ᠬᠤᠰᠢᠭᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠰᠣᠨᠢᠨ ᠮᠡᠳᠡᠭᠡ ᠨᠡᠶᠢᠲᠡᠯᠡᠬᠦ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/11/27
      11 ᠰᠠᠷ᠎ᠠ ᠶᠢᠨ 11 ᠤ ᠡᠳᠦᠷ᠂ ᠬᠤᠰᠢᠭᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠰᠣᠨᠢᠨ ᠮᠡᠳᠡᠭᠡ ᠨᠡᠶᠢᠲᠡᠯᠡᠬᠦ ᠬᠤᠷᠠᠯ ᠬᠤᠷᠠᠯᠳᠤᠭᠤᠯᠵᠤ᠂ ᠬᠤᠰᠢᠭᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠰᠣᠨᠢᠨ ᠮᠡᠳᠡᠭᠡᠨ ᠤ ᠥᠭᠦᠯᠡᠭᠴᠢ ᠠᠴᠠ ᠪᠥᠬᠦ ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠬᠦᠷᠢᠶᠡᠨ  ᠳᠠᠬᠢ ᠠᠵᠢᠯ ᠤᠨ ᠪᠠᠶᠢᠳᠠᠯ ᠢ ᠲᠠᠨᠢᠯᠴᠠᠭᠤᠯᠤᠭᠰᠠᠨ ᠪᠥᠭᠡᠳ ᠰᠤᠷᠪᠤᠯᠵᠢᠯᠠᠭᠴᠢ ᠶᠢᠨ ᠠᠰᠠᠭᠤᠯᠲᠠ ᠶᠢ ᠬᠠᠷᠢᠭᠤᠯᠪᠠ᠃      ᠰᠣᠨᠢᠨ ᠮᠡᠳᠡᠭᠡ ᠨᠡᠶᠢᠲᠡᠯᠡᠬᠦ ᠬᠤᠷᠠᠯ ᠳᠡᠭᠡᠷ᠎ᠡ᠂ ᠬᠤᠰᠢᠭᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ  ᠤᠨ ᠰᠣᠨᠢᠨ ᠮᠡᠳᠡᠭᠡᠨ ᠤ ᠥᠭᠦᠯᠡᠭᠴᠢ ᠠᠴᠠ ᠰᠠᠭᠤᠷᠢ ᠲᠥᠬᠦᠭᠡᠷᠦᠮᠵᠢ ᠶᠢᠨ ᠪᠥᠲᠥᠭᠡᠨ ᠪᠠᠶᠢᠭᠤᠯᠤᠯᠲᠠ ᠶᠢ ᠰᠢᠯᠢᠳᠡᠭᠵᠢᠭᠦᠯᠬᠦ᠂ ᠪᠠᠴᠢᠮ ᠪᠠᠶᠢᠳᠠᠯ ᠢ ᠠᠷᠭᠠᠴᠠᠭᠠᠬᠤ ᠦᠶᠯᠡᠴᠢᠯᠡᠭᠡᠨ ᠤ ᠴᠢᠳᠠᠪᠤᠷᠢ ᠶᠢ ᠴᠢᠩᠭᠠᠷᠠᠭᠤᠯᠬᠤ᠂ ᠠᠵᠢᠯ ᠲᠥᠷᠥᠯ ᠢᠶᠠᠷ ᠬᠠᠪᠰᠤᠷᠤᠨ ᠲᠡᠳᠬᠦᠬᠦ ᠡᠷᠴᠢᠮ ᠢ ᠴᠢᠩᠭᠠᠷᠠᠭᠤᠯᠬᠤ᠂ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠦᠶᠯᠡᠴᠢᠯᠡᠭᠡ ᠶᠢ ᠯᠠᠪᠳᠠᠭᠤᠨ ᠪᠠᠲᠤᠲᠠᠶ ᠠᠬᠢᠭᠤᠯᠬᠤ ᠵᠡᠷᠭᠡ ᠲᠠᠯ᠎ᠠ ᠪᠠᠷ ᠨᠠᠷᠢᠨ ᠲᠠᠨᠢᠯᠴᠠᠭᠤᠯᠪᠠ᠃      ※ ᠡᠨᠡ ᠵᠢᠯ ᠠᠴᠠ ᠨᠠᠭᠠᠰᠢ᠂ ᠬᠤᠰᠢᠭᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠬᠤᠰᠢᠭᠤ ᠰᠢᠶᠠᠨ ᠤ ᠬᠡᠪᠴᠢᠶᠡᠨ ᠤ ᠨᠢᠭᠲᠠᠷᠬᠠᠰᠠᠨ ᠬᠡᠯᠪᠡᠷᠢ ᠶᠢᠨ ᠡᠮᠴᠢᠯᠡᠭᠡᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ  ᠶᠢ ᠶᠡᠭᠡ ᠪᠠᠷ ᠠᠬᠢᠭᠤᠯᠬᠤ᠂ ᠰᠠᠭᠤᠷᠢ ᠲᠥᠬᠦᠭᠡᠷᠦᠮᠵᠢ ᠶᠢᠨ ᠪᠥᠲᠥᠭᠡᠨ ᠪᠠᠶᠢᠭᠤᠯᠤᠯᠲᠠ ᠶᠢ ᠴᠢᠩᠭᠠᠳᠬᠠᠬᠤ᠂ ᠦᠨᠳᠦᠰᠦᠨ ᠱᠠᠲᠤᠨ ᠤ ᠡᠷᠡᠭᠦᠯ ᠬᠠᠮᠠᠭᠠᠯᠠᠯ ᠤᠨ ᠴᠢᠳᠠᠪᠤᠷᠢᠲᠠᠨ ᠤ ᠡᠩᠨᠡᠭᠡ ᠶᠢ ᠪᠤᠵᠠᠭᠠᠶᠢᠷᠠᠭᠤᠯᠬᠤ᠂ ᠬᠢᠲᠠᠳ ᠮᠣᠩᠭᠤᠯ ᠡᠮ ᠡᠮᠨᠡᠯᠭᠡ ᠶᠢᠨ ᠦᠶᠯᠡᠰ ᠢ ᠶᠡᠭᠡ ᠪᠠᠷ ᠬᠥᠭᠵᠢᠭᠦᠯᠬᠦ᠂ ᠳᠡᠭᠡᠳᠦ ᠱᠠᠲᠤᠨ ᠤ ᠴᠢᠨᠠᠷ ᠰᠠᠶᠢᠲᠠᠶ ᠡᠬᠢ ᠪᠠᠶᠠᠯᠢᠭ ᠢ ᠦᠨᠳᠦᠰᠦᠨ ᠱᠠᠲᠤᠨ ᠳᠤ ᠪᠠᠭᠤᠯᠭᠠᠬᠤ ᠶᠢ ᠠᠬᠢᠭᠤᠯᠬᠤ ᠵᠡᠷᠭᠡ ᠠᠷᠭ᠎ᠠ ᠬᠡᠮᠵᠢᠶ᠎ᠡ ᠪᠠᠷ ᠳᠠᠮᠵᠢᠭᠤᠯᠤᠨ᠂ ᠦᠨᠳᠦᠰᠦᠨ ᠱᠠᠲᠤᠨ ᠤ ᠡᠪᠡᠳᠴᠢᠨ ᠰᠡᠷᠭᠡᠶᠢᠯᠡᠵᠦ ᠡᠪᠡᠳᠴᠢᠨ ᠵᠠᠰᠠᠬᠤ ᠪᠠ ᠡᠷᠡᠭᠦᠯ ᠮᠡᠨᠳᠦ ᠶᠢᠨ ᠬᠠᠮᠢᠶᠠᠷᠤᠯᠲᠠ  ᠶᠢᠨ ᠴᠢᠳᠠᠪᠤᠷᠢ ᠶᠢ ᠦᠷᠭᠦᠯᠵᠢᠯᠡᠨ ᠳᠡᠭᠡᠭᠰᠢᠯᠡᠭᠦᠯᠵᠦ᠂ ᠦᠨᠳᠦᠰᠦᠨ ᠱᠠᠲᠤᠨ ᠤ ᠡᠷᠡᠭᠦᠯ ᠬᠠᠮᠠᠭᠠᠯᠠᠯ ᠤᠨ ᠠᠵᠢᠯ ᠢᠯᠡᠳᠲᠡ ᠦᠷ᠎ᠡ ᠪᠦᠲᠦᠮᠵᠢ ᠤᠯᠪᠠ᠃      ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠰᠢᠯᠢᠳᠡᠭᠵᠢᠭᠦᠯᠪᠡ᠃ ᠮᠠᠨ ᠤ ᠬᠤᠰᠢᠭᠤ ᠤᠷᠢᠳ ᠬᠤᠵᠢᠳ 1685.59 ᠲᠦᠮᠡᠨ ᠲᠥᠭᠦᠷᠢᠭ ᠤᠨ ᠪᠠᠯᠠ ᠣᠷᠣᠭᠤᠯᠵᠤ᠂ ᠤᠯᠢᠶᠠᠰᠤᠲᠠᠢ ᠪᠠᠯᠭᠠᠰᠤ ᠶᠢᠨ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠶᠯᠡᠴᠢᠯᠡᠭᠡᠨ ᠤ ᠲᠥᠪ᠂ ᠮᠠᠨᠳᠤᠬᠤᠪᠤᠯᠠᠭ ᠪᠠᠯᠭᠠᠰᠤᠨ ᠤ ᠲᠦᠪ ᠡᠷᠡᠭᠦᠯ ᠬᠠᠮᠠᠭᠠᠯᠠᠯ ᠤᠨ ᠬᠤᠷᠢᠶ᠎ᠠ᠂ ᠬᠦᠷᠢᠶᠡᠲᠦ ᠨᠠᠭᠤᠷ ᠰᠤᠮᠤᠨ ᠤ ᠡᠷᠡᠭᠦᠯ ᠬᠠᠮᠠᠭᠠᠯᠠᠯ ᠤᠨ ᠬᠤᠷᠢᠶ᠎ᠠ᠂ ᠠᠯᠲᠠᠨᠬᠢᠯᠢ ᠰᠤᠮᠤᠨ ᠤ ᠡᠷᠡᠭᠦᠯ ᠬᠠᠮᠠᠭᠠᠯᠠᠯ ᠤᠨ ᠬᠤᠷᠢᠶᠠᠨ ᠤ ᠲᠥᠷᠥᠯ ᠵᠦᠶᠯ ᠢ ᠵᠠᠰᠠᠨ ᠰᠢᠨᠡᠳᠬᠡᠵᠦ ᠠᠰᠢᠭᠯᠠᠯᠲᠠ ᠳᠤ ᠣᠷᠣᠭᠤᠯᠤᠨ᠂ 10 ᠡᠷᠡᠭᠦᠯ ᠬᠠᠮᠠᠭᠠᠯᠠᠯ ᠤᠨ ᠬᠤᠷᠢᠶᠠᠨ ᠳᠤ ᠨᠡᠭᠦᠳᠡᠯ ᠦᠶᠯᠡᠴᠢᠯᠡᠭᠡᠨ ᠤ ᠲᠡᠷᠭᠡ ᠰᠣᠯᠢᠵᠤ         ᠥᠭᠭᠦᠨ᠂ ᠦᠨᠳᠦᠰᠦᠨ ᠱᠠᠲᠤᠨ ᠤ ᠡᠮᠴᠢᠯᠡᠭᠡᠨ ᠤ ᠪᠠᠶᠢᠭᠤᠯᠤᠮᠵᠢ ᠶᠢᠨ ᠰᠠᠭᠤᠷᠢ ᠲᠥᠬᠦᠭᠡᠷᠦᠮᠵᠢ ᠶᠢ ᠲᠠᠰᠤᠷᠠᠯᠲᠠ ᠥᠬᠡᠶ ᠰᠢᠯᠢᠳᠡᠭᠵᠢᠭᠦᠯᠪᠡ᠃ ᠣᠯᠠᠨ ᠲᠦᠮᠡᠨ ᠤ ᠣᠯᠠᠨ ᠳᠡᠰ ᠳᠠᠪᠬᠤᠷᠭ᠎ᠠ᠂ ᠣᠯᠠᠨ ᠶᠠᠩᠵᠤ ᠶᠢᠨ ᠡᠮᠴᠢᠯᠡᠭᠡ ᠡᠷᠡᠭᠦᠯ ᠮᠡᠨᠳᠦ ᠶᠢᠨ ᠦᠶᠯᠡᠴᠢᠯᠡᠭᠡᠨ ᠤ ᠬᠡᠷᠡᠭᠴᠡᠭᠡ ᠱᠠᠭᠠᠷᠳᠠᠯᠭ᠎ᠠ ᠶᠢ ᠬᠠᠩᠭᠠᠬᠤ ᠶᠢᠨ ᠲᠥᠯᠦᠭᠡ᠂ ᠳᠡᠭᠡᠲᠦ ᠱᠠᠲᠤᠨ  ᠤ ᠴᠢᠨᠠᠷ ᠰᠠᠶᠢᠲᠠᠶ ᠡᠮᠴᠢᠯᠡᠭᠡ ᠶᠢᠨ ᠦᠶᠯᠡᠴᠢᠯᠡᠭᠡᠨ ᠤ ᠡᠬᠢ ᠪᠠᠶᠠᠯᠢᠭ ᠢ ᠬᠤᠷᠠᠮᠳᠤᠭᠤᠯᠤᠨ ᠠᠰᠢᠭᠯᠠᠵᠤ᠂ ᠣᠶᠤᠨᠴᠢ ᠡᠮᠴᠢᠯᠡᠭᠡ ᠶᠢᠨ ᠰᠢᠰᠲ᠋ᠧᠮ ᠤᠨ ᠪᠠᠶᠢᠭᠤᠯᠤᠯᠲᠠ ᠶᠢ ᠠᠬᠢᠭᠤᠯᠪᠠ᠃      ᠪᠠᠴᠢᠮ ᠪᠠᠶᠢᠳᠠᠯ ᠢ ᠠᠷᠭᠠᠴᠠᠬᠤ ᠦᠶᠯᠡᠴᠢᠯᠡᠭᠡᠨ ᠤ ᠴᠢᠳᠠᠪᠤᠷᠢ ᠶᠢ ᠴᠢᠩᠭᠠᠷᠠᠭᠤᠯᠪᠠ᠃ ᠮᠠᠨᠳᠤᠬᠤᠪᠤᠯᠠᠭ ᠪᠠᠯᠭᠠᠰᠤ᠂ ᠳᠠᠭᠤᠲᠤᠨᠠᠭᠤᠷ ᠪᠠᠯᠭᠠᠰᠤ᠂ ᠬᠠᠳᠠᠪᠴᠢ ᠪᠠᠯᠭᠠᠰᠤ ᠪᠠ ᠡᠵᠢ ᠨᠠᠭᠤᠷ ᠪᠠᠯᠭᠠᠰᠤᠨ ᠤ 4 ᠲᠦᠪ ᠡᠷᠡᠭᠦᠯ ᠬᠠᠮᠠᠭᠠᠯᠠᠯ ᠤᠨ ᠬᠤᠷᠢᠶ᠎ᠠ ᠳᠤ ᠲᠦᠷᠭᠡᠨ ᠠᠪᠤᠷᠠᠯᠳᠠ ᠶᠢᠨ ᠥᠷᠲᠡᠭᠡ ᠪᠠᠶᠢᠭᠤᠯᠬᠤ ᠶᠢᠨ ᠬᠠᠮᠲᠤ ᠲᠦᠷᠭᠡᠨ ᠠᠪᠤᠷᠠᠯᠳᠠ  ᠶᠢᠨ ᠲᠡᠷᠭᠡ ᠳᠣᠬᠢᠷᠠᠭᠤᠯᠤᠨ᠂ ᠠᠯᠲᠠᠨᠬᠢᠯᠢ᠂ ᠰᠠᠮᠠᠢ ᠬᠤᠶᠠᠷ ᠰᠤᠮᠤᠨ ᠤ 2 ᠦᠨᠳᠦᠰᠦᠨ ᠱᠠᠲᠤᠨ ᠤ ᠠᠭᠠᠷ ᠢᠶᠠᠷ ᠠᠪᠤᠷᠠᠨ ᠲᠤᠰᠠᠯᠠᠬᠤ ᠨᠢᠰᠬᠡᠯ ᠤᠨ ᠵᠣᠭᠰᠣᠭᠠᠯ ᠢ ᠪᠠᠶᠢᠭᠤᠯᠬᠤ ᠪᠠ ᠰᠡᠯᠪᠢᠨ ᠵᠠᠰᠠᠬᠤ ᠠᠵᠢᠯ ᠢ ᠪᠡᠶᠡᠯᠡᠭᠦᠯᠵᠦ᠂ ᠮᠠᠯᠵᠢᠬᠤ ᠣᠷᠣᠨ ᠤ ᠣᠯᠠᠨ ᠲᠦᠮᠡᠨ ᠤ ᠡᠪᠡᠳᠴᠢᠲᠡᠨ ᠢ ᠰᠢᠯᠵᠢᠭᠦᠯᠦᠨ ᠬᠦᠷᠭᠡᠬᠦ ᠬᠡᠷᠡᠭᠴᠡᠭᠡ ᠱᠠᠭᠠᠷᠳᠠᠯᠭ᠎ᠠ ᠶᠢ ᠬᠠᠩᠭᠠᠵᠤ᠂ ᠣᠯᠠᠨ ᠲᠦᠮᠡᠨ ᠤ ᠰᠠᠭᠤᠭ᠎ᠠ ᠭᠠᠵᠠᠷ ᠠᠴᠠ ᠪᠠᠨ ᠡᠮᠨᠡᠯᠭᠡ ᠶᠢᠨ ᠬᠤᠷᠢᠶ᠎ᠠ ᠬᠦᠷᠬᠦ ᠶᠠᠪᠤᠵᠤ ᠰᠠᠭᠤᠬᠤ ᠪᠠᠲᠤᠯᠠᠭ᠎ᠠ ᠬᠠᠩᠭᠠᠪᠠ᠃      ᠰᠢᠰᠲ᠋ᠧᠮ ᠢᠶᠠᠷ ᠢᠶᠠᠨ ᠬᠠᠪᠰᠤᠷᠤᠨ ᠲᠡᠳᠬᠦᠬᠦ ᠡᠷᠴᠢᠮ ᠢ‌‍ᠴᠢᠩᠭᠠᠷᠠᠭᠤᠯᠪᠠ᠃ ︿︿ᠬᠤᠰᠢᠭᠤ ᠰᠢᠶᠠᠨ ᠤ ᠬᠡᠪᠴᠢᠶ᠎ᠡ ᠶᠢ ᠬᠦᠴᠦᠷᠬᠡᠭᠵᠢᠭᠦᠯᠵᠦ᠂ ᠦᠨᠳᠦᠰᠦᠨ ᠱᠠᠲᠤ ᠶᠢ ᠪᠤᠵᠠᠭᠠᠶᠢᠷᠠᠭᠤᠯᠬᠤ﹀﹀ ᠠᠵᠢᠯ ᠤᠨ ᠤᠳᠤᠷᠢᠳᠤᠮᠵᠢ ᠶᠢ ᠪᠠᠷᠢᠮᠲᠠᠯᠠᠵᠤ᠂ ᠳᠤᠮᠳᠠ ᠵᠡᠷᠭᠡ ᠶᠢᠨ ᠮᠡᠷᠭᠡᠵᠢᠯ ᠤᠨ ᠴᠣᠯᠠ ᠠᠴᠠ ᠳᠡᠭᠡᠭᠰᠢᠬᠢ 10 ᠶᠡᠭᠡ ᠡᠮᠴᠢ ᠪᠠᠷ ᠪᠦᠷᠢᠯᠳᠦᠭᠰᠡᠨ ᠬᠤᠶᠠᠳᠤᠭᠠᠷ ᠳᠡᠰ ᠤᠨ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠶᠢᠨ ᠡᠮᠴᠢᠯᠡᠭᠡᠨ ᠤ ᠬᠠᠮᠲᠤ ᠶᠢᠨ ᠴᠣᠭᠴᠠ ᠶᠢᠨ ᠬᠠᠪᠰᠤᠷᠤᠨ ᠲᠡᠳᠬᠦᠬᠦ ᠡᠮᠴᠢ ᠶᠢᠨ ᠪᠦᠯᠬᠦᠮ ᠪᠠ ᠳᠡᠭᠡᠳᠦ ᠵᠡᠷᠭᠡ ᠶᠢᠨ ᠳᠡᠳ᠋ ᠮᠡᠷᠭᠡᠵᠢᠯ ᠤᠨ ᠴᠣᠯᠠ  ᠠᠴᠠ ᠳᠡᠭᠡᠭᠰᠢᠬᠢ 6 ᠶᠡᠭᠡ ᠡᠮᠴᠢ ᠪᠠᠷ ᠪᠦᠷᠢᠯᠳᠦᠭᠰᠡᠨ ᠬᠤᠶᠠᠳᠤᠭᠠᠷ ᠳᠡᠰ ᠤᠨ ᠦᠨᠳᠦᠰᠦᠲᠡᠨ ᠤ ᠠᠨᠠᠭᠠᠬᠤ ᠤᠬᠠᠭᠠᠨ ᠤ ᠡᠮᠨᠡᠯᠭᠡ ᠶᠢᠨ ᠬᠤᠷᠢᠶ᠎ᠠ ᠶᠢᠨ ᠬᠢᠲᠠᠳ ᠮᠣᠩᠭᠤᠯ ᠡᠮᠨᠡᠯᠭᠡ ᠳᠤ ᠳᠣᠭᠢᠷᠠᠬᠤ ᠮᠡᠷᠭᠡᠵᠢᠯ ᠢᠶᠠᠷ ᠬᠠᠪᠰᠤᠷᠤᠨ ᠲᠡᠳᠬᠦᠬᠦ ᠳᠤᠭᠤᠶᠢᠯᠠᠩ ᠵᠢᠴᠢ ︿︿ᠲᠦᠮᠡᠨ ᠲᠤᠰᠬᠠᠶ ᠮᠡᠷᠭᠡᠵᠢᠯᠲᠡᠨ ᠦᠨᠳᠦᠰᠦᠨ ᠱᠠᠲᠤᠨ ᠳᠤ ᠦᠶᠯᠡᠴᠢᠯᠡᠬᠦ﹀﹀ ᠲᠤᠰᠬᠠᠶ ᠮᠡᠷᠭᠡᠵᠢᠯᠲᠡᠨ ᠤ ᠪᠦᠯᠬᠦᠮ ᠨᠢ ᠴᠡᠭ ᠲᠤ ᠰᠠᠭᠤᠵᠤ ᠬᠠᠪᠰᠤᠷᠤᠨ ᠲᠡᠳᠬᠦᠬᠦ ᠪᠠ ᠠᠯᠤᠰ ᠠᠴᠠ ᠡᠮᠴᠢᠯᠡᠬᠦ ᠵᠠᠭᠪᠤᠷ ᠢᠶᠠᠷ ᠳᠡᠮᠵᠢᠨ᠂ ᠬᠥᠩᠭᠡᠨ ᠡᠪᠡᠳᠴᠢᠨ ᠢ ᠬᠥᠳᠡᠭᠡ ᠳᠤ ᠨᠢ ᠡᠮᠴᠢᠯᠡᠵᠦ᠂ ᠬᠦᠨᠳᠦ ᠡᠪᠡᠳᠴᠢᠨ ᠢ ᠬᠤᠰᠢᠭᠤᠨ ᠳᠠᠭᠠᠨ ᠡᠮᠴᠢᠯᠡᠬᠦ ᠶᠢ ᠴᠢᠷᠮᠠᠶᠢᠨ ᠪᠡᠶᠡᠯᠡᠭᠦᠯᠵᠦ᠂ ᠡᠮᠴᠢᠯᠡᠭᠡᠨ ᠤ ᠬᠠᠮᠲᠤ ᠶᠢᠨ ᠴᠣᠭᠴᠠ ᠶᠢᠨ ᠬᠤᠪᠢᠶᠠᠷᠢ ᠡᠮᠨᠡᠯᠭᠡ ᠶᠢᠨ ᠬᠤᠷᠢᠶ᠎ᠠ ᠶᠢᠨ ᠡᠮᠴᠢᠯᠡᠭᠡᠨ ᠤ ᠦᠶᠯᠡᠴᠢᠯᠡᠭᠡᠨ ᠤ ᠴᠢᠳᠠᠪᠤᠷᠢ ᠪᠠ ᠦᠶᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠬᠦ ᠳᠤ ᠮᠡᠷᠭᠡᠵᠢᠯ ᠤᠨ ᠳᠡᠮᠵᠢᠯᠭᠡ ᠬᠠᠩᠭᠠᠪᠠ᠃      ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠦᠢᠯᠡᠴᠢᠯᠡᠭᠡ ᠶᠢ ᠯᠠᠪᠳᠠᠭᠤᠨ ᠪᠠᠲᠤᠲᠠᠢ ᠠᠬᠢᠭᠤᠯᠪᠠ᠃ ᠨᠠᠰᠤᠲᠠᠶᠢᠴᠤᠳ ᠵᠢᠴᠢ ᠡᠮᠡᠭᠲᠡᠶᠢᠴᠦᠳ ᠬᠡᠦᠬᠡᠳ ᠤᠨ ᠡᠷᠡᠭᠦᠯ ᠮᠡᠨᠳᠦ ᠶᠢᠨ ᠪᠠᠲᠤᠯᠠᠭ᠎ᠠ ᠶᠢ ᠴᠢᠩᠭᠠᠳᠬᠠᠬᠤ ᠶᠢᠨ ᠲᠥᠯᠥᠭᠡ᠂ ᠪᠡᠶ᠎ᠡ ᠶᠢᠨ ᠪᠠᠶᠢᠴᠠᠭᠠᠯᠲᠠ ᠶᠢᠨ ᠡᠩᠨᠡᠭᠡ ᠶᠢ ᠪᠠᠶᠢᠭᠤᠯᠤᠨ ᠭᠠᠴᠠᠭ᠎ᠠ ᠨᠡᠶᠢᠭᠡᠮ ᠲᠣᠭᠤᠷᠢᠭ ᠲᠤ ᠪᠠᠭᠤᠯᠭᠠᠵᠤ᠂ ᠬᠠᠷᠢᠶ᠎ᠠ ᠣᠷᠣᠨ ᠤ 65 ᠨᠠᠰᠤᠨ ᠠᠴᠠ ᠳᠡᠭᠡᠭᠰᠢᠬᠢ ᠨᠠᠰᠤᠲᠠᠶᠢᠴᠤᠳ᠂ ᠳᠣᠬᠢᠷᠠᠬᠤ ᠨᠠᠰᠤᠨ ᠤ ᠡᠮᠡᠭᠲᠡᠶᠢᠴᠦᠳ ᠲᠤ ᠦᠨ᠎ᠡ ᠲᠥᠯᠥᠪᠦᠷᠢ ᠦᠭᠡᠢ ᠪᠡᠶ᠎ᠡ ᠶᠢᠨ ᠪᠠᠶᠢᠴᠠᠭᠠᠯᠲᠠ ᠬᠢᠵᠦ ᠥᠭᠭᠦᠨ᠂ 2024 ᠣᠨ ᠳᠤ 65 ᠨᠠᠰᠤᠨ ᠠᠴᠠ ᠳᠡᠭᠡᠭᠰᠢᠬᠢ ᠨᠠᠰᠤᠲᠠᠶᠢᠴᠤᠳ 4161 ᠬᠥᠮᠦᠨ ᠳᠤ ᠪᠡᠶ᠎ᠡ ᠶᠢᠨ ᠪᠠᠶᠢᠴᠠᠭᠠᠯᠲᠠ ᠬᠢᠵᠦ ᠥᠭᠭᠦᠨ᠂ ᠶᠡᠷᠦᠩᠬᠡᠶ ᠡᠭᠦᠷᠭᠡ ᠶᠢᠨ ᠢᠶᠠᠨ 69 % ︵ᠡᠭᠦᠷᠭᠡ ᠶᠢᠨ ᠢᠶᠠᠨ 65 %︶ ᠶᠢ ᠪᠡᠶᠡᠯᠡᠭᠦᠯᠵᠦ᠂ 10 ᠬᠦᠨᠳᠦ ᠡᠪᠡᠳᠴᠢᠲᠡᠨ ᠢ ᠪᠠᠶᠢᠴᠠᠭᠠᠨ ᠭᠠᠷᠭᠠᠪᠠ᠃ ᠰᠠᠪᠠᠨ ᠤ ᠬᠦᠵᠦᠭᠦᠨ ᠤ ᠥᠮᠡᠨ᠂ ᠬᠥᠬᠦᠨ ᠪᠤᠯᠴᠢᠷᠬᠠᠶ ᠶᠢᠨ ᠥᠮᠡᠨ ᠤ ᠰᠢᠭᠰᠢᠨ ᠪᠠᠶᠢᠴᠠᠭᠠᠯᠲᠠ ᠶᠢ ᠲᠣᠰ ᠲᠣᠰ 2550 ᠬᠡᠷᠡᠭᠵᠢᠭᠦᠯᠵᠦ᠂ ᠡᠭᠦᠷᠭᠡ ᠪᠠᠨ ᠪᠡᠶᠡᠯᠡᠭᠦᠯᠦᠭᠰᠡᠨ ᠨᠣᠷᠮ᠎ᠠ ᠨᠢ 100 % ᠳᠤ ᠬᠥᠷᠪᠡ᠃
 
ᠢᠷᠡᠯᠲᠡ᠄ ᠵᠡᠬᠦᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号