ᠭᠠᠬᠢᠯ ᠰᠤᠮᠤ ︽ᠳᠥᠷᠪᠡᠨ ᠵᠦᠢᠯ ᠤᠨ ᠠᠷᠭ᠎ᠠ ᠬᠡᠮᠵᠢᠶ᠎ᠡ︾ ᠠᠪᠴᠤ ᠪᠡᠯᠴᠢᠭᠡᠷ ᠠᠴᠠ ᠬᠡᠲᠦᠷᠡᠲᠡᠯ᠎ᠡ ᠮᠠᠯᠵᠢᠭᠰᠠᠨ ᠠᠰᠠᠭᠤᠳᠠᠯ ᠢ ᠰᠢᠢᠳᠪᠦᠷᠢᠯᠡᠵᠦ ᠮᠠᠯ ᠪᠡᠯᠴᠢᠭᠡᠷ ᠤᠨ ᠲᠡᠩᠴᠡᠭᠦᠷᠢ ᠶᠢ ᠪᠠᠲᠤᠯᠠᠬᠤ ᠠᠵᠢᠯ ᠢ ᠠᠬᠢᠭᠤᠯᠪᠠ
ᠨᠡᠶᠢᠲᠡᠯᠡᠭᠰᠡᠨ ᠴᠠᠭ᠄
2024/11/6
      ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠪᠡᠯᠴᠢᠭᠡᠷ ᠎ ᠠᠴᠠ ᠬᠡᠲᠦᠷᠡᠲᠡᠯ᠎ᠡ ᠮᠠᠯᠵᠢᠭᠰᠠᠨ ᠠᠰᠠᠭᠤᠳᠠᠯ  ᠢ ᠦᠨᠡᠨᠬᠦ ᠰᠠᠶᠢᠲᠤᠷ ᠰᠢᠢᠳᠪᠦᠷᠢᠯᠡᠬᠦ ᠶᠢᠨ ᠲᠥᠯᠥᠭᠡ᠂ ᠬᠤᠰᠢᠭᠤ ᠨᠠᠮ  ᠤᠨ ᠬᠤᠷᠢᠶ᠎ᠠ᠂ ᠵᠠᠰᠠᠭ  ᠤᠨ ᠣᠷᠳᠣᠨ  ᠤ ᠪᠡᠯᠴᠢᠭᠡᠷ ᠎ ᠠᠴᠠ ᠬᠡᠲᠦᠷᠡᠲᠡᠯ᠎ᠡ ᠮᠠᠯᠵᠢᠭᠰᠠᠨ ᠠᠰᠠᠭᠤᠳᠠᠯ ᠢ ᠴᠡᠭᠴᠡᠯᠡᠨ ᠵᠠᠰᠠᠬᠤ ᠲᠠᠯ᠎ᠠ ᠪᠠᠷ ᠬᠢ ᠡᠯ᠎ᠡ ᠵᠦᠢᠯ  ᠤᠨ ᠱᠠᠭᠠᠷᠳᠠᠯᠭ᠎ᠠ ᠶᠣᠰᠣᠭᠠᠷ᠂ ᠭᠠᠬᠢᠯ ᠰᠤᠮᠤᠨ ᠤ ᠨᠠᠮ  ᠤᠨ ᠬᠤᠷᠢᠶ᠎ᠠ᠂ ᠵᠠᠰᠠᠭ  ᠤᠨ ᠣᠷᠳᠣᠨ ᠠᠴᠠ ᠮᠠᠯ ᠪᠡᠯᠴᠢᠭᠡᠷ ᠢ ᠲᠡᠩᠴᠡᠭᠦᠷᠢ ᠎ ᠲᠠᠢ ᠪᠠᠶᠢᠯᠭᠠᠬᠤ ᠠᠵᠢᠯ ᠢ ᠭᠤᠣᠯᠳᠠᠯᠭ᠎ᠠ ᠶᠢᠨ ᠳᠣᠲᠣᠷᠠᠬᠢ ᠭᠤᠣᠯᠳᠠᠯᠭ᠎ᠠ ᠪᠣᠯᠭᠠᠵᠤ᠂ ᠨᠢᠭᠡᠳᠦᠯᠲᠡᠢ ᠲᠥᠯᠥᠪᠵᠢᠭᠦᠯᠦᠨ ᠪᠠᠶᠢᠷᠢᠯᠠᠭᠤᠯᠵᠤ᠂ ᠤᠯᠠᠨ ᠠᠷᠭ᠎ᠠ ᠬᠡᠮᠵᠢᠶ᠎ᠡ ᠶᠢ ᠵᠡᠷᠭᠡᠪᠡᠷ ᠬᠡᠷᠡᠭᠵᠢᠭᠦᠯᠵᠦ᠂ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠠᠵᠢᠯ ᠢ ᠪᠦᠬᠦ ᠬᠦᠴᠦᠨ ᠢᠶᠠᠷ ᠢᠶᠠᠨ ᠠᠬᠢᠭᠤᠯᠪᠠ᠃      ᠨᠢᠭᠡ᠂ ᠨᠢᠭᠡᠳᠦᠯᠲᠡᠢ ᠲᠥᠯᠥᠪᠯᠡᠨ ᠲᠣᠬᠢᠷᠠᠭᠤᠯᠵᠤ᠂ ᠬᠠᠷᠢᠭᠤᠴᠠᠯᠭ᠎ᠠ ᠶᠢ ᠨᠠᠶᠢᠳᠠᠪᠦᠷᠢᠵᠢᠭᠤᠯᠪᠠ      ᠭᠠᠬᠢᠯ ᠰᠤᠮᠤ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠠᠵᠢᠯ ᠢ ᠣᠶᠢᠷ᠎ᠠ ᠶᠢᠨ ᠬᠤᠭᠤᠴᠠᠭᠠᠨ ᠤ ᠭᠤᠣᠯᠳᠠᠯᠭ᠎ᠠ ᠲᠠᠢ ᠠᠵᠢᠯ ᠪᠣᠯᠭᠠᠨ ᠠᠳᠬᠤᠵᠤ᠂ ᠶᠠᠭᠤᠨ ᠤ ᠡᠮᠦᠨ᠎ᠡ᠂ 2024 ︱ 2025 ᠣᠨ ᠤ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠪᠠ ᠪᠡᠯᠴᠢᠭᠡᠷᠯᠡᠭᠦᠯᠬᠦ ᠶᠢ ᠵᠤᠭᠰᠤᠭᠠᠬᠤ ᠠᠵᠢᠯ ᠢ ᠨᠠᠶᠢᠳᠠᠪᠤᠷᠢᠵᠢᠭᠤᠯᠬᠤ ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠵᠤ᠂ ᠳᠡᠭᠡᠳᠦ ᠱᠠᠲᠤᠨ ᠤ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠵᠤ᠂ ᠠᠵᠢᠯ ᠤᠨ ᠡᠭᠦᠷᠭᠡ ᠬᠠᠷᠢᠭᠤᠴᠠᠯᠭ᠎ᠠ ᠶᠢ ᠲᠣᠳᠣᠷᠬᠠᠶᠢᠯᠠᠵᠤ᠂ ᠠᠵᠢᠯ ᠤᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠡᠯ᠎ᠡ ᠵᠦᠢᠯ ᠤᠨ ᠠᠵᠢᠯ ᠤᠨ ᠡᠭᠦᠷᠭᠡ ᠶᠢ ᠨᠠᠶᠢᠳᠠᠪᠤᠷᠢᠵᠢᠭᠤᠯᠬᠤ ᠶᠢ ᠪᠦᠬᠦ ᠬᠦᠴᠦᠨ ᠢᠶᠠᠷ ᠢᠶᠠᠨ ᠠᠬᠢᠭᠤᠯᠵᠠᠢ︔ 2024 ︱ 2025 ᠣᠨ ᠤ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠪᠠ ᠪᠡᠯᠴᠢᠭᠡᠷᠯᠡᠭᠦᠯᠬᠦ ᠶᠢ ᠵᠤᠭᠰᠤᠭᠠᠬᠤ ᠠᠵᠢᠯ ᠢ ᠨᠠᠶᠢᠳᠠᠪᠤᠷᠢᠵᠢᠭᠤᠯᠬᠤ ᠠᠵᠢᠯ ᠢ ᠠᠬᠢᠭᠤᠯᠬᠤ ᠬᠤᠷᠠᠯ ᠢ ᠬᠤᠷᠠᠯᠳᠤᠭᠤᠯᠵᠤ᠂ ᠣᠳᠣᠬᠢ ᠱᠠᠲᠤᠨ ᠤ ᠠᠵᠢᠯ ᠤᠨ ᠦᠷ᠎ᠡ ᠪᠦᠲᠦᠮᠵᠢ ᠶᠢ ᠳ᠋ᠦᠩᠨᠡᠵᠦ᠂ ᠲᠠᠷᠠᠭᠠᠴᠢ ᠶᠢᠨ ᠠᠯᠬᠤᠮ ᠤᠨ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠶᠢ ᠳᠤᠷᠠᠳᠪᠠ᠃      ᠬᠤᠶᠠᠷ᠂ ᠤᠬᠠᠭᠤᠯᠵᠤ ᠬᠥᠲᠥᠯᠥᠨ ᠵᠢᠯᠤᠭᠤᠳᠤᠨ᠂ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠤᠯᠭᠠᠪᠠ      ᠰᠦᠯᠵᠢᠶᠡᠨ ᠳᠡᠭᠡᠷ᠎ᠡ ᠸᠢᠴᠠᠲ ᠤᠨ ᠣᠯᠠᠨ ᠨᠡᠶᠢᠲᠡ ᠶᠢᠨ ᠲᠠᠪᠴᠠᠩ ᠢᠶᠠᠷ ᠳᠠᠮᠵᠢᠭᠤᠯᠤᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠠᠯ ᠪᠡᠯᠴᠢᠭᠡᠷ ᠢ ᠲᠡᠩᠴᠡᠭᠦᠷᠢ  ᠲᠠᠢ ᠪᠠᠶᠢᠯᠭᠠᠬᠤ ᠪᠠ  ᠪᠡᠯᠴᠢᠭᠡᠷᠯᠡᠭᠦᠯᠬᠦ ᠶᠢ ᠵᠣᠭᠰᠤᠭᠠᠬᠤ ᠳᠦᠷᠢᠮ︾᠂ ︽ᠵᠡᠭᠦᠨ ᠦᠵᠦᠮᠦᠴᠢᠨ ᠬᠤᠰᠢᠭᠤᠨ ᠤ ᠭᠠᠬᠢᠯ ᠰᠤᠮᠤᠨ ᠤ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠳᠦᠷᠢᠮ ᠢ ᠨᠠᠶᠢᠳᠠᠪᠤᠷᠢᠵᠢᠭᠤᠯᠬᠤ ᠠᠵᠢᠯ ᠤᠨ ᠲᠣᠳᠣᠷᠬᠠᠢ ᠺᠠᠷᠲ︾᠂         ︽ᠭᠠᠬᠢᠯ ᠰᠤᠮᠤᠨ ᠤ ᠮᠠᠯ ᠤᠨ ᠭᠠᠷᠭᠠᠯᠲᠠ ᠶᠢ ᠰᠠᠶᠢᠲᠤᠷ ᠬᠢᠬᠦ ᠲᠤᠬᠠᠢ ᠰᠠᠨᠠᠭᠠᠴᠢᠯᠠᠭ᠎ᠠ ᠶᠢᠨ ᠪᠢᠴᠢᠭ︾ ᠵᠡᠷᠭᠡ ᠠᠭᠤᠯᠭ᠎ᠠ ᠶᠢ ᠨᠡᠶᠢᠲᠡᠯᠡᠵᠦ᠂ ᠡᠯ᠎ᠡ ᠭᠠᠴᠠᠭᠠᠨ ᠤ ᠮᠠᠯᠴᠢᠳ ᠤᠨ ᠬᠤᠯᠪᠤᠭ᠎ᠠ᠂ ᠡᠯ᠎ᠡ ᠳᠤᠭᠤᠶᠢᠯᠠᠩ ᠤᠨ ᠬᠤᠯᠪᠤᠭ᠎ᠠ ᠳᠤ ᠳᠠᠮᠵᠢᠭᠤᠯᠤᠨ ᠨᠡᠶᠢᠲᠡᠯᠡᠵᠦ᠂ ᠤᠬᠠᠭᠤᠯᠭ᠎ᠠ ᠶᠢᠨ ᠬᠡᠪᠴᠢᠶ᠎ᠡ ᠶᠢ ᠥᠷᠭᠡᠳᠬᠡᠪᠡ︔ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠪᠠ ᠪᠡᠯᠴᠢᠭᠡᠷᠯᠡᠭᠦᠯᠬᠦ ᠶᠢ ᠵᠣᠭᠰᠤᠭᠠᠬᠤ ᠤᠬᠠᠭᠤᠯᠭ᠎ᠠ ᠶᠢᠨ ᠳᠡᠪᠲᠡᠷ ᠢ ᠵᠣᠬᠢᠶᠠᠵᠤ᠂ ᠮᠠᠯᠵᠢᠬᠤ ᠡᠷᠦᠬᠡ ᠳᠤ ᠲᠠᠷᠬᠠᠭᠠᠨ ᠥᠭᠴᠦ᠂ ᠬᠥᠮᠥᠨ ᠪᠦᠬᠦᠨ ᠳᠤ ᠮᠡᠳᠡᠭᠦᠯᠵᠦ᠂ ᠰᠠᠶᠢᠨ ᠰᠠᠶᠢᠬᠠᠨ ᠶᠠᠷᠢᠶ᠎ᠠ ᠬᠡᠯᠡᠯᠴᠡᠭᠡᠨ ᠤ ᠠᠭᠤᠷ ᠠᠮᠢᠰᠬᠤᠯ ᠢ ᠪᠣᠶ ᠪᠤᠯᠭᠠᠪᠠ᠃      ᠭᠤᠷᠪᠠ᠂ ᠲᠣᠭᠠᠯᠠᠨ ᠪᠠᠶᠢᠴᠠᠭᠠᠵᠤ᠂ ᠰᠠᠭᠤᠷᠢ ᠲᠤᠭ᠎ᠠ ᠶᠢ ᠲᠣᠳᠣᠷᠬᠠᠢ ᠤᠶᠢᠯᠠᠭᠠᠪᠠ      10 ᠰᠠᠷ᠎ᠠ ᠶᠢᠨ 10᠎ ᠤ ᠡᠳᠦᠷ ᠠᠴᠠ ᠡᠬᠢᠯᠡᠨ᠂ ᠭᠠᠬᠢᠯ ᠰᠤᠮᠤ ᠬᠥᠳᠡᠭᠡ ᠪᠠᠭᠤᠵᠤ ᠡᠷᠦᠬᠡ ᠳᠤ ᠣᠷᠣᠬᠤ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠵᠦ᠂ ᠭᠠᠴᠠᠭ᠎ᠠ ᠳᠠᠭᠠᠭᠠᠴᠢᠯᠠᠭᠰᠠᠨ ᠤᠳᠤᠷᠢᠳᠤᠯᠭ᠎ᠠ ᠠᠴᠠ ᠳᠤᠭᠤᠶᠢᠯᠠᠩ ᠳᠠᠭᠠᠭᠤᠯᠤᠨ᠂ ᠡᠯ᠎ᠡ ᠭᠠᠴᠠᠭ᠎ᠠ ᠳᠠᠭᠠᠭᠠᠴᠢᠯᠠᠭᠰᠠᠨ ᠬᠠᠷᠢᠭᠤᠴᠠᠯᠭᠠᠲᠤ ᠨᠢᠭᠡᠴᠡ᠂ ᠰᠤᠮᠤᠨ ᠤ ᠨᠠᠮ ᠵᠠᠰᠠᠭ ᠤᠨ ᠤᠳᠤᠷᠢᠳᠬᠤ ᠪᠠᠭ ᠤᠨ ᠭᠡᠰᠢᠭᠦᠳ᠂ ᠡᠯ᠎ᠡ ᠭᠠᠴᠠᠭᠠᠨ ᠤ ︽ᠬᠤᠶᠠᠷ ᠵᠥᠪᠯᠡᠯ︾᠎ ᠤᠨ ᠭᠡᠰᠢᠭᠦᠳ᠂ ᠪᠥᠬᠦ ᠺᠠᠳ᠋ᠷ ᠠᠵᠢᠯᠲᠠᠨ ᠢ ᠵᠣᠬᠢᠶᠠᠨ ᠪᠠᠶᠢᠭᠤᠯᠤᠨ ᠬᠤᠷᠢ ᠶᠢᠰᠦᠨ ᠠᠵᠢᠯᠯᠠᠬᠤ ᠳᠤᠭᠤᠶᠢᠯᠠᠩ ᠬᠤᠪᠢᠶᠠᠨ ᠡᠷᠦᠬᠡ ᠳᠤ ᠣᠷᠣᠵᠤ ᠲᠣᠭᠠᠯᠠᠨ ᠪᠦᠷᠢᠳᠬᠡᠬᠦ ᠠᠵᠢᠯ ᠢ ᠪᠥᠬᠦ ᠲᠠᠯ᠎ᠠ ᠪᠠᠷ ᠥᠷᠨᠢᠭᠦᠯᠵᠦ᠂ 10 ᠰᠠᠷ᠎ᠠ ᠳᠤ 23 ᠎ ᠤ ᠡᠳᠦᠷ ᠂ ᠠᠩᠬ᠎ᠠ ᠤᠳᠠᠭᠠᠨ ᠤ ᠲᠣᠭᠠᠯᠠᠨ ᠪᠠᠶᠢᠴᠠᠭᠠᠬᠤ ᠡᠭᠦᠷᠭᠡ ᠪᠠᠨ ᠪᠡᠶᠡᠯᠡᠭᠦᠯᠪᠡ᠃      ᠳᠥᠷᠪᠡ᠂ ᠥᠪᠡᠷ ᠢ ᠪᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠵᠤ᠂ ᠦᠷ᠎ᠡ ᠪᠦᠲᠦᠮᠵᠢ ᠶᠢ ᠦᠨᠡᠨᠬᠦ  ᠪᠠᠲᠤᠯᠠᠪᠠ      ᠬᠠᠤᠯᠢ ᠬᠡᠷᠡᠭᠵᠢᠭᠦᠯᠬᠦ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠵᠤ᠂ ᠰᠤᠮᠤᠨ ᠤ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠩᠭᠢ ᠪᠣᠯᠣᠨ ᠰᠤᠮᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠪᠠᠷ ᠠᠵᠢᠯᠯᠠᠬᠤ ᠳᠤᠭᠤᠶᠢᠯᠠᠩ ᠪᠦᠷᠢᠯᠳᠦᠭᠦᠯᠵᠦ᠂ ᠲᠣᠭᠤᠷᠢᠨ ᠪᠠᠶᠢᠴᠠᠭᠠᠵᠤ ᠬᠢᠨᠠᠯᠲᠠ ᠲᠠᠯᠪᠢᠬᠤ᠂ ᠥᠪᠡᠷ ᠢ ᠪᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠠᠵᠢᠯ ᠢ ᠦᠷᠨᠢᠭᠦᠯᠪᠡ᠃ ᠰᠤᠭᠤᠴᠢᠨ ᠪᠠᠶᠢᠴᠠᠭᠠᠬᠤ ᠬᠡᠯᠪᠡᠷᠢ ᠪᠠᠷ ᠮᠠᠯᠵᠢᠬᠤ ᠡᠷᠦᠬᠡ ᠶᠢᠨ ᠮᠠᠯ ᠤᠨᠤᠭ᠎ᠠ ᠶᠢ ᠳᠠᠬᠢᠨ ᠲᠤᠭᠠᠯᠠᠨ ᠪᠦᠷᠢᠳᠬᠡᠵᠦ᠂ ᠳᠠᠭᠠᠭᠠᠴᠠ ᠠᠴᠠ ᠬᠡᠲᠦᠷᠡᠭᠦᠯᠦᠨ ᠮᠠᠯᠵᠢᠵᠤ ᠪᠠᠶᠢᠭ᠎ᠠ ᠮᠠᠯᠵᠢᠬᠤ ᠡᠷᠦᠬᠡ ᠶᠢ ᠢᠳᠬᠠᠨ ᠤᠬᠠᠭᠤᠯᠵᠤ᠂ ᠮᠠᠯᠵᠢᠬᠤ ᠡᠷᠦᠬᠡ ᠶᠢ ᠮᠠᠯ ᠤᠨ ᠭᠠᠷᠭᠠᠯᠲᠠ ᠶᠢ ᠡᠷᠲᠡᠬᠡᠨ ᠬᠢᠵᠦ ᠳᠠᠭᠤᠰᠬᠠᠬᠤ ᠶᠢ ᠰᠠᠨᠠᠭᠤᠯᠪᠠ᠃ ᠡᠭᠦᠨ ᠤ ᠬᠠᠮᠲᠤ᠂ ᠡᠪᠦᠯ ᠤᠨ ᠤᠯᠠᠷᠢᠯ ᠳᠤ ᠮᠠᠯ ᠢᠶᠠᠨ ᠭᠠᠳᠠᠨ᠎ᠠ ᠤᠷᠤᠨ ᠳᠤ ᠤᠨᠳᠤᠷᠤᠭᠤᠯᠬᠤ ᠡᠷᠦᠬᠡ ᠶᠢ ᠠᠩᠬ᠎ᠠ ᠠᠯᠬᠤᠮ ᠪᠦᠷᠢᠳᠬᠡᠵᠦ᠂ ᠴᠠᠭ᠂ ᠵᠠᠮ ᠱᠤᠭᠤᠮ ᠢ ᠲᠤᠳᠤᠷᠬᠠᠶᠢᠯᠠᠪᠠ᠃ ᠣᠲᠣ ᠪᠣᠯᠲᠠᠯ᠎ᠠ᠂ ᠮᠠᠨ ᠤ ᠰᠤᠮᠤᠨ ᠤ 49 ᠬᠡᠲᠦᠷᠡᠭᠦᠯᠦᠨ ᠮᠠᠯᠵᠢᠭᠰᠠᠨ ᠡᠷᠦᠬᠡ ᠨᠢ ᠨᠢᠭᠡᠨᠲᠡ ᠴᠡᠭᠴᠡᠯᠡᠨ ᠵᠠᠰᠠᠵᠤ ᠳᠠᠭᠤᠰᠬᠠᠵᠠᠢ᠃      ᠲᠠᠷᠠᠭᠠᠴᠢ ᠶᠢᠨ ᠠᠯᠬᠤᠮ ᠳᠤ᠂ ᠮᠠᠨ ᠤ ᠰᠤᠮᠤ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠠᠵᠢᠯ ᠢ ᠦᠷᠭᠦᠯᠵᠢᠯᠡᠨ ᠭᠤᠶᠢᠪᠢᠰᠢ ᠦᠭᠡᠢ ᠲᠦᠯᠬᠢᠨ ᠠᠬᠢᠭᠤᠯᠵᠤ᠂ ᠮᠠᠯ ᠤᠨ ᠭᠠᠷᠭᠠᠯᠲᠠ ᠶᠢᠨ ᠠᠬᠢᠴᠠ ᠶᠢ ᠲᠦᠷᠭᠡᠳᠬᠡᠨ᠂ ᠬᠡᠲᠦᠷᠡᠭᠦᠯᠦᠨ ᠮᠠᠯᠵᠢᠭᠰᠠᠨ ᠠᠰᠠᠭᠤᠳᠠᠯ ᠤᠨ ᠡᠳᠦᠷ ᠲᠤᠲᠤᠮ ᠤᠨ ᠬᠢᠨᠠᠯᠲᠠ ᠬᠠᠮᠢᠶᠠᠷᠤᠯᠲᠠ ᠵᠢᠴᠢ ᠬᠠᠤᠯᠢ ᠬᠡᠷᠡᠭᠵᠢᠭᠦᠯᠬᠦ ᠡᠷᠴᠢᠮ ᠢ ᠴᠢᠩᠭᠠᠷᠠᠭᠤᠯᠵᠤ᠂ ᠪᠡᠯᠴᠢᠭᠡᠷ ᠎ ᠠᠴᠠ ᠬᠡᠲᠦᠷᠡᠭᠦᠯᠦᠨ ᠮᠠᠯᠵᠢᠭᠰᠠᠨ ᠠᠰᠠᠭᠤᠳᠠᠯ ᠢ ᠪᠦᠲᠦᠮᠵᠢᠲᠡᠶ ᠰᠢᠢᠳᠪᠦᠷᠢᠯᠡᠵᠦ᠂ ᠨᠤᠲᠤᠭ ᠪᠡᠯᠴᠢᠭᠡᠷ ᠤᠨ ᠠᠮᠢ ᠠᠬᠤᠢ ᠶᠢᠨ ᠰᠢᠰᠲ᠋ᠧᠮ ᠤᠨ ᠲᠣᠭᠲᠠᠭᠤᠨ ᠪᠠᠶᠢᠬᠤ ᠪᠠ ᠡᠷᠡᠭᠦᠯ ᠪᠠᠶᠢᠬᠤ ᠶᠢ ᠦᠨᠡᠨ ᠬᠦ ᠪᠠᠲᠤᠯᠠᠵᠤ᠂ ᠨᠤᠲᠤᠭ ᠪᠡᠯᠴᠢᠭᠡᠷ ᠤᠨ ᠡᠬᠢ ᠪᠠᠶᠠᠯᠢᠭ ᠢ ᠦᠷᠭᠦᠯᠵᠢᠯᠡᠨ ᠠᠰᠢᠭᠯᠠᠬᠤ ᠶᠢ ᠪᠡᠶᠡᠯᠡᠭᠦᠯᠦᠨ᠎ᠡ᠃
 
ᠢᠷᠡᠯᠲᠡ᠄ ᠭᠠᠬᠢᠯ ᠰᠣᠮᠣ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号