ᠳᠠᠭᠤᠳᠤᠨᠠᠭᠤᠷ ᠪᠠᠯᠭᠠᠰᠤᠨ ᠤ ᠰᠢᠨ᠎ᠡ ᠰᠦᠮ᠎ᠡ ︽ᠬᠤᠣᠰ ᠰᠠᠷ᠎ᠠ ᠶᠢᠨ ᠰᠤᠷᠤᠯᠴᠠᠯᠭ᠎ᠠ︾ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/11/4
      ᠱᠠᠰᠢᠨ ᠰᠤᠷᠲᠠᠬᠤᠨ ᠤ ᠬᠡᠷᠡᠭ ᠶᠠᠪᠤᠳᠠᠯ ᠤᠨ ᠬᠠᠮᠢᠶᠠᠷᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠱᠠᠰᠢᠨ ᠰᠤᠷᠲᠠᠬᠤᠨ ᠤ ᠡᠲᠡᠭᠡᠳ ᠤᠨ ᠬᠥᠮᠥᠰ ᠤᠨ ᠱᠠᠰᠢᠨ ᠰᠤᠷᠲᠠᠬᠤᠨ ᠤ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠤᠨ ᠣᠨᠣᠯ ᠤᠨ ᠬᠢᠷᠢ ᠲᠦᠪᠰᠢᠨ ᠢ ᠳᠡᠭᠡᠭᠰᠢᠯᠡᠭᠦᠯᠬᠦ ᠶᠢᠨ ᠲᠥᠯᠥᠭᠡ᠂ 2024 ᠣᠨ ᠤ 10 ᠰᠠᠷ᠎ᠠ ᠶᠢᠨ 11 ᠤ ᠡᠳᠦᠷ᠂ ᠳᠠᠭᠤᠳᠤᠨᠠᠭᠤᠷ ᠪᠠᠯᠭᠠᠰᠤᠨ ᠤ ᠰᠢᠨ᠎ᠡ ᠰᠦᠮ᠎ᠡ  ︽ᠬᠤᠣᠰ ᠰᠠᠷ᠎ᠠ ᠶᠢᠨ ᠰᠤᠷᠤᠯᠴᠠᠯᠭ᠎ᠠ ︾ ᠶᠢᠨ ᠠᠵᠢᠯᠯᠠᠭ᠎ᠠ ᠥᠷᠨᠢᠭᠦᠯᠵᠦ᠂ ᠰᠢᠨ᠎ᠡ ᠰᠦᠮ᠎ᠡ ᠶᠢᠨ ᠪᠠᠭᠰᠢ ᠠᠵᠢᠯᠲᠠᠨ ᠰᠤᠷᠤᠯᠴᠠᠯᠭ᠎ᠠ ᠶᠢᠨ ᠠᠵᠢᠯᠯᠠᠭ᠎ᠠ ᠳᠤ ᠣᠷᠣᠯᠴᠠᠪᠠ᠃      ᠠᠵᠢᠯᠯᠠᠭᠠᠨ ᠳᠤ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠱᠠᠰᠢᠨ ᠰᠤᠷᠲᠠᠬᠤᠨ ᠤ ᠬᠡᠷᠡᠭ ᠶᠠᠪᠤᠳᠠᠯ ᠤᠨ ᠳᠦᠷᠢᠮ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠠᠬᠢᠭᠤᠯᠬᠤ ᠳᠦᠷᠢᠮ︾ ᠵᠡᠷᠭᠡ ᠠᠭᠤᠯᠭ᠎ᠠ ᠶᠢ ᠬᠠᠮᠳᠤᠪᠡᠷ ᠰᠤᠷᠤᠯᠴᠠᠪᠠ᠃      ᠬᠤᠷᠠᠯ ᠠᠴᠠ ᠱᠠᠭᠠᠷᠳᠠᠭᠰᠠᠨ ᠨᠢ᠂ ︽ᠮᠠᠨ ᠤ ᠤᠯᠤᠰ ᠤᠨ ᠱᠠᠰᠢᠨ ᠰᠤᠷᠲᠠᠬᠤᠨ ᠤ ᠳᠤᠮᠳᠠᠳᠤ ᠤᠯᠤᠰᠴᠢᠯᠠᠯᠲᠠ ᠶᠢ ᠰᠢᠰᠲ᠋ᠧᠮ ᠲᠠᠢ ᠠᠬᠢᠭᠤᠯᠵᠤ᠂ ᠱᠠᠰᠢᠨ ᠰᠤᠷᠲᠠᠬᠤᠨ ᠤ ᠬᠡᠷᠡᠭ ᠶᠠᠪᠤᠳᠠᠯ ᠤᠨ ᠵᠠᠰᠠᠯᠲᠠ ᠶᠢᠨ ᠬᠠᠤᠯᠢᠵᠢᠭᠤᠯᠤᠯᠲᠠ ᠶᠢ ᠴᠢᠩᠭᠠᠳᠬᠠᠬᠤ︾ ᠱᠠᠭᠠᠷᠳᠠᠯᠭ᠎ᠠ ᠶᠢ ᠭᠦᠨᠵᠡᠭᠡᠢ ᠣᠶᠢᠯᠠᠭᠠᠵᠤ᠂ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ︾ ᠵᠣᠷᠢᠭ ᠰᠠᠨᠠᠭᠠᠨ ᠤ ᠮᠥᠨ ᠴᠢᠨᠠᠷ ᠪᠣᠯᠣᠨ ᠦᠢᠯᠡᠳᠦᠯᠭᠡ ᠶᠢᠨ ᠱᠠᠭᠠᠷᠳᠠᠯᠭ᠎ᠠ ᠶᠢ ᠭᠦᠨᠵᠡᠭᠡᠢ ᠡᠵᠡᠮᠳᠡᠵᠦ᠂ ᠨᠠᠮ ᠪᠣᠯᠣᠨ ᠤᠯᠤᠰ ᠤᠨ ᠦᠨᠳᠦᠰᠦᠲᠡᠨ ᠤ ᠲᠦᠷᠦ ᠶᠢᠨ ᠪᠣᠳᠣᠯᠭ᠎ᠠ ᠶᠢᠨ ᠲᠤᠬᠠᠢ ᠣᠶᠢᠯᠠᠭᠠᠯᠲᠠ ᠪᠠᠨ ᠴᠢᠩᠭᠠᠳᠬᠠᠵᠤ᠂ ᠤᠬᠠᠮᠰᠠᠷ ᠠᠴᠠ ᠪᠠᠨ ᠦᠨᠳᠦᠰᠦᠲᠡᠨ ᠤ ᠪᠦᠯᠬᠦᠮᠳᠡᠯ ᠤᠨ ᠤᠬᠠᠮᠰᠠᠷ ᠢᠶᠠᠨ ᠴᠢᠩᠭᠠᠳᠬᠠᠨ᠂ ᠦᠨᠳᠦᠰᠦᠲᠡᠨ ᠤ ᠪᠦᠯᠬᠦᠮᠳᠡᠯ ᠤᠨ ᠦᠷ᠎ᠡ ᠪᠦᠲᠦᠭᠡᠯ ᠢ ᠬᠠᠮᠠᠭᠠᠯᠠᠵᠤ᠂ ᠪᠣᠳᠠᠲᠤ ᠠᠵᠢᠯᠯᠠᠭ᠎ᠠ ᠪᠠᠷ ᠢᠶᠠᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠤᠯᠭᠠᠬᠤ ᠬᠡᠷᠡᠭᠲᠡᠢ᠃
 
ᠢᠷᠡᠯᠲᠡ᠄ ᠲᠠᠭᠤᠳᠤᠨᠠᠭᠤᠷ ᠪᠠᠯᠭᠠᠰᠤ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号