ᠵᠡᠭᠦᠨ ᠦᠵᠦᠮᠦᠴᠢᠨ ᠬᠤᠰᠢᠭᠤᠨ ᠤ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠬᠠᠤᠯᠢᠵᠢᠯ ᠢ ᠪᠥᠬᠦ ᠲᠠᠯ᠎ᠠ ᠎ ᠪᠠᠷ  ᠠᠬᠢᠭᠤᠯᠬᠤ  ᠪᠠ  ︽  ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠲᠦᠷᠢᠮ ︾᠎ ᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠲᠤᠰᠬᠠᠶ ᠰᠢᠮᠳᠠᠭᠤᠯᠤᠨ ᠵᠢᠯᠣᠭᠤᠳᠬᠤ ᠳᠤᠭᠤᠶᠢᠯᠠᠩ ᠨᠢ ᠬᠠᠳᠠᠪᠴᠢ ᠪᠠᠯᠭᠠᠰᠤᠨ ᠳᠤ ᠭᠦᠨᠵᠡᠭᠡᠶᠢᠷᠡᠨ ᠵᠢᠭᠠᠨ ᠵᠢᠯᠤᠭᠤᠳᠪᠠ
ᠨᠡᠶᠢᠲᠡᠯᠡᠭᠰᠡᠨ ᠴᠠᠭ᠄
2024/11/4
     10 ᠰᠠᠷ᠎ᠠ ᠶᠢᠨ 9᠎ ᠤ ᠡᠳᠦᠷ᠂ ᠬᠤᠰᠢᠭᠤ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠬᠠᠤᠯᠢᠵᠢᠯ ᠢ ᠪᠥᠬᠦ ᠲᠠᠯ᠎ᠠ ᠪᠠᠷ ᠠᠬᠢᠭᠤᠯᠬᠤ ᠪᠠ ︽ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠲᠦᠷᠢᠮ︾᠎ ᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠲᠤᠰᠬᠠᠶ ᠰᠢᠮᠳᠠᠭᠤᠯᠤᠨ ᠵᠢᠯᠣᠭᠤᠳᠬᠤ ᠳᠤᠭᠤᠶᠢᠯᠠᠩ ᠤᠨ ᠬᠢᠨ ᠬᠠᠳᠠᠪᠴᠢ ᠪᠠᠯᠭᠠᠰᠤᠨ ᠳᠤ ᠭᠦᠨᠵᠡᠭᠡᠶᠢᠷᠡᠨ ᠵᠠᠬᠢᠳᠠᠯ ᠰᠤᠷᠪᠤᠯᠵᠢᠯᠠᠭ᠎ᠠ ᠶᠢᠨ ᠬᠠᠤᠯᠢᠵᠢᠯᠳᠠ ᠶᠢᠨ ᠠᠵᠢᠯ ᠢ ᠥᠷᠨᠢᠭᠦᠯᠵᠦ ᠪᠠᠶᠢᠭ᠎ᠠ ᠪᠠᠶᠢᠳᠠᠯ ᠢ ᠵᠢᠯᠣᠭᠤᠳᠴᠤ᠂ ᠪᠠᠯᠭᠠᠰᠤᠨ ᠤ ᠬᠠᠮᠢᠶ᠎ᠠ ᠪᠥᠬᠦᠶ ᠬᠠᠷᠢᠭᠤᠴᠠᠯᠭᠠᠲᠠᠨ᠂ ᠲᠣᠮᠢᠯᠠᠭᠰᠠᠨ ᠰᠠᠯᠪᠤᠷᠢ᠂ ᠬᠠᠤᠯᠢ ᠴᠠᠭᠠᠵᠠ ᠰᠠᠯᠪᠤᠷᠢ ᠵᠡᠷᠭᠡ ᠵᠠᠬᠢᠲᠠᠯ ᠰᠣᠷᠪᠤᠯᠵᠢᠯᠠᠯ ᠤᠨ ᠠᠵᠢᠯ ᠤᠨ ᠬᠠᠮᠲᠤᠷᠠᠭᠰᠠᠨ ᠬᠤᠷᠠᠯ ᠤᠨ ᠭᠡᠰᠢᠭᠦᠨ ᠨᠢᠭᠡᠴᠡ ᠶᠢᠨ ᠬᠠᠮᠢᠶ᠎ᠠ ᠪᠦᠬᠦᠢ ᠬᠦᠮᠦᠰ ᠣᠷᠣᠯᠴᠠᠪᠠ᠃      ᠵᠢᠯᠣᠭᠤᠳᠬᠤ ᠳᠤᠭᠤᠶᠢᠯᠠᠩ ᠨᠢ ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠬᠠᠤᠯᠢᠵᠢᠯ ᠤᠨ ᠲᠤᠬᠠᠶ ᠬᠠᠮᠢᠶ᠎ᠠ ᠪᠥᠬᠦᠶ ᠱᠠᠭᠠᠷᠳᠠᠯᠭ᠎ᠠ ᠶᠢ ᠤᠯᠠᠮᠵᠢᠯᠠᠬᠤ ᠶᠢᠨ ᠬᠠᠮᠲᠤ ᠬᠠᠳᠠᠪᠴᠢ ᠪᠠᠯᠭᠠᠰᠤᠨ ᠤ ︽ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠲᠦᠷᠢᠮ︾᠎ ᠢ ᠲᠤᠭᠤᠰᠢᠯᠠᠭᠤᠯᠤᠨ ᠨᠠᠶᠢᠳᠠᠪᠤᠷᠢᠵᠢᠭᠤᠯᠤᠭᠰᠠᠨ ᠪᠠᠶᠢᠳᠠᠯ ᠵᠢᠴᠢ ᠵᠠᠬᠢᠳᠠᠯ ᠰᠤᠷᠪᠤᠯᠵᠢᠯᠠᠭ᠎ᠠ ᠶᠢᠨ ᠬᠠᠤᠯᠢᠵᠢᠯᠳᠠ ᠶᠢᠨ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠬᠠᠮᠢᠶ᠎ᠠ ᠪᠥᠬᠦᠶ ᠲᠠᠩᠰᠠ ᠡᠪᠬᠡᠮᠡᠯ ᠢ ᠪᠠᠶᠢᠴᠠᠭᠠᠨ ᠦᠵᠡᠵᠦ᠂ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠬᠠᠤᠯᠢᠵᠢᠯ ᠢ ᠠᠬᠢᠭᠤᠯᠤᠭᠰᠠᠨ ᠪᠠᠶᠢᠳᠠᠯ ᠵᠢᠴᠢ ᠣᠷᠣᠰᠢᠵᠤ ᠪᠠᠶᠢᠭ᠎ᠠ ᠠᠰᠠᠭᠤᠳᠠᠯ ᠢ ᠨᠠᠷᠢᠨ ᠣᠶᠢᠯᠠᠭᠠᠪᠠ᠃      ᠵᠢᠯᠣᠭᠤᠳᠬᠤ ᠳᠤᠭᠤᠶᠢᠯᠠᠩ ᠠᠴᠠ ᠴᠢᠬᠤᠯᠠᠴᠢᠯᠠᠭᠰᠠᠨ ᠨᠢ᠂ ᠨᠢᠭᠡ ᠳᠤ᠂ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠬᠠᠤᠯᠢᠵᠢᠯ ᠢ ᠪᠦᠬᠦ ᠲᠠᠯ᠎ᠠ ᠪᠠᠷ ᠠᠬᠢᠭᠤᠯᠬᠤ ᠱᠠᠭᠠᠷᠳᠠᠯᠭ᠎ᠠ ᠶᠢ ᠭᠦᠨᠵᠡᠭᠡᠢ ᠨᠠᠶᠢᠳᠠᠪᠤᠷᠢᠵᠢᠭᠤᠯᠵᠤ᠂ ᠬᠠᠤᠯᠢ ᠶᠣᠰᠣᠭᠠᠷ ᠰᠢᠢᠳᠪᠦᠷᠢᠯᠡᠬᠦ ᠪᠠ ᠤᠯᠠᠨ ᠲᠦᠮᠡᠨ ᠬᠠᠨᠤᠮᠵᠢᠲᠠᠢ ᠪᠠᠶᠢᠬᠤ ᠶᠢ ᠴᠢᠷᠮᠠᠶᠢᠨ ᠪᠡᠶᠡᠯᠡᠭᠦᠯᠬᠦ ᠬᠡᠷᠡᠭᠲᠡᠢ︔ ᠬᠤᠶᠠᠷ ᠲᠤ᠂ ᠵᠠᠬᠢᠳᠠᠯ ᠰᠤᠷᠪᠤᠯᠵᠢᠯᠠᠭ᠎ᠠ ᠶᠢ ᠣᠷᠣᠯᠠᠨ ᠭᠦᠢᠴᠡᠳᠬᠡᠬᠦ APP᠎ ᠶᠢ ᠪᠦᠬᠦ ᠲᠠᠯ᠎ᠠ ᠪᠠᠷ ᠳᠡᠯᠭᠡᠷᠡᠭᠦᠯᠦᠨ ᠬᠡᠷᠡᠭᠯᠡᠵᠦ᠂ ᠤᠯᠠᠨ ᠲᠦᠮᠡᠨ ᠤ ᠬᠦᠰᠡᠯ ᠱᠠᠭᠠᠷᠳᠠᠯᠭ᠎ᠠ ᠨᠢᠭᠡᠪᠦᠷᠢ ᠶᠢ ᠬᠠᠤᠯᠢ ᠶᠣᠰᠣᠭᠠᠷ᠂ ᠴᠠᠭ ᠲᠤᠬᠠᠢ ᠲᠤᠨᠢ ᠰᠢᠢᠳᠪᠦᠷᠢᠯᠡᠬᠦ ᠶᠢ ᠪᠠᠲᠤᠯᠠᠬᠤ ᠬᠡᠷᠡᠭᠲᠡᠢ︔ ᠭᠤᠷᠪᠠ ᠳᠤ᠂ ᠪᠣᠳᠠᠲᠤ ᠪᠠᠶᠢᠳᠠᠯ ᠲᠠᠢ ᠤᠶᠠᠯᠳᠤᠭᠤᠯᠵᠤ᠂ ᠬᠢᠯᠢ ᠬᠢᠵᠠᠭᠠᠷ ᠤᠷᠤᠨ ᠤ ᠡᠯ᠎ᠡ ᠰᠠᠯᠠᠭ᠎ᠠ ᠮᠥᠴᠢᠷ ᠤᠨ ᠬᠤᠯᠪᠣᠭᠠᠯᠠᠨ ᠬᠥᠳᠡᠯᠦᠯᠴᠡᠬᠦ ᠶᠢ ᠴᠢᠩᠭᠠᠳᠬᠠᠵᠤ᠂ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠪᠦᠬᠦ ᠨᠡᠶᠢᠭᠡᠮ ᠤᠨ ᠲᠣᠭᠲᠠᠭᠤᠨ ᠪᠠᠶᠢᠬᠤ ᠶᠢ ᠪᠠᠲᠤᠯᠠᠬᠤ ᠬᠡᠷᠡᠭᠲᠡᠢ᠃ ᠲᠦᠷᠪᠡ ᠳᠤ᠂ ︽ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠲᠦᠷᠢᠮ︾ ᠪᠣᠯᠤᠨ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠬᠠᠤᠯᠢᠵᠢᠯ ᠤᠨ ᠤᠬᠠᠭᠤᠯᠭ᠎ᠠ ᠶᠢᠨ ᠠᠵᠢᠯ ᠢ ᠴᠢᠩᠭᠠᠳᠬᠠᠵᠤ᠂ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠬᠠᠤᠯᠢᠵᠢᠯ ᠤᠨ ᠬᠥᠮᠦᠵᠢᠯ ᠪᠣᠯᠪᠠᠰᠤᠷᠠᠯ ᠢ ᠥᠷᠨᠢᠭᠦᠯᠵᠦ᠂ ᠺᠠᠳ᠋ᠷ ᠠᠵᠢᠯᠲᠠᠳ ᠤᠨ ᠬᠠᠤᠯᠢᠵᠢᠯ ᠤᠨ ᠰᠡᠳᠬᠢᠬᠦᠶ᠂ ᠬᠠᠤᠯᠢᠵᠢᠯ ᠤᠨ ᠬᠡᠪ ᠪᠣᠯᠪᠠᠰᠤᠷᠠᠯ ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠬᠠᠤᠯᠢᠵᠢᠯ ᠤᠨ ᠠᠭᠤᠷ ᠠᠮᠢᠰᠬᠤᠯ ᠢ ᠪᠤᠢ ᠪᠣᠯᠭᠠᠬᠤ ᠬᠡᠷᠡᠭᠲᠡᠶ᠃
 
ᠢᠷᠡᠯᠲᠡ᠄ ᠬᠠᠳᠠᠪᠴᠢ ᠪᠠᠯᠭᠠᠰᠣ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号