ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠯᠢᠦ ᠶᠠᠨ ᠨᠠᠷ ᠰᠠᠮᠠᠢ ᠰᠤᠮᠤ ᠳᠤ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠵᠦ ᠵᠢᠭᠠᠨ ᠵᠢᠯᠣᠭᠤᠳᠪᠠ
ᠨᠡᠶᠢᠲᠡᠯᠡᠭᠰᠡᠨ ᠴᠠᠭ᠄
2024/11/8
      10 ᠰᠠᠷ᠎ᠠ ᠶᠢᠨ 24᠎ ᠤ ᠡᠳᠦᠷ᠂ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠯᠢᠦ ᠶᠠᠨ ᠨᠠᠷ ᠰᠠᠮᠠᠢ ᠰᠤᠮᠤ ᠳᠤ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠵᠦ ᠵᠢᠭᠠᠨ ᠵᠢᠯᠣᠭᠤᠳᠴᠤ᠂ ᠰᠤᠮᠤᠨ ᠤ ᠨᠠᠮ ᠵᠠᠰᠠᠭ ᠤᠨ ᠤᠳᠤᠷᠢᠳᠬᠤ ᠪᠠᠭ ᠤᠨ ᠭᠡᠰᠢᠭᠦᠨ᠂ ᠬᠤᠰᠢᠭᠤ ᠠᠷᠠᠳ ᠤᠨ ᠲᠥᠯᠥᠭᠡᠯᠡᠭᠴᠢᠳ ᠪᠠᠷ᠎ᠠ ᠪᠣᠯᠪᠠ᠃      ᠰᠠᠭᠤᠳᠠᠯ ᠤᠨ ᠬᠤᠷᠠᠯ ᠬᠤᠷᠠᠯᠳᠤᠭᠤᠯᠵᠤ᠂ ᠰᠤᠮᠤᠨ ᠤ ᠨᠠᠮ ᠤᠨ ᠬᠤᠷᠢᠶᠠᠨ ᠤ ᠱᠦᠵᠢ ᠰᠢᠷᠠᠶᠢᠪᠠᠨᠽᠡᠷ ᠨᠥᠬᠦᠷ ᠰᠤᠮᠤᠨ ᠤ ᠣᠶᠢᠷ᠎ᠠ ᠶᠢᠨ ᠵᠢᠯ ᠤᠨ ᠲᠤᠷᠰᠢᠬᠢ ︽ᠬᠢᠯᠢ ᠬᠢᠵᠠᠭᠠᠷ ᠢ ᠬᠥᠭᠵᠢᠭᠦᠯᠦᠨ ᠠᠷᠠᠳ ᠢ ᠪᠠᠶᠠᠵᠢᠭᠤᠯᠬᠤ ᠠᠵᠢᠯᠯᠠᠭ᠎ᠠ︾᠎ ᠶᠢ  ᠬᠡᠷᠡᠭᠵᠢᠭᠦᠯᠦᠭᠰᠡᠨ ᠰᠠᠭᠤᠷᠢ ᠲᠥᠬᠦᠭᠡᠷᠦᠮᠵᠢ᠂ ᠠᠷᠠᠳ ᠤᠨ ᠠᠮᠢᠳᠤᠷᠠᠯ ᠤᠨ ᠪᠠᠲᠤᠯᠠᠭ᠎ᠠ᠂ ᠠᠮᠢ ᠠᠬᠤᠶ ᠶᠢᠨ ᠣᠷᠴᠢᠨ ᠲᠣᠭᠤᠷᠢᠨ ᠵᠢᠴᠢ ᠦᠨᠳᠦᠰᠦᠲᠡᠨ ᠤ ᠪᠦᠯᠬᠦᠮᠳᠡᠯ ᠵᠡᠷᠭᠡ ᠬᠦᠷᠢᠶᠡᠨ ᠬᠡᠪᠴᠢᠶᠡᠨ  ᠳᠠᠬᠢ ᠦᠨᠳᠦᠰᠦᠨ ᠪᠠᠶᠢᠳᠠᠯ᠂ ᠣᠷᠣᠰᠢᠵᠤ ᠪᠠᠶᠢᠭ᠎ᠠ ᠠᠰᠠᠭᠤᠳᠠᠯ᠂ ᠲᠤᠷᠰᠢᠯᠭ᠎ᠠ ᠠᠷᠭ᠎ᠠ ᠬᠢᠳᠡᠯ ᠪᠠ ᠰᠠᠨᠠᠯ ᠰᠠᠨᠠᠭᠤᠯᠭ᠎ᠠ ᠵᠡᠷᠭᠡ ᠲᠠᠯ᠎ᠠ ᠪᠠᠷ ᠪᠠᠶᠢᠴᠠᠭᠠᠨ ᠰᠤᠳᠤᠯᠬᠤ ᠳᠤᠭᠤᠶᠢᠯᠠᠩ ᠳᠤ ᠲᠤᠰᠬᠠᠶ ᠰᠡᠳᠦᠪ ᠢᠶᠠᠷ ᠬᠠᠷᠢᠭᠤ ᠮᠡᠳᠡᠭᠦᠯᠪᠡ᠃      ᠳᠠᠷᠠᠭ᠎ᠠ ᠨᠢ᠂ ᠪᠠᠶᠠᠨᠬᠦ᠋ᠭᠡᠪᠦᠷ ᠭᠠᠴᠠᠭᠠᠨ ᠤ ᠲᠥᠷᠥᠯ ᠵᠦᠢᠯ ᠤᠨ ᠰᠠᠭᠤᠷᠢᠨ ᠭᠠᠵᠠᠷ᠂ ᠵᠢᠷᠠᠨᠪᠤᠯᠠᠭ ᠭᠠᠴᠠᠭᠠᠨ ᠤ ᠲᠥᠷᠥᠯ ᠵᠦᠢᠯ ᠤᠨ ᠰᠠᠭᠤᠷᠢᠨ ᠭᠠᠵᠠᠷ ᠵᠢᠴᠢ ᠵᠢᠷᠠᠨᠪᠤᠯᠠᠭ ᠭᠠᠴᠠᠭᠠᠨ ᠤ ᠭᠡᠷ ᠪᠦᠯᠢ ᠶᠢᠨ ᠮᠠᠯᠵᠢᠯ ᠤᠨ ᠲᠠᠯᠠᠪᠠᠢ ᠶᠢ ᠪᠠᠶᠢᠴᠠᠭᠠᠨ ᠦᠵᠡᠵᠦ᠂ ︽ᠬᠢᠯᠢ ᠬᠢᠵᠠᠭᠠᠷ ᠢ ᠬᠥᠭᠵᠢᠭᠦᠯᠦᠨ ᠠᠷᠠᠳ ᠢ ᠪᠠᠶᠠᠵᠢᠭᠤᠯᠬᠤ ᠠᠵᠢᠯᠯᠠᠭ᠎ᠠ︾᠎ ᠶᠢᠨ ᠲᠥᠷᠥᠯ ᠵᠦᠢᠯ ᠤᠨ ᠪᠡᠯᠡ ᠮᠥᠩᠭᠦ ᠶᠢ ᠪᠠᠭᠤᠯᠭᠠᠬᠤ᠂ ᠪᠡᠯᠡ ᠮᠥᠩᠭᠦ ᠶᠢ ᠳᠠᠩᠰᠠ ᠮᠡᠳᠡᠭᠦᠯᠬᠦ᠂ ᠲᠥᠷᠥᠯ ᠵᠦᠢᠯ ᠤᠨ ᠬᠡᠷᠡᠭᠵᠢᠭᠦᠯᠦᠯᠲᠡ᠂ ᠲᠥᠷᠥᠯ ᠵᠦᠢᠯ ᠤᠨ ᠦᠷ᠎ᠡ ᠠᠰᠢᠭ ᠵᠡᠷᠭᠡ ᠪᠠᠶᠢᠳᠠᠯ ᠢ ᠨᠠᠷᠢᠨ ᠣᠶᠢᠯᠠᠭᠠᠪᠠ᠃      ᠪᠠᠶᠢᠴᠠᠭᠠᠨ ᠰᠤᠳᠤᠯᠬᠤ ᠳᠤᠭᠤᠶᠢᠯᠠᠩ ᠠᠴᠠ  ᠪᠠᠯᠠ ᠮᠥᠩᠭᠦ ᠤᠯᠬᠤ ᠡᠷᠴᠢᠮ ᠢᠶᠠᠨ ᠤᠯᠠᠮ ᠨᠢᠭᠡ ᠠᠯᠬᠤᠮ ᠴᠢᠩᠭᠠᠷᠠᠭᠤᠯᠵᠤ᠂ ᠲᠥᠷᠥ ᠶᠢᠨ ᠪᠣᠳᠣᠯᠭ᠎ᠠ ᠪᠠ ᠪᠠᠯᠠ ᠮᠥᠩᠭᠦ ᠶᠢ ᠬᠢᠯᠢ ᠬᠢᠵᠠᠭᠠᠷ ᠣᠷᠣᠨ ᠳᠠᠰᠢ ᠬᠡᠯᠪᠠᠶᠢᠯᠭᠡᠵᠦ᠂ ᠮᠠᠯᠴᠢᠨ ᠲᠦᠮᠡᠨ ᠤ ᠦᠢᠯᠡᠳᠪᠦᠷᠢᠯᠡᠯ ᠠᠮᠢᠳᠤᠷᠠᠯ ᠤᠨ ᠨᠢᠭᠲᠠ ᠬᠤᠯᠪᠣᠭᠳᠠᠬᠤ ᠬᠦᠷᠢᠶ᠎ᠡ ᠴᠠᠷᠠᠭ᠎ᠠ ᠳᠠᠰᠢ ᠬᠡᠯᠪᠠᠶᠢᠯᠭᠡᠵᠦ᠂ ᠨᠢᠭᠡᠳᠦᠯᠲᠡᠶ ᠲᠥᠯᠥᠪᠯᠡᠨ ᠵᠣᠬᠢᠴᠠᠭᠤᠯᠵᠤ᠂ ᠬᠦᠯᠢᠶᠡᠨ ᠠᠪᠤᠭᠴᠢᠳ ᠤᠨ ᠬᠡᠪᠴᠢᠶ᠎ᠡ ᠶᠢ ᠨᠠᠩ ᠥᠷᠭᠡᠨ ᠪᠣᠯᠭᠠᠬᠤ ᠬᠡᠷᠡᠭᠲᠡᠶ︔ ᠪᠡᠯᠡ ᠮᠥᠩᠭᠦ ᠶᠢᠨ ᠬᠡᠷᠡᠭᠯᠡᠯᠲᠡ ᠬᠠᠮᠢᠶᠠᠷᠤᠯᠲᠠ ᠶᠢ  ᠵᠢᠷᠤᠮᠵᠢᠭᠤᠯᠬᠤ  ᠶᠢ ᠴᠢᠩᠭᠠᠳᠬᠠᠵᠤ᠂ ᠭᠤᠣᠯᠳᠠᠯᠭ᠎ᠠ ᠲᠠᠢ ᠤᠨᠴᠠᠯᠢᠭᠳᠤ ᠠᠵᠤ ᠦᠢᠯᠡᠰ ᠤᠨ ᠲᠦᠷᠦᠯ ᠵᠦᠢᠯ ᠢ ᠶᠡᠬᠡᠪᠡᠷ ᠲᠡᠳᠬᠦᠵᠦ᠂ ᠨᠡᠩ ᠤᠯᠠᠨ ᠮᠠᠯᠴᠢᠨ ᠲᠦᠮᠡᠨ ᠢ ᠳᠠᠶᠢᠴᠢᠯᠠᠨ ᠪᠠᠶᠠᠵᠢᠭᠤᠯᠬᠤ ᠬᠡᠷᠡᠭᠲᠡᠢ᠃ ᠡᠭᠦᠨ ᠤ ᠳᠤ ᠬᠠᠮᠲᠤ᠂ ᠰᠠᠮᠠᠢ ᠰᠤᠮᠤ ᠳᠠᠪᠠᠭᠤᠯᠢᠭ ᠢᠶᠠᠨ ᠦᠷᠭᠦᠯᠵᠢᠯᠡᠨ ᠪᠠᠳᠠᠷᠠᠭᠤᠯᠵᠤ᠂ ︽ᠬᠢᠯᠢ ᠬᠢᠵᠠᠭᠠᠷ ᠢ ᠬᠥᠭᠵᠢᠭᠦᠯᠦᠨ ᠠᠷᠠᠳ ᠢ ᠪᠠᠶᠠᠵᠢᠭᠤᠯᠬᠤ ᠠᠵᠢᠯᠯᠠᠭ᠎ᠠ︾᠎ ᠶᠢ ᠬᠡᠷᠡᠭᠵᠢᠭᠦᠯᠬᠦ ᠶᠢ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ᠂ ᠪᠣᠬᠢᠷᠲᠤᠯ ᠦᠭᠡᠢ ᠬᠥᠭᠵᠢᠯᠲᠡ᠂ ᠠᠵᠤ ᠦᠢᠯᠡᠰ ᠤᠨ ᠬᠥᠭᠵᠢᠯᠲᠡ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠵᠡᠷᠭᠡ ᠲᠠᠢ ᠣᠷᠭᠠᠨᠢᠭ ᠢᠶᠠᠷ ᠤᠶᠠᠯᠳᠤᠭᠤᠯᠵᠤ᠂ ᠰᠢᠨ᠎ᠡ ᠴᠠᠭ ᠦᠶ᠎ᠡ ᠶᠢᠨ ᠲᠣᠭᠲᠠᠭᠤᠨ ᠪᠠᠶᠠᠵᠢᠯ ᠤᠨ ᠳᠤᠮᠳᠠ ᠨᠠᠩ ᠶᠡᠭᠡ ᠬᠤᠪᠢ ᠨᠡᠮᠡᠷᠢ ᠦᠵᠡᠭᠦᠯᠬᠦ ᠶᠢ ᠬᠦᠰᠡᠵᠦ  ᠪᠠᠶᠢᠨ᠎ᠠ ᠭᠡᠵᠦ ᠵᠢᠭᠠᠨ ᠭᠠᠷᠭᠠᠪᠠ᠃
 
ᠢᠷᠡᠯᠲᠡ᠄ ᠰᠠᠮᠠᠢ ᠰᠣᠮᠣ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号