ᠬᠦᠷᠢᠶᠡᠳᠦᠨᠠᠭᠤᠷ ᠰᠤᠮᠤ ᠨᠢ ᠵᠡᠭᠦᠨ ᠦᠵᠦᠮᠦᠴᠢᠨ ᠬᠤᠰᠢᠭᠤᠨ ᠤ ᠲᠠᠪᠤᠳᠤᠭᠠᠷ ᠬᠤᠭᠤᠴᠠᠭᠠᠨ ᠤ ︽ᠠᠨᠠᠨᠳᠠ︾ ᠬᠤᠨᠳᠠᠭᠠᠲᠤ ᠪᠦᠬᠦ ᠠᠷᠠᠳ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠤᠷᠤᠯᠳᠤᠭᠠᠨ ᠳᠤ ᠢᠳᠡᠪᠬᠢᠲᠡᠢ ᠵᠣᠬᠢᠶᠠᠨ ᠪᠠᠶᠢᠭᠤᠯᠤᠨ ᠣᠷᠣᠯᠴᠠᠵᠤ ᠰᠢᠯᠢᠳᠡᠭ ᠬᠢᠷᠢ ᠪᠦᠲᠦᠮᠵᠢ ᠣᠯᠵᠠᠢ
ᠨᠡᠶᠢᠲᠡᠯᠡᠭᠰᠡᠨ ᠴᠠᠭ᠄
2024/11/8
      ᠥᠷᠭᠡᠨ ᠣᠯᠠᠨ ᠮᠠᠯᠴᠢᠨ ᠲᠦᠮᠡᠨ ᠤ ᠰᠢᠨ᠎ᠡ ᠶᠢ ᠡᠭᠦᠳᠬᠦ ᠢᠳᠡᠪᠬᠢᠵᠢᠯ ᠢ ᠬᠥᠭᠵᠢᠭᠡᠵᠦ᠂ ᠪᠥᠬᠦ ᠠᠷᠠᠳ ᠢᠶᠠᠷ ᠢᠶᠠᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢ ᠬᠠᠶᠢᠷᠠᠯᠠᠬᠤ᠂ ᠪᠥᠬᠦ ᠠᠷᠠᠳ ᠢᠶᠠᠷ ᠢᠶᠠᠨ ᠰᠢᠨ᠎ᠡ ᠶᠢ ᠡᠭᠦᠳᠬᠦ ᠶᠢ ᠬᠠᠶᠢᠷᠠᠯᠠᠬᠤ ᠭᠦᠨ ᠵᠤᠵᠠᠭᠠᠨ ᠠᠭᠤᠷ ᠠᠮᠢᠰᠬᠤᠯ ᠢ ᠪᠣᠶ ᠪᠣᠯᠭᠠᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠡᠭᠦᠳᠦᠯᠲᠡ ᠪᠠᠷ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠴᠢᠳᠠᠯ ᠬᠤᠷᠠᠮᠳᠤᠭᠤᠯᠤᠨ ᠥᠭᠴᠦ᠂ ᠮᠠᠯ ᠠᠵᠤ ᠠᠬᠤᠶ ᠶᠢᠨ ᠬᠥᠭᠵᠢᠯᠲᠡ ᠶᠢ ᠰᠠᠶᠢᠲᠤᠷ ᠠᠬᠢᠭᠤᠯᠬᠤ ᠶᠢᠨ ᠲᠥᠯᠥᠭᠡ᠂ 10 ᠰᠠᠷ᠎ᠠ ᠶᠢᠨ 29᠎ ᠤ ᠡᠳᠦᠷ᠂ ᠬᠦᠷᠢᠶᠡᠲᠦᠨᠠᠭᠤᠷ ᠰᠤᠮᠤ ᠨᠢ ᠵᠡᠭᠦᠨ ᠦᠵᠦᠮᠦᠴᠢᠨ ᠬᠤᠰᠢᠭᠤᠨ ᠤ ᠲᠠᠪᠤᠳᠤᠭᠠᠷ ᠬᠤᠭᠤᠴᠠᠭᠠᠨ ᠤ ︽ᠠᠨᠠᠨᠳᠠ︾ ᠬᠤᠨᠳᠠᠭᠠᠲᠤ ᠪᠥᠬᠦ ᠠᠷᠠᠳ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠤᠷᠤᠯᠳᠤᠭᠠᠨ ᠳᠤ ᠢᠳᠡᠪᠬᠢᠲᠡᠶ ᠵᠣᠬᠢᠶᠠᠨ ᠪᠠᠶᠢᠭᠤᠯᠤᠨ ᠣᠷᠣᠯᠴᠠᠭᠰᠠᠨ ᠪᠥᠭᠡᠳ ᠰᠢᠯᠢᠳᠡᠭ ᠬᠢᠷᠢ ᠪᠦᠲᠦᠮᠵᠢ ᠤᠯᠪᠠ᠃      ᠲᠤᠰ ᠤᠳᠠᠭᠠᠨ ᠤ ᠤᠷᠤᠯᠳᠤᠭᠠᠨ ᠳᠤ᠂ ᠴᠠᠭᠠᠨᠨᠠᠭᠤᠷ ᠭᠠᠴᠠᠭᠠᠨ ᠤ ᠮᠠᠯᠴᠢᠨ ᠰᠡᠷᠡᠩᠨᠠᠮᠵᠢᠯ ᠤᠨ ᠡᠭᠦᠳᠦᠨ ᠪᠥᠲᠦᠭᠡᠭᠰᠡᠨ ︽ᠮᠠᠯ ᠬᠠᠰᠢᠶᠠᠯᠠᠬᠤ ᠲᠠᠰᠤᠯᠭ᠎ᠠ︾᠎ ᠨᠢ ᠨᠢᠭᠡᠳᠦᠭᠡᠷ ᠳᠡᠰ ᠲᠤ ᠳᠤᠳᠤᠷᠠᠪᠠ᠃ ᠲᠤᠰ ᠲᠠᠰᠤᠯᠭ᠎ᠠ ᠶᠢ 2024 ᠤᠨ ᠳᠤ ᠡᠭᠦᠳᠴᠦ᠂ ᠬᠠᠪᠤᠷ ᠤᠨ ᠲᠦᠯ ᠲᠤᠰᠬᠤ ᠬᠤᠭᠤᠴᠠᠭᠠᠨ ᠳᠠᠬᠢ ᠮᠠᠯ ᠤᠨᠤᠭ᠎ᠠ ᠶᠢ ᠲᠦᠷᠦᠯ ᠬᠤᠪᠢᠶᠠᠨ ᠲᠤᠰᠠᠭᠠᠷᠯᠠᠬᠤ ᠬᠦᠴᠢᠷ ᠠᠰᠠᠭᠤᠳᠠᠯ ᠢ ᠰᠢᠢᠳᠪᠦᠷᠢᠯᠡᠵᠦ᠂ ᠬᠤᠷᠢᠶᠠᠨ ᠡᠪᠬᠡᠬᠦ ᠳᠤ ᠲᠦᠭᠦᠮ ᠲᠥᠬᠦᠭᠡᠷᠦᠮᠵᠢ ᠪᠣᠯᠤᠨ᠎ᠠ᠃ ᠡᠭᠦᠨ ᠠᠴᠠ ᠭᠠᠳᠠᠨ᠎ᠠ᠂ ᠴᠠᠭᠠᠨᠨᠠᠭᠤᠷ ᠭᠠᠴᠠᠭᠠᠨ ᠤ ᠮᠠᠯᠴᠢᠨ ᠰᠠᠶᠢᠵᠢᠷᠠᠬᠤ ᠶᠢᠨ ᠡᠭᠦᠳᠦᠭᠰᠡᠨ ︽ᠡᠪᠡᠰᠦ ᠪᠣᠷᠳᠤᠭ᠎ᠠ ᠲᠡᠭᠡᠭᠡᠬᠦ ᠮᠠᠰᠢᠨ︾᠎ ᠨᠢ ᠰᠢᠯᠢᠳᠡᠭ ᠱᠠᠩᠨᠠᠯ ᠢ ᠬᠦᠷᠲᠡᠪᠡ᠃ ᠲᠤᠰ ᠮᠠᠰᠢᠨ ᠢ 2024 ᠣᠨ ᠳᠤ ᠡᠭᠦᠳᠴᠦ᠂ ᠮᠠᠰᠢᠨ ᠲᠡᠷᠭᠡᠨ ᠤ ᠠᠷᠤ ᠠᠴᠠ ᠬᠤᠯᠪᠤᠵᠤ ᠡᠪᠡᠰᠦ ᠪᠣᠷᠳᠤᠭ᠎ᠠ ᠪᠤᠶᠤ ᠮᠠᠯ ᠤᠨᠤᠭ᠎ᠠ ᠵᠥᠭᠡᠭᠡᠪᠦᠷᠢᠯᠡᠬᠦ ᠳᠤ ᠬᠡᠷᠡᠭᠯᠡᠵᠦ᠂ ᠬᠥᠮᠦᠨ ᠤ ᠬᠦᠴᠦᠨ ᠢ ᠶᠡᠭᠡ ᠪᠠᠷ ᠠᠷᠪᠢᠯᠠᠵᠤ᠂ ᠮᠠᠯᠴᠢᠨ ᠬᠦᠮᠦᠨ ᠤ ᠤᠷ᠎ᠠ ᠤᠬᠠᠭᠠᠨ ᠰᠢᠩᠭᠡᠭᠰᠡᠨ ᠪᠥᠲᠦᠭᠡᠯ ᠪᠣᠯᠤᠨ᠎ᠠ᠃      ᠡᠨᠡ ᠬᠤᠶᠠᠷ ᠵᠦᠢᠯ ᠤᠨ ᠰᠢᠨ᠎ᠡ ᠶᠢ ᠡᠭᠦᠳᠦᠭᠰᠡᠨ ᠦᠷ᠎ᠡ ᠪᠦᠲᠦᠭᠡᠯ ᠪᠣᠯ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠷ ᠠᠮᠢᠳᠤᠷᠠᠯ ᠢ ᠬᠤᠪᠢᠷᠠᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠮᠢᠳᠤᠯᠢᠭ ᠦᠢᠯᠡᠳᠦᠯᠭᠡ ᠪᠣᠯᠤᠨ᠎ᠠ᠃ ᠪᠡᠶ᠎ᠡ ᠪᠠᠨ ᠳᠠᠭᠠᠭᠠᠵᠤ ᠰᠢᠨ᠎ᠡ ᠶᠢ ᠡᠭᠦᠳᠬᠦ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠡᠷᠡᠭᠯᠡᠭᠡ ᠪᠠᠷ ᠳᠠᠮᠵᠢᠭᠤᠯᠤᠨ᠂ ᠮᠠᠯ ᠠᠵᠤ ᠠᠬᠤᠢ ᠶᠢᠨ ᠦᠢᠯᠡᠳᠪᠦᠷᠢᠯᠡᠯ ᠠᠮᠢᠳᠤᠷᠠᠯ ᠤᠨ ᠳᠤᠮᠳᠠᠬᠢ ᠪᠣᠳᠠᠲᠠᠢ ᠠᠰᠠᠭᠤᠳᠠᠯ ᠢ ᠦᠨᠡᠨᠬᠦ ᠰᠢᠢᠳᠪᠦᠷᠢᠯᠡᠵᠦ᠂ ᠦᠢᠯᠡᠳᠪᠦᠷᠢᠯᠡᠯ ᠤᠨ ᠦᠷ᠎ᠡ ᠠᠰᠢᠭ ᠢ ᠳᠡᠭᠡᠭᠰᠢᠯᠡᠭᠦᠯᠵᠦ᠂ ᠬᠥᠮᠦᠨ ᠤ ᠬᠦᠴᠦᠨ ᠤ ᠥᠪᠡᠷ ᠤᠨ ᠦᠷᠳᠡᠭ ᠪᠣᠯᠤᠨ ᠲᠡᠭᠡᠭᠡᠪᠦᠷᠢ ᠶᠢᠨ ᠥᠪᠡᠷ ᠤᠨ ᠦᠷᠳᠡᠭ ᠢ ᠪᠦᠲᠦᠮᠵᠢᠲᠡᠢ ᠪᠠᠭᠤᠷᠠᠭᠤᠯᠵᠤ᠂ ᠮᠠᠯᠴᠢᠳ ᠲᠤ ᠦᠨᠡᠨ ᠪᠣᠳᠠᠲᠠᠢ ᠠᠵᠤ ᠠᠬᠤᠢ ᠶᠢᠨ ᠦᠷ᠎ᠡ ᠠᠰᠢᠭ ᠣᠯᠭᠤᠵᠤ᠂ ᠮᠠᠯ ᠠᠵᠤ ᠠᠬᠤᠢ ᠶᠢᠨ ᠠᠯᠤᠰ ᠬᠡᠳᠤ ᠶᠢᠨ ᠬᠥᠭᠵᠢᠯᠲᠡ ᠳᠤ ᠪᠠᠲᠤ ᠪᠠᠬᠢ ᠰᠠᠭᠤᠷᠢ ᠶᠢ ᠲᠠᠯᠪᠢᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠰᠢᠨ᠎ᠡ ᠠᠮᠢᠵᠢᠷᠠᠯ ᠤᠨ ᠬᠦᠴᠦᠨ ᠪᠣᠯᠤᠨ ᠬᠥᠳᠡᠯᠭᠡᠬᠦ ᠬᠦᠴᠦᠨ ᠢ ᠨᠡᠮᠡᠷᠢᠯᠡᠭᠰᠡᠨ ᠪᠠᠶᠢᠨ᠎ᠠ᠃      ᠲᠠᠷᠠᠭᠠᠴᠢ ᠶᠢᠨ ᠠᠯᠬᠤᠮ ᠳᠤ᠂ ᠬᠦᠷᠢᠶᠡᠳᠦᠨᠠᠭᠤᠷ ᠰᠤᠮᠤ ᠨᠢ ᠬᠦᠳᠡᠭᠡ ᠲᠤᠰᠬᠤᠨ ᠢ ᠬᠦᠭᠵᠢᠬᠦᠯᠦᠨ ᠮᠠᠨᠳᠤᠭᠤᠯᠬᠤ ᠤᠷᠤᠨ ᠨᠤᠳᠤᠭ ᠤᠨ ᠴᠢᠳᠠᠪᠤᠷᠢᠳᠠᠨ ᠤ ᠡᠩᠨᠡᠭᠡ ᠶᠢᠨ ᠪᠠᠶᠢᠭᠤᠯᠤᠯᠳᠠ ᠶᠢ ᠭᠤᠤᠯᠳᠠᠯᠭ᠎ᠠ ᠲᠠᠢ ᠠᠳᠬᠤᠬᠤ ᠳᠤ ᠠᠩᠬᠠᠷᠤᠯ ᠢᠶᠠᠨ ᠲᠦᠪᠯᠡᠷᠡᠬᠦᠯᠵᠦ᠂ ᠰᠢᠨᠵᠢᠯᠡᠬᠦ ᠤᠬᠠᠭᠠᠨ ᠲᠧᠭᠨᠢᠭ ᠮᠡᠷᠬᠡᠵᠢᠯ ᠢᠶᠠᠷ ᠬᠦᠳᠡᠭᠡ ᠲᠤᠰᠬᠤᠨ ᠢ ᠬᠦᠭᠵᠢᠬᠦᠯᠦᠨ ᠮᠠᠨᠳᠤᠭᠤᠯᠬᠤ ᠶᠢ ᠠᠬᠢᠭᠤᠯᠵᠦ᠂ ᠮᠠᠯᠵᠢᠬᠤ ᠤᠷᠤᠨ ᠤ ᠣᠳᠣᠬᠢᠴᠢᠯᠠᠭᠰᠠᠨ ᠪᠦᠲᠦᠬᠡᠨ ᠪᠠᠶᠢᠭᠤᠯᠤᠯᠳᠠ ᠶᠢ ᠳᠦᠯᠬᠢᠨ ᠠᠬᠢᠭᠤᠯᠵᠦ᠂ ᠨᠡᠩ ᠤᠯᠠᠨ ᠰᠢᠨ᠎ᠡ ᠬᠡᠯᠪᠡᠷᠢ ᠶᠢ ᠪᠤᠶᠢᠵᠢᠭᠤᠯᠤᠨ ᠤᠯᠠᠨ ᠲᠠᠯ᠎ᠠ ᠪᠠᠷ ᠮᠠᠯᠴᠢᠳ ᠢ ᠬᠥᠭᠵᠢᠭᠦᠯᠦᠨ᠂ ᠲᠤᠰ ᠭᠠᠵᠠᠷ ᠤᠷᠤᠨ ᠤ ᠬᠦᠭᠵᠢᠯᠳᠡ ᠳᠤ ᠲᠤᠬᠢᠷᠠᠬᠰᠠᠨ ︽ᠰᠢᠨ᠎ᠠ ᠵᠠᠮ︾᠎ ᠢ ᠢᠳᠡᠪᠬᠢᠳᠡᠢ ᠰᠦᠪᠡᠭᠴᠢᠯᠡᠵᠦ᠂ ᠬᠦᠳᠡᠭᠡ ᠲᠤᠰᠬᠤᠨ ᠢ ᠬᠦᠭᠵᠢᠬᠦᠯᠤᠨ ᠮᠠᠨᠳᠤᠭᠤᠯᠬᠤ ᠲᠤᠳᠤᠭᠠᠳᠤ ᠬᠦᠳᠡᠯᠬᠡᠬᠦ ᠬᠦᠴᠦᠨ ᠢ ᠪᠠᠬᠢᠵᠢᠬᠦᠯᠵᠦ᠂ ᠮᠠᠯ ᠠᠵᠦ ᠠᠬᠤᠢ ᠶᠢᠨ ᠴᠢᠨᠠᠷ ᠰᠠᠶᠢᠳᠠᠢ ᠬᠦᠭᠵᠢᠯᠳᠡ ᠶᠢ ᠪᠡᠶᠡᠯᠡᠬᠦᠯᠬᠦ ᠶᠢ ᠠᠬᠢᠭᠤᠯᠤᠨ᠂ ᠪᠦᠬᠦ ᠰᠤᠮᠤ ᠶᠢ ᠬᠥᠲᠥᠯᠥᠨ ᠳᠠᠭᠠᠭᠤᠯᠵᠤ ᠥᠷᠨᠢᠨ ᠬᠥᠭᠵᠢᠭᠰᠡᠨ ᠲᠦᠷᠭᠡᠨ ᠵᠠᠮ ᠵᠦᠭ ᠠᠯᠬᠤᠮ ᠠᠯᠬᠤᠮ ᠢᠶᠠᠷ ᠤᠷᠤᠭᠰᠢᠯᠠᠨ᠎ᠠ᠃
 
ᠢᠷᠡᠯᠲᠡ᠄ ᠬᠦᠷᠢᠶᠡᠲᠤᠨᠠᠭᠤᠷ ᠰᠤᠮᠤ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号