10 ᠰᠠᠷ᠎ᠠ ᠶᠢᠨ15 ᠤ ᠡᠳᠦᠷ᠂ ᠮᠠᠨ ᠤ ᠬᠤᠰᠢᠭᠤ ᠠᠷᠪᠠᠨ ᠳᠥᠷᠪᠡᠳᠦᠭᠡᠷ ᠬᠤᠭᠤᠴᠠᠭᠠᠨ ᠤ ᠬᠤᠰᠢᠭᠤ | ᠨᠠᠮ ᠤᠨ ᠬᠤᠷᠢᠶᠠᠨ ᠤ ᠶᠢᠰᠦᠳᠦᠭᠡᠷ ᠡᠭᠡᠯᠵᠢ ᠶᠢᠨ ᠲᠣᠭᠤᠷᠢᠨ ᠪᠠᠶᠢᠴᠠᠭᠠᠬᠤ ᠠᠵᠢᠯ ᠤᠨ ᠳᠠᠶᠢᠴᠢᠯᠠᠯᠲᠠ | ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠪᠠ᠃ | ᠬᠤᠷᠠᠯ ᠠᠴᠠ ︿︿ᠠᠷᠪᠠᠨ ᠳᠥᠷᠪᠡᠳᠦᠭᠡᠷ ᠬᠤᠭᠤᠴᠠᠭᠠᠨ ᠤ ᠬᠤᠰᠢᠭᠤ ᠨᠠᠮ ᠤᠨ ᠬᠤᠷᠢᠶᠠᠨ ᠤ ᠶᠢᠰᠦᠳᠦᠭᠡᠷ | ᠡᠭᠡᠯᠵᠢ ᠶᠢᠨ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠳᠠᠷᠤᠭ᠎ᠠ ᠶᠢᠨ ᠡᠷᠬᠡ ᠣᠯᠭᠤᠵᠤ ᠲᠤᠰᠢᠶᠠᠯ ᠳᠤ | ᠲᠣᠮᠢᠯᠠᠬᠤ ᠵᠢᠴᠢ ᠡᠭᠦᠷᠭᠡ ᠶᠢᠨ ᠬᠤᠪᠢᠶᠠᠷᠢᠯᠠᠯ ᠤᠨ ᠲᠤᠬᠠᠶ ᠲᠣᠭᠲᠠᠭᠠᠯ﹀﹀ ᠢ ᠨᠡᠶᠢᠲᠡᠯᠡᠪᠡ᠃ | ᠬᠤᠷᠠᠯ ᠠᠴᠠ᠂ ᠲᠣᠭᠤᠷᠢᠨ ᠪᠠᠶᠢᠴᠠᠭᠠᠬᠤ ᠪᠠᠶᠢᠭᠤᠯᠤᠮᠵᠢ ᠵᠢᠴᠢ ᠡᠯ᠎ᠡ ᠲᠣᠭᠤᠷᠢᠨ ᠪᠠᠶᠢᠴᠠᠭᠠᠭᠳᠠᠬᠤ ᠨᠢᠭᠡᠴᠢ | ᠶᠢᠨ ᠨᠠᠮ ᠤᠨ ᠵᠣᠬᠢᠶᠠᠨ ᠪᠠᠶᠢᠭᠤᠯᠤᠯᠲᠠ ᠲᠣᠭᠤᠷᠢᠨ ᠪᠠᠶᠢᠴᠠᠭᠠᠬᠤ ᠠᠵᠢᠯ ᠤᠨ ᠲᠤᠬᠠᠢ ᠲᠠᠨᠢᠯᠲᠠ ᠪᠠᠨ | ᠦᠷᠭᠦᠯᠵᠢᠯᠡᠨ ᠭᠦᠨᠵᠡᠭᠡᠶᠢᠷᠡᠭᠦᠯᠵᠦ᠂ ᠠᠵᠢᠯ ᠢᠶᠠᠨ ᠰᠠᠶᠢᠲᠤᠷ ᠬᠢᠬᠦ ᠤᠯᠤᠰ ᠲᠦᠷᠦ ᠶᠢᠨ ᠤᠬᠠᠮᠰᠠᠷ᠂ ᠦᠵᠡᠯ | ᠰᠠᠨᠠᠭᠠᠨ ᠤ ᠤᠬᠠᠮᠰᠠᠷ ᠪᠣᠯᠤᠨ ᠦᠢᠯᠡ ᠠᠵᠢᠯᠯᠠᠭ᠎ᠠ ᠶᠢᠨ ᠤᠬᠠᠮᠰᠠᠷ ᠢᠶᠠᠨ ᠦᠨᠡᠨ ᠬᠦ ᠴᠢᠩᠭᠠᠳᠬᠠᠵᠤ᠂ ᠬᠦᠴᠦᠲᠡᠢ | ᠪᠦᠲᠦᠮᠵᠢᠲᠡᠢ ᠲᠣᠭᠤᠷᠢᠨ ᠪᠠᠶᠢᠴᠠᠭᠠᠵᠤ ᠬᠢᠨᠠᠯᠲᠠ ᠲᠠᠯᠪᠢᠬᠤ ᠪᠠᠷ ᠳᠠᠮᠵᠢᠨ ᠨᠠᠮ ᠤᠨ ᠲᠥᠪ ᠬᠤᠷᠢᠶ᠎ᠠ᠂ ᠥᠪᠡᠷᠲᠡᠭᠡᠨ | ᠵᠠᠰᠠᠬᠤ ᠣᠷᠣᠨ ᠤ ᠨᠠᠮ ᠤᠨ ᠬᠤᠷᠢᠶ᠎ᠠ᠂ ᠠᠶᠢᠮᠠᠭ ᠤᠨ ᠨᠠᠮ ᠤᠨ ᠬᠤᠷᠢᠶ᠎ᠠ᠂ ᠬᠤᠰᠢᠭᠤ ᠨᠠᠮ ᠤᠨ ᠬᠤᠷᠢᠶᠠᠨ ᠤ | ᠴᠢᠬᠤᠯᠠ ᠶᠡᠭᠡ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠪᠣᠳᠠᠲᠠᠢ ᠳᠤ ᠨᠠᠶᠢᠳᠠᠪᠤᠷᠢᠵᠢᠭᠤᠯᠤᠨ ᠦᠷ᠎ᠡ | ᠪᠦᠲᠦᠮᠵᠢ ᠭᠠᠷᠭᠠᠬᠤ ᠶᠢ ᠦᠨᠡᠨ ᠬᠦ ᠪᠠᠲᠤᠯᠠᠬᠤ ᠬᠡᠷᠡᠭᠲᠡᠢ᠃ ᠲᠣᠭᠤᠷᠢᠨ ᠪᠠᠶᠢᠴᠠᠭᠠᠬᠤ ᠭᠤᠤᠯᠳᠠᠯᠭ᠎ᠠ ᠶᠢ | ᠳᠣᠪᠣᠶᠢᠯᠭᠠᠵᠤ᠂ ᠰᠤᠷᠭᠠᠨ ᠬᠥᠮᠦᠵᠢᠯ ᠤᠨ ᠰᠢᠰᠲ᠋ᠧᠮ ᠪᠠ ᠡᠷᠡᠭᠦᠯ ᠬᠠᠮᠠᠭᠠᠯᠠᠯ ᠤᠨ ᠰᠢᠰᠲ᠋ᠧᠮ ᠵᠡᠷᠭᠡ ᠠᠷᠠᠳ ᠤᠨ | ᠠᠮᠢᠳᠤᠷᠠᠯ ᠤᠨ ᠬᠦᠴᠢᠷ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠠᠰᠠᠭᠤᠳᠠᠯ ᠢᠶᠠᠷ ᠤᠳᠤᠷᠢᠳᠤᠮᠵᠢ | ᠪᠣᠯᠭᠠᠬᠤ ᠶᠢ ᠪᠠᠷᠢᠮᠲᠠᠯᠠᠵᠤ᠂ ᠠᠷᠠᠳ ᠲᠦᠮᠡᠨ ᠤ ᠵᠣᠭᠰᠣᠯᠲᠠ ᠶᠢ ᠪᠠᠲᠤ ᠰᠠᠬᠢᠵᠤ᠂ ᠭᠤᠤᠯᠳᠠᠯᠭ᠎ᠠ ᠲᠠᠢ ᠬᠥᠮᠦᠨ᠂ | ᠭᠤᠤᠯᠳᠠᠯᠭ᠎ᠠ ᠲᠠᠢ ᠶᠠᠪᠤᠳᠠᠯ᠂ ᠭᠤᠤᠯᠳᠠᠯᠭ᠎ᠠ ᠲᠠᠢ ᠠᠰᠠᠭᠤᠳᠠᠯ ᠢ ᠴᠢᠩᠭ᠎ᠠ ᠠᠩᠬᠠᠷᠴᠤ᠂ ᠦᠨᠡᠨ ᠬᠦ ᠪᠣᠳᠠᠲᠤ | ᠪᠠᠶᠢᠳᠠᠯ ᠪᠠ ᠠᠰᠠᠭᠤᠳᠠᠯ ᠢ ᠪᠠᠶᠢᠴᠠᠭᠠᠨ ᠭᠠᠷᠭᠠᠵᠤ᠂ ᠰᠠᠶᠢᠨ ᠠᠷᠭ᠎ᠠ ᠭᠠᠷᠭᠠᠵᠤ᠂ ᠴᠢᠨᠠᠷ ᠰᠠᠶᠢᠲᠠᠶ ᠲᠣᠭᠤᠷᠢᠨ | ᠪᠠᠶᠢᠴᠠᠭᠠᠵᠤ ᠬᠢᠨᠠᠯᠲᠠ ᠲᠠᠯᠪᠢᠯᠲᠠ ᠪᠠᠷ ᠵᠡᠭᠦᠨ ᠦᠵᠦᠮᠦᠴᠢᠨ ᠬᠤᠰᠢᠭᠤᠨ ᠤ ᠠᠵᠤ ᠠᠬᠤᠶ ᠨᠡᠶᠢᠭᠡᠮ ᠤᠨ | ᠦᠷᠭᠦᠯᠵᠢᠯᠡᠨ ᠴᠢᠨᠠᠷ ᠰᠠᠶᠢᠲᠠᠶᠬᠥ᠋ᠭᠵᠢᠬᠦ ᠶᠢ ᠠᠬᠢᠭᠤᠯᠬᠤ ᠬᠡᠷᠡᠭᠲᠡᠶ ᠭᠡᠵᠡᠢ᠃ | ᠲᠣᠰ ᠡᠭᠡᠯᠵᠢ ᠳᠤ ᠨᠡᠶᠢᠲᠡ 2 ᠲᠣᠭᠤᠷᠢᠨ ᠪᠠᠶᠢᠴᠠᠭᠠᠬᠤ ᠳᠤᠭᠤᠶᠢᠯᠠᠩ ᠢ ᠰᠣᠩᠭᠤᠨ ᠲᠣᠮᠢᠯᠠᠵᠤ᠂ | ᠬᠤᠰᠢᠭᠤ ᠰᠤᠷᠭᠠᠨ ᠬᠥᠮᠦᠵᠢᠯ ᠤᠨ ᠰᠢᠰᠲ᠋ᠧᠮ ᠪᠠ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠰᠢᠰᠲ᠋ᠧᠮ ᠤᠨ 7 | ᠨᠢᠭᠡᠴᠢ ᠰᠠᠯᠠᠭ᠎ᠠ ᠮᠥᠴᠢᠷ ᠤᠨ ᠨᠠᠮ ᠤᠨ ᠵᠣᠬᠢᠶᠠᠨ ᠪᠠᠶᠢᠭᠤᠯᠤᠯᠲᠠ ᠳᠤ ᠪᠠᠶᠢᠩᠭᠤ ᠶᠢᠨ ᠲᠣᠭᠤᠷᠢᠨ ᠪᠠᠶᠢᠴᠠᠭᠠᠯᠲᠠ | ᠬᠢᠨ᠎ᠠ᠃ | |