ᠳᠠᠭᠤᠳᠤᠨᠠᠭᠤᠷ ᠪᠠᠯᠭᠠᠰᠤ ᠭᠤᠣᠯ ᠨᠠᠭᠤᠷ ᠤᠨ ︽ᠨᠠᠮᠤᠷ ᠤᠨ ᠤᠯᠠᠷᠢᠯ︾ ᠤᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/11/4
      ᠰᠢ ᠶᠢᠨ ᠫᠢᠩ  ᠶᠡᠷᠦᠩᠬᠡᠢ ᠱᠦᠵᠢ ᠶᠢᠨ ᠤ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠢ ᠳᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠭᠤᠣᠯ ᠨᠠᠭᠤᠷ ᠤᠨ ᠳᠠᠷᠤᠭ᠎ᠠ ᠶᠢᠨ ᠳᠦᠷᠢᠮ  ᠤᠨ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠦᠷᠭᠦᠯᠵᠢᠯᠡᠨ ᠠᠬᠢᠭᠤᠯᠵᠤ᠂ ᠭᠤᠣᠯ ᠨᠠᠭᠤᠷ ᠤᠨ ᠬᠠᠮᠢᠶᠠᠷᠤᠯᠲᠠ ᠬᠠᠮᠠᠭᠠᠯᠠᠯᠲᠠ ᠶᠢ ᠴᠢᠨᠠᠭᠰᠢᠳᠠ ᠴᠢᠩᠭᠠᠳᠬᠠᠬᠤ ᠶᠢᠨ ᠲᠥᠯᠥᠭᠡ᠂ 10 ᠰᠠᠷ᠎ᠠ ᠶᠢᠨ 24  ᠤ ᠡᠳᠦᠷ᠂ ᠳᠠᠭᠤᠳᠤᠨᠠᠭᠤᠷ ᠪᠠᠯᠭᠠᠰᠤ  ᠪᠦᠬᠦ ᠺᠠᠳ᠋ᠷ ᠠᠵᠢᠯᠲᠠᠨ ᠢᠶᠠᠨ ᠵᠣᠬᠢᠶᠠᠨ ᠪᠠᠶᠢᠭᠤᠯᠤᠨ ᠭᠤᠣᠯ ᠨᠠᠭᠤᠷ ᠢ ᠴᠡᠭᠴᠡᠯᠡᠨ ᠵᠠᠰᠠᠬᠤ ︽ᠨᠠᠮᠤᠷ ᠤᠨ ᠤᠯᠠᠷᠢᠯ︾ ᠤᠨ ᠠᠵᠢᠯᠯᠠᠭ᠎ᠠ ᠶᠢ ᠥᠷᠨᠢᠭᠦᠯᠵᠦ᠂ ᠭᠤᠣᠯ ᠨᠠᠭᠤᠷ ᠤᠨ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠶᠠᠰᠤ ᠴᠢᠨᠠᠷ ᠪᠣᠯᠣᠨ ᠪᠦᠬᠦ ᠪᠠᠯᠭᠠᠰᠤᠨ ᠤ ᠠᠮᠢ ᠠᠬᠤᠢ ᠶᠢᠨ ᠣᠷᠴᠢᠨ ᠲᠣᠭᠤᠷᠢᠨ ᠤ ᠲᠦᠪᠰᠢᠨ ᠢ ᠦᠨᠡᠨᠬᠦ ᠳᠡᠭᠡᠭᠰᠢᠯᠡᠭᠦᠯᠪᠡ᠃      ᠲᠣᠰ ᠤᠳᠠᠭᠠᠨ ᠤ ᠠᠵᠢᠯᠯᠠᠭ᠎ᠠ ᠳᠤ᠂ ︽ᠪᠥᠬᠦ ᠲᠠᠯ᠎ᠠ ᠪᠠᠷ ᠴᠡᠪᠡᠷᠯᠡᠨ ᠠᠷᠢᠯᠭᠠᠬᠤ︾ ᠵᠠᠷᠴᠢᠮ ᠶᠣᠰᠣᠭᠠᠷ᠂ ᠪᠥᠬᠦ ᠺᠠᠳ᠋ᠷ ᠠᠵᠢᠯᠲᠠᠨ  ᠠᠴᠠ ᠳᠠᠭᠤᠳᠤ ᠨᠠᠭᠤᠷ ᠤᠨ ᠭᠤᠣᠯ ᠵᠠᠮ ᠳᠠᠭᠠᠤ ᠶᠢᠨ ᠬᠤᠭ ᠨᠣᠪᠰᠢ᠂ ᠬᠠᠶᠠᠭᠳᠠᠮᠠᠯ ᠵᠢᠭᠠᠰᠤᠨ ᠲᠣᠣᠷ ᠪᠠ 334 ᠤᠯᠤᠰ ᠤᠨ ᠵᠠᠮ ᠳᠠᠭᠠᠤ  ᠶᠢᠨ ᠬᠤᠭ ᠨᠤᠪᠰᠢ ᠶᠢ ᠲᠥᠪᠯᠡᠷᠡᠭᠦᠯᠦᠨ ᠴᠡᠪᠡᠷᠯᠡᠨ ᠴᠡᠭᠴᠡᠯᠡᠪᠡ᠃      ᠮᠠᠨ ᠤ ᠪᠠᠯᠭᠠᠰᠤ ᠠᠮᠢ ᠠᠬᠤᠢ ᠶᠢᠨ ᠦᠵᠡᠰᠬᠦᠯᠡᠩᠲᠦ ᠰᠠᠶᠢᠬᠠᠨ ᠭᠤᠣᠯ ᠮᠥᠷᠡᠨ ᠨᠠᠭᠤᠷ ᠴᠥᠭᠦᠷᠥᠮ ᠢ ᠡᠭᠦᠳᠦᠨ ᠪᠠᠶᠢᠭᠤᠯᠬᠤ ᠪᠠᠷ ᠬᠠᠷᠠᠯᠲᠠ ᠪᠣᠯᠭᠠᠵᠤ᠂  ᠲᠣᠭᠤᠷᠢᠨ ᠪᠠᠶᠢᠴᠠᠭᠠᠬᠤ᠂ ᠪᠠᠯᠭᠠᠰᠤᠨ ᠤ ᠲᠣᠮᠢᠯᠠᠭᠰᠠᠨ ᠰᠠᠯᠪᠤᠷᠢ᠂ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠠᠩᠭᠢ ᠲᠠᠢ ᠬᠠᠮᠲᠤᠷᠠᠨ ᠭᠤᠣᠯ ᠮᠥᠷᠡᠨ ᠨᠠᠭᠤᠷ ᠴᠥᠭᠦᠷᠥᠮ ᠢ ᠴᠡᠭᠴᠡᠯᠡᠨ ᠵᠠᠰᠠᠬᠤ ᠠᠯᠢ ᠣᠯᠠᠨ ᠠᠵᠢᠯᠯᠠᠭ᠎ᠠ ᠶᠢ ᠥᠷᠨᠢᠭᠦᠯᠪᠡ᠃ ᠡᠭᠦᠨ ᠠᠴᠠ ᠭᠠᠳᠠᠨ᠎ᠠ᠂ ᠬᠤᠶᠠᠳᠤᠭᠠᠷ ᠳᠡᠰ ᠤᠨ ᠭᠤᠣᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠨᠠᠷ ᠰᠠᠷ᠎ᠠ ᠪᠦᠷᠢ ᠴᠠᠭ ᠲᠠᠭᠠᠨ ᠭᠤᠣᠯ ᠴᠠᠭᠳᠠᠬᠤ ᠡᠭᠦᠷᠭᠡ ᠪᠠᠨ ᠪᠡᠶᠡᠯᠡᠭᠦᠯᠳᠡᠭ᠃ ᠵᠢᠯ ᠤᠨ ᠡᠬᠢᠨ ᠠᠴᠠ ᠨᠠᠰᠢ᠂ ᠭᠤᠣᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠨᠠᠷ ᠨᠡᠶᠢᠳᠡ 90 ᠭᠠᠷᠤᠢ ᠤᠳᠠᠭ᠎ᠠ ᠭᠤᠣᠯ ᠮᠥᠷᠡᠨ ᠢ ᠲᠣᠭᠤᠷᠢᠨ ᠪᠠᠶᠢᠴᠠᠭᠠᠵᠤ᠂ ᠬᠠᠤᠯᠢ ᠪᠤᠰᠤ ᠪᠠᠷ ᠡᠯᠡᠰᠦ ᠮᠠᠯᠲᠠᠭᠰᠠᠳ ᠢ ᠲᠤᠰᠬᠠᠢ ᠴᠡᠭᠴᠡᠯᠡᠨ ᠵᠠᠰᠠᠭᠰᠠᠨ 95 ᠬᠥᠮᠥᠨ ᠤᠳᠠᠭ᠎ᠠ ᠳᠤ ᠬᠦᠷᠴᠦ᠂ ᠭᠤᠣᠯ ᠮᠥᠷᠡᠨ ᠤ ᠵᠠᠮ ᠢ ᠨᠡᠶᠢᠳᠡ 550 ᠺᠢᠯᠤᠮᠧᠲᠷ ᠤᠷᠳᠤ ᠲᠣᠭᠤᠷᠢᠨ ᠪᠠᠶᠢᠴᠠᠭᠠᠪᠠ᠃ ᠳᠠᠭᠤᠳᠤ ᠨᠠᠭᠤᠷ ᠤᠨ ᠭᠤᠣᠯ ᠮᠥᠷᠡᠨ ᠨᠠᠭᠤᠷ ᠴᠥᠭᠦᠷᠥᠮ ᠢ ᠦᠵᠡᠰᠬᠦᠯᠡᠩ ᠰᠠᠶᠢᠬᠠᠨ ᠪᠣᠯᠭᠠᠵᠤ᠂ ᠭᠤᠣᠯ ᠮᠥᠷᠡᠨ᠂ ᠤᠰᠤ ᠨᠢ ᠲᠤᠩᠭᠠᠯᠠᠭ᠂  ᠦᠵᠡᠮᠵᠢ ᠨᠢ ᠭᠤᠶᠤ ᠰᠠᠶᠢᠬᠠᠨ ᠠᠮᠢ ᠠᠬᠤᠢ ᠶᠢᠨ ᠣᠷᠴᠢᠨ ᠲᠣᠭᠤᠷᠢᠨ ᠢ ᠪᠤᠢ ᠪᠣᠯᠭᠠᠨ᠎ᠠ᠃      ᠳᠠᠷᠠᠭᠠᠴᠢ ᠶᠢᠨ ᠠᠯᠬᠤᠮ ᠳᠤ᠂ ᠳᠠᠭᠤᠳᠤᠨᠠᠭᠤᠷ ᠪᠠᠯᠭᠠᠰᠤ ᠶᠢᠨ ᠬᠢᠨ ᠭᠤᠣᠯ ᠮᠥᠷᠡᠨ ᠤ ᠳᠠᠷᠤᠭ᠎ᠠ ᠶᠢᠨ ᠳᠦᠷᠢᠮ ᠤᠨ ᠡᠯ᠎ᠡ ᠵᠦᠢᠯ ᠤᠨ ᠠᠵᠢᠯ ᠢ ᠴᠢᠩᠭ᠎ᠠ ᠨᠠᠶᠢᠳᠠᠪᠤᠷᠢᠵᠢᠭᠤᠯᠵᠤ᠂ ᠠᠵᠢᠯ ᠤᠨ ᠬᠤᠪᠢᠶᠠᠷᠢᠯᠠᠯ ᠢᠶᠠᠨ ᠤᠯᠠᠮ ᠴᠢᠨᠠᠭᠰᠢᠳᠠ ᠲᠣᠳᠣᠷᠬᠠᠶᠢᠯᠠᠵᠤ᠂ ᠬᠠᠷᠢᠭᠤᠴᠠᠯᠭ᠎ᠠ ᠪᠠᠨ ᠪᠣᠳᠠᠲᠠᠶᠢᠵᠢᠭᠤᠯᠵᠤ᠂ ᠭᠤᠣᠯ ︵ᠨᠠᠭᠤᠷ︶ ᠢ ᠲᠣᠭᠤᠷᠢᠨ ᠪᠠᠶᠢᠴᠠᠭᠠᠬᠤ ᠪᠠ ᠶᠡᠷᠦᠩᠬᠡᠶᠢᠯᠡᠨ ᠵᠠᠰᠠᠬᠤ ᠵᠡᠷᠭᠡ ᠲᠤᠰᠬᠠᠢ ᠠᠵᠢᠯᠯᠠᠭ᠎ᠠ ᠶᠢ ᠦᠷᠭᠦᠯᠵᠢᠯᠡᠨ ᠰᠠᠶᠢᠲᠤᠷ ᠥᠷᠨᠢᠭᠦᠯᠵᠦ᠂ ᠤᠰᠤᠨ ᠤ ᠡᠬᠢ ᠪᠠᠶᠠᠯᠢᠭ ᠢ ᠬᠠᠮᠠᠭᠠᠯᠠᠬᠤ᠂ ᠤᠰᠤᠨ ᠤ ᠪᠣᠬᠢᠷᠲᠤᠯ ᠢ ᠰᠡᠷᠭᠡᠶᠢᠯᠡᠨ ᠵᠠᠰᠠᠬᠤ᠂ ᠤᠰᠤᠨ ᠤ ᠣᠷᠴᠢᠨ ᠲᠣᠭᠤᠷᠢᠨ ᠢ ᠰᠠᠶᠢᠵᠢᠷᠠᠭᠤᠯᠬᠤ᠂ ᠤᠰᠤᠨ ᠤ ᠠᠮᠢ ᠠᠬᠤᠢ ᠶᠢ ᠰᠡᠷᠭᠦᠭᠡᠬᠦ ᠭᠤᠣᠯ ᠡᠭᠦᠷᠭᠡ ᠶᠢ ᠭᠦᠢᠴᠡᠳ ᠰᠠᠶᠢᠲᠤᠷ ᠬᠢᠬᠦ ᠪᠣᠯᠣᠨ᠎ᠠ᠃ ︽ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠳᠠ ᠮᠥᠩᠭᠦᠨ ᠠᠭᠤᠯᠠ︾ ᠭᠡᠬᠦ ᠠᠮᠢ ᠠᠬᠤᠢ ᠶᠢᠨ ᠣᠶᠢᠯᠠᠭᠠᠭᠳᠠᠬᠤᠨ ᠢ ᠤᠬᠠᠮᠰᠠᠷ ᠠᠴᠠ ᠪᠠᠨ ᠦᠢᠯᠡᠳᠦᠯᠭᠡᠵᠢᠭᠦᠯᠵᠦ᠂ ᠭᠤᠣᠯ ᠮᠥᠷᠡᠨ ᠨᠠᠭᠤᠷ ᠴᠥᠭᠦᠷᠥᠮ ᠤᠨ ᠬᠠᠮᠢᠶᠠᠷᠤᠯᠲᠠ ᠬᠠᠮᠠᠭᠠᠯᠠᠯᠲᠠ ᠶᠢᠨ ᠴᠢᠳᠠᠪᠬᠢ ᠶᠢ ᠦᠨᠡᠨᠬᠦ ᠳᠡᠭᠡᠭᠰᠢᠯᠡᠭᠦᠯᠵᠦ᠂ ︽ᠠᠮᠤᠷ ᠲᠦᠪᠰᠢᠨ᠂ ᠠᠷᠢᠭᠤᠨ ᠴᠡᠪᠡᠷ᠂ ᠦᠵᠡᠰᠬᠦᠯᠡᠩᠲᠦ ᠰᠠᠶᠢᠬᠠᠨ︾ ᠠᠮᠢ ᠠᠬᠤᠢ ᠶᠢᠨ ᠣᠷᠴᠢᠨ ᠲᠣᠭᠤᠷᠢᠨ ᠢ ᠴᠢᠷᠮᠠᠶᠢᠨ ᠴᠣᠭᠴᠠᠯᠠᠨ᠎ᠠ᠃
 
ᠢᠷᠡᠯᠲᠡ᠄ ᠲᠠᠭᠤᠳᠤᠨᠠᠭᠤᠷ ᠪᠠᠯᠭᠠᠰᠤ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号