠢᠯᠭᠡᠭᠡᠨ ᠤ ᠲᠣᠬᠢᠷᠠᠭᠤᠯᠤᠨ ᠬᠦᠷᠭᠡᠬᠦ ᠲᠣᠣᠷ ᠰᠦᠯᠵᠢᠶ᠎ᠡ ᠶᠢ ᠲᠡᠭᠦᠯᠳᠡᠷᠵᠢᠭᠦᠯᠦᠨ᠂ ᠬᠤᠰᠢᠭᠤ ᠬᠡᠪᠴᠢᠶᠡᠨ ᠤ | ᠮᠠᠯᠵᠢᠬᠤ ᠣᠷᠤᠨ ᠤ ᠪᠣᠷᠤᠯᠠᠭᠤᠯᠭ᠎ᠠ ᠶᠢ ᠦᠷᠭᠡᠳᠭᠡᠨ᠎ᠡ᠃ ᠠᠵᠤ ᠦᠢᠯᠡᠰ ᠪᠠ ᠪᠣᠭᠤᠮᠲᠠ ᠶᠢᠨ ᠪᠠᠷᠠᠭᠠᠨ ᠤ | ᠭᠦᠢᠯᠭᠡᠭᠡᠨ ᠤ ᠲᠦᠷᠭᠡᠨ ᠬᠥᠭᠵᠢᠯᠲᠡ ᠶᠢᠨ ᠬᠠᠨᠳᠤᠰᠢ ᠳᠤ ᠵᠣᠬᠢᠴᠠᠨ᠂ ᠪᠠᠷᠠᠭᠠᠨ ᠤ ᠭᠦᠢᠯᠭᠡᠭᠡᠨ ᠤ ᠬᠥᠮᠥᠷᠭᠡᠯᠡᠨ | ᠬᠠᠳᠠᠭᠠᠯᠠᠬᠤ ᠪᠠ ᠲᠡᠭᠡᠭᠡᠪᠦᠷᠢᠯᠡᠬᠦ ᠦᠢᠯᠡᠰ ᠢ ᠲᠥᠯᠥᠪᠵᠢᠭᠦᠯᠦᠨ ᠬᠥᠭᠵᠢᠭᠦᠯᠵᠦ᠂ ᠠᠵᠤ ᠠᠬᠤᠶᠢᠯᠠᠯ ᠢ ᠳᠡᠳᠬᠦᠨ | ᠡᠵᠡᠩᠨᠡᠯᠲᠡ ᠶᠢᠨ ᠬᠡᠯᠪᠡᠷᠢ ᠪᠠᠶᠢᠳᠠᠯ ᠢ ᠲᠣᠭᠲᠠᠪᠣᠷᠢᠵᠢᠭᠤᠯᠵᠣ᠂ ᠠᠵᠢᠯ ᠣᠯᠭᠤᠯᠲᠠ ᠶᠢ ᠳᠠᠶᠢᠴᠢᠯᠠᠨ ᠣᠷᠣᠯᠭ᠎ᠠ ᠶᠢ | ᠳᠡᠭᠡᠭᠰᠢᠯᠡᠭᠦᠯᠵᠦ᠂ ᠭᠠᠶᠢᠯᠢ ᠲᠠᠲᠠᠪᠤᠷᠢ ᠶᠢ ᠦᠯᠡᠳᠡᠪᠦᠷᠢ ᠲᠠᠢ ᠪᠣᠯᠭᠠᠨ᠎ᠠ᠃ ᠡᠯᠧᠺᠲᠷᠣᠨ ᠬᠤᠳᠠᠯᠳᠤᠭᠠᠨ ᠤ | ᠣᠳᠣᠷᠢᠳᠣᠮᠵᠢ ᠶᠢᠨ ᠦᠢᠯᠡᠳᠦᠯ ᠢ ᠪᠠᠳᠠᠷᠠᠭᠤᠯᠣᠨ᠂ ᠰᠢᠭᠤᠳ ᠨᠡᠪᠲᠡᠷᠡᠭᠦᠯᠬᠦ ᠠᠵᠤ ᠠᠬᠤᠢ ᠶᠢ ᠪᠦᠲᠦᠮᠵᠢᠲᠠᠢ | ᠥᠷᠭᠡᠳᠬᠡᠨ᠂ ᠪᠣᠳᠠᠲᠤ ᠴᠣᠭᠴᠠ ᠶᠢᠨ ᠠᠵᠤ ᠠᠬᠤᠢ ᠶᠢᠨ ᠬᠡᠯᠪᠡᠷᠢ ᠪᠠᠨ ᠬᠤᠪᠢᠷᠠᠭᠤᠯᠤᠨ ᠬᠥᠭᠵᠢᠬᠦ ᠶᠢ | ᠠᠬᠢᠭᠤᠯᠤᠨ᠎ᠠ᠃ ᠤᠯᠠᠨ ᠤᠯᠤᠰ ᠤᠨ ᠲᠠᠸᠠᠷ ᠤᠨ ᠠᠷᠠᠯᠵᠢᠶᠠᠨ ᠤ ᠴᠤᠭᠯᠠᠭᠠᠨ ᠵᠡᠷᠭᠡ ᠬᠡᠷᠡᠭᠯᠡᠭᠡ ᠶᠢ ᠠᠬᠢᠭᠤᠯᠬᠤ | ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠬᠢᠯᠢ ᠠᠯᠤᠰᠯᠠᠭᠰᠠᠨ ᠰᠢᠭᠤᠳ ᠨᠡᠪᠲᠡᠷᠡᠭᠦᠯᠭᠡ ᠶᠢᠨ ᠰᠢᠨ᠎ᠡ | ᠡᠵᠡᠩᠨᠡᠯᠲᠡ ᠶᠢᠨ ᠬᠡᠯᠪᠡᠷᠢ ᠪᠠᠶᠢᠳᠠᠯ ᠢ ᠬᠥᠭᠵᠢᠭᠦᠯᠬᠦ ᠶᠢ ᠵᠣᠷᠢᠭᠵᠢᠭᠤᠯᠤᠨ᠎ᠠ᠃ ᠭᠠᠳᠠᠭᠠᠳᠤ ᠠᠷᠠᠯᠵᠢᠶᠠᠨ ᠤ ᠠᠵᠤ | ᠠᠬᠤᠶᠢᠯᠠᠯ ᠤᠨ ᠣᠷᠣᠯᠠᠨ ᠭᠦᠢᠴᠡᠳᠬᠡᠬᠦ ᠦᠢᠯᠡᠴᠢᠯᠡᠭᠡ ᠶᠢ ᠰᠦᠪᠡᠭᠴᠢᠯᠡᠨ ᠥᠷᠨᠢᠭᠦᠯᠵᠦ᠂ ᠭᠠᠳᠠᠭᠠᠳᠤ ᠪᠡᠯᠡ ᠶᠢ | ᠳᠡᠳᠡᠨ ᠠᠪᠴᠢᠷᠠᠬᠤ ᠦᠷ᠎ᠡ ᠪᠦᠲᠦᠮᠵᠢ ᠶᠢ ᠯᠠᠪᠳᠠᠭᠤᠨ ᠢᠶᠠᠷ ᠥᠷᠭᠡᠳᠬᠡᠨ᠎ᠡ᠃ ︽ᠮᠢᠩᠭᠠᠨ ᠭᠠᠵᠠᠷ ᠤᠨ ᠬᠢᠯᠢ᠂ | ᠳᠥᠷᠪᠡᠨ ᠴᠠᠭ ᠤᠨ ᠦᠵᠦᠮᠦᠴᠢᠨ︾ ᠰᠣᠶᠣᠯ ᠵᠢᠭᠤᠯᠴᠢᠯᠠᠯ ᠤᠨ ᠨᠡᠷᠡᠲᠦ ᠲᠡᠮᠳᠡᠭ ᠢ ᠪᠦᠬᠦ ᠲᠠᠯ᠎ᠠ ᠪᠠᠷ | ᠠᠯᠳᠠᠷᠰᠢᠭᠤᠯᠣᠨ᠂ ︽ᠬᠠᠮᠤᠭ ᠤᠨ ᠭᠤᠶᠤ 331 ᠨᠣᠮᠧᠷᠲᠦ ᠣᠯᠣᠰ ᠤᠨ ᠳᠡᠰ ᠤᠨ ᠵᠠᠰᠠᠮᠠᠯ ᠵᠠᠮ︾ ᠳᠤ | ᠲᠦᠰᠢᠭᠯᠡᠨ᠂ ︽ᠮᠢᠩᠭᠠᠨ ᠭᠠᠵᠠᠷ ᠤᠨ ᠬᠢᠯᠢ ᠬᠢᠵᠠᠭᠠᠷ ᠤᠨ ᠣᠣᠭᠠᠯ ᠠᠮᠢ ᠠᠬᠤᠢ ᠶᠢᠨ ᠵᠢᠭᠤᠯᠴᠢᠯᠠᠯ︾ ᠤᠨ | ᠰᠣᠳᠣᠨ ᠵᠠᠮ ᠱᠤᠭᠤᠮ ᠢ ᠰᠢᠯᠢᠳᠡᠭᠵᠢᠭᠦᠯᠵᠦ᠂ ᠨᠠᠭᠠᠳᠤᠮ —— ᠰᠣᠶᠣᠯ ᠵᠢᠭᠤᠯᠴᠢᠯᠠᠯ ᠢ ᠠᠭᠤᠰᠤᠯᠴᠠᠭᠤᠯᠤᠨ | ᠬᠥᠭᠵᠢᠭᠦᠯᠬᠦ ᠠᠵᠤ ᠦᠢᠯᠡᠰ ᠤᠨ ᠬᠦᠷᠢᠶᠡᠯᠡᠩ᠂ ᠣᠯᠢᠶᠠᠰᠣᠲᠠᠢ ᠠᠭᠤᠯᠠ ᠵᠡᠷᠭᠡ ᠦᠵᠡᠮᠵᠢ ᠶᠢᠨ ᠣᠷᠣᠨ ᠢ ᠲᠠᠰ | ᠳᠡᠪᠰᠢᠭᠦᠯᠵᠤ᠂ ᠮᠣᠩᠭᠤᠯ ᠮᠣᠷᠢ ᠰᠤᠷᠭᠠᠨ ᠪᠣᠯᠪᠠᠰᠤᠷᠠᠭᠤᠯᠬᠤ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ | ᠡᠬᠢᠯᠡᠭᠦᠯᠵᠦ᠂ ᠪᠣᠭᠳ᠋ᠬᠠᠭᠤᠯᠠ ᠤᠯᠤᠰ ᠤᠨ ᠲᠠᠰ ᠤᠨ ᠣᠶ ᠰᠢᠭᠤᠢ ᠶᠢᠨ ᠴᠡᠴᠡᠷᠯᠢᠭ᠂ ᠨᠠᠷᠢᠨ ᠭᠤᠣᠯ ᠨᠤᠭᠤ | ᠭᠠᠵᠠᠷ ᠤᠨ ᠬᠠᠮᠠᠭᠠᠯᠠᠯᠲᠠ ᠶᠢᠨ ᠣᠷᠣᠨ᠂ ᠡᠵᠢᠨᠠᠭᠤᠷ᠂ ᠤᠯᠢᠶᠠᠰᠤᠲᠠᠢ ᠠᠭᠤᠯᠠ ᠵᠡᠷᠭᠡ ᠵᠢᠭᠤᠯᠴᠢᠯᠠᠯ ᠤᠨ ᠡᠬᠢ | ᠪᠠᠶᠠᠯᠢᠭ ᠢ ᠭᠦᠨᠵᠡᠭᠡᠢ ᠠᠭᠤᠳᠠᠯᠤᠨ ᠨᠢᠭᠡᠳᠦᠭᠦᠯᠵᠦ᠂ ᠪᠥᠬᠦ ᠣᠷᠣᠨ ᠪᠦᠰᠡ ᠪᠥᠬᠦ ᠤᠯᠠᠷᠢᠯ ᠤᠨ ᠪᠥᠬᠦ ᠠᠵᠢᠯ | ᠲᠦᠷᠦᠯ ᠤᠨ ᠲᠣᠮᠣ ᠵᠢᠭᠤᠯᠴᠢᠯᠠᠯ ᠤᠨ ᠪᠠᠶᠢᠷᠢᠰᠢᠯ ᠢ ᠪᠣᠶ ᠪᠣᠯᠭᠠᠨ᠎ᠠ᠃ ᠬᠡᠷᠡᠭᠯᠡᠭᠡᠨ ᠤ ᠬᠠᠨᠳᠤᠰᠢ ᠶᠢ ᠭᠦᠢᠴᠡᠳ | ᠡᠵᠡᠮᠳᠡᠵᠦ᠂ ᠠᠳᠤᠭᠤᠨ ᠤ ᠠᠵᠤ ᠦᠢᠯᠡᠰ᠂ ᠪᠡᠶ᠎ᠡ ᠶᠢᠨ ᠲᠠᠮᠢᠷ᠂ ᠳᠠᠭᠤᠤ ᠬᠥᠭᠵᠢᠮ᠂ ᠵᠢᠭᠤᠯᠴᠢᠯᠠᠯ ᠵᠢᠷᠣᠭᠯᠠᠯ᠂ | ᠠᠮᠲᠠᠲᠤ ᠢᠳᠡᠭᠡᠨ᠂ ᠴᠠᠭᠠᠨ ᠢᠳᠡᠭᠡᠨ ᠵᠡᠷᠭᠡ ᠣᠯᠠᠨ ᠵᠦᠢᠯ ᠤᠨ ᠡᠯᠧᠮᠧᠨ᠋ᠲ ᠶᠢᠨ ᠰᠣᠶᠣᠯ ᠵᠢᠭᠤᠯᠴᠢᠯᠠᠯ ᠤᠨ | ᠠᠵᠢᠯᠯᠠᠭ᠎ᠠ ᠶᠢ ᠠᠭᠤᠰᠤᠯᠴᠠᠭᠤᠯᠤᠨ ᠥᠷᠨᠢᠭᠦᠯᠬᠦ ᠶᠢ ᠰᠦᠪᠡᠭᠴᠢᠯᠡᠵᠦ᠂ ᠣᠨᠴᠠᠯᠢᠭᠲᠤ ᠮᠠᠯᠵᠢᠬᠤ ᠠᠶᠢᠯ ᠤᠨ | ᠪᠠᠭᠤᠳᠠᠯ᠂ ᠵᠣᠴᠢᠳ ᠤᠨ ᠪᠠᠭᠤᠳᠠᠯ ᠵᠡᠷᠭᠡ ᠢᠵᠢ ᠪᠦᠷᠢᠳᠦᠭᠰᠡᠨ ᠦᠢᠯᠡᠴᠢᠯᠡᠭᠡ ᠶᠢ ᠪᠠᠶᠠᠯᠢᠭᠵᠢᠭᠤᠯᠤᠨ᠂ ᠣᠯᠠᠨ | ᠡᠰᠢᠲᠦ ᠴᠢᠨᠠᠷᠲᠠᠢ ᠵᠢᠭᠤᠯᠴᠢᠯᠠᠯ ᠤᠨ ᠪᠡᠶᠡᠴᠢᠯᠡᠨ ᠦᠢᠯᠠᠭᠠᠬᠤ ᠦᠢᠯᠡᠴᠢᠯᠡᠭᠡ ᠬᠠᠩᠭᠠᠨ᠎ᠠ᠃ ᠬᠢᠯᠢ ᠬᠢᠵᠠᠭᠠᠷ ᠤᠨ | ᠵᠢᠭᠤᠯᠴᠢᠯᠠᠯ ᠤᠨ ᠲᠤᠷᠰᠢᠯᠲᠠ ᠶᠢᠨ ᠣᠷᠣᠨ ᠢ ᠡᠭᠦᠳᠦᠨ ᠪᠠᠶᠢᠭᠤᠯᠬᠤ ᠶᠢ ᠳᠡᠮᠵᠢᠬᠦ ᠠᠵᠠ ᠲᠣᠬᠢᠶᠠᠯ ᠢ ᠠᠰᠢᠭᠯᠠᠨ᠂ | ᠵᠡᠭᠦᠨ ᠬᠠᠳᠠᠪᠴᠢ ᠪᠣᠭᠤᠮᠲᠠ ᠶᠢᠨ ᠬᠢᠯᠢ ᠬᠢᠵᠠᠭᠠᠷ ᠤᠨ ᠵᠢᠭᠤᠯᠴᠢᠯᠠᠯ ᠤᠨ ᠲᠤᠷᠰᠢᠯᠲᠠ ᠶᠢᠨ ᠣᠷᠣᠨ ᠤ ᠰᠠᠭᠤᠷᠢ | ᠲᠦᠬᠦᠭᠡᠷᠦᠮᠵᠢ ᠶᠢᠨ ᠲᠥᠷᠥᠯ ᠵᠦᠢᠯ ᠢ ᠪᠦᠯᠦᠭ ᠬᠤᠪᠢᠶᠠᠨ ᠪᠠᠶᠢᠭᠤᠯᠵᠤ᠂ ᠬᠢᠯᠢ ᠠᠯᠤᠰᠯᠠᠭᠰᠠᠨ ᠵᠢᠭᠤᠯᠴᠢᠯᠠᠯ ᠢ | ᠬᠥᠭᠵᠢᠭᠦᠯᠦᠨ᠂ ᠵᠢᠭᠤᠯᠴᠢᠯᠠᠯ ᠤᠨ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠢ ᠪᠣᠶ ᠪᠣᠯᠭᠠᠵᠤ᠂ ︽ᠳᠥᠷᠪᠡᠨ | ᠴᠠᠭ ᠤᠨ ᠦᠵᠦᠮᠦᠴᠢᠨ︾ ᠨᠠᠷᠠᠲᠤ ᠲᠡᠮᠳᠡᠭᠲᠦ ᠶᠢ ᠣᠯᠣᠰ ᠤᠨ ᠳᠣᠲᠣᠨ᠎ᠠ ᠭᠠᠳᠠᠨ᠎ᠠ ᠠᠯᠳᠠᠷᠰᠢᠭᠤᠯᠣᠨ᠂ | ᠵᠢᠭᠤᠯᠴᠢᠯᠠᠭᠴᠢᠳ ᠤᠨ ᠠᠩᠬᠠᠷᠣᠯ ᠢ ᠳᠠᠲᠠᠨ᠂ ᠰᠣᠶᠣᠯ ᠵᠢᠭᠤᠯᠴᠢᠯᠠᠯ ᠤᠨ ᠠᠭᠤᠰᠣᠯᠴᠠᠨ ᠬᠦᠭᠵᠢᠬᠦ ᠶᠢ | ᠠᠬᠢᠭᠤᠯᠣᠨ᠎ᠠ᠃ | ᠪᠣᠭᠤᠮᠲᠠ ᠶᠢᠨ ᠬᠥᠭᠵᠢᠯᠲᠡ ᠶᠢᠨ ᠠᠮᠢᠵᠢᠷᠠᠯ ᠤᠨ ᠬᠦᠴᠦᠨ ᠢ ᠠᠬᠢᠭᠤᠯᠤᠨ᠎ᠠ᠃ ᠨᠡᠭᠡᠭᠡᠯᠲᠡ ᠲᠠᠢ ᠪᠠᠶᠢᠬᠤ | ᠪᠣᠯ ᠦᠷᠨᠢᠩᠬᠦᠢ ᠬᠦᠭᠵᠢᠯᠲᠡ ᠶᠢᠨ ᠣᠷᠢᠳᠠᠴᠢ ᠨᠦᠬᠦᠴᠡᠯ ᠪᠠᠶᠢᠵᠣ᠂ ᠪᠢᠳᠡ ᠪᠣᠭᠤᠮᠲᠠ ᠶᠢᠨ ᠨᠡᠭᠡᠭᠡᠯᠲᠡ ᠪᠠᠷ ᠠᠵᠣ | ᠠᠬᠤᠢ ᠶᠢᠨ ᠣᠷᠴᠢᠯ ᠢ ᠠᠬᠢᠭᠤᠯᠣᠨ᠂ ᠪᠦᠬᠦ ᠬᠤᠰᠢᠭᠤᠨ ᠤ ᠬᠦᠭᠵᠢᠯᠲᠡ ᠶᠢᠨ ᠬᠠᠷᠢᠴᠠᠩᠭᠤᠢ ᠳᠠᠪᠠᠭᠤᠯᠢᠭ᠂ | ᠦᠷᠢᠰᠦᠯᠳᠦᠭᠡᠨ ᠤ ᠬᠦᠴᠦᠨ ᠢ ᠦᠷᠬᠦᠯᠵᠢᠯᠡᠨ ᠨᠡᠮᠡᠭᠳᠡᠬᠦᠯᠵᠦ᠂ ᠵᠡᠬᠦᠨ ᠬᠠᠲᠠᠪᠴᠢ ᠪᠣᠭᠤᠮᠲᠠ ᠶᠢᠨ ᠥᠪᠡᠷᠲᠡᠭᠡᠨ | ᠵᠠᠰᠠᠬᠤ ᠣᠷᠣᠨ ᠤ ᠭᠤᠣᠯᠳᠠᠯᠭ᠎ᠠ ᠲᠠᠢ ᠲᠤᠰᠬᠠᠢ ᠪᠣᠭᠤᠮᠲᠠ ᠪᠣᠯᠵᠣ ᠳᠡᠪᠰᠢᠭᠰᠡᠨ ᠵᠠᠪᠰᠢᠶᠠᠨ ᠢ ᠲᠤᠬᠢᠶᠠᠯᠳᠤᠭᠤᠯᠤᠨ᠂ | ᠪᠣᠭᠤᠮᠲᠠ ᠶᠢᠨ ᠰᠠᠭᠤᠷᠢ ᠪᠦᠲᠦᠭᠡᠨ ᠪᠠᠶᠢᠭᠤᠯᠤᠯᠲᠠ ᠶᠢ ᠣᠯᠠᠮ ᠴᠢᠩᠭᠠᠳᠬᠠᠵᠤ᠂ ᠪᠣᠭᠤᠮᠲᠠ ᠶᠢᠨ ᠪᠠᠷᠠᠭᠠᠨ ᠤ | ᠲᠡᠭᠡᠭᠡᠪᠦᠷᠢ ᠶᠢᠨ ᠵᠠᠮ ᠠᠴᠠ ᠪᠣᠳᠠᠰ ᠤᠨ ᠭᠦᠢᠯᠭᠡᠭᠡᠨ ᠤ ᠬᠦᠷᠢᠶᠡᠯᠡᠩ ᠬᠦᠷᠬᠦ ᠵᠠᠮ ᠱᠤᠭᠤᠮ᠂ ᠪᠣᠭᠤᠮᠲᠠ ᠶᠢᠨ | ᠦᠢᠯᠡᠴᠢᠯᠡᠭᠡᠨ ᠤ ᠲᠣᠭᠤᠷᠢᠭ᠂ ᠠᠴᠢᠶᠠᠯᠠᠨ ᠬᠦᠯᠢᠶᠡᠬᠦ ᠲᠣᠭᠤᠷᠢᠭ᠂ ᠬᠢᠯᠢ ᠠᠯᠤᠰᠯᠠᠭᠰᠠᠨ ᠵᠠᠰᠠᠮᠠᠯ ᠵᠠᠮ ᠵᠡᠷᠭᠡ | ᠴᠢᠬᠤᠯᠠ ᠶᠡᠭᠡ ᠲᠥᠷᠥᠯ ᠵᠦᠢᠯ ᠢ ᠲᠦᠷᠭᠡᠳᠬᠡᠨ ᠬᠡᠷᠡᠭᠵᠢᠭᠦᠯᠦᠨ᠎ᠡ︔ ᠨᠡᠭᠦᠷᠡᠰᠦ᠂ ᠴᠠᠶᠢᠷ ᠤᠨ ᠨᠠᠷᠢᠯᠢᠭ ᠨᠤᠨᠳᠠᠭ᠂ | ᠲᠡᠮᠦᠷ ᠤᠨ ᠨᠠᠷᠢᠯᠢᠭ ᠨᠤᠨᠳᠠᠭ᠂ ᠬᠠᠶᠢᠯᠤᠭᠤᠷ ᠵᠤᠩᠰᠢ ᠶᠢ ᠭᠠᠳᠠᠭᠠᠳᠤ ᠠᠴᠠ ᠣᠷᠣᠭᠤᠯᠤᠭᠰᠠᠨ ᠰᠠᠭᠤᠷᠢᠨ ᠳᠡᠭᠡᠷ᠎ᠡ᠂ | ᠲᠡᠵᠢᠭᠡᠯ ᠡᠪᠡᠰᠦ᠂ ᠮᠢᠬᠠᠨ ᠤ ᠲᠦᠷᠦᠯ ᠢ ᠭᠠᠳᠠᠭᠠᠳᠤ ᠠᠴᠠ ᠣᠷᠣᠭᠤᠯᠬᠤ ᠶᠢ ᠡᠷᠲᠡᠬᠡᠨ ᠪᠡᠶᠡᠯᠡᠭᠦᠯᠦᠨ᠎ᠡ︔ | ᠬᠠᠭᠤᠴᠢᠨ ᠮᠠᠰᠢᠨ ᠲᠡᠷᠭᠡ᠂ ᠡᠳᠦᠷ ᠲᠤᠲᠤᠮ ᠤᠨ ᠬᠡᠷᠡᠭᠯᠡᠭᠡᠨ ᠤ ᠵᠦᠢᠯ᠂ ᠢᠳᠡᠭᠡᠨ ᠣᠮᠳᠠᠭᠠᠨ ᠵᠡᠷᠭᠡ | ᠦᠢᠯᠡᠳᠬᠦᠨ ᠤ ᠭᠠᠳᠠᠭᠠᠳᠤ ᠭᠠᠷᠭᠠᠯᠲᠠ ᠶᠢ ᠲᠣᠭᠲᠠᠭᠤᠨ ᠢᠶᠠᠷ ᠥᠷᠭᠡᠳᠬᠡᠵᠦ᠂ ᠪᠣᠭᠤᠮᠲᠠ ᠶᠢᠨ ᠬᠦᠭᠵᠢᠯᠲᠡ ᠶᠢ | ᠪᠦᠬᠦ ᠲᠠᠯ᠎ᠠ ᠪᠠᠷ ᠴᠢᠩᠭᠠᠳᠬᠠᠨ᠂ ᠣᠯᠣᠰ ᠤᠨ ᠳᠣᠲᠣᠭᠠᠳᠣ ᠭᠠᠳᠠᠭᠠᠲᠣ ᠶᠢᠨ ᠵᠠᠬ᠎ᠠ ᠳᠡᠯᠭᠡᠭᠦᠷ ᠤᠨ ᠢᠳᠡᠪᠬᠢᠵᠢᠯ ᠢ | ᠳᠡᠭᠡᠭᠰᠢᠯᠡᠬᠦᠯᠵᠦ᠂ ᠮᠢᠩᠭᠠᠨ ᠲᠦᠮᠡᠨ ᠲᠣᠨ ᠤ ᠪᠣᠭᠤᠮᠲᠠ ᠶᠢᠨ ᠡᠩᠨᠡᠭᠡᠨ ᠳᠤ ᠣᠷᠣᠬᠤ ᠪᠠᠷ ᠴᠢᠷᠮᠠᠶᠢᠨ᠎ᠠ᠃ | ᠴᠢᠯᠦᠭᠡᠲᠦ ᠠᠷᠠᠯᠵᠢᠶᠠᠨ ᠤ ᠣᠷᠣᠨ ᠢ ᠪᠦᠲᠦᠭᠡᠨ ᠪᠠᠶᠢᠭᠤᠯᠬᠤ ᠢᠨᠵᠧᠨᠧᠷᠢᠩ ᠢ ᠰᠠᠶᠢᠲᠣᠷ ᠨᠠᠶᠢᠳᠠᠪᠣᠷᠢᠵᠢᠭᠤᠯᠣᠨ᠂ | ᠬᠢᠯᠢ ᠶᠢᠨ ᠠᠷᠠᠳ ᠤᠨ ᠵᠠᠬ᠎ᠠ ᠶᠢᠨ ᠠᠷᠠᠯᠵᠢᠶᠠᠨ ᠤ ᠣᠷᠣᠨ ᠲᠠᠢ ᠬᠠᠮᠲᠣ ᠪᠠᠶᠢᠷᠢᠯᠠᠭᠤᠯᠣᠨ᠂ ᠬᠢᠯᠢ ᠶᠢᠨ ᠠᠷᠠᠯᠵᠢᠶᠠᠨ | ᠤ ᠰᠢᠨ᠎ᠡ ᠡᠵᠡᠩᠨᠡᠯᠲᠡ ᠶᠢᠨ ᠪᠠᠶᠢᠳᠠᠯ ᠢ ᠬᠥᠭᠵᠢᠭᠦᠯᠦᠨ᠎ᠡ᠃ ᠡᠳ᠋ᠰᠢᠭᠦᠯᠬᠦ ᠠᠵᠤ ᠠᠬᠤᠶᠢᠯᠠᠯ ᠤᠨ ᠲᠦᠪᠯᠡᠷᠡᠨ | ᠬᠥᠭᠵᠢᠬᠦ ᠶᠢ ᠢᠳᠡᠪᠬᠢᠲᠡᠢ ᠪᠠᠷ ᠪᠣᠶᠢᠵᠢᠭᠤᠯᠤᠨ᠂ ᠨᠡᠭᠦᠷᠡᠰᠦ ᠨᠥᠭᠡᠴᠡᠯᠡᠬᠦ + ᠲᠣᠬᠢᠷᠠᠭᠤᠯᠣᠨ ᠬᠤᠪᠢᠶᠠᠷᠢᠯᠠᠬᠤ | ᠲᠥᠷᠥᠯ ᠵᠦᠢᠯ ᠤᠨ ᠬᠡᠷᠡᠭᠵᠢᠭᠦᠯᠦᠯᠲᠡ ᠶᠢ ᠠᠬᠢᠭᠤᠯᠵᠤ᠂ ᠬᠢᠯᠢ ᠶᠢᠨ ᠪᠣᠭᠤᠮᠲᠠ ᠶᠢ ᠡᠨᠧᠷᠭᠢ ᠠᠭᠤᠷᠬᠠᠢ ᠶᠢᠨ | ᠭᠠᠷᠤᠯᠲᠠ ᠨᠥᠭᠡᠴᠡᠯᠡᠬᠦ ᠰᠠᠭᠤᠷᠢᠨ ᠭᠠᠵᠠᠷ ᠪᠠ ᠲᠥᠪᠯᠡᠷᠡᠭᠦᠯᠦᠨ ᠲᠠᠷᠬᠠᠭᠠᠬᠤ ᠲᠥᠪ ᠪᠣᠯᠭᠠᠨ ᠬᠥᠭᠵᠢᠭᠦᠯᠵᠦ᠂ | ᠪᠣᠭᠤᠮᠲᠠ ᠶᠢᠨ ᠠᠵᠤ ᠠᠬᠤᠢ ᠶᠢ ᠵᠠᠮ ᠳᠠᠭᠠᠣ ᠬᠦᠭᠵᠢᠭᠰᠡᠨ ᠠᠵᠤ ᠠᠬᠤᠢ ᠠᠴᠠ ᠠᠵᠤ ᠦᠢᠯᠡᠰ ᠤᠨ ᠠᠵᠤ ᠠᠬᠤᠢ | ᠳᠠᠰᠢ ᠬᠤᠪᠢᠷᠠᠬᠤ ᠶᠢ ᠠᠬᠢᠭᠤᠯᠤᠨ᠎ᠠ᠃ | —— ᠬᠦᠳᠡᠯᠭᠡᠭᠴᠢ ᠬᠦᠴᠦᠨ ᠤ ᠰᠣᠯᠢᠭᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠰᠢᠯᠢᠳᠡᠭ | ᠪᠥᠭᠡᠳ ᠴᠢᠨᠠᠷ ᠰᠠᠶᠢᠲᠠᠢ ᠬᠥᠭᠵᠢᠯᠲᠡ ᠶᠢᠨ ᠣᠷᠴᠢᠨ ᠲᠣᠭᠤᠷᠢᠨ ᠢ ᠡᠭᠦᠳᠦᠨ᠎ᠡ᠃ ᠰᠢᠨ᠎ᠡ ᠬᠥᠭᠵᠢᠯᠲᠡ ᠶᠢᠨ | ᠣᠶᠢᠯᠠᠭᠠᠭᠳᠠᠬᠤᠨ ᠢ ᠪᠠᠷᠢᠮᠲᠠᠯᠠᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠳᠤ ᠠᠭᠤᠰᠤᠯᠴᠠᠨ᠂ ᠥᠭᠡᠷᠡᠴᠢᠯᠡᠯᠲᠡ | ᠪᠠᠷ ᠬᠦᠭᠵᠢᠯᠲᠡ ᠶᠢ ᠠᠬᠢᠭᠤᠯᠵᠤ᠂ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠰᠢᠯᠢᠳᠡᠭᠵᠢᠬᠦᠯᠦᠨ᠂ | ᠥᠭᠡᠷᠡᠴᠢᠯᠡᠯᠲᠡ ᠶᠢᠨ ᠲᠠᠰ ᠳᠠᠪᠬᠤᠷᠭ᠎ᠠ ᠭᠦᠨ᠂ ᠪᠡᠯᠡ ᠣᠷᠣᠭᠤᠯᠤᠯᠲᠠ ᠶᠢᠨ ᠳᠠᠯᠳᠠ ᠬᠦᠴᠦᠨ ᠶᠡᠭᠡ᠂ ᠠᠵᠤ | ᠠᠬᠤᠶᠢᠯᠠᠯ ᠳᠤ ᠠᠰᠢᠭ ᠬᠦᠷᠲᠡᠭᠡᠬᠦ ᠦᠢᠯᠡᠴᠢᠯᠡᠭᠡ ᠰᠢᠯᠢᠳᠡᠭ ᠵᠡᠭᠦᠨ ᠦᠵᠦᠮᠦᠴᠢᠨ ᠬᠤᠰᠢᠭᠤ ᠶᠢ ᠨᠡᠩ ᠪᠠᠶᠠᠨ | ᠬᠦᠴᠦᠷᠬᠡᠭ ᠪᠣᠯᠭᠠᠨ ᠬᠦᠭᠵᠢᠭᠦᠯᠦᠨ᠎ᠡ᠃ | ᠠᠷᠠᠯᠵᠢᠶᠠᠴᠢᠨ ᠤᠷᠢᠵᠤ ᠪᠡᠯᠡ ᠣᠷᠣᠭᠤᠯᠬᠤ ᠶᠢ ᠬᠦᠴᠦᠯᠡᠨ ᠴᠢᠩᠭᠠᠳᠬᠠᠨ᠎ᠠ᠃ ᠠᠷᠠᠯᠵᠢᠶᠠᠴᠢᠨ ᠤᠷᠢᠵᠤ | ᠪᠡᠯᠡ ᠣᠷᠣᠭᠤᠯᠬᠤ ᠶᠠᠪᠤᠳᠠᠯ ᠢ ︽ᠨᠢᠭᠡᠳᠦᠭᠡᠷ ᠢᠨᠵᠧᠨᠧᠷᠢᠩ︾ ᠪᠣᠯᠭᠠᠬᠤ ᠶᠢ ᠪᠠᠷᠢᠮᠲᠠᠯᠠᠵᠤ᠂ ᠥᠪᠡᠷᠲᠡᠭᠡᠨ ᠵᠠᠰᠠᠬᠤ | ᠣᠷᠣᠨ ᠤ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠭᠤᠷᠪᠠᠨ ᠵᠢᠯ ᠤᠨ ᠠᠵᠢᠯᠯᠠᠭ᠎ᠠ ᠪᠠ ᠪᠦᠬᠦ ᠠᠶᠢᠮᠠᠭ ᠤᠨ ︽ | ᠬᠤᠶᠠᠷ ᠵᠢᠷᠤᠭ ᠬᠤᠶᠠᠷ ᠬᠦᠰᠦᠨᠦᠭᠲᠦ ᠬᠤᠶᠠᠷ ᠬᠥᠮᠥᠷᠭᠡ︾ ᠶᠢᠨ ᠠᠷᠠᠯᠵᠢᠶᠠᠴᠢᠨ ᠤᠷᠢᠬᠤ ᠲᠥᠯᠥᠪᠯᠡᠭᠡ ᠶᠢ ᠪᠦᠬᠦ | ᠲᠠᠯ᠎ᠠ ᠪᠠᠷ ᠨᠠᠶᠢᠳᠠᠪᠤᠷᠢᠵᠢᠭᠤᠯᠵᠤ᠂ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠲᠥᠷᠥᠯ ᠵᠦᠢᠯ ᠤᠨ ᠬᠥᠮᠥᠷᠭᠡ ᠶᠢ | ᠬᠥᠳᠡᠯᠦᠩᠭᠦᠢ ᠪᠠᠷ ᠲᠣᠬᠢᠷᠠᠭᠤᠯᠤᠨ ᠲᠡᠭᠦᠯᠳᠡᠷᠵᠢᠭᠦᠯᠵᠦ᠂ ᠠᠷᠠᠯᠵᠢᠶᠠᠴᠢᠨ ᠢ ᠣᠷᠢᠨ ᠠᠪᠴᠢᠷᠠᠬᠤ᠂ ᠬᠠᠪᠰᠣᠷᠣᠨ | ᠳᠡᠮᠵᠢᠬᠦ᠂ ᠠᠰᠢᠭ ᠬᠦᠷᠲᠡᠭᠡᠬᠦ᠂ ᠦᠯᠡᠳᠡᠬᠡᠨ ᠬᠦᠭᠵᠢᠬᠦᠯᠬᠦ ᠠᠷᠭ᠎ᠠ ᠶᠢ ᠰᠠᠶᠢᠲᠤᠷ ᠰᠦᠪᠡᠭᠴᠢᠯᠡᠨ᠂ ︽ᠠᠵᠤ | ᠦᠢᠯᠡᠰ ᠤᠨ ᠬᠡᠯᠬᠢᠶᠡᠵᠢᠯ ᠤᠨ ᠳᠠᠷᠤᠭ᠎ᠠ + ᠲᠤᠰᠬᠠᠢ ᠠᠩᠭᠢ︾ ᠶᠢᠨ ᠠᠵᠢᠯ ᠤᠨ ᠲᠣᠭᠲᠠᠴᠠ ᠶᠢᠨ ᠳᠠᠪᠠᠭᠤᠯᠢᠭ ᠢ | ᠪᠠᠳᠠᠷᠠᠭᠤᠯᠵᠤ᠂ ᠬᠠᠷᠢᠭᠤᠴᠠᠯᠭ᠎ᠠ ᠶᠢ ᠲᠣᠳᠣᠷᠬᠠᠶᠢᠯᠠᠵᠣ ᠨᠠᠶᠢᠳᠠᠪᠣᠷᠢᠵᠢᠭᠤᠯᠣᠨ᠂ ᠪᠣᠬᠢᠷᠲᠤᠯ ᠦᠭᠡᠢ ᠮᠠᠯ ᠤᠨ ᠠᠰᠢᠭ | ᠰᠢᠮ᠎ᠡ ᠶᠢᠨ ᠪᠦᠲᠦᠭᠡᠭᠳᠡᠬᠦᠨ ᠢ ᠨᠠᠷᠢᠯᠢᠭ ᠭᠦᠨᠵᠡᠭᠡᠢ ᠡᠳ᠋ᠰᠢᠭᠦᠯᠬᠦ᠂ ᠪᠠᠶᠢᠯᠳᠤᠬᠤ ᠪᠣᠳᠣᠯᠭ᠎ᠠ ᠶᠢᠨ ᠴᠢᠨᠠᠷᠲᠠᠢ | ᠰᠢᠨ᠎ᠡ ᠪᠠᠷ ᠮᠠᠨᠳᠤᠭᠰᠠᠨ ᠠᠵᠤ ᠦᠢᠯᠡᠰ᠂ ᠬᠢᠯᠢ ᠶᠢᠨ ᠵᠢᠭᠤᠯᠴᠢᠯᠠᠯ᠂ ᠪᠣᠭᠤᠮᠲᠠ ᠶᠢᠨ ᠠᠷᠠᠯᠵᠢᠶ᠎ᠠ ᠪᠠ ᠡᠳ᠋ᠰᠢᠭᠦᠯᠬᠦ | ᠵᠡᠷᠭᠡ 4 ᠬᠦᠷᠢᠶ᠎ᠡ ᠴᠠᠷᠠᠭ᠎ᠠ ᠶᠢᠨ ᠲᠣᠭᠤᠷᠢᠨ ᠳᠤ᠂ ᠪᠡᠭᠡᠵᠢᠩ᠂ ᠬᠠᠩᠵᠧᠦ᠂ ᠱᠠᠩᠬᠠᠢ ᠶᠢᠨ ︽ᠲᠣᠷᠭᠠᠨ ᠵᠠᠮ ᠤᠨ | ᠣᠯᠠᠨ ᠤᠯᠤᠰ ᠤᠨ ᠦᠵᠡᠰᠭᠦᠯᠡᠩ ᠤᠨ ᠴᠤᠭᠯᠠᠭᠠᠨ︾᠂ ︽ᠳᠤᠮᠳᠠᠳᠤ ᠤᠯᠤᠰ ᠤᠨ ᠪᠠᠷᠠᠭᠤᠨ ᠪᠡᠶ᠎ᠡ ᠶᠢᠨ ᠭᠠᠵᠠᠷ | ᠤᠷᠤᠨ ᠤ ᠤᠯᠠᠨ ᠤᠯᠤᠰ ᠤᠨ ᠦᠵᠡᠰᠬᠦᠯᠡᠩ︾ ᠵᠡᠷᠭᠡ ᠬᠤᠳᠠᠯᠳᠤᠭᠠᠴᠢᠨ ᠤᠷᠢᠬᠤ ᠠᠵᠢᠯᠯᠠᠭ᠎ᠠ ᠳᠤ ᠢᠳᠡᠪᠬᠢᠲᠡᠢ | ᠣᠷᠣᠯᠴᠠᠵᠤ᠂ ᠬᠤᠳᠠᠯᠳᠤᠭᠠᠴᠢᠨ ᠤᠷᠢᠬᠤ ᠲᠠᠨᠢᠯᠴᠠᠭᠤᠯᠭ᠎ᠠ ᠶᠢᠨ ᠴᠤᠭᠯᠠᠭᠠᠨ ᠢ 2 ᠤᠳᠠᠭ᠎ᠠ ᠡᠷᠭᠢᠯᠡᠵᠦ᠂ | ᠶᠠᠪᠤᠯᠴᠠᠭ᠎ᠠ ᠰᠤᠯᠢᠯᠴᠠᠭ᠎ᠠ ᠪᠠᠨ ᠲᠠᠰᠤᠷᠠᠯᠲᠠ ᠦᠭᠡᠢ ᠥᠷᠭᠡᠳᠬᠡᠨ ᠬᠠᠮᠳᠤᠷᠠᠯᠴᠠᠭ᠎ᠠ ᠪᠠᠨ ᠨᠢᠭᠲᠠᠷᠠᠭᠤᠯᠣᠨᠠ᠃ | ᠲᠥᠷᠥᠯ ᠵᠦᠢᠯ ᠢ ᠨᠠᠶᠢᠳᠠᠪᠤᠷᠢᠵᠢᠭᠤᠯᠬᠤ ᠡᠷᠴᠢᠮ ᠢ ᠴᠢᠩᠭᠠᠷᠠᠭᠤᠯᠵᠤ᠂ ᠪᠣᠭᠤᠮᠲᠠ ᠶᠢᠨ ᠣᠷᠤᠨ ᠤ ᠤᠶᠤᠨᠴᠢᠯᠠᠭᠰᠠᠨ | ᠵᠦᠭᠡᠭᠡᠪᠦᠷᠢ᠂ ᠶᠡᠷᠦᠩᠬᠡᠶᠢᠯᠡᠭᠰᠡᠨ ᠠᠷᠠᠯᠵᠢᠶ᠎ᠠ ᠬᠤᠳᠠᠯᠳᠤᠭᠠᠨ ᠤ ᠲᠥᠪ᠂ ᠪᠦᠬᠦ ᠣᠷᠣᠨ ᠪᠦᠰᠡ ᠶᠢᠨ ᠵᠢᠭᠤᠯᠴᠢᠯᠠᠯ | ᠰᠡᠯᠡᠭᠦᠴᠡᠯ ᠵᠡᠷᠭᠡ ᠵᠥᠪᠳᠡᠯᠴᠡᠨ ᠶᠠᠷᠢᠯᠴᠠᠬᠤ ᠲᠥᠷᠥᠯ ᠵᠦᠢᠯ ᠳᠤ ᠳᠠᠭᠠᠭᠠᠴᠢᠯᠠᠨ ᠬᠤᠯᠪᠣᠭᠠᠯᠠᠬᠤ | ᠬᠠᠷᠢᠭᠤᠴᠠᠯᠭ᠎ᠠ ᠶᠢᠨ ᠳᠦᠷᠢᠮ ᠢ ᠨᠠᠶᠢᠳᠠᠪᠤᠷᠢᠵᠢᠭᠤᠯᠵᠤ᠂ ᠬᠠᠷᠢᠯᠴᠠᠭ᠎ᠠ ᠠᠪᠴᠤ ᠵᠦᠪᠳᠡᠯᠴᠡᠵᠤ ᠪᠠᠶᠢᠭ᠎ᠠ ᠲᠥᠷᠥᠯ | ᠵᠦᠢᠯ ᠢ ᠢᠮᠡᠭ᠌ᠳᠠ ᠠᠩᠬᠠᠷᠴᠤ᠂ ᠬᠦᠯᠢᠶᠡᠨ ᠠᠵᠢᠭᠯᠠᠵᠤ ᠪᠠᠶᠢᠭ᠎ᠠ ᠲᠥᠷᠥᠯ ᠵᠦᠢᠯ ᠢ ᠦᠯᠡᠳᠡᠭᠡᠨ ᠠᠪᠴᠤ᠂ | ᠵᠦᠪᠳᠡᠯᠴᠡᠭᠡᠷ ᠲᠤᠭᠳᠠᠭᠰᠠᠨ ᠲᠥᠷᠥᠯ ᠵᠦᠢᠯ ᠤᠨ ᠭᠡᠷ᠎ᠡ ᠪᠠᠨ ᠭᠦᠢᠴᠡᠳᠬᠡᠬᠦ ᠨᠣᠷᠮ᠎ᠠ ᠶᠢ ᠪᠥᠬᠦ ᠬᠦᠴᠦᠨ ᠢᠶᠠᠷ ᠢᠶᠠᠨ | ᠳᠡᠭᠡᠭᠰᠢᠯᠡᠭᠦᠯᠵᠦ᠂ ᠵᠢᠯ ᠳᠤ 8 ︱10 ᠲᠥᠷᠥᠯ ᠵᠦᠢᠯ ᠢ ᠰᠢᠨ᠎ᠡ ᠪᠠᠷ ᠵᠦᠪᠳᠡᠯᠴᠡᠭᠡᠷ ᠲᠣᠭᠲᠠᠨ᠂ 13 | ᠳ᠋ᠦᠩᠰᠢᠭᠤᠷ ᠲᠥᠭᠦᠷᠢᠭ ᠠᠴᠠ ᠳᠡᠭᠡᠭᠰᠢ ᠪᠡᠯᠡ ᠮᠦᠩᠭᠦ ᠶᠢ ᠨᠠᠶᠢᠳᠠᠪᠦᠷᠢᠵᠢᠭᠤᠯᠵᠤ᠂ ︽ᠨᠢᠭᠡ ᠠᠵᠤ ᠠᠬᠤᠶᠢᠯᠠᠯ ᠢ | ᠣᠷᠣᠭᠤᠯᠤᠨ ᠠᠪᠴᠢᠷᠠᠵᠤ᠂ ᠨᠢᠭᠡ ᠠᠵᠤ ᠦᠢᠯᠡᠰ ᠢ ᠪᠤᠵᠠᠭᠠᠶᠢᠷᠠᠭᠤᠯᠤᠨ᠂ ᠨᠢᠭᠡ ᠠᠵᠤ ᠦᠢᠯᠡᠰ ᠤᠨ ᠪᠦᠯᠦᠭᠵᠢᠯ ᠢ | ᠪᠣᠶ ᠪᠣᠯᠭᠠᠬᠤ︾ ᠶᠢ ᠴᠢᠷᠮᠠᠶᠢᠨ ᠪᠡᠶᠡᠯᠡᠭᠦᠯᠦᠨ᠎ᠡ᠃ | ᠪᠦᠲᠦᠮᠵᠢᠲᠡᠶ ᠪᠡᠯᠡ ᠣᠷᠣᠭᠤᠯᠤᠯᠲᠠ ᠶᠢ ᠬᠦᠴᠦᠯᠡᠨ ᠥᠷᠭᠡᠳᠬᠡᠨ᠎ᠡ᠃ ᠪᠡᠯᠡ ᠣᠷᠣᠭᠤᠯᠣᠯᠲᠠ ᠶᠢ | ᠲᠣᠭᠲᠠᠪᠣᠷᠢᠵᠢᠭᠤᠯᠬᠤ ᠪᠣᠯ ᠠᠵᠣ ᠠᠬᠤᠢ ᠶᠢᠨ ᠨᠡᠮᠡᠭᠳᠡᠯ ᠢ ᠪᠠᠲᠣᠯᠠᠬᠤ ᠶᠢᠨ ᠵᠠᠩᠬᠢᠯᠠᠭ᠎ᠠ ᠪᠠᠶᠢᠵᠣ᠂ ᠪᠢᠳᠡ ᠲᠦᠷᠦᠯ | ᠵᠦᠢᠯ ᠢ ᠴᠢᠬᠤᠯᠠᠴᠢᠯᠠᠨ᠂ ᠠᠵᠢᠯ ᠤᠨ ᠭᠤᠣᠯᠳᠠᠯᠭ᠎ᠠ ᠶᠢ ᠠᠳᠬᠤᠵᠤ᠂ ᠲᠦᠷᠦᠯ ᠵᠦᠢᠯ ᠢᠶᠠᠷ ᠪᠡᠯᠡ ᠣᠷᠣᠭᠤᠯᠣᠯᠲᠠ | ᠶᠢ ᠠᠬᠢᠭᠤᠯᠣᠨ᠂ ᠠᠵᠣ ᠠᠬᠤᠢ ᠶᠢ ᠬᠦᠭᠵᠢᠬᠦᠯᠵᠤ᠂ ᠠᠵᠣ ᠦᠢᠯᠡᠰ ᠤᠨ ᠪᠦᠲᠦᠴᠡ ᠶᠢ ᠰᠢᠯᠢᠳᠡᠭᠵᠢᠬᠦᠯᠦᠨ᠎ᠡ᠃ | ᠠᠵᠤ ᠦᠢᠯᠡᠰ ᠤᠨ ᠪᠠᠶᠢᠷᠢᠰᠢᠯ ᠪᠣᠯᠣᠨ ᠴᠢᠨᠠᠷ ᠰᠠᠶᠢᠲᠠᠢ ᠬᠥᠭᠵᠢᠯᠲᠡ ᠶᠢᠨ ᠤᠳᠤᠷᠢᠳᠤᠮᠵᠢ ᠶᠣᠰᠣᠭᠠᠷ᠂ ᠠᠶᠢᠮᠠᠭ ᠤᠨ | ᠲᠡᠰ ᠤᠨ 12 ᠭᠤᠣᠯᠳᠠᠯᠭ᠎ᠠ ᠲᠠᠢ ᠲᠦᠷᠦᠯ ᠵᠦᠢᠯ ᠢ ᠬᠡᠷᠡᠭᠵᠢᠭᠦᠯᠬᠦ ᠶᠢ ᠠᠬᠢᠭᠤᠯᠵᠤ᠂ 4 ᠰᠠᠷ᠎ᠠ ᠶᠢᠨ ᠳᠤᠮᠳᠠᠴᠢ ᠪᠠᠷ | ᠪᠦᠬᠦ ᠭᠠᠷ ᠬᠦᠢᠴᠡᠳᠬᠡᠯ ᠢ ᠭᠦᠢᠴᠡᠳᠭᠡᠨ ᠠᠵᠢᠯ ᠢᠶᠠᠨ ᠰᠡᠷᠭᠦᠭᠡᠵᠦ᠂ ᠵᠢᠯ ᠳᠤ 14.8 ᠳ᠋ᠦᠩᠰᠢᠭᠤᠷ ᠲᠥᠭᠦᠷᠢᠭ | ᠤᠨ ᠪᠡᠯᠡ ᠤᠷᠤᠭᠤᠯᠤᠯᠳᠠ ᠶᠢ ᠪᠡᠶᠡᠯᠡᠭᠦᠯᠬᠦ ᠪᠠᠷ ᠲᠦᠯᠦᠪᠯᠡᠵᠤ ᠪᠤᠢ︔ ᠬᠤᠰᠢᠭᠤ ᠲᠠᠰ ᠤᠨ 41 ᠭᠤᠣᠯᠳᠠᠯᠭ᠎ᠠ ᠲᠠᠢ | ᠲᠥᠷᠥᠯ ᠵᠦᠢᠯ ᠢ ᠬᠡᠷᠡᠭᠵᠢᠭᠦᠯᠵᠦ᠂ ᠵᠢᠯ ᠳᠤ 7.6 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ | ᠪᠡᠶᠡᠯᠡᠭᠦᠯᠬᠦ ᠪᠠᠷ ᠲᠥᠯᠥᠪᠯᠡᠵᠦ ᠪᠣᠶ᠃ ᠲᠥᠪ ᠤᠨ ᠪᠠ ᠥᠪᠡᠷᠲᠡᠭᠡᠨ ᠵᠠᠰᠠᠬᠤ ᠣᠷᠣᠨ ᠤ ᠪᠡᠯᠡ ᠣᠷᠣᠭᠤᠯᠤᠯᠲᠠ ᠶᠢᠨ | ᠰᠢᠨ᠎ᠡ ᠤᠳᠤᠷᠢᠳᠤᠮᠵᠢ ᠶᠢ ᠴᠢᠩᠭ᠎ᠠ ᠠᠩᠬᠠᠷᠴᠤ᠂ ᠨᠢᠭᠡ ᠪᠦᠯᠦᠭ ᠳᠡᠭᠡᠷ᠎ᠡ ᠱᠠᠲᠤᠨ ᠤ ᠲᠥᠰᠥᠪ ᠤᠨ ᠳᠣᠲᠣᠷᠠᠬᠢ | ᠪᠡᠯᠡ ᠣᠷᠣᠭᠤᠯᠤᠯᠲᠠ᠂ ᠤᠯᠤᠰ ᠤᠨ ᠵᠢᠭᠡᠯᠡᠯᠭᠡ ᠶᠢᠨ ᠪᠡᠯᠡ ᠮᠥᠩᠭᠦ᠂ ᠠᠵᠢᠯ ᠲᠥᠷᠥᠯ ᠤᠨ ᠰᠠᠯᠠᠭ᠎ᠠ ᠮᠥᠴᠢᠷ ᠤᠨ | ᠲᠤᠰᠬᠠᠢ ᠪᠡᠯᠡ ᠣᠷᠣᠭᠤᠯᠤᠯᠲᠠ ᠶᠢᠨ ᠲᠥᠷᠥᠯ ᠵᠦᠢᠯ ᠢ ᠲᠡᠮᠡᠴᠡᠨ ᠣᠯᠬᠤ ᠪᠠᠷ ᠦᠷᠭᠦᠯᠵᠢᠯᠡᠨ ᠠᠷᠭ᠎ᠠ | ᠰᠦᠪᠡᠭᠴᠢᠯᠡᠵᠦ᠂ ᠪᠥᠬᠦ ᠲᠠᠯ᠎ᠠ ᠶᠢ ᠬᠠᠮᠤᠷᠤᠭᠰᠠᠨ᠂ ᠪᠦᠲᠦᠴᠡ ᠨᠢ ᠵᠦᠢ ᠵᠣᠬᠢᠰᠲᠠᠢ᠂ ᠱᠠᠲᠤ ᠳᠠᠷᠠᠭᠠᠯᠠᠯ ᠨᠢ | ᠲᠣᠳᠣᠷᠬᠠᠢ᠂ ᠶᠠᠰᠤ ᠴᠢᠨᠠᠷ ᠨᠢ ᠰᠢᠯᠢᠳᠡᠭ ᠰᠠᠶᠢᠨ ᠲᠥᠷᠥᠯ ᠵᠦᠢᠯ ᠤᠨ ᠨᠥᠭᠡᠴᠡ ᠶᠢᠨ ᠬᠥᠮᠥᠷᠭᠡ ᠶᠢ ᠪᠣᠶ ᠪᠣᠯᠭᠠᠵᠤ | ᠂ ᠨᠠᠩ ᠣᠯᠠᠨ ᠲᠥᠷᠥ ᠶᠢᠨ ᠪᠣᠳᠣᠯᠭ᠎ᠠ ᠪᠠ ᠪᠡᠯᠡ ᠮᠥᠩᠭᠦ ᠶᠢᠨ ᠳᠡᠮᠵᠢᠯᠭᠡ ᠶᠢ ᠣᠯᠬᠤ ᠪᠠᠷ ᠴᠢᠷᠮᠠᠶᠢᠨ᠎ᠠ᠃ | ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠬᠦᠴᠦᠯᠡᠨ ᠰᠢᠯᠢᠳᠡᠭᠵᠢᠭᠦᠯᠦᠨ᠎ᠡ᠃ ︽ᠪᠠᠭᠤᠯᠭᠠᠬᠤ᠂ | ᠬᠠᠮᠢᠶᠠᠷᠬᠤ᠂ ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠬᠠᠷᠰᠢ ᠰᠠᠭᠠᠳ ᠬᠢᠵᠠᠭᠠᠷᠯᠠᠯ ᠢ ᠳᠠᠪᠠᠨ | ᠬᠦᠴᠢᠷᠳᠡᠯ ᠢ ᠠᠷᠢᠯᠭᠠᠵᠤ᠂ ᠬᠢᠨᠠᠨ ᠵᠥᠪᠰᠢᠶᠡᠷᠡᠬᠦ ᠴᠠᠭ ᠢ ᠪᠤᠭᠤᠨᠢᠰᠬᠠᠨ᠂ ᠬᠢᠨᠠᠨ ᠵᠥᠪᠰᠢᠶᠡᠷᠡᠬᠦ ᠠᠯᠬᠤᠮ ᠳᠠᠷᠠᠭ᠎ᠠ | ᠶᠢ ᠪᠠᠭᠠᠰᠬᠠᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ ︽ᠠᠯᠠᠭᠠᠨ ᠳᠡᠭᠡᠷ᠎ᠡ ᠭᠦᠢᠴᠡᠳᠭᠡᠬᠦ︾ | ᠨᠣᠷᠮ᠎ᠠ᠂ ︽ᠰᠦᠯᠵᠢᠶ᠎ᠡ ᠪᠠᠷ ᠭᠦᠢᠴᠡᠳᠬᠡᠬᠦ︾ ᠨᠣᠷᠮ᠎ᠠ᠂ ︽ᠶᠡᠷᠦᠩᠬᠡᠶᠢᠯᠡᠭᠰᠡᠨ ᠨᠢᠭᠡ ᠴᠣᠩᠬᠤ︾ ᠪᠠᠷ ᠭᠥᠯᠢᠶᠡᠨ | ᠠᠪᠴᠤ ᠰᠢᠢᠳᠪᠦᠷᠢᠯᠡᠬᠦ ᠨᠣᠷᠮ᠎ᠠ ᠶᠢ ᠳᠡᠭᠡᠭᠰᠢᠯᠡᠭᠦᠯᠬᠦ ᠶᠢ ᠦᠨᠡᠨᠬᠦ ᠪᠠᠲᠤᠯᠠᠨ᠎ᠠ᠃ ︽ᠢᠨᠲ᠋ᠧᠷ ᠰᠦᠯᠵᠢᠶ᠎ᠡ + | ᠵᠠᠰᠠᠭ ᠤᠨ ᠶᠠᠪᠤᠳᠠᠯ ᠤᠨ ᠦᠢᠯᠡᠴᠢᠯᠡᠭᠡ︾ ᠶᠢ ᠦᠨᠳᠦᠰᠦᠨ ᠱᠠᠲᠤ ᠳᠠᠰᠢ ᠤᠷᠲᠤᠳᠬᠠᠬᠤ ᠶᠢ ᠭᠦᠨᠵᠡᠭᠡᠶᠢᠷᠡᠭᠦᠯᠵᠦ᠂ | 450 ᠵᠦᠢᠯ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ︽ᠦᠨᠡᠮᠯᠡᠯ ᠦᠭᠡᠢ ᠪᠠᠷ ᠰᠢᠢᠳᠪᠦᠷᠢᠯᠡᠬᠦ︾ ᠶᠢ | ᠪᠡᠶᠡᠯᠡᠭᠦᠯᠵᠦ᠂ ᠦᠨᠡᠨᠬᠦ ᠲᠤᠭ᠎ᠠ ᠪᠠᠷᠢᠮᠲᠠ ᠶᠢ ︽ᠢᠯᠡᠭᠦᠬᠡᠨ ᠭᠦᠶᠦᠯᠭᠡᠬᠦ︾᠂ ᠣᠯᠠᠨ ᠲᠦᠮᠡᠨ ᠢ ︽ᠳᠤᠲᠠᠭᠤ | ᠭᠦᠶᠦᠯᠭᠡᠬᠦ︾ ᠪᠣᠯᠭᠠᠨ᠎ᠠ᠃ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ︽ᠪᠦᠰᠡᠯᠡᠯᠲᠡ ᠰᠢᠪᠲᠤᠯᠬᠤ︾ | ᠢᠨᠵᠧᠨᠧᠷᠢᠩ ᠢ ᠠᠬᠢᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠢᠶᠠᠷ ᠦᠢᠯᠡᠰ ᠢᠶᠠᠨ ᠬᠦᠭᠵᠢᠭᠦᠯᠬᠦ ᠰᠠᠭᠤᠷᠢ ᠶᠢ | ᠲᠠᠯᠪᠢᠵᠤ᠂ ᠵᠢᠯ ᠳᠤ ᠥᠪᠡᠷᠲᠡᠭᠡᠨ ᠵᠠᠰᠠᠬᠤ ᠣᠷᠣᠨ ᠤ ᠲᠠᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠠᠵᠤ | ᠠᠬᠤᠶᠢᠯᠠᠯ᠂ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠢ ᠲᠣᠰ ᠲᠣᠰ 1— 2 ᠢ ᠪᠣᠶᠢᠵᠢᠭᠤᠯᠤᠨ᠎ᠠ᠃ | ᠢᠲᠡᠭᠡᠮᠵᠢ ᠶᠢᠨ ᠪᠠᠶᠢᠭᠤᠯᠣᠯᠲᠠ ᠶᠢ ᠠᠬᠢᠭᠤᠯᠬᠤ ᠠᠵᠢᠯᠯᠠᠭ᠎ᠠ ᠶᠢ ᠰᠠᠶᠢᠲᠣᠷ ᠬᠡᠷᠡᠭᠵᠢᠬᠦᠯᠦᠨ᠂ 12345 | ᠠᠷᠠᠳ ᠲᠤ ᠲᠥᠬᠦᠮ ᠦᠵᠡᠭᠦᠯᠬᠦ ᠤᠲᠠᠰᠤᠨ ᠤ ᠦᠢᠯᠡᠴᠢᠯᠡᠭᠡᠨ ᠤ ᠬᠢᠷᠢ ᠲᠦᠪᠰᠢᠨ ᠢ ᠳᠡᠭᠡᠭᠰᠢᠯᠡᠭᠦᠯᠵᠦ᠂ ︽ | ᠬᠤᠶᠠᠷ ᠢ ᠲᠠᠰᠢᠷᠠᠮ ᠢᠶᠠᠷ ᠪᠠᠶᠢᠴᠠᠭᠠᠵᠤ᠂ ᠨᠢᠭᠡ ᠶᠢ ᠢᠯᠡ ᠪᠣᠯᠭᠠᠬᠤ︾ ᠶᠢ ᠪᠥᠬᠦ ᠲᠠᠯ᠎ᠠ ᠪᠠᠷ ᠬᠡᠷᠡᠭᠵᠢᠭᠦᠯᠦᠨ᠂ | ᠣᠯᠠᠨ ᠲᠦᠮᠡᠨ ᠤ ᠠᠰᠢᠭ ᠲᠣᠰᠠ ᠶᠢ ᠬᠠᠮᠠᠭᠠᠯᠠᠵᠤ᠂ ᠬᠦᠴᠢᠷ ᠠᠰᠠᠭᠤᠳᠠᠯ ᠢ ᠰᠢᠢᠳᠪᠦᠷᠢᠯᠡᠨ᠂ ᠣᠯᠠᠨ ᠲᠦᠮᠡᠨ᠂ | ᠠᠵᠤ ᠠᠬᠤᠶᠢᠯᠠᠯ ᠢ ᠨᠠᠩ ᠬᠠᠨᠤᠮᠵᠢᠲᠠᠶ ᠪᠣᠯᠭᠠᠵᠤ᠂ ᠦᠨᠡᠨᠴᠢ ᠢᠲᠡᠭᠡᠮᠵᠢᠲᠡᠢ ᠵᠠᠰᠠᠭ ᠤᠨ ᠣᠷᠳᠣᠨ ᠤ ᠳᠦᠷᠢ | ᠲᠥᠷᠬᠦ ᠶᠢ ᠬᠠᠮᠠᠭᠠᠯᠠᠨ᠎ᠠ᠃ | —— ᠬᠤᠳᠠ ᠬᠥᠳᠡᠭᠡ ᠶᠢ ᠨᠢᠭᠡᠳᠦᠯᠲᠡᠢ ᠲᠥᠯᠥᠪᠵᠢᠭᠦᠯᠬᠦ ᠳᠤ ᠠᠩᠬᠠᠷᠤᠯ ᠢᠶᠠᠨ ᠲᠥᠪᠯᠡᠷᠡᠭᠦᠯᠵᠦ᠂ | ᠴᠢᠨᠠᠷ ᠰᠠᠶᠢᠲᠠᠢ ᠬᠥᠭᠵᠢᠯᠲᠡ ᠶᠢᠨ ᠳᠤᠲᠠᠭᠤᠳᠠᠯ ᠢ ᠨᠥᠬᠦᠪᠦᠷᠢᠯᠡᠨ᠎ᠡ᠃ ᠠᠷᠠᠳ ᠲᠦᠮᠡᠨ ᠢᠶᠠᠷ ᠭᠤᠣᠯ ᠪᠣᠯᠭᠠᠬᠤ | ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠨ᠂ ᠬᠤᠳᠠ ᠬᠥᠳᠡᠭᠡ ᠣᠷᠣᠨ ᠪᠦᠰᠡ ᠶᠢᠨ ᠬᠥᠭᠵᠢᠯᠲᠡ ᠶᠢ | ᠨᠢᠭᠡᠳᠦᠯᠲᠡᠢ ᠲᠥᠯᠥᠪᠵᠢᠭᠦᠯᠵᠦ᠂ ᠠᠷᠠᠳ ᠤᠨ ᠠᠮᠢᠳᠤᠷᠠᠯ ᠤᠨ ᠴᠢᠨᠠᠷ ᠴᠢᠨᠰᠠᠭ᠎ᠠ ᠶᠢ ᠰᠠᠶᠢᠵᠢᠷᠠᠭᠤᠯᠣᠨ᠂ ᠠᠷᠠᠳ | ᠤᠯᠠᠨ ᠤ ᠬᠦᠷᠲᠡᠮᠵᠢ ᠶᠢᠨ ᠲᠥᠷᠥᠭᠳᠡᠯ᠂ ᠵᠣᠯ ᠵᠢᠷᠭᠠᠯᠲᠤ ᠲᠥᠷᠥᠭᠳᠡᠯ᠂ ᠠᠮᠤᠷ ᠲᠦᠪᠰᠢᠨ ᠤ ᠲᠥᠷᠥᠭᠳᠡᠯ ᠢ | ᠲᠠᠰᠤᠷᠠᠯᠳᠡ ᠦᠭᠡᠢ ᠨᠡᠮᠡᠭᠳᠡᠭᠦᠯᠵᠤ᠂ ᠠᠮᠢᠳᠤᠷᠠᠯ ᠴᠢᠨᠡᠭᠡᠯᠢᠭ᠂ ᠰᠣᠶᠣᠯ ᠴᠡᠴᠡᠭᠯᠡᠨ ᠬᠥᠭᠵᠢᠭᠰᠡᠨ᠂ ᠪᠣᠯᠪᠠᠰᠤᠨ | ᠨᠦᠬᠦᠷᠰᠡᠭ᠂ ᠬᠤᠳᠠ ᠬᠥᠳᠡᠭᠡ ᠵᠣᠬᠢᠴᠠᠩᠭᠤᠢ ᠵᠡᠭᠦᠨ ᠦᠵᠦᠮᠦᠴᠢᠨ ᠬᠤᠰᠢᠭᠤ ᠶᠢ ᠨᠡᠩ ᠡᠶ᠎ᠡ | ᠵᠣᠬᠢᠴᠠᠩᠭᠤᠢ ᠪᠣᠯᠭᠠᠨ ᠬᠦᠭᠵᠢᠭᠦᠯᠦᠨ᠎ᠡ᠃ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠭᠦᠨᠵᠡᠭᠡᠢ ᠬᠡᠷᠡᠭᠵᠢᠭᠦᠯᠦᠨ᠎ᠡ | ᠃ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠦᠷᠭᠡᠳᠭᠡᠬᠦ ᠶᠢ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠠᠢ ᠪᠦᠲᠦᠮᠵᠢᠲᠡᠢ ᠵᠤᠯᠭᠠᠭᠤᠯᠵᠤ᠂ ᠬᠥᠳᠡᠯᠦᠩᠭᠦᠢ ᠪᠠᠷ ᠬᠢᠨᠠᠨ | ᠬᠡᠮᠵᠢᠬᠦ ᠪᠠ ᠬᠠᠪᠰᠤᠷᠤᠨ ᠲᠡᠳᠬᠦᠬᠦ ᠠᠷᠭ᠎ᠠ ᠬᠡᠮᠵᠢᠶ᠎ᠡ ᠶᠢ ᠪᠣᠳᠠᠲᠠᠢ ᠨᠠᠷᠢᠯᠢᠭ ᠨᠠᠶᠢᠳᠠᠪᠤᠷᠢᠵᠢᠭᠤᠯᠤᠨ᠂ ᠲᠠᠬᠢᠨ | ᠶᠠᠳᠠᠭᠤᠷᠠᠬᠤ ᠶᠢ ᠰᠡᠷᠭᠡᠶᠢᠯᠡᠬᠦ ᠬᠤᠷᠢᠭ᠎ᠠ ᠱᠤᠭᠤᠮ ᠢ ᠪᠠᠬᠢᠵᠢᠭᠦᠯᠦᠨ᠎ᠡ᠃ ᠠᠵᠤ ᠦᠢᠯᠡᠰ ᠤᠨ ᠬᠥᠭᠵᠢᠯᠲᠡ᠂ ᠰᠠᠭᠤᠷᠢ | ᠪᠦᠲᠦᠭᠡᠨ ᠪᠠᠶᠢᠭᠤᠯᠤᠯᠲᠠ ᠪᠠ ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠵᠡᠷᠭᠡ | ᠬᠦᠷᠢᠶ᠎ᠡ ᠴᠠᠷᠠᠭ᠎ᠠ ᠶᠢᠨ ᠲᠣᠭᠤᠷᠢᠨ ᠳᠤ᠂ 4042 ᠲᠦᠮᠡᠨ ᠲᠥᠭᠦᠷᠢᠭ ᠤᠨ ᠵᠣᠯᠭᠠᠭᠤᠯᠬᠤ ᠪᠡᠯᠡ ᠮᠥᠩᠭᠦ ᠶᠢ | ᠢᠳᠡᠪᠬᠢᠲᠡᠢ ᠡᠷᠡᠮᠡᠯᠵᠡᠯᠡᠵᠤ᠂ 3 ᠲᠥᠷᠥᠯ ᠤᠨ 11 ᠲᠥᠷᠥᠯ ᠵᠦᠢᠯ ᠢ ᠬᠡᠷᠡᠭᠵᠢᠬᠦᠯᠦᠨ᠂ ᠬᠦᠳᠡᠭᠡ ᠲᠣᠰᠬᠤᠨ ᠢ | ᠬᠦᠭᠵᠢᠬᠦᠯᠦᠨ ᠮᠠᠨᠳᠣᠭᠤᠯᠬᠤ ᠵᠢᠱᠢᠶ᠎ᠡ ᠦᠵᠡᠬᠦᠯᠬᠦ ᠡᠷᠦᠭᠡ ᠶᠢ ᠪᠠᠶᠢᠭᠤᠯᠬᠤ ᠪᠠᠷᠢᠮᠵᠢᠶ᠎ᠠ ᠶᠢ ᠰᠢᠯᠢᠳᠡᠭᠵᠢᠭᠦᠯᠵᠦ᠂ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠮᠢ ᠠᠬᠤᠢ ᠶᠢᠨ ᠭᠡᠷ ᠪᠦᠯᠢ ᠶᠢᠨ ᠮᠠᠯᠵᠢᠯ ᠤᠨ ᠲᠠᠯᠠᠪᠠᠶ ᠶᠢ | 50 ᠡᠷᠦᠬᠡ ᠪᠣᠶᠢᠵᠢᠭᠤᠯᠣᠨ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ︽ᠴᠡᠭ ᠳᠡᠭᠡᠷ᠎ᠡ ᠵᠢᠱᠢᠶ᠎ᠡ | ᠦᠵᠡᠭᠦᠯᠬᠦ︾ ᠠᠴᠠ ︽ᠨᠡᠶᠢᠳᠡᠮ ᠲᠥᠭᠡᠮᠡᠯᠵᠢᠭᠦᠯᠬᠦ︾ ᠳᠠᠰᠢ ᠠᠬᠢᠭᠤᠯᠤᠨ᠎ᠠ᠃ ᠭᠠᠴᠠᠭᠠᠨ ᠤ ᠡᠯ᠎ᠡ ᠲᠥᠷᠥᠯ ᠤᠨ | ᠡᠬᠢ ᠪᠠᠶᠠᠯᠢᠭ᠂ ᠪᠡᠯᠡ ᠮᠥᠩᠭᠦ᠂ ᠡᠳ᠋ ᠬᠥᠷᠥᠩᠭᠡ ᠶᠢ ᠵᠣᠬᠢᠰᠲᠠᠢ ᠠᠰᠢᠭᠯᠠᠵᠤ᠂ ᠭᠠᠴᠠᠭᠠᠨ ᠤ ᠬᠠᠮᠲᠤ ᠶᠢᠨ ᠠᠵᠤ | ᠠᠬᠤᠢ ᠶᠢ ᠬᠥᠭᠵᠢᠭᠦᠯᠦᠨ ᠪᠤᠵᠠᠭᠠᠶᠢᠷᠠᠭᠤᠯᠤᠨ᠎ᠠ᠃ ᠮᠠᠯᠵᠢᠬᠤ ᠣᠷᠣᠨ ᠤ ᠬᠥᠮᠥᠰ ᠤᠨ ᠣᠷᠣᠰᠢᠨ ᠰᠠᠭᠤᠬᠤ ᠣᠷᠴᠢᠨ | ᠲᠣᠭᠤᠷᠢᠨ ᠢ ᠴᠡᠭᠴᠡᠯᠡᠨ ᠵᠠᠰᠠᠬᠤ ᠶᠢ ᠪᠥᠬᠦ ᠲᠠᠯ᠎ᠠ ᠪᠠᠷ ᠴᠢᠩᠭᠠᠳᠬᠠᠵᠤ᠂ ᠤᠯᠤᠰ ᠤᠨ ᠡᠷᠡᠭᠦᠯ ᠬᠠᠮᠠᠭᠠᠯᠠᠯ ᠤᠨ | ᠰᠢᠶᠠᠨ ᠢ ᠡᠭᠦᠳᠦᠨ ᠪᠠᠶᠢᠭᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠨ᠎ᠡ᠃ ︽ᠵᠣᠷᠯᠣᠩ ᠤᠨ ᠦᠭᠡᠷᠡᠴᠢᠯᠡᠯᠳᠡ︾ | ᠶᠢ ᠯᠠᠪᠳᠠᠭᠤᠨ ᠢᠶᠠᠷ ᠠᠬᠢᠭᠤᠯᠵᠤ᠂ 300 ᠡᠷᠦᠬᠡ ᠳᠤ ᠰᠢᠨ᠎ᠡ ᠪᠠᠷ ᠵᠣᠷᠯᠣᠩ ᠪᠠᠶᠢᠭᠤᠯᠤᠨ᠂ ᠰᠡᠭᠦᠯᠴᠢ ᠶᠢᠨ | ᠬᠤᠭᠤᠴᠠᠭᠠᠨ ᠤ ᠡᠵᠡᠩᠨᠡᠯᠲᠡ ᠬᠠᠮᠠᠭᠠᠯᠠᠯᠲᠠ ᠬᠠᠮᠢᠶᠠᠷᠤᠯᠲᠠ ᠶᠢᠨ ᠵᠠᠭᠪᠤᠷ ᠢ ᠪᠦᠷᠢᠨᠰᠢᠭᠦᠯᠵᠦ᠂ ᠬᠡᠷᠡᠭᠯᠡᠵᠦ ᠪᠣᠯᠬᠤ | ᠦᠭᠡᠢ᠂ ᠬᠡᠷᠡᠭᠯᠡᠬᠦ ᠳᠤ ᠲᠦᠭᠦᠮ ᠦᠭᠡᠢ᠂ ᠬᠡᠷᠡᠭᠯᠡᠵᠦ ᠴᠢᠳᠠᠬᠤ ᠦᠭᠡᠢ᠂ ᠬᠡᠷᠡᠭᠯᠡᠬᠦ ᠳᠤᠷ᠎ᠠ ᠦᠭᠡᠢ ᠪᠠᠶᠢᠬᠤ | ᠠᠰᠠᠭᠤᠳᠠᠯ ᠢ ᠰᠠᠶᠢᠲᠤᠷ ᠰᠢᠢᠳᠪᠦᠷᠢᠯᠡᠨ᠎ᠡ᠃ | ᠬᠤᠲᠠ ᠪᠠᠯᠭᠠᠰᠤᠨ ᠤ ᠪᠦᠲᠦᠭᠡᠨ ᠪᠠᠶᠢᠭᠤᠯᠣᠯᠲᠠ ᠶᠢᠨ ᠬᠠᠮᠢᠶᠠᠷᠣᠯᠲᠠ ᠶᠢᠨ ᠬᠢᠷᠢ ᠲᠦᠪᠰᠢᠨ ᠢ | ᠳᠡᠭᠡᠭᠰᠢᠯᠡᠭᠦᠯᠦᠨ᠎ᠡ᠃ ᠣᠯᠠᠨ ᠲᠦᠮᠡᠨ ᠤ ᠲᠤᠰᠬᠠᠭᠰᠠᠨ ︽ᠬᠠᠯᠠᠮᠰᠢᠯ ᠴᠡᠭ︾᠂ ᠠᠵᠢᠯ ᠤᠨ ᠠᠬᠢᠴᠠ ᠶᠢᠨ ︽ | ᠲᠦᠭᠵᠢᠷᠡᠯ︾ ᠳᠤ ᠠᠩᠬᠠᠷᠤᠯ ᠢᠶᠠᠨ ᠲᠥᠪᠯᠡᠷᠡᠭᠦᠯᠵᠦ᠂ ᠲᠣᠬᠠᠢ ᠶᠢᠨ ᠪᠠᠶᠢᠳᠠᠯ ᠳᠤ ᠨᠢ ᠲᠣᠬᠢᠷᠠᠭᠤᠯᠣᠨ᠂ | ᠬᠠᠭᠤᠴᠢᠨ ᠰᠠᠭᠤᠭᠠᠯᠢ ᠲᠣᠭᠤᠷᠢᠭ᠂ ᠬᠠᠭᠤᠴᠢᠨ ᠵᠡᠭᠡᠯᠢ ᠭᠤᠳᠤᠮᠵᠢ᠂ ᠪᠠᠶᠢᠰᠢᠩ ᠭᠡᠷ ᠤᠨ ᠥᠭᠡᠷᠡᠴᠢᠯᠡᠯᠲᠡ ᠶᠢ | ᠵᠣᠬᠢᠬᠤ ᠬᠡᠮᠵᠢᠶ᠎ᠡ ᠪᠠᠷ ᠠᠬᠢᠭᠤᠯᠵᠤ᠂ 229 ᠡᠷᠦᠬᠡ ᠶᠢᠨ ᠳᠥᠭᠦᠮ ᠪᠦᠳᠦᠴᠡᠳᠤ ᠣᠷᠣᠨ ᠰᠠᠭᠤᠴᠠ ᠶᠢ | ᠲᠥᠪᠬᠢᠨᠡᠭᠦᠯᠬᠦ ᠪᠠᠷ ᠲᠥᠯᠥᠪᠯᠡᠵᠦ ᠪᠣᠶ︔ ︽ᠬᠠᠶᠢᠷ᠎ᠠ ᠬᠠᠯᠠᠮᠵᠢ ᠶᠢᠨ ᠢᠨᠵᠧᠨᠧᠷᠢᠩ︾ ᠢ ᠪᠥᠬᠦ ᠲᠠᠯ᠎ᠠ ᠪᠠᠷ | ᠬᠡᠷᠡᠭᠵᠢᠭᠦᠯᠵᠦ᠂ ᠶᠦᠨ ᠴᠧᠩ ᠰᠠᠭᠤᠭᠠᠯᠢ ᠲᠣᠭᠤᠷᠢᠭ ᠤᠨ ᠭᠠᠵᠠᠷ ᠳᠣᠣᠷᠠᠬᠢ ᠣᠰᠣᠨ ᠬᠤᠭᠤᠯᠠᠢ ᠶᠢᠨ | ᠥᠭᠡᠷᠡᠴᠢᠯᠡᠯᠲᠡ᠂ ᠳᠣᠯᠤᠳ ᠵᠡᠭᠡᠯᠢ᠂ ᠡᠵᠢᠨᠠᠭᠤᠷ ᠵᠡᠭᠡᠯᠢ᠂ ᠦᠵᠦᠮᠦᠴᠢᠨ ᠶᠡᠭᠡ ᠵᠠᠮ᠂ ᠪᠠᠶᠠᠡᠬᠦ᠋ᠭᠡᠪᠦᠷ ᠵᠠᠮ ᠵᠡᠷᠭᠡ | 4 ᠵᠤᠷᠪᠤᠰ ᠵᠠᠮ ᠤᠨ ᠬᠡᠰᠡᠭ ᠤᠨ ᠢᠯᠴᠢ ᠬᠠᠩᠭᠠᠬᠤ ᠣᠰᠣᠨ ᠬᠤᠭᠤᠯᠠᠢ ᠶᠢᠨ ᠥᠭᠡᠷᠡᠴᠢᠯᠡᠯᠲᠡ ᠶᠢ ᠪᠡᠶᠡᠯᠡᠭᠦᠯᠦᠨ᠎ᠡ︔ | ᠭᠤᠶᠤᠵᠢᠭᠤᠯᠬᠤ ᠨᠣᠭᠤᠭᠠᠷᠠᠭᠤᠯᠬᠤ ᠭᠡᠷᠡᠯᠲᠦᠭᠦᠯᠬᠦ ᠬᠠᠲᠠᠭᠤᠷᠠᠭᠤᠯᠬᠤ ᠳᠠᠯ᠎ᠠ ᠶᠢᠨ ᠳᠤᠲᠠᠭᠤᠳᠠᠯ ᠢ ᠵᠤᠬᠢᠰᠳᠠᠢ | ᠲᠡᠬᠦᠯᠳᠡᠷᠵᠢᠬᠦᠯᠵᠦ᠂ ᠨᠢᠭᠡ ᠪᠦᠯᠦᠭ ᠪᠠᠭ᠎ᠠ ᠬᠡᠯᠪᠡᠷᠢ ᠶᠢᠨ ᠴᠡᠴᠡᠷᠯᠢᠭ ᠢ ᠰᠢᠨ᠎ᠡ ᠪᠠᠷ ᠪᠠᠶᠢᠭᠤᠯᠵᠤ᠂ ᠬᠤᠲᠠ | ᠪᠠᠯᠭᠠᠰᠤ ᠶᠢᠨ ᠦᠩᠭᠡ ᠲᠦᠷᠬᠦ ᠶᠢ ᠰᠠᠶᠢᠵᠢᠷᠠᠭᠤᠯᠤᠨ ᠳᠡᠭᠡᠭᠰᠢᠯᠡᠭᠦᠯᠦᠨ᠎ᠡ︔ ᠬᠦᠷᠢᠶ᠎ᠡ ᠰᠦᠮ᠎ᠡ ᠶᠢᠨ | ᠬᠠᠲᠠᠭᠤᠷᠠᠭᠤᠯᠤᠨ ᠥᠭᠡᠷᠡᠴᠢᠯᠡᠬᠦ ᠶᠢ ᠪᠥᠬᠦ ᠲᠠᠯ᠎ᠠ ᠪᠠᠷ ᠪᠡᠶᠡᠯᠡᠭᠦᠯᠦᠨ᠎ᠡ᠃ ᠬᠤᠲᠠ ᠪᠠᠯᠭᠠᠰᠤ ᠶᠢᠨ ᠨᠢᠭᠡ ᠪᠦᠯᠦᠭ | ᠮᠤᠬᠤᠷ ᠵᠠᠮ᠂ ᠲᠦᠭᠵᠢᠷᠡᠯ ᠵᠠᠮ᠂ ᠱᠠᠯᠪᠠᠭ ᠵᠠᠮ ᠢ ᠦᠷᠭᠦᠯᠵᠢᠯᠡᠨ ᠵᠠᠰᠠᠨ ᠨᠡᠪᠲᠡᠷᠡᠭᠦᠯᠵᠤ᠂ ᠬᠤᠶᠠᠳᠤᠭᠠᠷ ᠳᠤᠮᠳᠠᠳᠤ | ᠰᠤᠷᠭᠠᠭᠤᠯᠢ ᠶᠢᠨ ᠪᠠᠷᠠᠭᠤᠨ ᠵᠠᠮ᠂ ᠪᠣᠭᠤᠮᠲᠠ ᠶᠢᠨ ᠰᠠᠭᠤᠭᠠᠯᠢ ᠲᠣᠭᠤᠷᠢᠭ ᠤᠨ ᠵᠡᠭᠦᠨ ᠵᠠᠮ᠂ ᠶᠢᠨ ᠰᠧ ᠬᠤᠸᠠ | ᠹᠦ᠋ ᠰᠠᠭᠤᠭᠠᠯᠢ ᠲᠣᠭᠤᠷᠢᠭ ᠤᠨ ᠪᠠᠷᠠᠭᠤᠨ ᠵᠠᠮ᠂ ᠪᠡᠶ᠎ᠡ ᠶᠢᠨ ᠲᠠᠮᠢᠷ ᠤᠨ ᠣᠷᠳᠣᠨ ᠤ ᠪᠠᠷᠠᠭᠤᠨ ᠵᠠᠮ ᠵᠢᠴᠢ ᠣᠶ | ᠰᠢᠭᠤᠢ ᠨᠤᠳᠤᠭ ᠪᠡᠯᠴᠢᠭᠡᠷ ᠤᠨ ᠲᠣᠪᠴᠢᠶ᠎ᠠ ᠶᠢᠨ ᠪᠠᠷᠠᠭᠤᠨ ᠵᠠᠮ ᠢ ᠦᠭᠡᠷᠡᠴᠢᠯᠡᠬᠦ ᠡᠭᠦᠷᠭᠡ ᠶᠢ ᠪᠡᠶᠡᠯᠡᠭᠦᠯᠦᠨ᠎ᠡ᠃ | ᠰᠠᠭᠤᠭᠠᠯᠢ ᠲᠣᠭᠤᠷᠢᠭ ᠤᠨ ᠠᠳᠠᠯ ᠠᠬᠤᠢ ᠶᠢᠨ ᠦᠢᠯᠡᠴᠢᠯᠡᠭᠡᠨ ᠤ ᠬᠠᠮᠤᠷᠬᠤ ᠬᠡᠪᠴᠢᠶ᠎ᠡ ᠶᠢ ᠥᠷᠭᠡᠳᠬᠡᠵᠦ᠂ 2 | ᠲᠡᠷᠭᠡᠨ ᠵᠣᠭᠰᠣᠭᠠᠯ ᠢ ᠥᠭᠡᠷᠡᠴᠢᠯᠡᠨ ᠪᠠᠶᠢᠭᠤᠯᠵᠤ᠂ ᠬᠤᠲᠠ ᠶᠢᠨ ᠲᠦᠷᠢ ᠲᠦᠷᠬᠦ ᠶᠢᠨ ᠪᠠᠶᠢᠳᠠᠯ ᠤᠨ ᠬᠠᠤᠯᠢ | ᠬᠡᠷᠡᠭᠵᠢᠭᠦᠯᠬᠦ ᠬᠠᠮᠢᠶᠠᠷᠤᠯᠲᠠ ᠶᠢ ᠴᠢᠩᠭᠠᠷᠠᠭᠤᠯᠤᠨ᠂ ︽ᠥᠪᠡᠷᠲᠡᠭᠡᠨ ᠵᠠᠰᠠᠬᠤ ᠣᠷᠣᠨ ᠤ ᠪᠣᠯᠪᠠᠰᠤᠨ ᠬᠤᠲᠠ︾ ᠶᠢ | ᠡᠭᠦᠳᠦᠨ ᠪᠠᠶᠢᠭᠤᠯᠤᠭᠰᠠᠨ ᠦᠷ᠎ᠡ ᠪᠦᠲᠦᠭᠡᠯ ᠢ ᠰᠠᠶᠢᠲᠤᠷ ᠪᠠᠬᠢᠵᠢᠭᠦᠯᠵᠦ᠂ ᠬᠤᠲᠠ ᠪᠠᠯᠭᠠᠰᠤ ᠶᠢᠨ ᠤᠷᠤᠰᠢᠨ | ᠠᠮᠢᠳᠤᠷᠠᠬᠤ ᠲᠠᠭᠠᠯᠠᠮᠵᠢ ᠶᠢᠨ ᠬᠡᠮᠵᠢᠶ᠎ᠡ ᠶᠢ ᠨᠡᠩ ᠦᠨᠳᠦᠷ ᠪᠠᠶᠢᠯᠭᠠᠵᠤ᠂ ᠠᠷᠠᠳ ᠣᠯᠠᠨ ᠤ ᠵᠣᠯ ᠵᠢᠷᠭᠠᠯ ᠤᠨ | ᠲᠥᠷᠥᠭᠳᠡᠯ ᠢ ᠣᠯᠠᠮ ᠨᠡᠮᠡᠭᠳᠡᠬᠦᠯᠦᠨ᠎ᠡ᠃ | ᠴᠢᠬᠤᠯᠠ ᠶᠡᠭᠡ ᠰᠠᠭᠤᠷᠢ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ᠎ᠡ᠃ ᠤᠰᠤ᠂ ᠴᠠᠬᠢᠯᠭᠠᠨ᠂ ᠵᠠᠮ | ᠨᠡᠪᠲᠡᠷᠡᠭᠦᠯᠭᠡ᠂ ᠴᠢᠮᠡᠭᠡ ᠬᠤᠯᠪᠤᠭ᠎ᠠ ᠵᠡᠷᠭᠡ ᠪᠠᠭᠤᠷᠠᠢ ᠭᠤᠭᠴᠤᠭ᠎ᠠ ᠶᠢ ᠴᠢᠩᠭ᠎ᠠ ᠠᠳᠬᠤᠵᠤ᠂ ᠬᠢᠯᠢ ᠬᠢᠵᠠᠭᠠᠷ ᠤᠨ | ᠮᠠᠯᠵᠢᠬᠤ ᠣᠷᠣᠨ ᠤ ᠲᠠᠷᠠᠬᠠᠢ ᠪᠤᠲᠠᠷᠬᠠᠢ ᠮᠠᠶ᠋ᠢᠭ ᠤᠨ ᠤᠰᠤ ᠬᠠᠩᠭᠠᠬᠤ ᠪᠠᠲᠤᠯᠠᠭ᠎ᠠ ᠶᠢᠨ ᠢᠨᠵᠧᠨᠧᠷᠢᠩ ᠢ ᠵᠣᠬᠢᠶᠠᠨ | ᠪᠠᠶᠢᠭᠤᠯᠤᠨ ᠬᠡᠷᠡᠭᠵᠢᠭᠦᠯᠵᠦ᠂ 103 ᠠᠮᠠᠰᠠᠷ ᠬᠤᠳᠳᠤᠭ ᠢ ᠰᠢᠨ᠎ᠡ ᠪᠠᠷ ᠮᠠᠯᠳᠠᠨ᠂ ᠬᠢᠯᠢ ᠬᠢᠵᠠᠭᠠᠷ ᠤᠨ ᠮᠠᠯᠵᠢᠬᠤ | ᠡᠷᠦᠬᠡ ᠶᠢᠨ ᠤᠤᠭᠤᠬᠤ ᠤᠰᠤᠨ ᠤ ᠠᠮᠤᠷ ᠲᠦᠪᠰᠢᠨ ᠤ ᠠᠰᠠᠭᠤᠳᠠᠯ ᠢ ᠰᠢᠢᠳᠪᠦᠷᠢᠯᠡᠨ᠎ᠡ︔ ᠮᠠᠯᠵᠢᠬᠤ ᠡᠷᠦᠭᠡ ᠳᠤ | ᠪᠠᠶᠢᠩᠭᠤ ᠶᠢᠨ ᠴᠠᠬᠢᠯᠭᠠᠨ ᠨᠡᠪᠲᠡᠷᠡᠬᠦᠯᠬᠦ ᠢᠨᠵᠧᠨᠧᠷᠢᠩ ᠢ ᠬᠡᠷᠡᠭᠵᠢᠭᠦᠯᠵᠦ᠂ 101 ᠮᠠᠯᠴᠢᠨ ᠡᠷᠦᠬᠡ ᠳᠤ ᠴᠠᠬᠢᠯᠭᠠᠨ | ᠣᠲᠠᠰᠣ ᠲᠠᠲᠠᠨ᠎ᠠ︔ 24 ᠰᠠᠤᠷᠢ ᠲᠣᠬᠢᠶ᠎ᠠ ᠰᠦᠯᠵᠢᠶᠡᠨ ᠤ ᠥᠷᠲᠡᠭᠡ ᠶᠢ ᠰᠢᠨ᠎ᠡ ᠪᠠᠷ ᠪᠠᠶᠢᠭᠤᠯᠵᠤ᠂ ᠮᠠᠯᠵᠢᠬᠤ | ᠣᠷᠣᠨ ᠤ ᠰᠦᠯᠵᠢᠶᠡᠨ ᠤ ᠪᠦᠷᠬᠦᠴᠡ ᠶᠢᠨ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠠᠷᠠᠳ ᠤᠨ ᠬᠡᠷᠡᠭᠯᠡᠭᠡᠨ ᠤ | ᠨᠢᠰᠬᠡᠯ ᠤᠨ ᠪᠠᠭᠤᠳᠠᠯ ᠤᠨ ᠲᠦᠷᠦᠯ ᠵᠦᠢᠯ ᠢ ᠱᠠᠯᠠᠪᠳᠠᠭᠤᠯᠤᠨ᠂ ᠨᠢᠰᠬᠡᠯ ᠤᠨ ᠪᠠᠭᠤᠳᠠᠯ ᠤᠨ ᠬᠤᠶᠠᠳᠤᠭᠠᠷ ᠳᠡᠰ ᠤᠨ | ᠵᠠᠰᠠᠮᠠᠯ ᠵᠠᠮ ᠤᠨ ᠪᠦᠳᠦᠭᠡᠨ ᠪᠠᠶᠢᠭᠤᠯᠤᠯᠳᠠ ᠶᠢ ᠠᠬᠢᠭᠤᠯᠤᠨ᠎ᠠ᠃ ᠡᠷᠢᠶᠡᠡᠭᠤᠪᠢ ︱ ᠳ᠋ᠠ ᠰᠠᠢ ᠲᠦᠸᠧ ᠬᠦᠷᠬᠦ | 13.2 ᠺᠢᠯᠣᠮᠧᠲᠷ ᠤᠨ ᠭᠤᠷᠪᠠᠳᠤᠭᠠᠷ ᠳᠡᠰ ᠤᠨ ᠵᠠᠰᠠᠮᠠᠯ ᠵᠠᠮ ᠪᠠ ᠵᠢᠷᠭᠠᠯᠠᠩᠲᠤ ︱ᠪᠠᠶ᠋ᠬᠠᠤᠪᠤᠭ᠎ᠠ ᠬᠦᠷᠬᠦ 32 | ᠺᠢᠯᠣᠮᠧᠲᠷ ᠤᠨ ᠳᠥᠷᠪᠡᠳᠦᠭᠡᠷ ᠳᠡᠰ ᠤᠨ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ | ᠢᠳᠡᠪᠬᠢᠲᠡᠢ ᠴᠢᠷᠮᠠᠶᠢᠨ᠎ᠠ᠃ ᠤᠯᠢᠶᠠᠰᠤᠲᠠᠢ — ᠴᠠᠭᠠᠨ ᠨᠠᠭᠤᠷ ᠬᠦᠷᠬᠦ 111 ᠺᠢᠯᠤᠮᠧᠲᠷ ᠤᠨ ᠵᠠᠰᠠᠮᠠᠯ ᠵᠠᠮ᠂ | ᠠᠯᠳᠠᠡᠬᠢᠯᠢ — ᠡᠬᠡᠪᠤᠯᠠᠭ ᠬᠦᠷᠬᠦ 35 ᠺᠢᠯᠤᠮᠧᠲᠷ ᠤᠨ ᠵᠠᠰᠠᠮᠠᠯ ᠵᠠᠮ ᠢ ᠠᠷᠠᠴᠢᠯᠠᠨ ᠬᠠᠮᠠᠭᠠᠯᠠᠬᠤ ᠢᠨᠵᠧᠨᠧᠷᠢᠩ ᠢ | ᠲᠦᠯᠬᠢᠨ ᠠᠬᠢᠭᠤᠯᠵᠤ᠂ 221ᠨᠤᠮᠧᠷᠲᠦ ᠮᠤᠵᠢ ᠶᠢᠨ ᠳᠡᠰ ᠤᠨ ᠵᠠᠰᠠᠮᠠᠯ ᠵᠠᠮ ᠤᠨ ᠡᠵᠢᠨᠠᠭᠤᠷ ︱ ᠲᠠᠪᠤᠨ | ᠪᠠᠶᠢᠰᠢᠩ ᠬᠦᠷᠬᠦ᠂ 625 ᠨᠣᠮᠧᠷᠲᠣ ᠤᠯᠤᠰ ᠤᠨ ᠳᠡᠰ ᠤᠨ ᠵᠠᠰᠠᠮᠠᠯ ᠵᠠᠮ ᠤᠨ ᠵᠡᠭᠦᠨ ᠬᠠᠲᠠᠪᠴᠢ ︱ᠡᠭᠡᠯᠢᠲᠦ ᠶᠢᠨ | ᠡᠩᠭᠡᠷ ᠬᠦᠷᠬᠦ ᠡᠮᠦᠨᠡᠬᠢ ᠬᠤᠭᠤᠴᠠᠭᠠᠨ ᠤ ᠪᠡᠯᠡᠳᠭᠡᠯ ᠠᠵᠢᠯ ᠢ ᠪᠡᠶᠡᠯᠡᠬᠦᠯᠦᠨ᠂ ᠪᠦᠬᠦ ᠬᠤᠰᠢᠭᠤᠨ ᠤ ᠵᠠᠮ | ᠬᠠᠷᠢᠯᠴᠠᠭᠠᠨ ᠤ ᠨᠦᠬᠦᠴᠡᠯ ᠢ ᠰᠢᠯᠢᠳᠡᠭᠵᠢᠬᠦᠯᠦᠨ ᠳᠡᠰ ᠳᠡᠪᠰᠢᠬᠦᠯᠦᠨ᠎ᠡ᠃ ᠠᠯᠳᠠᠡᠬᠢᠯᠢ᠂ ᠬᠦᠷᠢᠶᠡᠳᠤᠨᠠᠭᠤᠷ ᠰᠤᠮᠤᠨ | ᠤ ᠨᠡᠶᠢᠳᠡ ᠶᠢᠨ ᠮᠠᠰᠢᠨ ᠲᠡᠷᠭᠡᠨ ᠤ ᠦᠢᠯᠡᠴᠢᠯᠡᠭᠡᠨ ᠤ ᠥᠷᠳᠡᠭᠡ ᠶᠢᠨ ᠪᠦᠲᠦᠭᠡᠨ ᠪᠠᠶᠢᠭᠤᠯᠤᠯᠲᠠ ᠶᠢ | ᠲᠥᠯᠥᠪᠵᠢᠭᠦᠯᠦᠨ ᠬᠡᠷᠡᠭᠵᠢᠭᠦᠯᠵᠦ᠂ ᠮᠠᠯᠵᠢᠬᠤ ᠣᠷᠣᠨ ᠤ ᠵᠠᠮ ᠬᠠᠷᠢᠯᠴᠠᠭᠠᠨ ᠤ ᠲᠣᠣᠷ ᠢ ᠲᠡᠭᠦᠯᠳᠡᠷᠵᠢᠭᠦᠯᠦᠨ᠎ᠡ᠃ | —— ᠴᠢᠨᠠᠷ ᠰᠠᠶᠢᠲᠠᠢ ᠲᠡᠩᠴᠡᠭᠦᠷᠢᠲᠡᠢ ᠪᠠᠶᠢᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠴᠢᠨᠠᠷ | ᠰᠠᠶᠢᠲᠠᠢ ᠬᠥᠭᠵᠢᠯᠲᠡ ᠶᠢᠨ ᠦᠷ᠎ᠡ ᠪᠦᠲᠦᠭᠡᠯ ᠢ ᠬᠠᠮᠲᠤᠪᠠᠷ ᠡᠳ᠋ᠯᠡᠨ᠎ᠡ᠃ ᠠᠵᠤ ᠠᠬᠤᠢ ᠶᠢ ᠬᠥᠭᠵᠢᠭᠦᠯᠬᠦ ᠪᠠ | ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠶᠢ ᠵᠣᠬᠢᠴᠠᠯᠳᠤᠭᠤᠯᠤᠨ ᠬᠦᠴᠦᠯᠡᠬᠦ ᠶᠢ ᠪᠠᠷᠢᠮᠲᠠᠯᠠᠵᠤ᠂ ᠬᠦᠴᠦᠨ ᠢᠶᠠᠨ | ᠲᠥᠪᠯᠡᠷᠡᠭᠦᠯᠦᠨ ᠲᠦᠭᠡᠮᠡᠯ ᠬᠠᠷᠠᠭᠠᠯᠵᠠᠯ ᠤᠨ ᠴᠢᠨᠠᠷᠲᠠᠢ᠂ ᠦᠨᠳᠦᠰᠦᠨ ᠵᠦᠢᠯ ᠢ ᠪᠠᠲᠤᠯᠠᠬᠤ ᠴᠢᠨᠠᠷᠲᠠᠢ᠂ ᠰᠠᠭᠤᠷᠢ | ᠴᠢᠨᠠᠷᠲᠠᠢ ᠠᠷᠠᠳ ᠤᠨ ᠠᠮᠢᠳᠤᠷᠠᠯ ᠤᠨ ᠪᠦᠲᠦᠭᠡᠨ ᠪᠠᠶᠢᠭᠤᠯᠤᠯᠲᠠ ᠶᠢ ᠰᠠᠶᠢᠲᠤᠷ ᠠᠳᠬᠤᠵᠤ᠂ ᠰᠤᠷᠤᠯᠴᠠᠬᠤ ᠠᠴᠠ | ᠰᠤᠷᠭᠠᠨ ᠬᠥᠮᠦᠵᠢᠯ ᠲᠠᠢ᠂ ᠬᠥᠳᠡᠯᠮᠦᠷᠢᠯᠡᠪᠡᠯ ᠣᠯᠬᠤ ᠣᠷᠣᠯᠭ᠎ᠠ ᠲᠠᠢ᠂ ᠡᠪᠡᠳᠴᠢᠯᠡᠪᠡᠯ ᠦᠵᠡᠭᠦᠯᠬᠦ ᠡᠮᠨᠡᠯᠭᠡ ᠲᠠᠢ᠂ | ᠥᠲᠡᠯᠪᠡᠯ ᠭᠥᠷᠳᠡᠬᠦ ᠠᠰᠠᠷᠠᠮᠵᠢ ᠲᠠᠢ ᠵᠡᠭᠦᠨ ᠦᠵᠦᠮᠦᠴᠢᠨ ᠬᠤᠰᠢᠭᠤ ᠶᠢ ᠨᠠᠩ ᠵᠣᠯ ᠵᠢᠷᠭᠠᠯ ᠲᠠᠢ ᠪᠣᠯᠭᠠᠨ | ᠬᠦᠭᠵᠢᠭᠦᠯᠦᠨ᠎ᠡ᠃ | ᠠᠷᠠᠳ ᠲᠦᠮᠡᠨ ᠤ ᠰᠠᠨᠠᠭᠠᠨ ᠳᠤ ᠨᠡᠶᠢᠴᠡᠭᠰᠡᠨ ᠰᠤᠷᠭᠠᠨ ᠬᠥᠮᠦᠵᠢᠯ ᠢ ᠰᠠᠶᠢᠲᠤᠷ ᠡᠷᠬᠢᠯᠡᠨ᠎ᠠ᠃ ᠰᠣᠷᠭᠠᠨ | ᠬᠦᠮᠦᠵᠢᠯ ᠢ ᠤᠷᠢᠳᠠᠪᠡᠷ ᠬᠥᠭᠵᠢᠭᠦᠯᠬᠦ ᠶᠢ ᠪᠠᠷᠢᠮᠲᠠᠯᠠᠨ᠂ ᠬᠤᠶᠠᠳᠤᠭᠠᠷ ᠪᠠᠭ᠎ᠠ ᠰᠤᠷᠭᠠᠭᠤᠯᠢ᠂ ᠨᠢᠭᠡᠳᠦᠭᠡᠷ | ᠬᠡᠦᠬᠡᠳ ᠤᠨ ᠴᠡᠴᠡᠷᠯᠢᠭ᠂ ᠬᠤᠶᠠᠳᠤᠭᠠᠷ ᠬᠡᠦᠬᠡᠳ ᠤᠨ ᠴᠡᠴᠡᠷᠯᠢᠭ ᠤᠨ ᠰᠤᠷᠭᠠᠭᠤᠯᠢ ᠡᠷᠭᠢᠯᠡᠬᠦ ᠨᠥᠬᠦᠴᠡᠯ ᠶᠢ | ᠳᠡᠭᠡᠭᠰᠢᠯᠡᠭᠦᠯᠬᠦ ᠢᠨᠵᠧᠨᠧᠷᠢᠩ ᠢ ᠬᠡᠷᠡᠭᠵᠢᠭᠦᠯᠵᠦ᠂ 5 ᠳᠤᠮᠳᠠᠳᠤ ᠪᠠᠭ᠎ᠠ ᠰᠤᠷᠭᠠᠭᠤᠯᠢ ᠶᠢᠨ ᠲᠠᠮᠢᠷ ᠤᠨ ᠲᠠᠯᠠᠪᠠᠶ ᠶᠢᠨ | ᠲᠥᠷᠥᠯ ᠵᠦᠢᠯ ᠤᠨ ᠡᠮᠦᠨᠡᠬᠢ ᠬᠤᠭᠤᠴᠠᠭᠠᠨ ᠤ ᠠᠵᠢᠯ ᠢ ᠡᠬᠢᠯᠡᠭᠦᠯᠦᠨ᠎ᠡ᠃ ︽ᠲᠠᠪᠤᠨ ᠬᠥᠮᠦᠵᠢᠯ ᠢ ᠵᠡᠷᠭᠡᠪᠡᠷ | ᠡᠷᠬᠢᠮᠯᠡᠬᠦ︾ ᠪᠠ ︽ᠬᠤᠶᠠᠷ ᠢ ᠬᠦᠩᠭᠡᠷᠡᠭᠦᠯᠬᠦ︾ ᠦᠷ᠎ᠡ ᠪᠦᠲᠦᠮᠵᠢ ᠶᠢ ᠪᠠᠬᠢᠵᠢᠭᠦᠯᠦᠨ ᠳᠡᠭᠡᠭᠰᠢᠯᠡᠬᠦᠯᠬᠦ ᠳᠤ | ᠰᠠᠭᠤᠷᠢᠯᠠᠨ᠂ ᠪᠡᠶ᠎ᠡ ᠶᠢᠨ ᠲᠠᠮᠢᠷ ᠤᠨ ᠬᠢᠴᠢᠶᠡᠯ᠂ ᠬᠥᠳᠡᠯᠮᠦᠷᠢ ᠶᠢᠨ ᠬᠥᠮᠦᠵᠢᠯ ᠪᠠ ᠤᠷᠠᠯᠢᠭ ᠤᠨ ᠬᠢᠴᠢᠶᠡᠯ ᠢ ᠪᠦᠷᠢᠨ | ᠭᠦᠢᠴᠡᠳ ᠨᠡᠭᠡᠭᠡᠵᠦ᠂ ᠰᠤᠷᠤᠭᠴᠢᠳ ᠤᠨ ᠪᠥᠬᠦ ᠲᠠᠯ᠎ᠠ ᠶᠢᠨ ᠬᠥᠭᠵᠢᠯᠲᠡ ᠶᠢ ᠠᠬᠢᠭᠤᠯᠤᠨ᠎ᠠ᠃ ᠤᠯᠤᠰ ᠤᠨ | ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠤᠨ ᠵᠢᠭᠠᠨ ᠰᠤᠷᠭᠠᠯᠲᠠ ᠶᠢ ᠴᠢᠩᠭᠠᠳᠬᠠᠵᠤ᠂ ᠨᠢᠭᠡᠳᠦᠯᠲᠡᠢ | ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠳᠡᠯᠭᠡᠷᠡᠭᠦᠯᠦᠨ ᠬᠡᠷᠡᠭᠯᠡᠭᠰᠡᠨ ᠦᠷ᠎ᠡ ᠪᠦᠲᠦᠭᠡᠯ ᠢ ᠭᠦᠨᠵᠡᠭᠡᠶᠢᠷᠡᠭᠦᠯᠵᠦ᠂ | ᠰᠣᠷᠬᠤ ᠨᠠᠰᠤᠨ ᠠᠴᠠ ᠡᠮᠦᠨᠡᠬᠢ ᠬᠡᠦᠬᠡᠳ ᠤᠨ ︽ᠪᠦᠣᠪᠠᠢ ᠠᠶᠠᠯᠭᠤ ᠪᠠᠷᠢᠮᠵᠢᠶ᠎ᠠ ᠠᠪᠢᠶ᠎ᠠ︾ ᠲᠥᠯᠥᠪᠯᠡᠭᠡ ᠶᠢ | ᠰᠠᠶᠢᠲᠤᠷ ᠬᠡᠷᠡᠭᠵᠢᠭᠦᠯᠦᠨ᠎ᠡ᠃ ᠮᠣᠷᠠᠯ ᠢᠶᠠᠷ ᠬᠦᠮᠦᠵᠢᠬᠦᠯᠬᠦ ᠦᠨᠳᠦᠰᠦᠨ ᠡᠭᠦᠷᠭᠡ ᠶᠢ ᠬᠢᠨᠠᠮᠠᠭᠠᠢ | ᠨᠠᠶᠢᠳᠠᠪᠣᠷᠢᠵᠢᠭᠤᠯᠣᠨ᠂ ᠪᠠᠭᠰᠢ ᠶᠢᠨ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠨ᠂ ᠵᠢᠯ ᠳᠤ 27 ᠳᠤᠮᠳᠠᠳᠤ | ᠪᠠᠭ᠎ᠠ ᠰᠤᠷᠭᠠᠭᠤᠯᠢ ᠶᠢᠨ ᠪᠠᠭᠰᠢ ᠶᠢ ᠰᠢᠨ᠎ᠡ ᠪᠠᠷ ᠡᠯᠰᠡᠵᠤ᠂ ᠰᠣᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠢ | ᠲᠦᠭᠡᠮᠡᠯᠵᠢᠭᠦᠯᠦᠨ ᠬᠦᠭᠵᠢᠭᠦᠯᠬᠦ᠂ ᠠᠯᠪᠠᠨ ᠵᠢᠷᠤᠮ ᠤᠨ ᠰᠤᠷᠭᠠᠨ ᠬᠥᠮᠦᠵᠢᠯ ᠢ ᠴᠢᠨᠠᠷ ᠰᠠᠶᠢᠲᠠᠢ ᠪᠥᠭᠡᠳ | ᠲᠡᠩᠴᠡᠭᠦᠷᠢᠲᠡᠢ ᠬᠥᠭᠵᠢᠭᠦᠯᠬᠦ᠂ ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠪᠠ ᠠᠵᠢᠯ ᠮᠡᠷᠭᠡᠵᠢᠯ ᠤᠨ | ᠰᠤᠷᠭᠠᠨ ᠬᠥᠮᠦᠵᠢᠯ ᠢ ᠤᠯᠠᠨ ᠶᠠᠩᠵᠤ ᠶᠢᠨ ᠥᠪᠡᠷᠮᠢᠴᠡ ᠣᠨᠴᠠᠯᠢᠭ ᠲᠠᠢ ᠬᠥᠭᠵᠢᠭᠦᠯᠬᠦ ᠶᠢ ᠲᠦᠯᠬᠢᠨ ᠠᠬᠢᠭᠤᠯᠵᠤ᠂ | ᠬᠡᠦᠬᠡᠳ ᠤᠨ ᠰᠠᠶᠢᠨ ᠰᠤᠷᠬᠤ᠂ ᠰᠤᠷᠴᠤ ᠴᠢᠳᠠᠬᠤ ᠶᠢ ᠴᠢᠷᠮᠠᠶᠢᠨ ᠪᠡᠶᠡᠯᠡᠭᠦᠯᠵᠤ᠂ ᠶᠡᠭᠡ ᠳᠡᠭᠡᠳᠦ ᠰᠤᠷᠭᠠᠭᠤᠯᠢ ᠳᠤ | ᠡᠯᠰᠡᠭᠳᠡᠨ ᠣᠷᠣᠬᠤ ᠨᠤᠷᠮ᠎ᠠ ᠶᠢ ᠠᠳᠠᠯᠢ ᠬᠤᠭᠤᠴᠠᠭᠠᠨ ᠤ ᠬᠢ ᠠᠴᠠ 10 ᠵᠠᠭᠤᠨ ᠤ ᠬᠤᠪᠢ ᠶᠢᠨ ᠴᠡᠭ | ᠳᠡᠭᠡᠭᠰᠢᠯᠡᠭᠦᠯᠬᠦ ᠪᠠᠷ ᠴᠢᠷᠮᠠᠶᠢᠨ᠎ᠠ᠃ ᠡᠯ᠎ᠡ ᠱᠠᠲᠤᠨ ᠤ ᠡᠯ᠎ᠡ ᠲᠥᠷᠥᠯ ᠤᠨ ᠰᠤᠷᠤᠭᠴᠢᠳ ᠢ ᠲᠤᠰᠠᠯᠠᠬᠤ ᠲᠥᠷᠥ ᠶᠢᠨ | ᠪᠣᠳᠣᠯᠭ᠎ᠠ ᠶᠢ ᠨᠠᠶᠢᠳᠠᠪᠤᠷᠢᠵᠢᠭᠤᠯᠵᠤ᠂ ᠬᠡᠣᠬᠡᠳ ᠪᠦᠬᠦᠨ ᠳᠤ ᠡᠷᠭᠡ ᠲᠡᠭᠰᠢ ᠪᠠᠷ ᠰᠣᠷᠭᠠᠨ ᠬᠦᠮᠦᠵᠢᠯ ᠬᠦᠷᠲᠡᠭᠡᠨ᠎ᠡ᠃ | ᠡᠯ᠎ᠡ ᠲᠥᠷᠥᠯ ᠤᠨ ᠪᠠᠴᠢᠮ ᠪᠠᠶᠢᠳᠠᠯ ᠢ ᠠᠷᠭᠠᠴᠠᠬᠤ ᠲᠥᠰᠥᠯ ᠲᠦᠰᠦᠪ ᠢ ᠪᠦᠷᠢᠨᠰᠢᠭᠦᠯᠦᠨ ᠲᠡᠭᠦᠯᠳᠡᠷᠵᠢᠭᠦᠯᠵᠦ᠂ | ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠬᠠᠮᠢᠶᠠᠷᠤᠯᠲᠠ ᠶᠢᠨ ᠬᠢᠷᠢ ᠲᠦᠪᠰᠢᠨ ᠢ ᠳᠡᠭᠡᠭᠰᠢᠯᠡᠬᠦᠯᠦᠨ᠂ | ᠪᠠᠭᠰᠢ ᠶᠢᠨ ᠵᠢᠭᠠᠨ ᠰᠣᠷᠭᠠᠯᠲᠠ ᠰᠠᠶᠢᠨ᠂ ᠰᠣᠷᠣᠭᠴᠢᠳ ᠤᠨ ᠰᠣᠷᠬᠤ ᠣᠷᠮᠠᠰᠢᠯ ᠦᠨᠳᠦᠷ᠂ ᠬᠡᠷ ᠤᠨ ᠠᠬᠠᠮᠠᠳ | ᠬᠠᠨᠣᠮᠵᠢᠲᠠᠢ ᠪᠠᠶᠢᠬᠤ ᠶᠢ ᠪᠡᠶᠡᠯᠡᠬᠦᠯᠦᠨ᠎ᠡ᠃ | ᠡᠮ ᠡᠮᠨᠡᠯᠭᠡ ᠶᠢᠨ ᠦᠢᠯᠡᠴᠢᠯᠡᠭᠡᠨ ᠤ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠡᠷᠡᠭᠦᠯ ᠡᠩᠬᠡ ᠵᠡᠭᠦᠨ | ᠦᠵᠦᠮᠦᠴᠢᠨ ᠤ ᠠᠵᠢᠯᠯᠠᠭ᠎ᠠ ᠶᠢ ᠭᠦᠨᠵᠡᠭᠡᠢ ᠬᠡᠷᠡᠭᠵᠢᠭᠦᠯᠵᠦ᠂ ᠨᠢᠭᠲᠠ ᠬᠡᠯᠪᠡᠷᠢ ᠶᠢᠨ ᠬᠤᠰᠢᠭᠤ ᠰᠢᠶᠠᠨ ᠤ | ᠬᠡᠪᠴᠢᠶᠡᠨ ᠤ ᠡᠮᠨᠡᠯᠭᠡ ᠶᠢᠨ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢ ᠪᠥᠬᠦ ᠬᠦᠴᠦᠨ ᠢᠶᠠᠷ ᠢᠶᠠᠨ ᠠᠬᠢᠭᠤᠯᠵᠤ᠂ | ᠮᠡᠳᠡᠭᠡ ᠵᠠᠩᠭᠢᠵᠢᠯᠲᠠ ᠶᠢᠨ ᠲᠠᠪᠴᠠᠩ ᠤᠨ ᠨᠢᠭᠡᠳᠦᠭᠡᠷ ᠬᠤᠭᠤᠴᠠᠭᠠᠨ ᠤ ᠢᠨᠵᠧᠨᠧᠷᠢᠩ ᠢ ᠪᠡᠶᠡᠯᠡᠭᠦᠯᠦᠨ᠎ᠡ᠃ | ᠬᠤᠯᠪᠣᠭᠠᠲᠤ ᠡᠮᠨᠡᠯᠭᠡ ᠶᠢᠨ ᠬᠤᠷᠢᠶ᠎ᠠ ᠶᠢᠨ ᠪᠣᠳᠠᠲᠠᠢ ᠶᠢ ᠡᠷᠬᠢᠮᠯᠡᠭᠰᠡᠨ ᠬᠠᠮᠵᠢᠯᠴᠠᠭ᠎ᠠ ᠶᠢ ᠭᠦᠨᠵᠡᠭᠡᠶᠢᠷᠡᠭᠦᠯᠵᠦ᠂ | ᠰᠢᠯᠢᠳᠡᠭ ᠡᠮᠴᠢᠯᠡᠭᠡᠨ ᠤ ᠡᠬᠢ ᠪᠠᠶᠠᠯᠢᠭ ᠢ ᠬᠠᠮᠳᠤᠪᠡᠷ ᠡᠳ᠋ᠯᠡᠬᠦ ᠶᠢ ᠠᠬᠢᠭᠤᠯᠤᠨ᠎ᠠ᠃ 30 ᠨᠡᠷᠡᠰ ᠲᠤᠰᠬᠠᠢ | ᠮᠡᠷᠭᠡᠵᠢᠯ ᠤᠨ ᠠᠵᠢᠯᠲᠠᠨ ᠡᠯᠰᠡᠵᠦ᠂ ᠰᠠᠯᠠᠭ᠎ᠠ ᠲᠠᠰᠤᠭ ᠤᠨ ᠭᠤᠣᠯᠯᠠᠭᠴᠢ ᠬᠦᠴᠦᠨ ᠢ ᠳᠠᠪᠲᠠᠨ ᠪᠣᠯᠪᠠᠰᠤᠷᠠᠭᠤᠯᠵᠤ | ᠬᠢᠷᠢ ᠬᠡᠮᠵᠢᠶ᠎ᠡ ᠶᠢ ᠳᠡᠭᠡᠭᠰᠢᠯᠡᠭᠦᠯᠬᠦ ᠦᠷ᠎ᠡ ᠪᠦᠲᠦᠮᠵᠢ ᠶᠢ ᠥᠷᠭᠡᠳᠬᠡᠨ᠂ ᠭᠤᠣᠯᠳᠠᠯᠭᠠᠲᠤ ᠰᠠᠯᠠᠭ᠎ᠠ ᠳᠠᠰᠤᠭ ᠤᠨ | ᠪᠠᠶᠢᠭᠤᠯᠤᠯᠲᠠ ᠶᠢ ᠴᠢᠩᠭᠠᠳᠬᠠᠬᠤ ᠶᠢᠨ ᠬᠠᠮᠲᠤ ᠠᠶᠢᠮᠠᠭ ᠤᠨ ᠲᠠᠰ ᠤᠨ ᠭᠤᠣᠯᠳᠠᠯᠭ᠎ᠠ ᠲᠠᠢ ᠰᠠᠯᠠᠭ᠎ᠠ ᠳᠠᠰᠤᠭ ᠢ | ᠡᠭᠦᠳᠴᠦ᠂ ᠣᠯᠠᠨ ᠲᠦᠮᠡᠨ ᠤ ᠡᠪᠡᠳᠴᠢᠨ ᠦᠵᠡᠭᠦᠯᠬᠦ ᠳᠤ ᠬᠦᠴᠢᠷᠲᠡᠢ᠂ ᠡᠪᠡᠳᠴᠢᠨ ᠦᠵᠡᠭᠦᠯᠬᠦ ᠳᠤ ᠦᠨᠡᠲᠡᠢ | ᠪᠠᠶᠢᠬᠤ ᠠᠰᠠᠭᠤᠳᠠᠯ ᠢ ᠰᠢᠢᠳᠪᠦᠷᠢᠯᠡᠨ᠎ᠡ᠃ ᠰᠢᠨ᠎ᠡ ᠪᠠᠷ ᠪᠠᠶᠢᠭᠤᠯᠤᠭᠰᠠᠨ ᠡᠪᠡᠳᠴᠢᠨ ᠡᠮᠭᠡᠭ ᠢ ᠰᠡᠷᠭᠡᠶᠢᠯᠡᠨ | ᠡᠵᠡᠮᠳᠡᠬᠦ ᠲᠥᠪ ᠢ ᠪᠥᠬᠦ ᠲᠠᠯ᠎ᠠ ᠪᠠᠷ ᠠᠰᠢᠭᠯᠠᠯᠳᠠ ᠳᠤ ᠤᠷᠤᠭᠤᠯᠤᠨ᠂ ᠮᠣᠩᠭᠤᠯ ᠡᠮᠨᠡᠯᠭᠡ ᠶᠢᠨ ᠬᠤᠷᠢᠶ᠎ᠠ ᠶᠢᠨ | ᠮᠡᠰᠡ ᠵᠠᠰᠠᠯ ᠤᠨ ᠲᠠᠰᠤᠭ ᠤᠨ ᠲᠥᠬᠦᠭᠡᠷᠦᠮᠵᠢ ᠶᠢ ᠪᠦᠷᠢᠨᠰᠢᠭᠦᠯᠵᠤ᠂ ᠬᠢᠲᠠᠳ ᠮᠣᠩᠭᠤᠯ ᠡᠮᠨᠡᠯᠭᠡ ᠶᠢᠨ ᠣᠷᠳᠣᠨ ᠢ | ᠲᠠᠰ ᠳᠡᠪᠰᠢᠭᠦᠯᠦᠨ ᠥᠭᠡᠷᠡᠴᠢᠯᠡᠬᠦ ᠶᠢ ᠡᠮᠬᠢ ᠵᠢᠷᠤᠮ ᠲᠠᠢ ᠠᠬᠢᠭᠤᠯᠵᠤ᠂ ᠦᠨᠳᠦᠰᠦᠨ ᠱᠠᠲᠤᠨ ᠤ ᠬᠢᠲᠠᠳ ᠮᠣᠩᠭᠤᠯ | ᠡᠮ ᠡᠮᠨᠡᠯᠭᠡ ᠶᠢᠨ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠦᠨ᠂ ᠦᠨᠳᠦᠰᠦᠨ ᠱᠠᠲᠣᠨ ᠤ ᠣᠯᠠᠨ ᠲᠦᠮᠡᠨ | ᠳᠤ ᠦᠨᠡᠨᠬᠦ ᠰᠢᠯᠢᠳᠡᠭ ᠦᠢᠯᠡᠴᠢᠯᠡᠭᠡ ᠬᠠᠩᠭᠠᠨ᠎ᠠ᠃ | ᠰᠣᠶᠣᠯ ᠤᠨ ᠴᠡᠴᠡᠭᠯᠡᠯᠲᠡ ᠬᠥᠭᠵᠢᠯᠲᠡ ᠶᠢ ᠠᠬᠢᠭᠤᠯᠤᠨ᠎ᠠ᠃ ᠪᠥᠬᠦ ᠬᠤᠰᠢᠭᠤᠨ ᠤ ᠥᠪᠡᠷᠮᠢᠴᠡ | ᠪᠠᠶᠢᠭᠠᠯᠢ ᠶᠢᠨ ᠡᠬᠢ ᠪᠠᠶᠠᠯᠢᠭ ᠪᠠ ᠰᠣᠶᠣᠯ ᠢᠷᠭᠡᠨᠰᠢᠯ ᠤᠨ ᠡᠬᠢ ᠪᠠᠶᠠᠯᠢᠭ ᠤᠨ ᠳᠠᠪᠠᠭᠤᠯᠢᠭ ᠲᠤ ᠰᠠᠭᠤᠷᠢᠯᠠᠨ᠂ | ᠤᠮᠠᠷᠠᠲᠤ ᠬᠢᠯᠢ ᠶᠢᠨ ᠨᠡᠭᠦᠳᠡᠯ ᠮᠠᠯᠵᠢᠯ ᠤᠨ ᠰᠣᠶᠣᠯ ᠤᠨ ᠭᠤᠣᠯᠯᠠᠬᠤ ᠨᠠᠷᠠᠲᠤ ᠲᠡᠮᠳᠡᠭᠲᠦ ᠶᠢ ᠢᠳᠡᠪᠬᠢᠲᠡᠢ ᠪᠣᠶ | ᠪᠣᠯᠭᠠᠵᠤ᠂ ᠰᠣᠶᠣᠯ ᠤᠨ ᠦᠢᠯᠡᠰ ᠪᠠ ᠰᠣᠶᠣᠯ ᠤᠨ ᠠᠵᠤ ᠦᠢᠯᠡᠰ ᠢ ᠵᠡᠷᠭᠡᠪᠡᠷ ᠬᠦᠭᠵᠢᠭᠦᠯᠦᠨ᠂ ︽ᠰᠣᠶᠣᠯ ᠢᠶᠠᠷ | ᠬᠤᠰᠢᠭᠤ ᠪᠠᠨ ᠬᠦᠴᠦᠷᠬᠡᠭᠵᠢᠭᠦᠯᠬᠦ︾ ᠪᠦᠲᠦᠭᠡᠨ ᠪᠠᠶᠢᠭᠤᠯᠤᠯᠲᠠ ᠶᠢ ᠠᠬᠢᠭᠤᠯᠵᠣ᠂ ᠣᠷᠣᠨ ᠨᠣᠲᠤᠭ ᠤᠨ ᠰᠣᠶᠣᠯ | ᠢᠷᠭᠡᠨᠰᠢᠯ ᠣᠯᠠᠮᠵᠢᠯᠠᠯ ᠢ ᠣᠯᠠᠨ ᠲᠦᠮᠡᠨ ᠤ ᠰᠡᠳᠬᠢᠯ ᠳᠤ ᠬᠠᠳᠠᠩᠰᠢᠭᠤᠯᠣᠨᠠ᠃ ᠨᠡᠶᠢᠭᠡᠮ ᠵᠢᠷᠤᠮ ᠤᠨ ᠭᠤᠣᠯᠯᠠᠬᠤ | ᠥᠷᠲᠡᠭ ᠤᠨ ᠦᠵᠡᠯᠲᠡ ᠶᠢᠨ ᠤᠬᠠᠭᠤᠯᠭ᠎ᠠ ᠬᠥᠮᠦᠵᠢᠯ ᠪᠠ ᠤᠯᠤᠰ ᠢᠶᠠᠨ ᠬᠠᠶᠢᠷᠠᠯᠠᠬᠤ ᠦᠵᠡᠯ ᠤᠨ ᠬᠥᠮᠦᠵᠢᠯ ᠢ | ᠦᠷᠭᠦᠯᠵᠢᠯᠡᠨ ᠰᠠᠶᠢᠲᠤᠷ ᠥᠷᠨᠢᠭᠦᠯᠵᠦ᠂ ᠰᠣᠶᠣᠯ ᠢ ᠬᠥᠳᠡᠭᠡ ᠪᠠᠭᠤᠯᠭᠠᠬᠤ᠂ ᠪᠥᠬᠦ ᠠᠷᠠᠳ ᠤᠨ ᠤᠩᠰᠢᠯᠭ᠎ᠠ ᠵᠡᠷᠭᠡ | ᠣᠯᠠᠨ ᠲᠦᠮᠡᠨᠴᠢ ᠴᠢᠨᠠᠷᠲᠠᠢ ᠰᠣᠶᠣᠯ ᠤᠨ ᠠᠵᠢᠯᠯᠠᠭ᠎ᠠ ᠶᠢ ᠪᠠᠶᠢᠩᠭᠤᠵᠢᠭᠤᠯᠤᠨ ᠥᠷᠨᠢᠭᠦᠯᠵᠦ᠂ ᠤᠯᠠᠭᠠᠨᠮᠥ᠋ᠴᠢᠷ ᠢ | ᠵᠣᠬᠢᠶᠠᠨ ᠪᠠᠶᠢᠭᠤᠯᠵᠣ 100 ᠳᠠᠯᠠᠪᠠᠢ ᠠᠷᠠᠳ ᠲᠤ ᠠᠰᠢᠭ ᠬᠦᠷᠲᠡᠭᠡᠬᠦ ᠲᠣᠭᠯᠠᠯᠲᠠ ᠶᠢ ᠡᠷᠬᠢᠯᠡᠨ᠎ᠡ᠃ ᠰᠣᠶᠣᠯ | ᠵᠢᠭᠤᠯᠴᠢᠯᠠᠯ ᠤᠨ ᠰᠢᠷᠢᠰ ᠠᠵᠢᠯᠯᠠᠭ᠎ᠠ ᠪᠠ ᠡᠯ᠎ᠡ ᠲᠥᠷᠥᠯ ᠤᠨ ᠣᠯᠠᠨ ᠲᠦᠮᠡᠨᠴᠢ ᠰᠣᠶᠣᠯ ᠪᠡᠶ᠎ᠡ ᠶᠢᠨ ᠲᠠᠮᠢᠷ ᠤᠨ | ᠤᠷᠤᠯᠳᠤᠭᠠᠨ ᠢ ᠰᠦᠪᠡᠭᠴᠢᠯᠡᠨ ᠡᠷᠬᠢᠯᠡᠵᠦ᠂ ᠣᠯᠠᠨ ᠲᠦᠮᠡᠨ ᠤ ᠣᠶᠤᠨ ᠰᠠᠨᠠᠭ᠎ᠠ ᠰᠣᠶᠣᠯ ᠤᠨ ᠬᠡᠷᠡᠭᠴᠡᠭᠡ | ᠱᠠᠭᠠᠷᠳᠠᠯᠭ᠎ᠠ ᠶᠢ ᠲᠠᠰᠤᠷᠠᠯᠲᠠ ᠦᠭᠡᠢ ᠬᠠᠩᠭᠠᠨ᠎ᠠ᠃ ᠲᠡᠦᠬᠡ ᠶᠢᠨ ᠳᠤᠷᠠᠰᠬᠠᠯᠲᠤ ᠵᠦᠢᠯᠡᠰ ᠤᠨ ᠦᠯᠡᠳᠡᠭᠳᠡᠯ ᠪᠠ | ᠤᠯᠠᠮᠵᠢᠯᠠᠯᠲᠤ ᠰᠣᠶᠣᠯ ᠢ ᠬᠠᠮᠠᠭᠠᠯᠠᠨ ᠠᠰᠢᠭᠯᠠᠬᠤ ᠶᠢ ᠴᠢᠩᠭᠠᠷᠠᠭᠤᠯᠵᠤ᠂ ᠮᠦᠽᠧᠢ ᠪᠠ ᠪᠣᠳᠠᠰ ᠤᠨ ᠪᠤᠰᠤ | ᠰᠣᠶᠣᠯ ᠤᠨ ᠥᠪ ᠤᠨ ᠣᠷᠳᠣᠨ ᠢ ᠰᠢᠨ᠎ᠡ ᠪᠠᠷ ᠪᠠᠶᠢᠭᠤᠯᠬᠤ ᠢᠨᠵᠧᠨᠧᠷᠢᠩ ᠢ ᠬᠡᠷᠡᠭᠵᠢᠭᠦᠯᠵᠦ᠂ ᠵᠢᠩᠰᠡᠲᠡᠢ | ᠠᠭᠤᠢ ᠶᠢᠨ ᠪᠠᠭᠤᠷᠢ ᠶᠢ ᠳᠥᠷᠪᠡᠳᠦᠭᠡᠷ ᠵᠢᠯ ᠬᠠᠮᠠᠭᠠᠯᠠᠯᠲᠠ ᠶᠢᠨ ᠴᠢᠨᠡᠷᠲᠡᠢ ᠠᠭᠤᠳᠠᠯᠠᠬᠤ ᠠᠵᠢᠯ ᠪᠠ ᠰᠠᠶᠢᠬᠤᠰᠤ | ᠭᠠᠴᠠᠭ᠎ᠠ ᠶᠢᠨ ᠠᠪᠤᠷᠭᠤ ᠭᠦᠷᠪᠡᠯ ᠤᠨ ᠴᠢᠯᠠᠭᠤᠵᠢᠮᠠᠯ ᠢ ᠨᠥᠬᠦᠪᠦᠷᠢᠯᠡᠨ ᠪᠠᠶᠢᠴᠠᠭᠠᠬᠤ ᠠᠵᠢᠯᠯᠠᠭ᠎ᠠ ᠶᠢ ᠡᠬᠢᠯᠡᠭᠦᠯᠵᠦ᠂ | ᠬᠤᠰᠢᠭᠤᠨ ᠤ ᠰᠣᠶᠣᠯ ᠮᠦᠽᠧᠢ ᠶᠢᠨ ᠠᠵᠢᠯ ᠤᠨ ᠪᠥᠬᠦ ᠲᠠᠯ᠎ᠠ ᠶᠢᠨ ᠬᠥᠭᠵᠢᠯᠲᠡ ᠶᠢ ᠠᠬᠢᠭᠤᠯᠤᠨ᠎ᠠ᠃ | ᠨᠡᠶᠢᠭᠡᠮ ᠤᠨ ᠪᠠᠲᠤᠯᠠᠭ᠎ᠠ ᠶᠢᠨ ᠲᠣᠣᠷ ᠢ ᠪᠠᠬᠢᠵᠢᠭᠦᠯᠦᠨ᠎ᠡ᠃ ᠣᠯᠠᠨ ᠵᠦᠢᠯ ᠤᠨ ᠠᠷᠭ᠎ᠠ ᠬᠡᠮᠵᠢᠶ᠎ᠡ ᠶᠢ | ᠵᠡᠷᠭᠡ ᠪᠠᠷ ᠬᠡᠷᠡᠭᠯᠡᠨ ᠠᠵᠢᠯ ᠣᠯᠭᠤᠯᠲᠠ ᠶᠢ ᠲᠣᠭᠲᠠᠭᠤᠨ ᠪᠠᠶᠢᠯᠭᠠᠬᠤ ᠪᠠ ᠥᠷᠭᠡᠳᠬᠡᠵᠦ᠂ ᠠᠵᠢᠯ ᠤᠨ ᠪᠠᠶᠢᠷᠢ ᠶᠢ | ᠲᠣᠭᠲᠠᠪᠤᠷᠢᠵᠢᠭᠤᠯᠤᠨ ᠥᠷᠭᠡᠳᠬᠡᠬᠦ᠂ ᠠᠵᠢᠯ ᠣᠯᠭᠤᠯᠲᠠ ᠪᠠᠷ ᠬᠠᠪᠰᠤᠷᠤᠨ ᠲᠡᠳᠬᠦᠬᠦ᠂ ᠨᠡᠶᠢᠲᠡ ᠶᠢᠨ | ᠠᠰᠠᠷᠠᠮᠵᠢ ᠶᠢᠨ ᠴᠢᠨᠠᠷᠲᠠᠢ ᠠᠵᠢᠯ ᠤᠨ ᠪᠠᠶᠢᠷᠢ ᠶᠢ ᠨᠡᠭᠡᠭᠡᠨ ᠬᠥᠭᠵᠢᠭᠦᠯᠬᠦ ᠵᠡᠷᠭᠡ ᠠᠵᠢᠯ ᠢ ᠰᠠᠶᠢᠲᠤᠷ ᠬᠢᠵᠦ᠂ | ᠦᠢᠯᠡᠰ ᠪᠣᠰᠬᠠᠬᠤ ᠰᠠᠭᠤᠷᠢᠨ ᠭᠠᠵᠠᠷ ᠤᠨ ᠴᠢᠨᠠᠷ ᠰᠠᠶᠢᠲᠠᠢ ᠬᠦᠭᠵᠢᠯᠲᠡ ᠶᠢ ᠠᠬᠢᠭᠤᠯᠣᠨ᠂ ᠦᠢᠯᠡᠰ ᠪᠣᠰᠬᠠᠬᠤ ᠪᠠᠷ | ᠠᠵᠢᠯ ᠣᠯᠭᠤᠯᠲᠠ ᠶᠢ ᠳᠠᠶᠢᠴᠢᠯᠠᠵᠣ᠂ ᠪᠥᠬᠦ ᠵᠢᠯ ᠳᠤ 2500 ᠠᠵᠢᠯ ᠤᠨ ᠪᠠᠶᠢᠷᠢ ᠡᠯᠰᠡᠨ᠂ ᠬᠤᠲᠠ ᠬᠥᠳᠡᠭᠡ | ᠶᠢᠨ 1300 ᠬᠥᠮᠥᠨ ᠳᠤ ᠠᠵᠢᠯ ᠣᠯᠭᠤᠵᠤ᠂ ᠠᠳᠠᠯ ᠦᠢᠯᠡᠰ ᠴᠣᠭᠴᠠᠯᠠᠬᠤ ᠪᠠᠲᠣᠯᠠᠭᠠᠲᠣ ᠵᠢᠭᠡᠯᠡᠯᠭᠡ ᠶᠢ 1000 | ᠲᠦᠮᠡᠨ ᠲᠥᠭᠦᠷᠢᠭ ᠲᠠᠷᠬᠠᠭᠠᠵᠤ᠂ ᠬᠤᠲᠠ ᠪᠠᠯᠭᠠᠰᠤ ᠶᠢᠨ ᠳᠠᠩᠰᠠᠯᠠᠭᠤᠯᠤᠭᠰᠠᠨ ᠠᠵᠢᠯ ᠠᠯᠳᠠᠯᠲᠠ ᠶᠢᠨ ᠨᠣᠷᠮ᠎ᠠ ᠶᠢ | 4.5% ᠶᠢᠨ ᠳᠣᠲᠣᠷ᠎ᠠ ᠬᠢᠵᠠᠭᠠᠷᠯᠠᠵᠤ᠂ ᠠᠵᠢᠯ ᠣᠯᠣᠭᠰᠠᠨ ᠦᠭᠡᠢ ᠭᠡᠷ ᠪᠦᠯᠢ ᠶᠢᠨ ᠠᠳᠠᠭ ᠲᠠᠭᠠᠨ ᠨᠢᠭᠡ ᠬᠦᠮᠦᠨ | ᠳᠤᠨᠢ ᠠᠵᠢᠯ ᠤᠯᠭᠤᠬᠤ ᠶᠢ ᠪᠡᠶᠡᠯᠡᠭᠦᠯᠦᠨ᠎ᠡ᠃ ᠨᠠᠷᠢᠯᠢᠭ ᠤᠨᠤᠪᠴᠢᠲᠠᠢ ᠳᠠᠭᠠᠳᠬᠠᠯ ᠳᠤ ᠣᠷᠣᠯᠴᠠᠬᠤ ᠬᠡᠪᠴᠢᠶ᠎ᠡ ᠶᠢ | ᠥᠷᠭᠡᠳᠬᠡᠵᠦ᠂ ᠦᠨᠳᠦᠰᠦᠨ ᠨᠠᠰᠤᠵᠢᠯ ᠤᠨ ᠠᠰᠠᠷᠠᠮᠵᠢ᠂ ᠡᠮ ᠡᠮᠨᠡᠯᠭᠡ᠂ ᠠᠵᠢᠯ ᠠᠯᠳᠠᠯᠲᠠ ᠶᠢᠨ ᠳᠠᠭᠠᠳᠬᠠᠯ ᠳᠤ | ᠤᠷᠤᠬᠤ ᠶᠣᠰᠣᠲᠠᠢ ᠶᠢ ᠨᠢ ᠪᠦᠬᠦᠨ ᠢ ᠤᠷᠤᠭᠤᠯᠬᠤ ᠶᠢ ᠠᠬᠢᠭᠤᠯᠤᠨ᠎ᠠ᠃ ᠬᠤᠳᠠ ᠬᠥᠳᠡᠭᠡ ᠶᠢᠨ ᠨᠠᠭᠠᠲᠤ | ᠵᠠᠬ᠎ᠠ ᠶᠢᠨ ᠠᠮᠢᠳᠤᠷᠠᠯ ᠤᠨ ᠪᠠᠲᠤᠯᠠᠭ᠎ᠠ᠂ ᠣᠨᠴᠠ ᠬᠦᠴᠢᠷᠳᠡᠯ ᠲᠠᠢ ᠬᠥᠮᠥᠰ ᠢ ᠠᠰᠠᠷᠠᠨ ᠲᠡᠵᠢᠭᠡᠬᠦ ᠪᠠᠷᠢᠮᠵᠢᠶ᠎ᠠ ᠶᠢ | ᠳᠡᠭᠡᠭᠰᠢᠯᠡᠭᠦᠯᠵᠦ᠂ ᠡᠯ᠎ᠡ ᠲᠦᠷᠦᠯ ᠤᠨ ᠠᠪᠤᠷᠠᠨ ᠲᠤᠰᠠᠯᠠᠬᠤ ᠳᠦᠷᠢᠮ ᠢ ᠲᠡᠭᠦᠯᠳᠡᠷᠵᠢᠭᠦᠯᠦᠨ᠂ ᠬᠦᠴᠢᠷᠳᠡᠯᠲᠡᠢ | ᠤᠯᠠᠨ ᠲᠦᠮᠡᠨ ᠤ ᠦᠨᠳᠦᠰᠦᠨ ᠠᠮᠢᠳᠤᠷᠠᠯ ᠢ ᠪᠠᠲᠤᠯᠠᠨ᠎ᠠ᠃ ᠠᠶᠠᠨ ᠨᠠᠰᠤᠵᠢᠯ ᠤᠨ ᠠᠰᠠᠷᠠᠮᠵᠢ ᠶᠢᠨ ᠬᠦᠷᠢᠶᠡᠯᠡᠩ᠂ | ᠠᠮᠤᠷ ᠡᠷᠡᠭᠦᠯ ᠮᠡᠨᠳᠦ ᠰᠤᠪᠢᠯᠠᠯᠲᠠ ᠶᠢᠨ ᠦᠢᠯᠡᠴᠢᠯᠡᠭᠡᠨ ᠤ ᠲᠥᠪ ᠤᠨ ᠡᠵᠡᠩᠨᠡᠯᠲᠡ ᠶᠢᠨ ᠬᠢᠷᠢ ᠬᠡᠮᠵᠢᠶ᠎ᠡ ᠶᠢ ᠪᠥᠬᠦ | ᠲᠠᠯ᠎ᠠ ᠪᠠᠷ ᠳᠡᠭᠡᠭᠰᠢᠯᠡᠭᠦᠯᠵᠦ᠂ ᠥᠪᠡᠷᠲᠡᠭᠡᠨ ᠵᠠᠰᠠᠬᠤ ᠣᠷᠣᠨ ᠤ 4 ᠣᠳᠣᠨ ᠲᠠᠰ ᠠᠴᠠ ᠳᠡᠭᠡᠭᠰᠢᠬᠢ ᠨᠠᠰᠤᠵᠢᠯ ᠤᠨ | ᠠᠰᠠᠷᠠᠮᠵᠢ ᠶᠢᠨ ᠪᠠᠶᠢᠭᠤᠯᠤᠮᠵᠢ ᠶᠢ ᠴᠢᠷᠮᠠᠶᠢᠨ ᠪᠠᠶᠢᠭᠤᠯᠤᠨ᠎ᠠ᠃ ᠣᠷᠣᠰᠢᠭᠤᠯᠭ᠎ᠠ ᠶᠢᠨ ᠦᠢᠯᠡᠴᠢᠯᠡᠭᠡ ᠶᠢ | ᠦᠷᠭᠦᠯᠵᠢᠯᠡᠨ ᠰᠢᠯᠢᠳᠡᠭᠵᠢᠭᠦᠯᠦᠨ ᠳᠡᠭᠡᠭᠰᠢᠯᠡᠭᠦᠯᠵᠦ᠂ ᠴᠠᠭᠠᠨ ᠰᠤᠪᠤᠷᠭ᠎ᠠ ᠨᠡᠶᠢᠲᠡ ᠶᠢᠨ ᠣᠩᠭᠤᠨ ᠤ ᠭᠠᠵᠠᠷ ᠤᠨ | ᠪᠥᠬᠦ ᠲᠠᠯ᠎ᠠ ᠶᠢᠨ ᠡᠵᠡᠩᠨᠡᠯᠲᠡ ᠶᠢ ᠪᠡᠶᠡᠯᠡᠭᠦᠯᠦᠨ᠎ᠡ᠃ ᠡᠮᠡᠭᠲᠡᠶᠢᠴᠦᠳ ᠬᠡᠦᠬᠡᠳ ᠤᠨ ᠡᠷᠬᠡ ᠠᠰᠢᠭ ᠤᠨ ᠬᠠᠮᠠᠭᠠᠯᠠᠯᠲᠠ | ᠂ ᠰᠠᠶᠢᠨ ᠳᠤᠷ᠎ᠠ ᠶᠢᠨ ᠦᠢᠯᠡᠴᠢᠯᠡᠭᠡ᠂ ᠨᠡᠶᠢᠲᠡ ᠶᠢᠨ ᠠᠰᠠᠷᠠᠮᠵᠢ ᠨᠢᠭᠦᠯᠡᠰᠦᠩᠭᠦᠢ ᠶᠢᠨ ᠦᠢᠯᠡᠰ ᠵᠡᠷᠭᠡ ᠨᠡᠶᠢᠭᠡᠮ ᠤᠨ | ᠦᠢᠯᠡᠰ ᠤᠨ ᠪᠦᠬᠦ ᠲᠠᠯ᠎ᠠ ᠶᠢᠨ ᠬᠥᠭᠵᠢᠯᠲᠡ ᠶᠢ ᠶᠡᠭᠡ ᠪᠠᠷ ᠳᠡᠮᠵᠢᠨ᠎ᠡ᠃ | —— ᠠᠮᠤᠷ ᠲᠣᠭᠲᠠᠭᠤᠨ ᠪᠠᠶᠢᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠴᠢᠨᠠᠷ ᠰᠠᠶᠢᠲᠠᠢ | ᠬᠥᠭᠵᠢᠯᠲᠡ ᠶᠢᠨ ᠬᠤᠷᠢᠭ᠎ᠠ ᠱᠤᠭᠤᠮ ᠢ ᠪᠠᠲᠤ ᠰᠠᠬᠢᠨ᠎ᠠ᠃ ᠰᠢᠰᠲ᠋ᠧᠮᠲᠦ ᠦᠵᠡᠯᠲᠡ ᠶᠢ ᠪᠠᠷᠢᠮᠲᠠᠯᠠᠵᠤ᠂ ᠬᠤᠷᠢᠭ᠎ᠠ | ᠱᠤᠭᠤᠮ ᠤᠨ ᠰᠡᠳᠬᠢᠬᠦᠢ ᠶᠢ ᠪᠠᠲᠤ ᠪᠤᠢ ᠪᠣᠯᠭᠠᠵᠤ᠂ ᠠᠮᠤᠷ ᠠᠮᠤᠭᠤᠯᠠᠩ᠂ ᠬᠠᠤᠯᠢ ᠪᠠᠷ ᠵᠠᠰᠠᠬᠤ ᠵᠡᠭᠦᠨ | ᠦᠵᠦᠮᠦᠴᠢᠨ ᠬᠤᠰᠢᠭᠤᠨ ᠤ ᠪᠦᠲᠦᠭᠡᠨ ᠪᠠᠶᠢᠭᠤᠯᠤᠯᠲᠠ ᠶᠢ ᠭᠦᠨᠵᠡᠭᠡᠢ ᠠᠬᠢᠭᠤᠯᠵᠤ᠂ ᠡᠬᠡ ᠤᠯᠤᠰ ᠤᠨ | ᠤᠮᠠᠷᠠᠲᠤ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠪᠠᠲᠤ ᠴᠣᠭᠴᠠᠯᠠᠨ᠂ ᠦᠨᠳᠦᠰᠦᠲᠡᠨ ᠨᠦᠭᠦᠳ | ᠠᠭᠤᠰᠤᠯᠴᠠᠭᠰᠠᠨ᠂ ᠠᠮᠤᠷ ᠲᠦᠪᠰᠢᠨ ᠲᠣᠭᠲᠠᠭᠤᠨ᠂ ᠨᠡᠶᠢᠭᠡᠮ ᠡᠶ᠎ᠡ ᠨᠠᠶᠢᠷᠠᠮᠳᠠᠭᠤ ᠵᠡᠭᠦᠨ ᠦᠵᠦᠮᠦᠴᠢᠨ | ᠬᠤᠰᠢᠭᠤ ᠶᠢ ᠨᠡᠩ ᠪᠣᠯᠪᠠᠰᠤᠨ ᠪᠣᠯᠭᠠᠨ ᠬᠦᠭᠵᠢᠭᠦᠯᠦᠨ᠎ᠡ᠃ | ᠦᠨᠳᠦᠰᠦᠲᠡᠨ ᠤ ᠪᠦᠯᠬᠦᠮᠳᠡᠯ ᠢ ᠦᠷᠭᠦᠯᠵᠢᠯᠡᠨ ᠪᠠᠬᠢᠵᠢᠭᠦᠯᠦᠨ᠎ᠡ᠃ ᠳᠤᠮᠳᠠᠳᠤ ᠶᠢᠨ ᠦᠨᠳᠦᠰᠦᠲᠡᠨ ᠤ | ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠶᠢ ᠦᠨᠳᠦᠰᠦᠲᠡᠨ ᠤ ᠭᠠᠵᠠᠷ ᠣᠷᠣᠨ ᠤ ᠡᠯ᠎ᠡ | ᠵᠦᠢᠯ ᠤᠨ ᠠᠵᠢᠯ ᠤᠨ ᠭᠤᠣᠯ ᠰᠢᠵᠢᠮ ᠪᠣᠯᠭᠠᠬᠤ ᠶᠢ ᠪᠠᠷᠢᠮᠲᠠᠯᠠᠵᠤ᠂ ᠦᠨᠳᠦᠰᠦᠲᠡᠨ ᠨᠦᠭᠦᠳ ᠤᠨ ᠠᠷᠠᠳ | ᠲᠦᠮᠡᠨ ᠤ ᠰᠠᠬᠢᠨ ᠪᠠᠷᠠᠯᠠᠵᠤ ᠬᠠᠷᠢᠯᠴᠠᠨ ᠬᠠᠪᠰᠣᠷᠣᠯᠴᠠᠵᠣ ᠪᠦᠯᠬᠦᠮᠳᠡᠨ ᠲᠡᠮᠡᠴᠡᠬᠦ ᠰᠢᠯᠢᠳᠡᠭ ᠤᠯᠠᠮᠵᠢᠯᠠᠯ ᠢ ᠶᠡᠬᠡᠪᠡᠷ | ᠪᠠᠳᠠᠷᠠᠭᠤᠯᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠪᠠᠶᠢᠭᠤᠯᠣᠯᠲᠠ ᠶᠢᠨ ᠠᠵᠢᠯ ᠢ ᠦᠷᠭᠦᠯᠵᠢᠯᠡᠨ | ᠰᠠᠶᠢᠲᠤᠷ ᠠᠳᠬᠤᠵᠣ᠂ ᠤᠯᠤᠰ ᠤᠨ ᠲᠠᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ | ᠬᠤᠰᠢᠭᠤ ᠶᠢ ᠡᠭᠦᠳᠦᠨ ᠪᠠᠶᠢᠭᠤᠯᠬᠤ ᠪᠠᠷ ᠭᠤᠶᠤᠴᠢᠯᠠᠬᠤ ᠠᠵᠢᠯ ᠢ ᠡᠬᠢᠯᠡᠭᠦᠯᠵᠦ᠂ ᠨᠢᠭᠡ ᠪᠦᠯᠦᠭ ᠦᠨᠳᠦᠰᠦᠲᠡᠨ ᠤ | ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠨᠢᠭᠡᠴᠡ ᠪᠠ ᠵᠢᠱᠢᠶᠡᠴᠢ ᠬᠤᠪᠢ ᠬᠥᠮᠥᠨ ᠢ ᠬᠦᠬᠢᠭᠦᠯᠦᠨ᠎ᠡ᠃ ︽ | ᠭᠤᠷᠪᠠᠨ ᠵᠦᠢᠯ ᠤᠨ ᠲᠥᠯᠥᠪᠯᠡᠭᠡ︾ ᠶᠢ ᠭᠦᠨᠵᠡᠭᠡᠢ ᠲᠦᠯᠬᠢᠨ ᠠᠬᠢᠭᠤᠯᠵᠤ᠂ ᠦᠨᠳᠦᠰᠦᠲᠡᠨ ᠨᠦᠭᠦᠳ ᠤᠨ ᠣᠯᠠᠨ | ᠲᠦᠮᠡᠨ ᠤ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠤᠨ ᠥᠷᠭᠡᠴᠡ ᠪᠠ ᠭᠦᠨᠴᠡ ᠶᠢ ᠥᠷᠭᠡᠳᠬᠡᠨ᠂ ︽ᠭᠤᠷᠪᠠᠨ | ᠰᠠᠯᠵᠤ ᠴᠢᠳᠠᠬᠤ ᠦᠭᠡᠢ︾ ︽ᠲᠠᠪᠤᠨ ᠬᠠᠮᠲᠤ ᠶᠢᠨ ᠲᠠᠨᠢᠯᠲᠠ︾ ᠶᠢᠨ ᠣᠶᠢᠯᠠᠭᠠᠭᠳᠠᠬᠤᠨ ᠢ ᠪᠦᠬᠦ ᠬᠤᠰᠢᠭᠤᠨ ᠤ | ᠡᠯ᠎ᠡ ᠦᠨᠳᠦᠰᠦᠲᠡᠨ ᠤ ᠺᠠᠳ᠋ᠷ ᠠᠵᠢᠯᠲᠠᠨ ᠣᠯᠠᠨ ᠲᠦᠮᠡᠨ ᠤ ᠦᠵᠡᠯ ᠰᠠᠨᠠᠭᠠᠨ ᠤ ᠲᠠᠨᠢᠯᠲᠠ ᠪᠠ ᠦᠢᠯᠡ | ᠠᠵᠢᠯᠯᠠᠭᠠᠨ ᠤ ᠣᠬᠠᠮᠰᠠᠷ ᠪᠣᠯᠭᠠᠵᠣ᠂ ᠪᠥᠬᠦ ᠬᠤᠰᠢᠭᠤᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ | ᠦᠢᠯᠡᠰ ᠤᠨ ᠰᠢᠨ᠎ᠡ ᠬᠥᠭᠵᠢᠯᠲᠡ ᠶᠢ ᠠᠬᠢᠭᠤᠯᠣᠨ᠂ ᠰᠢᠨ᠎ᠡ ᠳᠦᠷᠰᠦ ᠪᠠᠶᠢᠳᠠᠯ ᠢ ᠢᠯᠡᠷᠡᠬᠦᠯᠦᠨ᠎ᠡ᠃ | ᠤᠯᠠᠨ ᠨᠡᠶᠢᠲᠡ ᠶᠢᠨ ᠠᠮᠤᠷ ᠲᠦᠪᠰᠢᠨ ᠤ ᠪᠠᠲᠤᠯᠠᠭ᠎ᠠ ᠶᠢ ᠴᠢᠩᠭᠠᠷᠠᠭᠤᠯᠤᠨ᠎ᠠ᠃ ᠵᠠᠰᠠᠭ ᠤᠨ ᠣᠷᠳᠣᠨ ᠤ | ᠳᠠᠯᠳᠠ ᠥᠷᠢ ᠥᠭᠴᠡᠭᠡ ᠶᠢ ᠰᠢᠢᠳᠪᠦᠷᠢᠯᠡᠬᠦ ᠣᠨ ᠤ ᠡᠭᠦᠷᠭᠡ ᠶᠢ ᠪᠡᠶᠡᠯᠡᠭᠦᠯᠵᠦ᠂ ᠣᠷᠣᠨ ᠨᠤᠲᠤᠭ ᠤᠨ ᠬᠠᠤᠯᠢ ᠶᠢᠨ | ᠡᠷᠬᠡᠲᠡᠨ ᠤ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠲᠦᠭᠰᠢᠭᠦᠷᠢ ᠶᠢ ᠬᠦᠴᠦᠯᠡᠨ ᠰᠡᠷᠭᠡᠶᠢᠯᠡᠵᠦ᠂ ᠰᠢᠰᠲ᠋ᠧᠮᠳᠤ | ᠴᠢᠨᠠᠷᠲᠠᠢ ᠮᠥᠩᠭᠦᠨ ᠭᠦᠢᠯᠭᠡᠭᠡᠨ ᠤ ᠲᠦᠭᠰᠢᠭᠦᠷᠢ ᠶᠢᠨ ᠬᠤᠷᠢᠭ᠎ᠠ ᠱᠤᠭᠤᠮ ᠢ ᠪᠠᠲᠤ ᠰᠠᠬᠢᠨ᠎ᠠ᠃ ᠠᠶᠤᠯᠭᠦᠢ | ᠦᠢᠯᠡᠳᠪᠦᠷᠢᠯᠡᠯ ᠤᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠠᠮᠤᠷ ᠲᠦᠪᠰᠢᠨ ᠤ ᠳᠠᠯᠳᠠ ᠬᠡᠮ ᠢ | ᠪᠠᠶᠢᠴᠠᠭᠠᠵᠤ ᠵᠠᠰᠠᠬᠤ ᠶᠢ ᠪᠠᠶᠢᠩᠭᠤᠵᠢᠭᠤᠯᠤᠨ ᠥᠷᠨᠢᠭᠦᠯᠵᠦ᠂ ᠬᠦᠨᠳᠦ ᠣᠨᠴᠠ ᠶᠡᠭᠡ ᠠᠳᠡᠯ ᠡᠭᠦᠰᠬᠦ ᠶᠢ ᠡᠷᠡᠰ | ᠰᠡᠷᠭᠡᠶᠢᠯᠡᠨ ᠬᠤᠷᠢᠭᠯᠠᠨ᠎ᠠ᠃ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠴᠢᠳᠠᠪᠤᠷᠢ ᠶᠢᠨ ᠰᠢᠰᠲ᠋ᠧᠮ ᠤᠨ | ᠪᠠᠶᠢᠭᠤᠯᠤᠯᠲᠠ ᠶᠢ ᠴᠢᠩᠭᠠᠳᠬᠠᠵᠤ᠂ ᠬᠠᠲᠠᠪᠴᠢ ᠪᠠᠯᠭᠠᠰᠣᠨ ᠤ ᠦᠶᠡᠷ ᠢ ᠰᠡᠷᠭᠡᠶᠢᠯᠡᠬᠦ ᠪᠠ ᠮᠠᠨᠳᠤᠬᠤᠪᠤᠯᠠᠭ ᠤᠨ ᠬᠢᠯᠢ | ᠶᠢᠨ ᠭᠠᠯ ᠰᠡᠷᠭᠡᠶᠢᠯᠡᠬᠦ ᠴᠠᠷᠠᠭ᠎ᠠ ᠶᠢ ᠥᠭᠡᠷᠡᠴᠢᠯᠡᠬᠦ ᠢᠨᠵᠧᠨᠧᠷᠢᠩ ᠢ ᠲᠥᠯᠥᠪᠵᠢᠭᠦᠯᠦᠨ ᠬᠡᠷᠡᠭᠵᠢᠭᠦᠯᠵᠦ᠂ ᠰᠢᠯᠢ ᠶᠢᠨ | ᠭᠤᠣᠯ ᠠᠶᠢᠮᠠᠭ ᠤᠨ ᠵᠡᠭᠦᠨ ᠬᠤᠶᠢᠲᠤ ᠬᠡᠰᠡᠭ ᠤᠨ ᠣᠶ ᠰᠢᠭᠤᠢ ᠶᠢᠨ ᠭᠠᠯ ᠰᠡᠷᠭᠡᠶᠢᠯᠡᠬᠦ ᠪᠠ ᠬᠢᠯᠢ ᠶᠢᠨ ᠨᠤᠲᠤᠭ | ᠪᠡᠯᠴᠢᠭᠡᠷ ᠤᠨ ᠭᠠᠯ ᠰᠡᠷᠭᠡᠶᠢᠯᠡᠬᠦ ᠰᠠᠭᠤᠷᠢ ᠪᠦᠲᠦᠭᠡᠨ ᠪᠠᠶᠢᠭᠤᠯᠤᠯᠲᠠ ᠶᠢ ᠠᠬᠢᠭᠤᠯᠤᠨ᠂ ᠣᠶ ᠰᠢᠭᠤᠢ ᠨᠤᠲᠤᠭ | ᠪᠡᠯᠴᠢᠭᠡᠷ ᠤᠨ ᠭᠠᠯ ᠰᠡᠷᠭᠡᠶᠢᠯᠡᠨ ᠭᠠᠯ ᠤᠨᠲᠠᠷᠠᠭᠠᠬᠤ᠂ ᠦᠶᠡᠷ ᠢ ᠰᠡᠷᠭᠡᠶᠢᠯᠡᠨ ᠭᠠᠩ ᠬᠠᠭᠰᠠᠷᠠᠭᠠᠨ ᠲᠠᠢ ᠲᠡᠮᠡᠴᠡᠬᠦ᠂ | ᠭᠠᠵᠠᠷ ᠬᠥᠳᠡᠯᠦᠯᠲᠡ ᠵᠡᠷᠭᠡ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠵᠤ ᠭᠠᠮᠰᠢᠭ ᠠᠴᠠ ᠠᠪᠤᠷᠠᠬᠤ ᠠᠵᠢᠯ ᠢ | ᠦᠷᠭᠦᠯᠵᠢᠯᠡᠨ ᠰᠠᠶᠢᠲᠤᠷ ᠬᠢᠨ᠎ᠡ᠃ ᠢᠳᠡᠭᠡᠨ ᠪᠠ ᠡᠮ ᠤᠨ ᠵᠦᠢᠯᠡᠰ ᠤᠨ ᠠᠮᠤᠷ ᠲᠦᠪᠰᠢᠨ ᠤ ᠬᠢᠨᠠᠯᠲᠠ | ᠬᠠᠮᠢᠶᠠᠷᠤᠯᠲᠠ ᠶᠢ ᠴᠢᠩᠭᠠᠳᠬᠠᠵᠤ᠂ ᠳᠠᠭᠠᠭᠠᠴᠢᠯᠠᠨ ᠪᠠᠲᠣᠯᠠᠬᠤ ᠬᠠᠷᠢᠭᠤᠴᠠᠯᠭ᠎ᠠ ᠶᠢᠨ ᠳᠦᠷᠢᠮ ᠢ ᠨᠠᠷᠢᠯᠢᠭ ᠪᠤᠳᠠᠳᠠᠢ | ᠨᠠᠶᠢᠳᠠᠪᠤᠷᠢᠵᠢᠭᠤᠯᠬᠤ ᠶᠢ ᠥᠨᠳᠥᠷ ᠪᠦᠲᠦᠮᠵᠢᠲᠡᠶ ᠪᠠᠷ ᠲᠦᠯᠬᠢᠨ ᠠᠬᠢᠭᠤᠯᠵᠤ᠂ ᠣᠯᠠᠨ ᠲᠦᠮᠡᠨ ᠤ ᠢᠳᠡᠭᠡᠨ | ᠤᠮᠳᠠᠭᠠᠨ ᠤ ᠠᠮᠤᠷ ᠲᠦᠪᠰᠢᠨ ᠢ ᠦᠨᠡᠨᠬᠦ ᠪᠠᠲᠤᠯᠠᠨ᠎ᠠ᠃ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ | ᠬᠥᠳᠡᠯᠭᠡᠭᠡᠨ ᠢ ᠯᠠᠪᠳᠠᠭᠤᠨ ᠪᠠᠲᠤᠲᠠᠢ ᠥᠷᠨᠢᠭᠦᠯᠵᠦ᠂ ᠤᠯᠠᠨ ᠡᠪᠡᠳᠴᠢᠨ ᠢ ᠬᠠᠮᠲᠤᠪᠠᠷ ᠰᠡᠷᠭᠡᠶᠢᠯᠡᠬᠦ ᠠᠵᠢᠯ ᠢ | ᠰᠢᠨᠵᠢᠯᠡᠬᠦ ᠤᠬᠠᠭᠠᠨᠴᠢ ᠪᠠᠷ ᠨᠠᠷᠢᠯᠢᠭ ᠤᠨᠤᠪᠴᠢᠲᠠᠢ ᠰᠠᠶᠢᠲᠤᠷ ᠬᠢᠵᠦ᠂ ᠤᠯᠠᠨ ᠲᠦᠮᠡᠨ ᠤ ᠡᠷᠡᠭᠦᠯ ᠮᠡᠨᠳᠦ ᠠᠮᠤᠷ | ᠲᠦᠪᠰᠢᠨ ᠢ ᠪᠦᠬᠦ ᠬᠦᠴᠦᠨ ᠢᠶᠠᠷ ᠢᠶᠠᠨ ᠬᠠᠮᠠᠭᠠᠯᠠᠨ᠎ᠠ᠃ | ᠨᠡᠶᠢᠭᠡᠮ ᠤᠨ ᠵᠠᠰᠠᠯᠲᠠ ᠶᠢᠨ ᠰᠢᠰᠲ᠋ᠧᠮ ᠢ ᠲᠡᠭᠦᠯᠳᠡᠷᠵᠢᠭᠦᠯᠦᠨ᠎ᠡ᠃ ᠤᠯᠤᠰ ᠤᠨ ᠶᠡᠷᠦᠩᠬᠡᠢ ᠠᠮᠤᠷ | ᠲᠦᠪᠰᠢᠨ ᠤ ᠦᠵᠡᠯᠲᠡ ᠶᠢ ᠡᠷᠡᠰ ᠭᠤᠶᠢᠪᠢᠰᠢ ᠦᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠥᠨᠳᠥᠷ ᠬᠢᠷᠢ | ᠲᠦᠪᠰᠢᠨ ᠲᠠᠢ ︽ᠠᠮᠤᠷ ᠠᠮᠤᠭᠤᠯᠠᠩ ᠵᠡᠭᠦᠨ ᠦᠵᠦᠮᠦᠴᠢᠨ ᠬᠤᠰᠢᠭᠤ︾ ᠶᠢᠨ ᠪᠦᠲᠦᠭᠡᠨ ᠪᠠᠶᠢᠭᠤᠯᠤᠯᠲᠠ ᠶᠢ | ᠯᠠᠪᠳᠠᠭᠤᠨ ᠪᠠᠲᠤᠲᠠᠢ ᠪᠠᠷ ᠠᠬᠢᠭᠤᠯᠤᠨ᠎ᠠ᠃ ︽ᠳᠤᠷᠠᠨ ᠬᠠᠷᠠᠭ᠎ᠠ ᠢᠨᠵᠧᠨᠧᠷᠢᠩ︾ ᠤᠨ ᠣᠶᠤᠨᠴᠢᠯᠠᠭᠰᠠᠨ | ᠬᠡᠷᠡᠭᠯᠡᠯᠲᠡ ᠶᠢ ᠭᠦᠨᠵᠡᠭᠡᠶᠢᠷᠡᠭᠦᠯᠵᠦ᠂ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠶᠢ ᠪᠠᠶᠢᠩᠭᠤᠵᠢᠭᠤᠯᠤᠨ | ᠥᠷᠨᠢᠭᠦᠯᠵᠦ᠂ ᠱᠠᠯᠢᠭ ᠵᠠᠪᠬᠠᠢ᠂ ᠵᠣᠭᠤᠰ ᠮᠦᠷᠦᠶᠢᠴᠡᠬᠦ᠂ ᠬᠤᠣᠷᠲᠤ ᠡᠳ᠋ ᠫᠠᠨᠽᠠᠯᠠᠬᠤ︔ ᠢᠳᠡᠭᠡᠨ ᠤ ᠵᠦᠢᠯ᠂ | ᠡᠮ ᠤᠨ ᠵᠦᠢᠯ᠂ ᠤᠷᠴᠢᠨ ᠲᠤᠭᠤᠷᠢᠨ ᠳᠤ ᠬᠤᠯᠪᠣᠭᠳᠠᠭᠰᠠᠨ︔ ᠬᠤᠯᠠᠭᠠᠶᠢᠯᠠᠬᠤ᠂ ᠪᠤᠯᠢᠶᠠᠬᠤ᠂ ᠮᠡᠬᠡᠯᠡᠬᠦ︔ | ᠴᠠᠬᠢᠯᠭᠠᠨ ᠬᠤᠯᠪᠣᠭ᠎ᠠ ᠪᠠᠷ ᠮᠡᠬᠡᠯᠡᠬᠦ ᠵᠡᠷᠭᠡ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ︽ᠬᠡᠷᠡᠭ | ᠮᠡᠳᠡᠬᠦᠯᠬᠦ ᠶᠢ ᠪᠠᠭᠤᠷᠠᠭᠤᠯᠣᠨ᠂ ᠬᠡᠷᠡᠭ ᠡᠭᠦᠰᠬᠦ ᠶᠢ ᠬᠢᠵᠠᠭᠠᠷᠯᠠᠬᠤ︾ ᠬᠠᠷᠠᠯᠲᠠ ᠶᠢ ᠪᠡᠶᠡᠯᠡᠭᠦᠯᠵᠦ᠂ ︽ᠠᠮᠢᠨ ᠬᠡᠷᠡᠭ | ᠭᠠᠷᠬᠤ ᠦᠭᠡᠢ︾ ᠪᠠᠶᠢᠬᠤ ᠶᠢ ᠡᠭᠦᠳᠦᠨ ᠪᠠᠶᠢᠭᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠨ᠎ᠡ᠃ ᠰᠢᠨ᠎ᠡ ᠴᠠᠭ | ᠦᠶ᠎ᠡ ᠶᠢᠨ ︽ᠹᠧᠩ ᠴᠢᠶᠤᠤ ᠶᠢᠨ ᠲᠤᠷᠰᠢᠯᠭ᠎ᠠ︾ ᠶᠢ ᠪᠠᠷᠢᠮᠲᠠᠯᠠᠨ ᠬᠥᠭᠵᠢᠭᠦᠯᠵᠦ᠂ ᠵᠥᠷᠢᠴᠡᠯ ᠵᠢᠭᠤᠷᠭᠠᠨ ᠢ | ᠪᠠᠶᠢᠴᠠᠭᠠᠨ ᠰᠢᠢᠳᠪᠦᠷᠢᠯᠡᠬᠦ ᠰᠢᠨ᠎ᠡ ᠲᠣᠭᠲᠠᠴᠠ ᠶᠢ ᠡᠭᠦᠳᠴᠦ᠂ ᠭᠤᠷᠪᠠᠨ ᠱᠠᠲᠤᠨ ᠤ ᠵᠠᠬᠢᠳᠠᠯ ᠰᠣᠷᠪᠤᠯᠵᠢᠯᠠᠭ᠎ᠠ ᠶᠢᠨ | ᠣᠷᠣᠯᠠᠨ ᠭᠦᠢᠴᠡᠳᠬᠡᠬᠦ ᠰᠢᠰᠲ᠋ᠧᠮ ᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠵᠠᠬᠢᠳᠠᠯ ᠰᠣᠷᠪᠤᠯᠵᠢᠯᠠᠭ᠎ᠠ ᠶᠢᠨ | ᠬᠠᠤᠯᠢ ᠪᠠᠷ ᠵᠠᠰᠠᠬᠤ ᠬᠢᠷᠢ ᠲᠦᠪᠰᠢᠨ ᠢ ᠳᠡᠭᠡᠭᠰᠢᠯᠡᠭᠦᠯᠵᠦ᠂ ᠵᠥᠷᠢᠴᠡᠯ ᠵᠢᠭᠤᠷᠭᠠᠨ ᠢ ᠦᠨᠡᠨᠬᠦ ᠦᠨᠳᠦᠰᠦᠨ | ᠱᠠᠲᠤᠨ ᠳᠤ᠂ ᠰᠣᠶᠣᠭᠠᠯᠠᠯ ᠳᠤᠨᠢ ᠨᠠᠮᠳᠠᠭᠤᠯᠵᠤ᠂ ᠠᠷᠠᠳ ᠤᠯᠠᠨ ᠤ ᠠᠮᠤᠷ ᠲᠦᠪᠰᠢᠨ ᠤ ᠲᠦᠷᠦᠭᠳᠡᠯ ᠢ | ᠳᠡᠭᠡᠭᠰᠢᠯᠡᠭᠦᠯᠦᠨ᠎ᠡ᠃ | —— ᠲᠤᠰ ᠪᠡᠶ᠎ᠡ ᠶᠢᠨ ᠪᠠᠶᠢᠭᠤᠯᠤᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂ ᠴᠢᠨᠠᠷ ᠰᠠᠶᠢᠲᠠᠢ | ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ ᠪᠢᠳᠡ ᠬᠤᠰᠢᠭᠤ ᠨᠠᠮ ᠤᠨ ᠬᠤᠷᠢᠶᠠᠨ ᠤ ᠪᠠᠲᠤ ᠴᠢᠩᠭ᠎ᠠ | ᠤᠳᠤᠷᠢᠳᠤᠯᠭ᠎ᠠ ᠳᠣᠣᠷ᠎ᠠ᠂ ᠤᠯᠤᠰ ᠲᠥᠷᠥ ᠶᠢᠨ ᠴᠢᠭᠯᠡᠯ ᠢᠶᠠᠨ ᠪᠠᠲᠤᠳᠬᠠᠵᠤ᠂ ᠡᠭᠦᠷᠭᠡ ᠬᠠᠷᠢᠭᠤᠴᠠᠯᠭ᠎ᠠ ᠪᠠᠨ | ᠴᠢᠩᠭᠠᠳᠬᠠᠨ᠂ ᠡᠯ᠎ᠡ ᠲᠠᠯ᠎ᠠ ᠶᠢᠨ ᠬᠦᠴᠦᠨ ᠢ ᠨᠢᠭᠲᠠᠷᠠᠭᠤᠯᠵᠤ᠂ ᠠᠷᠠᠳ ᠲᠦᠮᠡᠨ ᠳᠤ ᠲᠠᠭᠠᠰᠢᠶᠠᠭᠳᠠᠭᠰᠠᠨ | ᠦᠢᠯᠡᠴᠢᠯᠡᠭᠡᠨ ᠤ ᠬᠡᠯᠪᠡᠷᠢ ᠶᠢᠨ ᠵᠠᠰᠠᠭ ᠤᠨ ᠣᠷᠳᠣᠨ ᠢ ᠴᠢᠷᠮᠠᠶᠢᠨ ᠪᠠᠶᠢᠭᠤᠯᠤᠨ᠎ᠠ᠃ ᠦᠨᠡᠨᠴᠢ ᠰᠢᠳᠤᠷᠭᠤ ᠪᠠᠷ | ᠵᠠᠰᠠᠭ ᠪᠠᠷᠢᠬᠤ ᠶᠢ ᠢᠮᠠᠭᠲᠠ ᠲᠡᠷᠢᠭᠦᠨ ᠪᠠᠶᠢᠷᠢᠨ ᠳᠤ ᠲᠠᠯᠪᠢᠨ᠎ᠠ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ | ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠤᠱᠯᠠᠭᠤᠯᠬᠤ | ᠭᠤᠣᠯ ᠰᠡᠳᠦᠪᠲᠦ ᠬᠥᠮᠦᠵᠢᠯ ᠤᠨ ᠦᠷ᠎ᠡ ᠪᠦᠲᠦᠭᠡᠯ ᠢ ᠪᠠᠬᠢᠵᠢᠭᠦᠯᠦᠨ ᠭᠦᠨᠵᠡᠭᠡᠶᠢᠷᠡᠭᠦᠯᠵᠦ᠂ ︽ᠬᠤᠶᠠᠷ ᠢ | ᠲᠤᠭᠲᠠᠭᠠᠭᠰᠠᠨ︾ ᠢ ᠦᠨᠡᠨᠴᠢ ᠪᠠᠷ ᠬᠦᠷᠢᠶᠡᠯᠡᠵᠦ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠵᠦ᠂ ᠲᠤᠭ | ᠲᠡᠮᠳᠡᠭ ᠲᠣᠳᠣᠷᠬᠠᠢ ᠪᠠᠷ ᠤᠯᠤᠰ ᠲᠦᠷᠦ ᠶᠢ ᠡᠷᠬᠢᠮᠯᠡᠬᠦ ᠶᠢ ᠵᠠᠰᠠᠭ ᠤᠨ ᠣᠷᠳᠣᠨ ᠤ ᠠᠵᠢᠯ ᠤᠨ ᠪᠦᠬᠦ ᠶᠠᠪᠤᠴᠠ᠂ | ᠡᠯ᠎ᠡ ᠬᠦᠷᠢᠶᠡᠨ ᠳᠤ ᠲᠤᠤᠱᠯᠠᠭᠤᠯᠵᠤ᠂ ᠳᠡᠭᠡᠷ᠎ᠡ ᠱᠠᠲᠤᠨ ᠤ ᠨᠠᠮ ᠤᠨ ᠬᠤᠷᠢᠶᠠᠨ ᠤ ᠰᠢᠢᠳᠪᠦᠷᠢᠲᠦ ᠪᠣᠳᠣᠯᠭ᠎ᠠ | ᠪᠠᠶᠢᠷᠢᠯᠠᠭᠤᠯᠤᠯᠲᠠ ᠪᠣᠯᠣᠨ ᠬᠤᠰᠢᠭᠤ ᠨᠠᠮ ᠤᠨ ᠬᠤᠷᠢᠶᠠᠨ ᠤ ᠠᠵᠢᠯ ᠤᠨ ᠱᠠᠭᠠᠷᠳᠠᠯᠭ᠎ᠠ ᠶᠢ ᠪᠣᠳᠠᠲᠠᠢ ᠳᠤ | ᠨᠠᠶᠢᠳᠠᠪᠤᠷᠢᠵᠢᠭᠤᠯᠵᠤ᠂ ᠦᠷ᠎ᠡ ᠪᠦᠲᠦᠮᠵᠢ ᠭᠠᠷᠭᠠᠬᠤ ᠶᠢ ᠪᠠᠳᠤᠯᠠᠨ᠎ᠠ᠃ ᠬᠠᠤᠯᠢ ᠶᠣᠰᠣᠭᠠᠷ ᠵᠠᠰᠠᠭ ᠶᠠᠪᠤᠭᠤᠯᠬᠤ ᠶᠢ | ᠴᠢᠩᠭ᠎ᠠ ᠠᠳᠬᠤᠨ᠎ᠠ᠃ ᠰᠢ ᠶᠢᠨ ᠫᠢᠩ ᠤᠨ ᠬᠠᠤᠯᠢ ᠪᠠᠷ ᠵᠠᠰᠠᠬᠤ ᠦᠵᠡᠯ ᠰᠠᠨᠠᠭ᠎ᠠ ᠶᠢ ᠡᠷᠡᠰ ᠲᠤᠤᠱᠯᠠᠭᠤᠯᠵᠤ᠂ | ᠨᠠᠢᠮᠠᠳᠤᠭᠠᠷ ᠲᠠᠪᠤᠨ ᠵᠢᠯ ᠤᠨ ᠬᠠᠤᠯᠢ ᠲᠦᠭᠡᠮᠡᠯᠵᠢᠭᠦᠯᠬᠦ ᠶᠢ ᠭᠦᠨᠵᠡᠭᠡᠢ ᠲᠦᠯᠬᠢᠨ ᠠᠬᠢᠭᠤᠯᠤᠨ᠎ᠠ᠃ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ ᠴᠠᠭᠠᠵᠠ ᠶᠢᠨ ᠬᠢᠨᠠᠯᠲᠠ ᠪᠠ ᠠᠵᠢᠯ ᠤᠨ ᠬᠢᠨᠠᠯᠲᠠ ᠶᠢ ᠬᠠᠤᠯᠢ | ᠶᠣᠰᠣᠭᠠᠷ ᠬᠦᠯᠢᠶᠡᠵᠦ᠂ ᠤᠯᠤᠰ ᠲᠦᠷᠦ ᠶᠢᠨ ᠵᠥᠪᠯᠡᠯᠭᠡᠨ ᠤ ᠠᠷᠠᠳᠴᠢᠯᠠᠭᠰᠠᠨ ᠬᠢᠨᠠᠯᠲᠠ ᠶᠢ ᠤᠬᠠᠮᠰᠠᠷ ᠠᠴᠠ ᠪᠠᠨ | ᠬᠦᠯᠢᠶᠡᠵᠦ᠂ ᠨᠡᠶᠢᠭᠡᠮ ᠤᠨ ᠶᠠᠷᠢᠶ᠎ᠠ ᠬᠡᠯᠡᠯᠴᠡᠭᠡᠨ ᠤ ᠬᠢᠨᠠᠯᠲᠠ ᠶᠢ ᠰᠠᠨᠠᠭᠠᠴᠢᠯᠠᠭ᠎ᠠ ᠠᠴᠠ ᠪᠠᠨ ᠬᠦᠯᠢᠶᠡᠵᠦ᠂ ᠵᠠᠰᠠᠭ ᠤᠨ | ᠣᠷᠳᠣᠨ ᠤ ᠠᠵᠢᠯ ᠢ ᠨᠠᠩ ᠢᠯᠡ ᠲᠣᠳᠣ ᠪᠣᠯᠭᠠᠨ᠎ᠠ᠃ ᠠᠵᠢᠯᠴᠢ ᠬᠢᠴᠢᠶᠡᠩᠭᠦᠢ ᠪᠠᠷ ᠵᠠᠰᠠᠭ ᠪᠠᠷᠢᠬᠤ ᠶᠢ | ᠪᠣᠳᠠᠲᠠᠢ ᠳᠤ ᠨᠠᠶᠢᠳᠠᠪᠤᠷᠢᠵᠢᠭᠤᠯᠤᠨ᠎ᠠ᠃ ᠠᠷᠠᠳ ᠲᠦᠮᠡᠨ ᠢ ᠢᠮᠠᠭᠲᠠ ᠰᠡᠳᠬᠢᠯ ᠤᠨ ᠬᠠᠮᠤᠭ ᠤᠨ ᠳᠡᠭᠡᠳᠦ | ᠪᠠᠶᠢᠷᠢᠨ ᠳᠤ ᠲᠠᠯᠪᠢᠵᠤ᠂ ᠰᠠᠨᠠᠭᠠᠴᠢᠯᠠᠭ᠎ᠠ ᠠᠴᠠ ᠪᠠᠨ ᠵᠠᠰᠠᠭ ᠤᠨ ᠠᠵᠢᠯ ᠢ ᠠᠷᠠᠳ ᠠᠴᠠ ᠠᠰᠠᠭᠤᠵᠤ᠂ ᠬᠡᠷᠡᠭᠴᠡᠭᠡ | ᠱᠠᠭᠠᠷᠳᠠᠯᠭ᠎ᠠ ᠶᠢ ᠠᠷᠠᠳ ᠠᠴᠠ ᠰᠤᠷᠠᠭᠯᠠᠵᠤ᠂ ᠠᠷᠭ᠎ᠠ ᠪᠣᠳᠣᠯᠭ᠎ᠠ ᠶᠢ ᠠᠷᠠᠳ ᠠᠴᠠ ᠯᠡᠪᠯᠡᠵᠤ᠂ ᠥᠷᠭᠡᠨ ᠣᠯᠠᠨ | ᠺᠠᠳ᠋ᠷᠴᠤᠳ ᠢ ᠬᠥᠲᠥᠯᠥᠨ ᠵᠢᠯᠤᠭᠤᠳᠴᠤ ᠣᠶᠤᠨ ᠴᠢᠳᠠᠯ ᠢ ᠨᠢ ︽ᠠᠵᠢᠯ ᠶᠠᠪᠤᠳᠠᠯ ᠬᠢᠬᠦ ᠶᠢ ᠪᠤᠳᠤᠬᠤ︾ ᠳᠡᠭᠡᠷ᠎ᠡ | ᠲᠥᠪᠯᠡᠷᠡᠭᠦᠯᠵᠦ᠂ ᠠᠪᠢᠶᠠᠰ ᠴᠢᠳᠠᠪᠤᠷᠢ ᠶᠢ ᠨᠢ ︽ᠠᠵᠢᠯ ᠶᠠᠪᠤᠳᠠᠯ ᠬᠢᠵᠦ ᠴᠢᠳᠠᠬᠤ︾ ᠳᠡᠭᠡᠷ᠎ᠡ ᠢᠯᠡᠷᠡᠭᠦᠯᠵᠦ᠂ | ᠠᠮᠵᠢᠯᠲᠠ ᠪᠦᠲᠦᠮᠵᠢ ᠶᠢ ᠨᠢ ︽ᠠᠵᠢᠯ ᠶᠠᠪᠤᠳᠠᠯ ᠪᠦᠲᠦᠭᠡᠵᠦ ᠴᠢᠳᠠᠬᠤ︾ ᠳᠡᠭᠡᠷ᠎ᠡ ᠨᠠᠶᠢᠳᠠᠪᠤᠷᠢᠵᠢᠭᠤᠯᠵᠤ᠂ | ᠵᠠᠰᠠᠭ ᠤᠨ ᠣᠷᠳᠣᠨ ᠤ ᠦᠢᠯᠡᠳᠦᠯ ᠴᠢᠳᠠᠪᠤᠷᠢ ᠶᠢ ᠦᠨᠡᠨᠬᠦ ᠳᠡᠭᠡᠭᠰᠢᠯᠡᠭᠦᠯᠵᠦ᠂ ᠬᠤᠰᠢᠭᠤ ᠨᠠᠮ ᠤᠨ ᠬᠤᠷᠢᠶᠠᠨ ᠤ | ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠬᠦᠴᠦᠲᠡᠢ ᠬᠡᠷᠡᠭᠵᠢᠭᠦᠯᠬᠦ ᠶᠢ ᠪᠠᠳᠤᠯᠠᠨ᠎ᠠ᠃ ᠠᠷᠢᠭᠤᠨ | ᠴᠢᠬᠡᠴᠢ ᠪᠠᠷ ᠵᠠᠰᠠᠭ ᠪᠠᠷᠢᠬᠤ ᠶᠢ ᠡᠷᠡᠰ ᠪᠠᠷᠢᠮᠳᠠᠯᠠᠨ᠎ᠠ᠃ ᠵᠠᠰᠠᠭ ᠤᠨ ᠣᠷᠳᠣᠨ ᠤ ᠰᠢᠰᠲ᠋ᠧᠮ ᠤᠨ ᠨᠠᠮ ᠤᠨ ᠰᠤᠷᠲᠠᠯ | ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢ ᠲᠦᠯᠬᠢᠨ ᠠᠬᠢᠭᠤᠯᠵᠤ᠂ ᠭᠤᠣᠯᠳᠠᠯᠭ᠎ᠠ ᠲᠠᠢ | ᠬᠦᠷᠢᠶ᠎ᠡ ᠪᠠ ᠵᠠᠩᠭᠢᠯᠠᠭ᠎ᠠ ᠶᠢᠨ ᠭᠤᠭᠴᠤᠭ᠎ᠠ ᠶᠢᠨ ᠠᠶᠤᠯ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠠᠵᠢᠯ ᠢ | ᠭᠦᠨᠵᠡᠭᠡᠶᠢᠷᠡᠭᠦᠯᠦᠨ᠎ᠡ᠃ ᠪᠡᠶ᠎ᠡ ᠪᠠᠷ ᠢᠶᠠᠨ ᠲᠦᠷᠦᠭᠦᠯᠡᠨ ᠠᠷᠪᠢᠯᠠᠨ ᠭᠠᠮᠨᠠᠵᠤ᠂ ︽ᠭᠤᠷᠪᠠᠨ ᠵᠦᠢᠯ ᠤᠨ ᠠᠯᠪᠠᠨ ᠤ | ᠵᠠᠷᠤᠳᠠᠯ︾ ᠪᠠ ᠡᠩ ᠤᠨ ᠴᠢᠨᠠᠷᠲᠠᠢ ᠵᠠᠷᠤᠯᠭ᠎ᠠ ᠶᠢ ᠴᠢᠩᠭ᠎ᠠ ᠬᠢᠵᠠᠭᠠᠷᠯᠠᠵᠤ᠂ ᠡᠳ᠋ ᠤᠨ ᠵᠠᠰᠠᠭ ᠤᠨ ᠬᠦᠴᠦᠨ ᠢᠶᠠᠨ | ᠲᠥᠪᠯᠡᠷᠡᠭᠦᠯᠦᠨ ᠠᠷᠠᠳ ᠲᠤ ᠠᠰᠢᠭᠲᠠᠢ ᠴᠢᠬᠤᠯᠠ ᠶᠠᠪᠤᠳᠠᠯ ᠪᠣᠳᠠᠲᠣ ᠠᠵᠢᠯ ᠢ ᠪᠡᠶᠡᠯᠡᠬᠦᠯᠦᠨ᠎ᠡ᠃ ᠤᠯᠠᠨ ᠲᠦᠮᠡᠨ ᠤ | ᠳᠡᠷᠭᠡᠳᠡ ᠡᠭᠦᠰᠦᠭᠰᠡᠨ ᠢᠯᠵᠠᠷᠠᠯ ᠪᠠ ᠰᠤᠷᠲᠠᠯ ᠤᠨ ᠠᠰᠠᠭᠤᠳᠠᠯ ᠢ ᠴᠢᠩᠭ᠎ᠠ ᠵᠠᠯᠬᠠᠭᠠᠨ ᠰᠢᠢᠳᠬᠡᠵᠦ᠂ ᠤᠯᠤᠰ | ᠲᠦᠷᠦ ᠭᠡᠭᠡᠨ ᠰᠠᠷᠠᠭᠤᠯ᠂ ᠵᠠᠰᠠᠭ ᠤᠨ ᠣᠷᠳᠣᠨ ᠠᠷᠢᠭᠤᠨ ᠴᠢᠬᠡᠴᠢ᠂ ᠺᠠᠳ᠋ᠷ ᠠᠵᠢᠯᠴᠢᠨ ᠲᠥᠪ ᠴᠢᠬᠡᠴᠢ ᠪᠠᠶᠢᠬᠤ | ᠤᠯᠤᠰ ᠲᠦᠷᠦ ᠶᠢᠨ ᠠᠮᠢ ᠠᠬᠤᠢ ᠶᠢ ᠪᠦᠬᠦ ᠬᠦᠴᠦᠨ ᠢᠶᠠᠷ ᠢᠶᠠᠨ ᠪᠤᠢ ᠪᠣᠯᠭᠠᠨ᠎ᠠ᠃ | ᠲᠥᠯᠥᠭᠡᠯᠡᠭᠴᠢᠳ ᠠ᠋︕ ᠠᠷᠠᠳ ᠲᠦᠮᠡᠨ ᠤ ᠢᠲᠡᠭᠡᠯ ᠨᠠᠶᠢᠳᠠᠯᠭ᠎ᠠ ᠪᠣᠯ ᠦᠢᠯᠡᠰ ᠪᠦᠲᠦᠭᠡᠬᠦ ᠶᠢᠨ ᠡᠷᠴᠢ | ᠬᠦᠴᠦᠨ᠂ ᠦᠭᠡᠷᠡᠴᠢᠯᠡᠯᠲᠡ ᠬᠦᠭᠵᠢᠯᠲᠡ ᠶᠢᠨ ᠦᠢᠯᠡᠳᠦᠯᠭᠡ ᠴᠢᠷᠮᠠᠶᠢᠯᠠᠭ᠎ᠠ ᠪᠣᠯ ᠴᠠᠭ ᠦᠶ᠎ᠡ ᠶᠢᠨ ᠡᠭᠦᠷᠭᠡ | ᠬᠠᠷᠢᠭᠤᠴᠠᠯᠭ᠎ᠠ ᠮᠦᠨ᠃ ᠪᠢᠳᠡ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ | ᠲᠣᠭᠤᠷᠢᠨ ᠳᠤ ᠨᠢᠭᠲᠠᠷᠠᠨ ᠪᠦᠯᠬᠦᠮᠳᠡᠵᠦ᠂ ᠳᠡᠭᠡᠷ᠎ᠡ ᠱᠠᠲᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠣᠯᠣᠨ | ᠬᠤᠰᠢᠭᠤ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠶᠢᠨ ᠳᠣᠣᠷ᠎ᠠ᠂ ᠰᠠᠬᠢᠨ ᠪᠠᠷᠠᠯᠠᠵᠤ ᠬᠠᠷᠢᠯᠴᠠᠨ | ᠬᠠᠪᠰᠣᠷᠣᠯᠴᠠᠨ᠂ ᠡᠷᠡᠯᠬᠡᠭᠯᠡᠨ ᠤᠷᠤᠭᠰᠢᠯᠠᠵᠤ ᠡᠷᠡᠮᠡᠬᠡᠶᠢᠯᠡᠨ ᠲᠡᠮᠡᠴᠡᠨ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ | ᠲᠠᠯ᠎ᠠ ᠪᠠᠷ ᠨᠡᠩ ᠶᠡᠭᠡ ᠰᠢᠨ᠎ᠡ ᠵᠢᠳᠬᠦᠯ ᠴᠢᠷᠮᠠᠶᠢᠯᠭ᠎ᠠ ᠭᠠᠷᠭᠠᠵᠤ᠂ ᠵᠡᠭᠦᠨ ᠦᠵᠦᠮᠦᠴᠢᠨ ᠬᠤᠰᠢᠭᠤᠨ ᠤ | ᠣᠳᠣᠬᠢᠴᠢᠯᠠᠭᠰᠠᠨ ᠪᠦᠲᠦᠭᠡᠨ ᠪᠠᠶᠢᠭᠤᠯᠤᠯᠲᠠ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠵᠡᠭᠡᠶ᠎ᠡ᠃ | | |