ᠵᠡᠭᠦᠨ ᠦᠵᠦᠮᠦᠴᠢᠨ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠬᠦᠷᠢᠶᠡᠲᠦᠨᠠᠭᠤᠷ ᠰᠣᠮᠣᠨ ᠳᠤ ᠭᠦᠨᠵᠡᠭᠡᠶᠢᠷᠡᠨ ︽ᠲᠥᠯᠥᠭᠡᠯᠡᠭᠴᠢ ᠶᠢᠨ ᠭᠡᠰᠢᠭᠦᠨ ᠤ ᠬᠡᠷ︾ ᠪᠠ ︽ᠠᠷᠠᠳ ᠤᠨ ᠲᠥᠯᠥᠭᠡᠯᠡᠭᠴᠢᠳ ᠤᠨ ᠠᠵᠢᠯᠯᠠᠬᠤ ᠥᠷᠦᠭᠡ︾ ᠤᠨ ᠪᠥᠲᠥᠭᠡᠨ ᠪᠠᠶᠢᠭᠤᠯᠤᠯᠲᠠ ᠶᠢᠨ ᠠᠵᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2024/11/4
      10 ᠰᠠᠷ᠎ᠠ ᠶᠢᠨ 28 ᠤ ᠡᠳᠦᠷ᠂ ᠵᠡᠭᠦᠨ ᠦᠵᠦᠮᠦᠴᠢᠨ ᠬᠤᠰᠢᠭᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶ᠎ᠠ ᠶᠢᠨ ᠨᠠᠮ ᠤᠨ ᠤᠳᠤᠷᠢᠳᠬᠤ ᠲᠤᠭᠤᠢᠢᠯᠠᠩ ᠤᠨ ᠭᠡᠰᠢᠭᠦᠨ ᠲᠡᠳ᠋ ᠡᠷᠬᠢᠯᠡᠭᠴᠢ ᠰᠠᠷᠠᠨᠰᠦ᠋ᠭᠡ ᠨᠠᠷ ᠭᠦᠷᠢᠶᠡᠳᠦᠨᠠᠭᠤᠷ ᠰᠤᠮᠤᠨ ᠳᠤ ᠭᠦᠨᠵᠡᠭᠡᠶᠢᠷᠡᠨ ︽ᠲᠦᠯᠦᠭᠡᠯᠡᠭᠴᠢ ᠭᠡᠰᠢᠭᠦᠨ ᠤ ᠭᠡᠷ︾ ᠤᠨ ᠲᠦᠷᠢᠮᠵᠢᠭᠰᠡᠨ ᠪᠠᠶᠢᠭᠤᠯᠤᠯᠳᠠ ᠶᠢᠨ ᠪᠠᠶᠢᠳᠠᠯ ᠢ ᠪᠠᠶᠢᠴᠠᠭᠠᠨ ᠰᠤᠳᠤᠯᠬᠤ ᠶᠢᠨ ᠬᠠᠮᠳᠤ ᠬᠠᠮᠢᠶ᠎ᠠ ᠪᠦᠭᠦᠢ ᠬᠠᠷᠢᠭᠤ ᠮᠡᠳᠡᠭᠦᠯᠦᠯᠳᠡ ᠶᠢ ᠰᠤᠨᠤᠰᠪᠠ᠃ ᠡᠨᠡ ᠬᠤᠭᠤᠴᠠᠭᠠᠨ ᠳᠤ ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠬᠦᠷᠢᠶᠡᠳᠦᠨᠠᠭᠤᠷ ᠰᠤᠮᠤᠨ ᠤ 2024 ᠣᠨ ᠤ ᠠᠷᠠᠳ ᠤᠨ ᠠᠮᠢᠳᠤᠷᠠᠯ ᠤᠨ ᠪᠣᠳᠠᠲᠤ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠪᠠᠶᠢᠳᠠᠯ ᠢ ᠲᠤᠬᠠᠶ ᠶᠢᠨ ᠭᠠᠵᠠᠷ ᠲᠤ ᠨᠢ ᠪᠠᠶᠢᠴᠠᠭᠠᠨ ᠰᠤᠳᠤᠯᠪᠠ᠃ ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠬᠦᠷᠢᠶᠠᠳᠤᠨᠠᠭᠤᠷ ᠰᠣᠮᠣᠨ ᠤ ︽ᠲᠥᠯᠥᠭᠡᠯᠡᠭᠴᠢ ᠭᠡᠰᠢᠭᠦᠳ ᠤᠨ ᠭᠡᠷ︾ ᠵᠢᠴᠢ ︽ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠠᠵᠢᠯᠯᠠᠬᠤ ᠥᠷᠦᠭᠡ︾ ᠶᠢ ᠪᠠᠶᠢᠭᠤᠯᠬᠤ ᠳᠤᠮᠳᠠ ᠬᠢᠭᠰᠡᠨ ᠠᠵᠢᠯ ᠢ ᠭᠦᠢᠴᠡᠳ ᠨᠤᠲᠠᠯᠠᠵᠤ᠂ ᠡᠭᠦᠨ ᠤ ᠬᠠᠮᠲᠤ ︽ᠲᠥᠯᠥᠭᠡᠯᠡᠭᠴᠢ ᠭᠡᠰᠢᠭᠦᠳ ᠤᠨ ᠬᠡᠷ︾ ᠵᠢᠴᠢ ︽ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠠᠵᠢᠯᠯᠠᠬᠤ ᠥᠷᠦᠭᠡ︾ ᠪᠣᠯ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠲᠥᠪᠯᠡᠷᠡᠭᠦᠯᠦᠨ ᠰᠤᠷᠤᠯᠴᠠᠬᠤ᠂ ᠠᠷᠠᠳ ᠲᠦᠮᠡᠨ ᠢ ᠭᠥᠯᠢᠶᠡᠨ ᠠᠪᠴᠤ ᠬᠠᠷᠢᠯᠴᠠᠬᠤ᠂ ᠵᠠᠰᠠᠭ ᠤᠨ ᠣᠷᠳᠣᠨ ᠤ ᠠᠵᠢᠯ ᠢ ᠪᠠᠶᠢᠴᠠᠭᠠᠨ ᠰᠢᠨᠵᠢᠯᠡᠬᠦ᠂ ᠠᠷᠠᠳ ᠤᠨ ᠲᠥᠯᠦᠭᠡᠯᠡᠭᠴᠢ ᠠᠴᠠ ᠰᠣᠩᠭᠤᠭᠤᠯᠢ ᠶᠢᠨ ᠠᠷᠠᠳ ᠲᠤ ᠲᠤᠰᠢᠶᠠᠯ ᠲᠣᠭᠠᠴᠢᠯᠲᠠ ᠬᠢᠵᠦ ᠰᠣᠩᠭᠤᠭᠤᠯᠢ ᠶᠢᠨ ᠠᠷᠠᠳ ᠤᠨ ᠦᠨᠡᠯᠡᠯᠲᠡ ᠶᠢ ᠬᠦᠯᠢᠶᠡᠬᠦ ᠠᠷᠠᠳ ᠤᠨ ᠲᠥᠯᠥᠭᠡᠯᠡᠭᠴᠢ ᠶᠢᠨ ᠣᠯᠠᠨ ᠲᠦᠮᠡᠨ ᠲᠠᠢ ᠬᠠᠷᠢᠯᠴᠠᠵᠤ ᠣᠯᠠᠨ ᠲᠦᠮᠡᠨ ᠳᠤ ᠦᠢᠯᠡᠴᠢᠯᠡᠬᠦ ᠪᠦᠲᠦᠮᠵᠢᠲᠡᠶ ᠲᠠᠪᠴᠠᠩ ᠪᠠ ᠴᠢᠬᠤᠯᠠ ᠲᠠᠯᠠᠪᠤᠷ ᠮᠥᠨ᠃      ᠰᠤᠮᠤᠨ ᠤ ᠠᠷᠠᠳ ᠤᠨ ᠶᠡᠭᠡ ᠬᠤᠷᠠᠯ ᠨᠢ ᠨᠠᠮ ᠪᠠ ᠣᠯᠠᠨ ᠲᠦᠮᠡᠨ ᠤ ︽ᠰᠡᠳᠬᠢᠯ ᠢ ᠬᠤᠯᠪᠤᠬᠤ ᠬᠥᠭᠦᠷᠭᠡ︾ ᠶᠢ ᠯᠠᠪᠳᠠᠭᠤᠨ ᠪᠠᠲᠤᠲᠠᠢ ᠴᠣᠭᠴᠠᠯᠠᠵᠤ ᠠᠷᠠᠳ ᠤᠨ ᠰᠠᠨᠠᠭ᠎ᠠ ᠶᠢ ᠰᠢᠭᠤᠳ ᠳᠠᠮᠵᠢᠭᠤᠯᠤᠨ ᠣᠯᠠᠨ ᠲᠦᠮᠡᠨ ᠤ         ︽ᠣᠷᠣᠯᠠᠨ ᠥᠭᠦᠯᠡᠭᠴᠢ︾ ᠪᠣᠯᠬᠤ ᠬᠡᠷᠡᠭᠲᠡᠶ᠃ ᠵᠢᠷᠤᠮᠵᠢᠭᠰᠠᠨ ᠪᠦᠲᠦᠭᠡᠨ ᠪᠠᠶᠢᠭᠤᠯᠤᠯᠲᠠ ᠶᠢᠨ ᠠᠵᠢᠯ ᠢ ᠴᠢᠨᠠᠷ ᠰᠠᠶᠢᠲᠠᠶ᠂ ᠥᠨᠳᠥᠷ ᠪᠠᠷᠢᠮᠵᠢᠶ᠎ᠠ ᠪᠠᠷ ᠪᠡᠶᠡᠯᠡᠭᠦᠯᠬᠦ ᠶᠢᠨ ᠬᠠᠮᠲᠤ᠂ ︽ᠭᠡᠷ︾᠂ ︽ᠥᠷᠦᠭᠡ︾ ᠤᠨ ᠵᠢᠭᠰᠠᠭᠠᠯ ᠤᠨ ᠭᠠᠵᠠᠷ ᠤᠨ ᠦᠢᠯᠡᠳᠦᠯ᠂ ᠲᠠᠪᠴᠠᠩ ᠤᠨ ᠦᠢᠯᠡᠳᠦᠯ᠂ ᠠᠴᠢᠶᠠᠯᠠᠪᠤᠷᠢ ᠶᠢᠨ ᠦᠢᠯᠡᠳᠦᠯ ᠪᠠ ᠴᠣᠩᠬᠤ ᠶᠢᠨ ᠦᠢᠯᠡᠳᠦᠯ ᠢ ᠨᠡᠩ ᠭᠦᠢᠴᠡᠳ ᠪᠠᠳᠠᠷᠠᠭᠤᠯᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠢ ᠵᠣᠬᠢᠶᠠᠨ ᠪᠠᠶᠢᠭᠤᠯᠵᠤ᠂ ᠠᠵᠢᠯᠯᠠᠭ᠎ᠠ ᠶᠢ ᠥᠷᠨᠢᠭᠦᠯᠦᠨ᠂ ᠲᠦᠷᠢ ᠲᠥᠷᠬᠦ ᠶᠢ ᠢᠯᠡᠷᠡᠭᠦᠯᠵᠦ᠂ ᠬᠠᠷᠢᠶ᠎ᠠ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠤᠨ ︽ᠭᠡᠷ︾ ᠲᠤ ᠪᠠᠨ ᠬᠠᠷᠢᠵᠤ ᠲᠤᠰᠢᠶᠠᠯ ᠬᠠᠷᠢᠭᠤᠴᠠᠯᠭ᠎ᠠ ᠪᠠᠨ ᠨᠡᠩ ᠰᠠᠶᠢᠨ ᠭᠦᠢᠴᠡᠳᠬᠡᠵᠦ᠂ ︽ᠭᠡᠷ︾ ᠲᠤ ᠪᠠᠨ ᠤᠴᠢᠷ ᠶᠠᠪᠤᠳᠠᠯ ᠪᠦᠲᠦᠭᠡᠬᠦ ᠶᠢ ᠦᠨᠡᠨ ᠬᠦ ᠪᠠᠲᠤᠯᠠᠬᠤ ᠬᠡᠷᠡᠭᠲᠡᠶ᠃      ᠦᠨᠳᠦᠰᠦᠨ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠨᠢᠭᠲᠠᠷᠠᠯ ᠤᠨ ᠬᠦᠴᠦᠨ ᠪᠠ ᠬᠠᠷᠢᠶᠠᠯᠠᠭᠳᠠᠬᠤ ᠰᠡᠳᠬᠢᠯᠭᠡ ᠶᠢ ᠲᠠᠰᠤᠷᠠᠯᠲᠠ ᠦᠭᠡᠢ ᠴᠢᠩᠭᠠᠳᠬᠠᠵᠤ᠂ ᠦᠨᠳᠦᠰᠦᠨ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠴᠢᠳᠠᠪᠤᠷᠢ ᠶᠢ ᠳᠡᠭᠡᠭᠰᠢᠯᠡᠭᠦᠯᠵᠦ᠂ ᠤᠯᠠᠨ ᠲᠦᠮᠡᠨ ᠢ ᠬᠡᠯᠡᠬᠦ ᠦᠭᠡ ᠲᠠᠢ ᠪᠣᠯ ᠲᠥᠯᠥᠭᠡᠯᠡᠭᠴᠢᠳ ᠲᠤ ᠬᠡᠯᠡᠬᠦ ᠳᠤᠷᠠᠲᠠᠢ᠂ ᠠᠰᠠᠭᠤᠳᠠᠯ ᠲᠠᠢ ᠪᠣᠯ ᠲᠥᠯᠥᠭᠡᠯᠡᠭᠴᠢ ᠶᠢ ᠡᠷᠢᠵᠦ ᠳᠣᠰᠬᠠᠬᠤ ᠳᠤᠷᠠᠲᠠᠢ ᠪᠣᠯᠭᠠᠵᠤ᠂ ︽ᠭᠡᠷ︾᠂ ︽ᠥᠷᠦᠭᠡ︾ ᠶᠢ ᠠᠰᠢᠭᠯᠠᠨ ᠲᠥᠯᠥᠭᠡᠯᠡᠭᠴᠢ ᠪᠠ ᠤᠯᠠᠨ ᠲᠦᠮᠡᠨ ᠤ ᠬᠤᠭᠤᠷᠣᠨᠳᠣᠬᠢ ᠰᠡᠳᠬᠢᠯ ᠢ ᠬᠤᠯᠪᠤᠭᠠᠰᠤ ᠬᠦᠬᠦᠷᠭᠡ ᠶᠢ ᠪᠤᠰᠬᠠᠨ᠎ᠠ᠃
 
ᠢᠷᠡᠯᠲᠡ᠄ ᠬᠦᠷᠢᠶᠡᠲᠤᠨᠠᠭᠤᠷ ᠰᠤᠮᠤ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号