ᠮᠠᠨ ᠤ ᠬᠤᠰᠢᠭᠤ 2024 ᠣᠨ ᠤ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ ᠪᠠ ᠠᠮᠤᠷ ᠲᠦᠪᠰᠢᠨ ᠤ ᠠᠵᠢᠯ ᠤᠨ ᠬᠤᠷᠠᠯ ᠵᠢᠴᠢ ᠲᠡᠦᠬᠡ ᠶᠢᠨ ᠳᠤᠷᠠᠰᠬᠠᠯᠲᠤ ᠵᠦᠢᠯᠡᠰ ᠤᠨ ᠠᠮᠤᠷ ᠲᠦᠪᠰᠢᠨ ᠤ ᠰᠡᠷᠡᠮᠵᠢ ᠶᠢᠨ ᠬᠥᠮᠦᠵᠢᠯ ᠤᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/11/29
      11 ᠰᠠᠷ᠎ᠠ ᠶᠢᠨ 13 ᠤ ᠡᠳᠦᠷ᠂ ᠮᠠᠨ ᠤ ᠬᠤᠰᠢᠭᠤ 2024 ᠣᠨ ᠤ ᠲᠡᠦᠬᠡ ᠶᠢᠨ ᠳᠤᠷᠠᠰᠬᠠᠯᠲᠤ ᠵᠦᠶᠯᠡᠰ ᠤᠨ ᠬᠠᠮᠠᠭᠠᠯᠠᠯᠲᠠ ᠪᠠ ᠠᠮᠤᠷ ᠲᠦᠪᠰᠢᠨ ᠤ ᠠᠵᠢᠯ ᠤᠨ ᠬᠤᠷᠠᠯ ᠵᠢᠴᠢ ᠲᠡᠦᠬᠡ ᠶᠢᠨ ᠳᠤᠷᠠᠰᠬᠠᠯᠲᠤ ᠵᠦᠶᠯᠡᠰ ᠤᠨ ᠠᠮᠤᠷ ᠲᠦᠪᠰᠢᠨ ᠤ ᠰᠡᠷᠡᠮᠵᠢ ᠶᠢᠨ ᠬᠥᠮᠦᠵᠢᠯ ᠤᠨ ᠬᠤᠷᠠᠯ ᠬᠤᠷᠠᠯᠳᠤᠭᠤᠯᠪᠠ᠃      ᠬᠤᠷᠠᠯ ᠠᠴᠠ ︿︿ᠪᠥᠲᠥᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠲᠡᠦᠬᠡ ᠶᠢᠨ ᠳᠤᠷᠠᠰᠬᠠᠯᠲᠤ ᠵᠦᠶᠯᠡᠰ ᠤᠨ ᠬᠠᠮᠠᠭᠠᠯᠠᠯᠲᠠ ᠶᠢᠨ ᠵᠥᠪᠰᠢᠶᠡᠷᠡᠯ ᠤᠨ ᠵᠦᠶᠯᠡᠰ ᠢ ᠭᠤᠶᠤᠴᠢᠯᠠᠨ ᠮᠡᠳᠡᠭᠦᠯᠬᠦ ᠠᠵᠢᠯ ᠢ ᠵᠢᠷᠤᠮᠵᠢᠭᠤᠯᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠡᠦᠬᠡ ᠶᠢᠨ ᠳᠤᠷᠠᠰᠬᠠᠯᠲᠤ ᠵᠦᠶᠯᠡᠰ ᠤᠨ ᠲᠣᠪᠴᠢᠶ᠎ᠠ ᠶᠢᠨ ᠮᠡᠳᠡᠭᠳᠡᠯ﹀﹀ ᠪᠠ ︿︿ᠪᠠᠷᠢᠯᠭ᠎ᠠ ᠶᠢᠨ ᠪᠥᠲᠥᠭᠡᠨ ᠪᠠᠶᠢᠭᠤᠯᠤᠯᠲᠠ ᠶᠢᠨ ᠲᠡᠦᠬᠡ ᠶᠢᠨ ᠳᠤᠷᠠᠰᠬᠠᠯᠲᠤ ᠵᠦᠶᠯᠡᠰ ᠤᠨ ᠬᠠᠮᠠᠭᠠᠯᠠᠯᠲᠠ ᠶᠢᠨ ᠤᠷᠢᠳᠠᠴᠢ ᠬᠢᠨᠠᠨ ᠪᠠᠶᠢᠴᠠᠭᠠᠬᠤ ᠠᠵᠢᠯ ᠢ ᠴᠢᠩᠭᠠᠳᠬᠠᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ﹀﹀ ᠢ ᠤᠯᠠᠮᠵᠢᠯᠠᠵᠤ᠂ ᠲᠡᠦᠬᠡ ᠶᠢᠨ ᠳᠤᠷᠠᠰᠬᠠᠯᠲᠤ ᠵᠦᠶᠯᠡᠰ ᠢ ᠡᠪᠳᠡᠭᠰᠡᠨ ᠨᠡᠶᠢᠲᠡᠯᠢᠭ ᠬᠡᠷᠡᠭ ᠤᠨ ᠵᠢᠱᠢᠶ᠎ᠡ ᠶᠢ ᠵᠠᠷᠯᠠᠨ ᠮᠡᠳᠡᠭᠳᠡᠪᠡ  ᠃      ᠬᠤᠷᠠᠯ ᠠᠴᠠ ᠴᠢᠬᠤᠯᠠᠴᠢᠯᠠᠬᠤ ᠳᠠᠭᠠᠨ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠰᠢᠨ᠎ᠡ ᠴᠠᠭ ᠦᠶ᠎ᠡ ᠶᠢᠨ ᠲᠡᠦᠬᠡ ᠶᠢᠨ ᠳᠤᠷᠠᠰᠬᠠᠯᠲᠤ ᠵᠦᠶᠯᠡᠰ ᠤᠨ ᠠᠵᠢᠯ ᠢ ᠰᠠᠶᠢᠲᠤᠷ ᠬᠢᠬᠦ ᠤᠯᠤᠰ ᠲᠥᠷᠥ ᠶᠢᠨ ᠤᠬᠠᠮᠰᠠᠷ᠂ ᠤᠯᠤᠰ ᠲᠥᠷᠥ ᠶᠢᠨ ᠡᠭᠦᠷᠭᠡᠯᠡᠯ ᠢᠶᠠᠨ ᠴᠢᠨᠠᠭᠰᠢᠳᠠ ᠴᠢᠩᠭᠠᠳᠬᠠᠵᠤ᠂ ᠲᠡᠦᠬᠡ ᠶᠢᠨ ᠳᠤᠷᠠᠰᠬᠠᠯᠲᠤ ᠵᠦᠶᠯᠡᠰ ᠢ ᠬᠠᠮᠠᠭᠠᠯᠠᠬᠤ ᠠᠵᠢᠯ ᠤᠨ ᠬᠠᠮᠢᠶ᠎ᠠ ᠪᠥᠬᠦᠶ ᠮᠡᠳᠡᠯᠭᠡ ᠶᠢ ᠣᠯᠠᠨ ᠬᠦᠷᠢᠶ᠎ᠡ᠂ ᠣᠯᠠᠨ ᠠᠷᠭ᠎ᠠ ᠵᠠᠮ ᠢᠶᠠᠷ ᠤᠯᠠᠮᠵᠢᠯᠠᠵᠤ᠂ ᠪᠥᠬᠦ ᠠᠷᠠᠳ ᠢᠶᠠᠷ ᠢᠶᠠᠨ ᠲᠡᠦᠬᠡ ᠶᠢᠨ ᠳᠤᠷᠠᠰᠬᠠᠯᠲᠤ ᠵᠦᠶᠯᠡᠰ ᠢ ᠬᠠᠮᠠᠭᠠᠯᠠᠬᠤ ᠳᠤ ᠣᠷᠣᠯᠴᠠᠬᠤ ᠰᠠᠶᠢᠨ ᠰᠠᠶᠢᠬᠠᠨ ᠨᠡᠶᠢᠭᠡᠮ ᠤᠨ ᠠᠭᠤᠷ ᠠᠮᠢᠰᠬᠤᠯ ᠢ ᠪᠦᠷᠢᠯᠳᠦᠭᠦᠯᠬᠦ ᠬᠡᠷᠡᠭᠲᠡᠶ᠃ ᠲᠡᠦᠬᠡ ᠶᠢᠨ ᠳᠤᠷᠠᠰᠬᠠᠯᠲᠤ ᠵᠦᠢᠯᠡᠰ ᠤᠨ ᠠᠮᠤᠷ ᠲᠦᠪᠰᠢᠨ ᠤ ᠬᠠᠮᠢᠶᠠᠷᠤᠯᠲᠠ ᠶᠢᠨ ᠲᠦᠷᠢᠮ ᠢ ᠪᠠᠶᠢᠭᠤᠯᠤᠨ ᠪᠦᠷᠢᠨᠰᠢᠬᠦᠯᠵᠤ᠂ ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ ᠬᠠᠮᠢᠶᠠᠷᠤᠯᠲᠠ ᠶᠢ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢᠨ ᠲᠥᠯᠥᠪᠵᠢᠭᠦᠯᠭᠡ ᠳᠤ ᠣᠷᠣᠭᠤᠯᠬᠤ ᠲᠣᠭᠲᠠᠴᠠ ᠶᠢ ᠲᠡᠭᠦᠯᠳᠡᠷᠵᠢᠭᠦᠯᠵᠦ᠂ ᠲᠡᠦᠬᠡ ᠶᠢᠨ ᠳᠤᠷᠠᠰᠬᠠᠯᠲᠤ ᠵᠦᠢᠯᠡᠰ ᠤᠨ ᠠᠵᠢᠯ ᠤᠨ ᠬᠠᠤᠯᠢᠵᠢᠯᠳᠠ᠂ ᠵᠢᠷᠤᠮᠵᠢᠯᠲᠠ᠂ ᠳᠦᠷᠢᠮᠵᠢᠯᠲᠡ ᠶᠢ ᠠᠬᠢᠭᠤᠯᠬᠤ ᠬᠡᠷᠡᠭᠲᠡᠢ  ᠃ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠲᠣᠰ ᠲᠣᠰ ᠤᠨ ᠡᠭᠦᠷᠭᠡ ᠬᠠᠷᠢᠭᠤᠴᠠᠯᠭ᠎ᠠ ᠪᠠᠨ ᠭᠦᠶᠴᠡᠳᠬᠡᠵᠦ᠂ ᠨᠢᠭᠲᠠ ᠬᠠᠮᠵᠢᠯᠴᠠᠵᠤ᠂ ᠲᠡᠦᠬᠡ ᠶᠢᠨ ᠳᠤᠷᠠᠰᠬᠠᠯᠲᠤ ᠵᠦᠶᠯᠡᠰ ᠢ ᠬᠠᠮᠠᠭᠠᠯᠠᠬᠤ ᠬᠦᠴᠦᠷᠬᠡᠭ ᠶᠡᠭᠡ ᠬᠠᠮᠲᠤᠷᠠᠯ ᠬᠦᠴᠦᠨ ᠢ ᠪᠦᠷᠢᠯᠳᠦᠭᠦᠯᠵᠦ᠂ ᠵᠡᠭᠦᠨ ᠦᠵᠦᠮᠦᠴᠢᠨ ᠬᠤᠰᠢᠭᠤᠨ ᠤ ᠲᠡᠦᠬᠡ ᠶᠢᠨ ᠳᠤᠷᠠᠰᠬᠠᠯᠲᠤ ᠵᠦᠶᠯᠡᠰ ᠤᠨ ᠦᠶᠯᠡᠰ ᠤᠨ ᠴᠢᠨᠠᠷ ᠰᠠᠶᠢᠲᠠᠶ ᠬᠥᠭᠵᠢᠯᠲᠡ ᠶᠢ ᠦᠨᠡᠨ ᠬᠦ ᠠᠬᠢᠭᠤᠯᠬᠤ ᠬᠡᠷᠡᠭᠲᠡᠶ ᠭᠡᠪᠡ᠃
 
ᠢᠷᠡᠯᠲᠡ᠄ ᠵᠡᠬᠦᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号