ᠤᠯᠢᠶᠠᠰᠤᠲᠠᠢ ᠪᠠᠯᠭᠠᠰᠤᠨ ᠤ ᠨᠠᠮ ᠤᠨ ᠬᠤᠷᠢᠶ᠎ᠠ ᠨᠢ ᠬᠤᠳᠠ ᠪᠠᠯᠭᠠᠰᠤᠨ ᠤ ᠨᠠᠮ ᠤᠨ ᠪᠠᠶᠢᠭᠤᠯᠤᠯᠲᠠ ᠶᠢᠨ ᠠᠵᠢᠯ ᠢ ᠬᠢᠨᠠᠨ ᠵᠢᠯᠤᠭᠤᠳᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/11/6
      ᠡᠯ᠎ᠡ ᠨᠡᠶᠢᠭᠡᠮ ᠲᠣᠭᠤᠷᠢᠭ ᠤᠨ ᠭᠤᠣᠯᠳᠠᠯᠭ᠎ᠠ ᠲᠠᠢ ᠡᠭᠦᠷᠭᠡ ᠶᠢᠨ ᠠᠬᠢᠴᠠ ᠶᠢ ᠪᠥᠬᠦ ᠲᠠᠯ᠎ᠠ ᠪᠠᠷ ᠤᠶᠢᠯᠠᠭᠠᠨ ᠡᠵᠡᠮᠰᠢᠵᠦ᠂ ᠨᠡᠶᠢᠭᠡᠮ ᠲᠣᠭᠤᠷᠢᠭ ᠤᠨ ᠨᠠᠮ ᠤᠨ ᠪᠠᠶᠢᠭᠤᠯᠤᠯᠲᠠ ᠶᠢᠨ ᠠᠵᠢᠯ ᠤᠨ ᠬᠢᠷᠢ ᠬᠡᠮᠵᠢᠶ᠎ᠡ ᠶᠢ ᠤᠯᠠᠮ ᠨᠢᠭᠡ ᠠᠯᠬᠤᠮ ᠵᠢᠷᠤᠮᠵᠢᠭᠤᠯᠤᠨ ᠲᠡᠭᠡᠭᠰᠢᠯᠡᠭᠦᠯᠬᠦ ᠶᠢ ᠠᠬᠢᠭᠤᠯᠬᠤ ᠶᠢᠨ ᠲᠤᠰᠠᠳᠠ᠂ 10 ᠰᠠᠷ᠎ᠠ ᠶᠢᠨ 18᠎ ᠤ ᠡᠳᠦᠷ᠂ ᠪᠠᠯᠭᠠᠰᠤᠨ ᠤ ᠨᠠᠮ ᠤᠨ ᠬᠤᠷᠢᠶ᠎ᠠ ᠨᠢ ᠲᠤᠰᠬᠠᠢ ᠠᠵᠢᠯ ᠤᠨ ᠳᠤᠭᠤᠶᠢᠯᠠᠩ ᠵᠣᠬᠢᠶᠠᠨ ᠪᠠᠶᠢᠭᠤᠯᠵᠤ ᠪᠥᠬᠦ ᠪᠠᠯᠭᠠᠰᠤᠨ ᠤ 7 ᠨᠡᠶᠢᠭᠡᠮ ᠲᠣᠭᠤᠷᠢᠭ ᠲᠤ ᠭᠦᠨᠵᠡᠭᠡᠶᠢᠷᠡᠨ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠠᠵᠢᠯ ᠢ ᠵᠢᠭᠠᠨ ᠵᠢᠯᠣᠭᠤᠳᠪᠠ᠃      ᠠᠵᠢᠯᠯᠠᠬᠤ ᠳᠤᠭᠤᠶᠢᠯᠠᠩ ᠤᠨ ᠬᠢᠨ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠬᠦ᠂ ᠶᠠᠷᠢᠯᠴᠠᠨ ᠰᠣᠯᠢᠯᠴᠠᠬᠤ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠤᠨ᠂ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ᠂ ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ᠂ ᠣᠯᠠᠨ ᠲᠦᠮᠡᠨ ᠳᠤ ᠦᠢᠯᠡᠴᠢᠯᠡᠬᠦ ᠵᠡᠷᠭᠡ ᠭᠤᠣᠯᠳᠠᠯᠭ᠎ᠠ ᠲᠠᠢ ᠠᠵᠢᠯ ᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠣᠶᠢᠯᠠᠭᠠᠵᠤ᠂ ︽ᠬᠤᠰᠢᠭᠤᠴᠢ ᠠᠳᠠᠯ ᠠᠬᠤᠢ︾᠎ ᠶᠢᠨ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠢ ᠭᠤᠣᠯᠳᠠᠯᠭ᠎ᠠ ᠲᠠᠢ ᠪᠠᠶᠢᠴᠠᠭᠠᠨ ᠰᠤᠳᠤᠯᠵᠤ᠂ ︽ᠭᠤᠷᠪᠠᠨ ᠲᠠᠯ᠎ᠠ ᠪᠠᠷ ᠢᠶᠠᠨ ᠬᠤᠯᠪᠤᠭᠠᠯᠠᠨ ᠬᠥᠳᠡᠯᠦᠯᠴᠡᠬᠦ︾᠂ ︽ᠨᠠᠮ ᠤᠨ ᠪᠠᠶᠢᠭᠤᠯᠤᠯᠲᠠ + ᠵᠠᠬ᠎ᠠ ᠳᠡᠯᠭᠡᠭᠦᠷᠴᠢᠯᠡᠯᠳᠡ︾᠂ ᠨᠠᠮ ᠤᠨ ᠵᠣᠬᠢᠶᠠᠨ ᠪᠠᠶᠢᠭᠤᠯᠤᠯᠲᠠ ᠶᠢᠨ ᠠᠳᠠᠯ ᠠᠬᠤᠢ ᠶᠢᠨ ᠦᠢᠯᠡᠴᠢᠯᠡᠭᠡ ᠶᠢ ᠳᠠᠭᠠᠭᠤᠯᠤᠨ ᠭᠦᠢᠴᠡᠳᠬᠡᠬᠦ ᠵᠡᠷᠭᠡ ᠠᠷᠭ᠎ᠠ ᠬᠡᠮᠵᠢᠶ᠎ᠡ ᠶᠢ ᠠᠬᠢᠭᠤᠯᠤᠭᠰᠠᠨ ᠪᠠᠶᠢᠳᠠᠯ ᠢ ᠣᠶᠢᠯᠠᠭᠠᠭᠰᠠᠨ ᠪᠥᠭᠡᠳ ᠡᠯ᠎ᠡ ᠨᠡᠶᠢᠭᠡᠮ ᠲᠣᠭᠤᠷᠢᠭ ᠲᠠᠢ ᠤᠶᠠᠯᠳᠤᠭᠤᠯᠤᠨ᠂ ︽ᠬᠤᠰᠢᠭᠤᠴᠢ ᠠᠳᠠᠯ ᠠᠬᠤᠢ︾᠎ ᠶᠢᠨ ᠨᠠᠮ ᠤᠨ ᠪᠠᠶᠢᠭᠤᠯᠤᠯᠲᠠ ᠶᠢᠨ ᠬᠤᠯᠪᠤᠭᠠᠯᠠᠨ ᠪᠠᠶᠢᠭᠤᠯᠬᠤ ᠶᠢ ᠯᠠᠪᠳᠠᠭᠤᠨ ᠪᠠᠲᠤᠲᠠᠢ ᠲᠦᠯᠬᠢᠨ ᠠᠬᠢᠭᠤᠯᠵᠤ᠂ ᠨᠠᠮ ᠤᠨ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠳᠣᠣᠷᠠᠬᠢ ᠠᠳᠠᠯ ᠠᠬᠤᠢ ᠶᠢᠨ ᠦᠢᠯᠡᠴᠢᠯᠡᠭᠡᠨ ᠤ ᠬᠠᠮᠢᠶᠠᠷᠤᠯᠲᠠ ᠪᠠ ᠬᠤᠲᠠ ᠶᠢᠨ ᠦᠨᠳᠦᠰᠦᠨ ᠱᠠᠲᠤᠨ ᠤ ᠵᠠᠰᠠᠯᠲᠠ ᠶᠢᠨ ᠬᠢᠷᠢ ᠬᠡᠮᠵᠢᠶ᠎ᠡ ᠶᠢ ᠬᠦᠴᠦᠯᠡᠨ ᠳᠡᠭᠡᠭᠰᠢᠯᠡᠭᠦᠯᠬᠦ ᠳᠤ ᠪᠦᠲᠦᠮᠵᠢᠲᠡᠶ᠂ ᠬᠡᠷᠡᠭᠵᠢᠭᠦᠯᠵᠦ ᠪᠣᠯᠬᠤᠶᠢᠴᠠ ᠰᠠᠨᠠᠯ ᠵᠦᠪᠯᠡᠯᠭᠡ ᠳᠤᠷᠠᠳᠪᠠ᠃      ᠳᠠᠷᠠᠭᠠᠴᠢ ᠶᠢᠨ ᠠᠯᠬᠤᠮ ᠳᠤ᠂ ᠤᠯᠢᠶᠠᠰᠤᠲᠠᠢ ᠪᠠᠯᠭᠠᠰᠤ ᠨᠢ ︽ᠬᠤᠰᠢᠭᠤᠴᠢ ᠠᠳᠠᠯ ᠠᠬᠤᠢ︾᠎ ᠶᠢᠨ ᠦᠢᠯᠡᠳᠦᠯ ᠪᠠᠷ ᠨᠡᠶᠢᠭᠡᠮ ᠲᠣᠭᠤᠷᠢᠭ ᠤᠨ ᠨᠠᠮ ᠤᠨ ᠪᠠᠶᠢᠭᠤᠯᠤᠯᠲᠠ ᠶᠢ ᠪᠦᠬᠦ ᠬᠦᠴᠦᠨ ᠢᠶᠠᠷ ᠢᠶᠠᠨ ᠠᠬᠢᠭᠤᠯᠵᠦ᠂ ᠬᠠᠷᠠᠯᠲᠠ ᠪᠣᠯᠣᠨ ᠤᠭ ᠰᠠᠨᠠᠭ᠎ᠠ ᠪᠠᠨ ᠲᠣᠳᠣᠷᠬᠠᠶᠢᠯᠠᠵᠤ᠂ ︽ᠬᠤᠰᠢᠭᠤᠴᠢ ᠠᠳᠠᠯ ᠠᠬᠤᠢ︾᠎ ᠶᠢᠨ ᠴᠢᠬᠤᠯᠠ ᠠᠴᠢ ᠬᠤᠯᠪᠣᠭᠳᠠᠯ ᠢ ᠭᠦᠨᠵᠡᠭᠡᠢ ᠣᠶᠢᠯᠠᠭᠠᠵᠤ᠂ ᠲᠡᠭᠦᠨ ᠢ ᠨᠡᠶᠢᠭᠡᠮ ᠲᠣᠭᠤᠷᠢᠭ ᠤᠨ ᠤᠯᠠᠨ ᠲᠦᠮᠡᠨ ᠢ ᠬᠠᠮᠢᠶᠠᠷᠴᠤ ᠦᠢᠯᠡᠴᠢᠯᠡᠬᠦ ︽ᠬᠠᠪᠰᠤᠷᠤᠭᠴᠢ︾ ᠪᠣᠯᠭᠠᠨ ᠪᠠᠶᠢᠭᠤᠯᠵᠤ᠂ ᠤᠯᠠᠨ ᠲᠦᠮᠡᠨ ᠤ ᠠᠮᠢᠳᠤᠷᠠᠯ ᠢ ᠨᠡᠩ ᠲᠠᠭᠠᠯᠠᠮᠵᠢᠲᠠᠢ᠂ ᠨᠡᠩ ᠳᠤᠯᠠᠭᠠᠨ ᠪᠤᠯᠭᠠᠬᠤ ᠶᠢᠨ ᠬᠠᠮᠲᠤ᠂ ᠨᠠᠮ ᠤᠨ ᠪᠠᠶᠢᠭᠤᠯᠤᠯᠲᠠ ᠪᠠᠷ ᠵᠢᠯᠣᠭᠤᠳᠤᠮᠵᠢ ᠪᠣᠯᠭᠠᠵᠤ᠂ ᠦᠢᠯᠡᠴᠢᠯᠡᠭᠡ ᠪᠠᠷ ᠠᠷᠠᠳ ᠤᠨ ᠰᠡᠳᠬᠢᠯ ᠢ ᠨᠢᠭᠲᠠᠷᠠᠭᠤᠯᠵᠤ᠂ ᠨᠡᠶᠢᠭᠡᠮ ᠲᠣᠭᠤᠷᠢᠭ ᠤᠨ ᠵᠠᠰᠠᠯᠲᠠ ᠶᠢᠨ ᠠᠵᠢᠯ ᠢ ᠦᠷᠭᠦᠯᠵᠢᠯᠡᠨ ᠰᠠᠶᠢᠲᠤᠷ ᠠᠳᠬᠤᠵᠤ᠂ ᠤᠯᠠᠨ ᠲᠦᠮᠡᠨ ᠤ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠠᠵᠢᠯ ᠢ ᠮᠡᠳᠡᠷᠡᠬᠦ ᠰᠡᠳᠬᠢᠯᠭᠡ ᠶᠢ ᠲᠠᠰᠤᠷᠠᠯᠲᠠ ᠦᠭᠡᠢ ᠨᠡᠮᠡᠭᠳᠡᠭᠦᠯᠦᠨ᠎ᠡ᠃
 
ᠢᠷᠡᠯᠲᠡ᠄ ᠤᠯᠢᠶᠠᠰᠣᠲᠠᠢ ᠪᠠᠯᠭᠠᠰᠤ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号