ᠬᠤᠰᠢᠭᠤ ᠨᠠᠮ ᠤᠨ ᠬᠤᠷᠢᠶᠠᠨ ᠤ ᠨᠡᠶᠢᠭᠡᠮ ᠤᠨ ᠠᠵᠢᠯ ᠤᠨ ᠬᠡᠯᠲᠡᠰ ᠰᠣᠨᠢᠨ ᠮᠡᠳᠡᠭᠡ ᠨᠡᠶᠢᠲᠡᠯᠡᠬᠦ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/11/29
      11 ᠰᠠᠷ᠎ᠠ ᠶᠢᠨ14 ᠤ ᠡᠳᠦᠷ᠂ ᠬᠤᠰᠢᠭᠤ ᠨᠠᠮ ᠤᠨ ᠬᠤᠷᠢᠶᠠᠨ ᠤ ᠨᠡᠶᠢᠭᠡᠮ ᠤᠨ ᠠᠵᠢᠯ ᠤᠨ ᠬᠡᠯᠲᠡᠰ ᠰᠣᠨᠢᠨ ᠮᠡᠳᠡᠭᠡ ᠨᠡᠶᠢᠲᠡᠯᠡᠬᠦ ᠬᠤᠷᠠᠯ  ᠬᠤᠷᠠᠯᠳᠤᠭᠤᠯᠵᠤ᠂ ᠬᠤᠰᠢᠭᠤ ᠨᠠᠮ ᠤᠨ ᠬᠤᠷᠢᠶᠠᠨ ᠤ ᠨᠡᠶᠢᠭᠡᠮ ᠤᠨ ᠠᠵᠢᠯ  ᠤᠨ ᠬᠡᠯᠲᠡᠰ ᠤᠨ ᠰᠣᠨᠢᠨ ᠮᠡᠳᠡᠭᠡᠨ ᠤ ᠥᠭᠦᠯᠡᠭᠴᠢ ᠠᠴᠠ ᠭᠤᠤᠯᠳᠠᠭᠤ ᠬᠤᠰᠢᠭᠤ ᠨᠠᠮ ᠤᠨ ᠬᠤᠷᠢᠶᠠᠨ ᠤ ᠨᠡᠶᠢᠭᠡᠮ  ᠤᠨ ᠠᠵᠢᠯ ᠤᠨ ᠬᠡᠯᠲᠡᠰ ᠤᠨ ᠠᠵᠢᠯ ᠤᠨ ᠥᠷᠨᠢᠭᠰᠡᠨ ᠪᠠᠶᠢᠳᠠᠯ ᠢ ᠲᠠᠨᠢᠯᠴᠠᠭᠤᠯᠵᠤ᠂ ᠰᠤᠷᠪᠤᠯᠵᠢᠯᠠᠭᠴᠢ ᠶᠢᠨ ᠠᠰᠠᠭᠤᠯᠲᠠ ᠶᠢ ᠬᠠᠷᠢᠭᠤᠯᠪᠠ᠃      ᠬᠤᠰᠢᠭᠤ ᠨᠠᠮ ᠤᠨ ᠬᠤᠷᠢᠶᠠᠨ ᠤ ᠨᠡᠶᠢᠭᠡᠮ ᠤᠨ ᠠᠵᠢᠯ ᠤᠨ ᠬᠡᠯᠲᠡᠰ ᠨᠢ ᠡᠨᠡ ᠵᠢᠯ ᠤᠨ 6 ᠰᠠᠷ᠎ᠠ ᠶᠢᠨ 13  ᠤ ᠡᠳᠦᠷ ᠵᠢᠩᠬᠢᠨᠢ ᠪᠠᠷ ᠪᠠᠶᠢᠭᠤᠯᠤᠭᠳᠠᠭᠰᠠᠨ ᠶᠤᠮ᠃ ᠬᠤᠶᠢᠰᠢᠳᠠ ᠡᠭᠦᠷᠭᠡ ᠴᠢᠳᠠᠪᠤᠷᠢ ᠪᠠᠨ ᠦᠨᠳᠦᠰᠦᠯᠡᠨ ᠠᠷᠠᠳ ᠲᠦᠮᠡᠨ ᠤ ᠵᠠᠬᠢᠳᠠᠯ ᠰᠣᠷᠪᠣᠯᠵᠢᠯᠠᠯ᠂ ᠠᠷᠠᠳ ᠲᠦᠮᠡᠨ ᠤ ᠰᠠᠨᠠᠯ ᠰᠠᠨᠠᠭᠤᠯᠭ᠎ᠠ ᠶᠢ ᠴᠤᠭᠯᠠᠭᠤᠯᠬᠤ ᠠᠵᠢᠯ᠂ ᠨᠠᠮ ᠤᠨ ᠪᠠᠶᠢᠭᠤᠯᠤᠯᠲᠠ ᠪᠠᠷ ᠦᠨᠳᠦᠰᠦᠨ ᠱᠠᠲᠤᠨ ᠤ ᠵᠠᠰᠠᠯᠲᠠ ᠪᠠ ᠦᠨᠳᠦᠰᠦᠨ ᠱᠠᠲᠤᠨ ᠤ ᠵᠠᠰᠠᠭ ᠤᠨ ᠡᠷᠬᠡ ᠶᠢᠨ ᠪᠠᠶᠢᠭᠤᠯᠤᠯᠲᠠ ᠶᠢ ᠬᠦᠲᠦᠯᠦᠨ ᠳᠠᠭᠠᠭᠤᠯᠬᠤ ᠠᠵᠢᠯ᠂ ᠠᠵᠢᠯ ᠲᠥᠷᠥᠯ ᠤᠨ ᠨᠡᠶᠢᠭᠡᠮᠯᠢᠭ ᠬᠤᠳᠠᠯᠳᠤᠭᠠᠴᠢᠳ ᠤᠨ ᠡᠪᠯᠡᠯ ᠤᠨ ᠨᠠᠮ ᠤᠨ ᠪᠠᠶᠢᠭᠤᠯᠤᠯᠲᠠ ᠪᠠ ᠥᠭᠡᠷᠡᠴᠢᠯᠡᠯᠲᠡ ᠬᠥᠭᠵᠢᠯᠲᠡ ᠶᠢᠨ ᠠᠵᠢᠯ᠂ ︿︿ᠬᠤᠶᠠᠷ ᠠᠵᠤ ᠠᠬᠤᠶᠢᠯᠠᠯ ᠭᠤᠷᠪᠠᠨ ᠰᠢᠨ᠎ᠡ﹀﹀ ᠶᠢᠨ ᠨᠠᠮ ᠤᠨ ᠪᠠᠶᠢᠭᠤᠯᠤᠯᠲᠠ ᠶᠢᠨ ᠠᠵᠢᠯ ᠵᠢᠴᠢ ᠰᠠᠶᠢᠨ ᠳᠤᠷ᠎ᠠ ᠶᠢᠨ ᠦᠶᠯᠡᠴᠢᠯᠡᠭᠡᠨ ᠤ ᠠᠵᠢᠯ ᠪᠠ ᠨᠡᠶᠢᠭᠡᠮ ᠤᠨ ᠠᠵᠢᠯ ᠤᠨ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠶᠢᠨ ᠬᠢᠷᠢ ᠲᠦᠪᠰᠢᠨ ᠢ ᠪᠥᠬᠦ ᠲᠠᠯ᠎ᠠ  ᠪᠠᠷ ᠳᠡᠭᠡᠭᠰᠢᠯᠡᠭᠦᠯᠬᠦ ᠡᠨᠡᠬᠦ ︿︿ᠲᠠᠪᠤᠨ ᠵᠦᠶᠯ ᠤᠨ ᠭᠤᠤᠯᠳᠠᠯᠭ᠎ᠠ ᠲᠠᠢ ᠡᠭᠦᠷᠭᠡ﹀﹀ ᠶᠢᠨ ᠳᠤᠮᠳᠠ ᠰᠢᠨ᠎ᠡ ᠠᠰᠠᠭᠤᠳᠠᠯ  ᠢ ᠰᠢᠶᠳᠪᠦᠷᠢᠯᠡᠵᠦ᠂ ᠰᠢᠨ᠎ᠡ ᠰᠢᠯᠭᠠᠯᠲᠠ ᠶᠢ ᠠᠷᠭᠠᠴᠠᠭᠠᠨ᠂ ᠰᠢᠨ᠎ᠡ ᠰᠡᠳᠦᠪ ᠢ ᠶᠠᠷᠢᠵᠤ᠂ ᠰᠢᠨ᠎ᠡ ᠱᠠᠭᠠᠷᠳᠠᠯᠭ᠎ᠠ ᠳᠤ ᠬᠦᠷᠭᠡᠬᠦ ᠪᠣᠯᠣᠨ᠎ᠠ᠃      ᠲᠠᠷᠠᠭᠠᠴᠢ ᠶᠢᠨ ᠠᠵᠢᠯ ᠤᠨ ᠳᠤᠮᠳᠠ᠂ ᠬᠤᠰᠢᠭᠤ ᠨᠠᠮ ᠤᠨ ᠬᠤᠷᠢᠶᠠᠨ ᠤ ᠨᠡᠶᠢᠭᠡᠮ ᠤᠨ ᠠᠵᠢᠯ ᠤᠨ ᠬᠡᠯᠲᠡᠰ  ᠨᠢ ︿︿ᠭᠤᠷᠪᠠᠨ ᠦᠶᠯᠡᠳᠦᠯ﹀﹀ ᠢ ᠭᠦᠶᠴᠡᠳ ᠪᠠᠳᠠᠷᠠᠭᠤᠯᠬᠤ ᠪᠤᠯᠤᠨ᠎ᠠ᠃      ᠨᠢᠭᠡ ᠳᠤ᠂ ᠨᠠᠮ ᠤᠨ ᠬᠤᠷᠢᠶᠠᠨ ᠤ ᠡᠭᠦᠷᠭᠡ ᠴᠢᠳᠠᠪᠬᠢᠲᠦ ᠰᠠᠯᠠᠭ᠎ᠠ ᠮᠥᠴᠢᠷ ᠤᠨ ᠦᠢᠯᠡᠳᠦᠯ ᠢ ᠰᠠᠶᠢᠲᠤᠷ ᠪᠠᠳᠠᠷᠠᠭᠤᠯᠤᠨ᠎ᠠ᠃ ᠨᠠᠮ ᠤᠨ ᠨᠡᠶᠢᠭᠡᠮ ᠤᠨ ᠠᠵᠢᠯ ᠳᠠᠬᠢ ᠪᠦᠬᠦ ᠲᠠᠯ᠎ᠠ ᠶᠢᠨ ᠤᠳᠤᠷᠢᠳᠤᠯᠭ᠎ᠠ ᠶᠢ ᠴᠢᠩᠭᠠᠳᠬᠠᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠨᠡᠶᠢᠭᠡᠮ ᠤᠨ ᠠᠵᠢᠯ ᠤᠨ ᠥᠨᠳᠥᠷ ᠪᠦᠲᠦᠮᠵᠢᠲᠡᠢ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ ᠶᠢ ᠠᠬᠢᠭᠤᠯᠵᠤ᠂ ᠨᠡᠶᠢᠭᠡᠮ ᠤᠨ ᠬᠦᠴᠦᠨ ᠢ ᠪᠦᠲᠦᠮᠵᠢᠲᠡᠢ ᠨᠡᠶᠢᠳᠬᠡᠵᠦ᠂ ᠨᠠᠮ  ᠤᠨ ᠪᠠᠶᠢᠭᠤᠯᠤᠯᠲᠠ ᠪᠠᠷ ᠦᠨᠳᠦᠰᠦᠨ ᠱᠠᠲᠤᠨ ᠤ ᠵᠠᠰᠠᠯᠲᠠ ᠶᠢ ᠬᠦᠳᠦᠯᠦᠨ ᠳᠠᠭᠠᠭᠤᠯᠬᠤ ᠴᠢᠳᠠᠪᠤᠷᠢ ᠶᠢᠨ ᠲᠦᠪᠰᠢᠨ ᠢ ᠳᠡᠭᠡᠭᠰᠢᠯᠡᠭᠦᠯᠦᠨ᠎ᠡ᠃      ᠬᠤᠶᠠᠷ ᠲᠤ᠂ ᠵᠢᠯᠣᠭᠤᠳᠬᠤ ᠦᠢᠯᠡᠳᠦᠯ ᠢᠶᠠᠨ ᠰᠠᠶᠢᠲᠤᠷ ᠪᠠᠳᠠᠷᠠᠭᠤᠯᠤᠨ᠎ᠠ᠃ ︿︿ᠬᠤᠶᠠᠷ ᠠᠵᠤ ᠠᠬᠤᠶᠢᠯᠠᠯ ᠭᠤᠷᠪᠠᠨ ᠰᠢᠨ᠎ᠡ﹀﹀᠂ ᠠᠵᠢᠯ ᠲᠥᠷᠥᠯ ᠤᠨ ᠨᠡᠶᠢᠭᠡᠮᠯᠢᠭ ᠬᠤᠳᠠᠯᠳᠤᠭᠠᠴᠢᠳ ᠤᠨ ᠡᠪᠯᠡᠯ ᠤᠨ ᠨᠠᠮ ᠤᠨ ᠪᠠᠶᠢᠭᠤᠯᠤᠯᠲᠠ  ᠶᠢᠨ ᠵᠢᠯᠣᠭᠤᠳᠣᠯᠭ᠎ᠠ ᠶᠢ ᠴᠢᠩᠭᠠᠳᠬᠠᠵᠤ᠂ ᠰᠤᠮᠤ ᠪᠠᠯᠭᠠᠰᠤ᠂ ᠭᠠᠴᠠᠭ᠎ᠠ ︵ᠨᠡᠶᠢᠭᠡᠮ ᠲᠣᠭᠤᠷᠢᠭ︶ ᠶᠢᠨ ᠦᠨᠳᠦᠰᠦᠨ ᠱᠠᠲᠤᠨ ᠤ ᠵᠠᠰᠠᠯᠲᠠ ᠶᠢᠨ ᠴᠢᠳᠠᠪᠤᠷᠢ ᠶᠢ ᠳᠡᠭᠡᠭᠰᠢᠯᠡᠭᠦᠯᠦᠨ᠂ ᠦᠨᠳᠦᠰᠦᠨ ᠱᠠᠲᠤᠨ ᠤ ᠵᠠᠰᠠᠯᠲᠠ ᠶᠢᠨ ᠠᠷᠭ᠎ᠠ ᠮᠠᠶ᠋ᠢᠭ ᠤᠨ ᠰᠢᠨ᠎ᠡ ᠶᠢ ᠡᠭᠦᠳᠬᠦ ᠶᠢ ᠵᠢᠯᠤᠭᠤᠳᠤᠨ᠂ ᠡᠯ᠎ᠡ ᠲᠥᠷᠥᠯ ᠤᠨ ᠬᠦᠴᠢᠷᠳᠡᠯᠲᠡᠶ ᠬᠥᠮᠦᠰ᠂ ᠣᠨᠴᠠᠭᠠᠢ ᠬᠥᠮᠦᠰ ᠪᠠ ᠬᠦᠰᠡᠯ ᠱᠠᠭᠠᠷᠳᠠᠯᠭ᠎ᠠ ᠲᠠᠢ ᠣᠯᠠᠨ ᠲᠦᠮᠡᠨ ᠳᠤ ᠦᠨᠡᠨᠬᠦ ᠲᠤᠰᠬᠠᠶᠢᠵᠢᠭᠰᠠᠨ ᠦᠢᠯᠡᠴᠢᠯᠡᠭᠡ ᠬᠠᠩᠭᠠᠨ᠎ᠠ᠃      ᠭᠤᠷᠪᠠ ᠳᠤ᠂ ᠦᠨᠳᠦᠰᠦᠨ ᠱᠠᠳᠤ ᠲᠠᠢ ᠬᠠᠷᠢᠯᠴᠠᠬᠤ ᠦᠢᠯᠡᠳᠦᠯ ᠢ ᠰᠠᠶᠢᠲᠤᠷ ᠪᠠᠳᠠᠷᠠᠭᠤᠯᠤᠨ᠎ᠠ᠃ ᠣᠯᠠᠨ ᠲᠦᠮᠡᠨ᠂ ᠦᠨᠳᠦᠰᠦᠨ ᠱᠠᠲᠤ ᠲᠠᠢ ᠪᠠᠶᠢᠩᠭᠤ ᠬᠤᠯᠪᠤᠭ᠎ᠠ ᠲᠠᠢ ᠪᠠᠶᠢᠵᠤ᠂ ᠭᠠᠴᠠᠭ᠎ᠠ ︵ᠨᠡᠶᠢᠭᠡᠮ ᠲᠣᠭᠤᠷᠢᠭ︶ ᠶᠢᠨ ᠬᠠᠮᠤᠭ ᠤᠨ ᠰᠢᠨ᠎ᠡ ᠪᠠᠶᠢᠳᠠᠯ ᠢ ᠦᠨᠡᠨ ᠬᠦ ᠡᠵᠡᠮᠰᠢᠵᠦ᠂ ᠡᠮᠦᠨ᠎ᠡ ᠹᠷᠣᠨᠲ ᠤᠨ ᠠᠵᠢᠯ ᠲᠥᠷᠥᠯ ᠤᠨ ᠬᠠᠮᠲᠤᠯᠢᠭ  ᠤᠨ ᠬᠦᠰᠡᠯ ᠱᠠᠭᠠᠷᠳᠠᠯᠭ᠎ᠠ ᠶᠢ ᠦᠨᠡᠨ ᠰᠡᠳᠬᠢᠯ ᠠᠴᠠ ᠪᠠᠨ ᠰᠣᠨᠣᠰᠴᠤ᠂ ᠠᠷᠠᠳ ᠣᠯᠠᠨ ᠤ ᠬᠠᠮᠤᠭ ᠤᠨ ᠪᠣᠷᠣᠭᠵᠢᠭᠤᠨ ᠬᠦᠰᠡᠯ ᠡᠷᠡᠮᠡᠯᠵᠡᠯ ᠢ ᠦᠨᠡᠨ ᠬᠦ ᠲᠤᠰᠬᠠᠵᠤ᠂ ᠠᠷᠠᠳ ᠲᠦᠮᠡᠨ ᠳᠤ ᠦᠶᠯᠡᠴᠢᠯᠡᠬᠦ ᠪᠣᠳᠠᠲᠤ ᠦᠷ᠎ᠡ ᠪᠦᠲᠦᠮᠵᠢ ᠪᠠᠷ ᠣᠯᠠᠨ ᠲᠦᠮᠡᠨ ᠤ ᠵᠢᠷᠭᠠᠯᠲᠤ ᠲᠥᠷᠥᠭᠳᠡᠯ ᠪᠠ ᠬᠠᠨᠤᠮᠵᠢ ᠶᠢᠨ ᠬᠡᠮᠵᠢᠶ᠎ᠡ ᠶᠢ ᠳᠡᠭᠡᠭᠰᠢᠯᠡᠭᠦᠯᠦᠨ᠎ᠡ᠃
 
ᠢᠷᠡᠯᠲᠡ᠄ ᠵᠡᠬᠦᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号