10 ᠳ᠋ᠤᠭᠠᠷ ᠰᠠᠷ᠎ᠠ ᠶᠢᠨ 18 ᠤ ᠡᠳᠦᠷ᠂ 2024 ᠣᠨ ᠤ ᠰᠢᠯᠢ ᠶᠢᠨ ᠭᠤᠤᠯ ᠠᠶᠢᠮᠠᠭ ᠤᠨ ᠵᠠᠰᠠᠭ | ᠵᠠᠬᠢᠷᠭᠠᠨ ᠤ ᠲᠣᠰᠬᠤᠨ ( ᠭᠠᠴᠠᠭ᠎ᠠ ) ᠳᠤ ᠴᠠᠬᠢᠯᠭᠠᠨ ᠨᠡᠪᠲᠡᠷᠡᠭᠦᠯᠬᠦ 10 ᠺᠢᠯᠣᠸᠠᠲ ᠤᠨ ᠢᠨᠵᠧᠨᠧᠷᠢᠩ ᠢ | ᠤᠷᠤᠭᠰᠢᠲᠠᠶ ᠪᠠᠷ ᠪᠠᠷᠢᠯᠭ᠎ᠠ ᠳᠠᠭᠤᠰᠬᠠᠪᠠ᠃ ᠲᠣᠰ ᠢᠨᠵᠧᠨᠧᠷᠢᠩ ᠢ ᠤᠷᠤᠭᠰᠢᠲᠠᠶ ᠪᠡᠶᠡᠯᠡᠭᠦᠯᠦᠭᠰᠡᠨ ᠨᠢ ᠰᠢᠯᠢ ᠶᠢᠨ | ᠭᠤᠤᠯ ᠠᠶᠢᠮᠠᠭ ᠤᠨ 39 ᠵᠠᠰᠠᠭ ᠵᠠᠬᠢᠷᠭᠠᠨ ᠤ ᠲᠣᠰᠬᠤᠨ ( ᠭᠠᠴᠠᠭ᠎ᠠ ) ᠤ ᠠᠵᠢᠯᠯᠠᠬᠤ ᠭᠠᠵᠠᠷ ᠨᠢ ᠨᠠᠷᠠ ᠰᠠᠯᠬᠢ | ᠬᠠᠷᠢᠯᠴᠠᠨ ᠨᠥᠬᠦᠪᠥᠷᠢᠯᠡᠭᠰᠡᠨ ᠴᠠᠬᠢᠯᠭᠠᠨ ᠬᠠᠩᠭᠠᠬᠤ ᠵᠠᠭᠪᠤᠷ ᠠᠴᠠ ᠰᠠᠯᠵᠤ᠂ ︿︿ᠴᠠᠬᠢᠯᠭᠠᠨ ᠲᠣᠣᠷ ᠤᠨ ᠴᠠᠭ | ᠦᠶ᠎ᠡ﹀﹀ ᠶᠢ ᠵᠢᠩᠬᠢᠨᠢ ᠪᠠᠷ ᠡᠬᠢᠯᠡᠭᠦᠯᠦᠭᠰᠡᠨ ᠢ ᠬᠠᠷᠠᠭᠤᠯᠵᠤ ᠪᠠᠶᠢᠨ᠎ᠠ᠃ ᠠᠵᠢᠯᠲᠠᠳ ᠤᠨ ᠬᠦᠴᠦᠲᠡᠢ ᠴᠢᠷᠮᠠᠶᠢᠯᠭ᠎ᠠ | ᠪᠠᠷ ᠬᠦᠷᠢᠶᠠᠲᠤᠨᠠᠭᠤᠷ ᠰᠤᠮᠤᠨ ᠤ ᠠᠯᠳ᠋ᠬᠠᠠᠮᠡᠭᠡᠯ ᠭᠠᠴᠠᠭᠠᠨ ᠤ ᠨᠠᠮ ᠪᠠ ᠣᠯᠠᠨ ᠲᠦᠮᠡᠨ ᠳᠤ ᠦᠢᠯᠡᠴᠢᠯᠡᠬᠦ ᠲᠥᠪ | ᠲᠤ ᠵᠢᠩᠬᠢᠨᠢ ᠪᠠᠷ ᠴᠠᠬᠢᠯᠭᠠᠨ ᠨᠡᠪᠲᠡᠷᠡᠪᠡ᠃ | 2024 ᠣᠨ ᠤ ᠰᠢᠯᠢ ᠶᠢᠨ ᠭᠤᠤᠯ ᠠᠶᠢᠮᠠᠭ ᠤᠨ ᠵᠠᠰᠠᠭ ᠵᠠᠬᠢᠷᠭᠠᠨ ᠤ ᠲᠣᠰᠬᠤᠨ ( ᠭᠠᠴᠠᠭ᠎ᠠ ) ᠤ | ᠠᠵᠢᠯᠯᠠᠬᠤ ᠭᠠᠵᠠᠷ ᠲᠤ 10 ᠺᠢᠯᠣᠸᠠᠲ ᠤᠨ ᠴᠠᠬᠢᠯᠭᠠᠨ ᠨᠡᠪᠲᠡᠷᠡᠭᠦᠯᠬᠦ ᠢᠨᠵᠧᠨᠧᠷᠢᠩ ᠪᠣᠯ 2024 ᠣᠨ ᠤ | ᠥᠪᠡᠷᠲᠡᠭᠡᠨ ᠵᠠᠰᠠᠬᠤ ᠣᠷᠣᠨ ᠤ ᠭᠤᠤᠯᠳᠠᠯᠭ᠎ᠠ ᠲᠠᠢ ᠢᠨᠵᠧᠨᠧᠷᠢᠩ ᠪᠣᠯᠤᠨ᠎ᠠ᠂ ᠢᠨᠵᠧᠨᠧᠷᠢᠩ ᠳᠤ ᠨᠡᠶᠢᠲᠡ 6274 | ᠲᠦᠮᠡᠨ ᠲᠥᠭᠦᠷᠢᠭ ᠤᠨ ᠪᠠᠯᠠ ᠣᠷᠣᠭᠤᠯᠵᠤ᠂ 10 ᠺᠢᠯᠣᠸᠠᠲ ᠤᠨ ᠱᠤᠭᠤᠮ 369 . 63 ᠺᠢᠯᠣᠮᠧᠲᠷ᠂ | ᠬᠦᠴᠦᠳᠡᠯ ᠥᠭᠡᠷᠡᠴᠢᠯᠡᠭᠴᠢ 35 ᠶᠢ ᠰᠢᠨ᠎ᠡ ᠪᠠᠷ ᠪᠠᠶᠢᠭᠤᠯᠵᠤ᠂ ᠰᠢᠯᠢ ᠶᠢᠨ ᠬᠤᠲᠠ᠂ ᠵᠡᠭᠦᠨ ᠦᠵᠦᠮᠦᠴᠢᠨ | ᠬᠤᠰᠢᠭᠤ᠂ ᠪᠠᠷᠠᠭᠤᠨ ᠦᠵᠦᠮᠦᠴᠢᠨ ᠬᠤᠰᠢᠭᠤ᠂ ᠠᠪᠠᠭ᠎ᠠ ᠬᠤᠰᠢᠭᠤ᠂ ᠰᠢᠯᠤᠭᠤᠨ ᠬᠥᠬᠡ ᠬᠤᠰᠢᠭᠤ ᠵᠡᠷᠭᠡ 5 | ᠬᠤᠰᠢᠭᠤ ᠰᠢᠶᠠᠨ ᠬᠤᠲᠠ ᠶᠢᠨ 39 ᠵᠠᠰᠠᠭ ᠵᠠᠬᠢᠷᠭᠠᠨ ᠤ ᠲᠣᠰᠬᠤᠨ ( ᠭᠠᠴᠠᠭ᠎ᠠ ) ᠢ ᠬᠠᠮᠤᠷᠴᠠᠶ᠃ ᠢᠨᠵᠧᠨᠧᠷᠢᠩ | ᠤᠨ ᠪᠥᠲᠥᠭᠡᠨ ᠪᠠᠶᠢᠭᠤᠯᠤᠯᠲᠠ ᠶᠢᠨ ᠡᠭᠦᠷᠭᠡ ᠶᠢ ᠬᠤᠭᠤᠴᠠᠭ᠎ᠠ ᠶᠣᠰᠣᠭᠠᠷ ᠪᠡᠶᠡᠯᠡᠭᠦᠯᠬᠦ ᠶᠢ ᠦᠨᠡᠨ ᠬᠦ ᠪᠠᠲᠤᠯᠠᠬᠤ | ᠶᠢᠨ ᠲᠥᠯᠥᠭᠡ᠂ ᠰᠢᠯᠢ ᠶᠢᠨ ᠭᠤᠤᠯ ᠤᠨ ᠴᠠᠬᠢᠯᠭᠠᠨ ᠬᠠᠩᠭᠠᠬᠤ ᠺᠣᠮᠫᠠᠨᠢ ᠨᠢ ᠵᠠᠰᠠᠭ ᠵᠠᠬᠢᠷᠭᠠᠨ ᠤ ᠲᠣᠰᠬᠤᠨ | ( ᠭᠠᠴᠠᠭ᠎ᠠ ) ᠤ ᠠᠵᠢᠯᠯᠠᠬᠤ ᠭᠠᠵᠠᠷ ᠲᠤ ᠴᠠᠬᠢᠯᠭᠠᠨ ᠲᠣᠣᠷ ᠨᠡᠪᠲᠡᠷᠡᠭᠦᠯᠬᠦ ᠶᠢ ᠨᠢᠭᠡᠳᠦᠭᠡᠷ ᠢᠨᠵᠧᠨᠧᠷᠢᠩ ᠳᠤ | ᠵᠢᠭᠰᠠᠭᠠᠨ ᠣᠷᠣᠭᠤᠯᠵᠤ᠂ ᠲᠡᠷᠡ ᠳᠠᠷᠤᠶ ᠳᠤᠨᠢ ᠠᠵᠢᠯ ᠤᠨ ᠲᠤᠰᠬᠠᠶ ᠠᠩᠭᠢ ᠪᠠᠶᠢᠭᠤᠯᠤᠨ᠂ ᠪᠠᠶᠢᠩᠭᠤᠵᠢᠭᠰᠠᠨ | ᠰᠣᠯᠢᠯᠴᠠᠭ᠎ᠠ ᠶᠢᠨ ᠵᠥᠪᠳᠡᠯᠴᠡᠬᠦ ᠲᠣᠭᠲᠠᠴᠠ ᠶᠢ ᠪᠠᠶᠢᠭᠤᠯᠵᠤ᠂ ᠪᠠᠷᠢᠯᠭ᠎ᠠ ᠶᠢ ᠡᠷᠲᠡᠬᠡᠨ ᠳᠠᠭᠤᠰᠬᠠᠵᠤ᠂ ᠡᠷᠲᠡᠬᠡᠨ | ᠴᠠᠬᠢᠯᠭᠠᠨ ᠨᠡᠪᠲᠡᠷᠡᠭᠦᠯᠬᠦ ᠶᠢ ᠦᠨᠡᠨᠬᠦ ᠪᠠᠲᠤᠯᠠᠪᠠ ᠃ |