12 ᠰᠠᠷ᠎ᠠ ᠶᠢᠨ 6 ᠤ ᠡᠳᠦᠷ᠂ ᠵᠡᠭᠦᠨ ᠦᠵᠦᠮᠦᠴᠢᠨ ᠪᠣᠭᠤᠮᠲᠠ ᠶᠢᠨ ᠬᠡᠮᠵᠢᠭᠦᠷ ᠤᠨ ᠬᠢᠨᠠᠨ | ᠰᠢᠯᠭᠠᠯᠲᠠ ᠪᠠᠷ ᠳᠠᠮᠵᠢᠨ᠂ ᠥᠪᠥᠷ ᠮᠣᠩᠭᠤᠯ ᠤᠨ ᠵᠦᠩ ᠷᠦᠩ ᠡᠨᠧᠷᠭᠢ ᠶᠢᠨ ᠬᠢᠵᠠᠭᠠᠷᠲᠤ ᠺᠣᠮᠫᠠᠨᠢ ᠴᠠᠬᠢᠯᠭᠠᠨ | ᠬᠦᠴᠦᠨ ᠤ ᠭᠠᠳᠠᠭᠠᠳᠤ ᠳᠤ ᠭᠠᠷᠭᠠᠬᠤ ᠠᠩᠬᠠᠨ ᠤ ᠰᠠᠷ᠎ᠠ ᠶᠢᠨ ᠪᠣᠭᠤᠮᠲᠠ ᠳᠤ ᠮᠡᠳᠡᠭᠦᠯᠬᠦ ᠠᠵᠢᠯ ᠢ ᠪᠡᠶᠡᠯᠡᠭᠦᠯᠵᠦ᠂ | ᠡᠨᠡ ᠪᠣᠯ ᠵᠡᠭᠦᠨ ᠬᠠᠲᠠᠪᠴᠢ ᠪᠣᠭᠤᠮᠲᠠ ᠳᠣᠯᠣᠭᠠᠨ ᠵᠢᠯ ᠠᠯᠤᠰᠯᠠᠭᠠᠳ ᠴᠠᠬᠢᠯᠭᠠᠨ ᠬᠦᠴᠦᠨ ᠤ ᠭᠠᠳᠠᠭᠠᠳᠤ | ᠭᠠᠷᠭᠠᠯᠲᠠ ᠶᠢ ᠰᠡᠷᠭᠦᠭᠡᠭᠰᠡᠨ ᠶᠠᠪᠤᠳᠠᠯ ᠪᠣᠯᠤᠨ᠎ᠠ᠃ | 《2009 ᠣᠨ ᠳᠤ ᠪᠢᠳᠡ ᠡᠨᠡᠬᠦ ᠴᠠᠬᠢᠯᠭᠠᠨ ᠬᠤᠪᠢᠰᠬᠠᠭᠤᠷ ᠤᠨ ᠥᠷᠲᠡᠭᠡ ᠶᠢ ᠪᠠᠶᠢᠭᠤᠯᠤᠭᠰᠠᠨ ᠤ | ᠳᠠᠷᠠᠭ᠎ᠠ ᠡᠯ᠎ᠡ ᠵᠦᠢᠯ ᠤᠨ ᠬᠤᠪᠢᠷᠠᠯᠲᠠ ᠠᠴᠠ ᠪᠣᠯᠵᠤ ᠡᠨᠡ ᠴᠠᠬᠢᠯᠭᠠᠨ ᠬᠤᠪᠢᠰᠬᠠᠭᠤᠷ ᠤᠨ ᠥᠷᠲᠡᠭᠡ | ᠠᠵᠢᠯᠯᠠᠬᠤ ᠪᠠᠨ ᠵᠣᠭᠰᠣᠵᠠᠢ᠃ ᠡᠨᠡ ᠬᠡᠳᠦᠨ ᠵᠢᠯ ᠤᠨ ︿ᠨᠢᠭᠡ ᠪᠦᠰᠡ ᠨᠢᠭᠡ ᠵᠠᠮ﹀ ᠤᠨ ᠬᠥᠭᠵᠢᠨ | ᠪᠤᠵᠠᠭᠠᠢᠢᠷᠠᠬᠤ ᠶᠢ ᠳᠠᠭᠠᠯᠳᠤᠨ᠂ ᠪᠢᠳᠡ ᠴᠠᠬᠢᠯᠭᠠᠨ ᠬᠦᠴᠦᠨ ᠢ ᠬᠦᠷᠭᠡᠬᠦ ᠬᠤᠯᠪᠣᠭᠳᠠᠯ ᠪᠦᠬᠦᠢ ᠤᠴᠢᠷ ᠶᠠᠪᠤᠳᠠᠯ ᠢ | ᠢᠳᠡᠪᠬᠢᠲᠡᠢ ᠭᠤᠶᠤᠴᠢᠯᠠᠨ ᠮᠡᠳᠡᠭᠦᠯᠵᠦ᠂ ᠡᠨᠡ ᠵᠢᠯ ᠠᠮᠵᠢᠯᠲᠠ ᠲᠠᠢ ᠭᠤᠶᠤᠴᠢᠯᠠᠨ ᠮᠡᠳᠡᠭᠦᠯᠪᠡ᠃》ᠭᠡᠵᠦ ᠵᠥᠩ | ᠷᠦᠩ ᠡᠨᠧᠷᠭᠢ ᠶᠢᠨ ᠬᠢᠵᠠᠭᠠᠷᠲᠤ ᠺᠣᠮᠫᠠᠨᠢ ᠶᠢᠨ ᠶᠡᠷᠦᠩᠬᠡᠢ ᠳᠠᠭᠠᠭᠠᠮᠠᠯ ᠸᠠᠩ ᠱᠧᠩ ᠷᠦᠩ ᠰᠤᠷᠪᠤᠯᠵᠢᠯᠠᠭᠴᠢ ᠳᠤ | ᠲᠠᠶᠢᠯᠪᠤᠷᠢ ᠬᠢᠪᠡ᠃ | ᠴᠠᠬᠢᠯᠭᠠᠨ ᠬᠦᠴᠦᠨ ᠪᠣᠯ ᠪᠣᠭᠤᠮᠲᠠ ᠶᠢᠨ ᠠᠵᠢᠯᠯᠠᠭᠠᠨ ᠤ ︽ᠠᠮᠢᠨ ᠰᠤᠳᠠᠰᠤ︾ ᠪᠠ ︽ᠬᠥᠳᠡᠯᠭᠡᠬᠦ | ᠬᠦᠴᠦᠨ ᠤ ᠡᠬᠢ ᠰᠤᠷᠪᠤᠯᠵᠢ︾ ᠪᠣᠯᠤᠨ᠎ᠠ᠃ ᠮᠣᠩᠭᠤᠯ ᠤᠯᠤᠰ ᠲᠤ ᠴᠠᠬᠢᠯᠭᠠᠨ ᠬᠠᠩᠭᠠᠬᠤ ᠠᠵᠤ ᠠᠬᠤᠶᠢᠯᠠᠯ — | ᠥᠪᠥᠷ ᠮᠣᠩᠭᠤᠯ ᠤᠨ ᠵᠥᠩ ᠷᠦᠩ ᠡᠨᠧᠷᠭᠢ ᠶᠢᠨ ᠬᠢᠵᠠᠭᠠᠷᠲᠤ ᠺᠣᠮᠫᠠᠨᠢ ᠨᠢ ᠵᠡᠭᠦᠨ ᠬᠠᠲᠠᠪᠴᠢ ᠪᠣᠭᠤᠮᠲᠠ ᠶᠢᠨ | ᠴᠠᠬᠢᠯᠭᠠᠨ ᠬᠦᠷᠭᠡᠬᠦ ᠲᠣᠣᠷ ᠢᠶᠠᠷ ᠳᠠᠮᠵᠢᠭᠤᠯᠤᠨ ᠮᠣᠩᠭᠤᠯ ᠤᠯᠤᠰ ᠤᠨ ᠰᠦᠬᠡᠪᠠᠭᠠᠲᠤᠷ ᠠᠶᠢᠮᠠᠭ ᠲᠤ ᠭᠠᠷᠭᠠᠵᠤ᠂ | ᠭᠤᠣᠯᠳᠠᠭᠤ ᠪᠢᠴᠢᠭᠲᠦ ᠪᠣᠭᠤᠮᠲᠠ ᠶᠢᠨ ᠴᠠᠬᠢᠯᠭᠠᠨ ᠬᠡᠷᠡᠭᠯᠡᠬᠦ ᠵᠢᠴᠢ ᠰᠠᠭᠤᠭᠠᠯᠢ ᠠᠷᠠᠳ ᠤᠨ ᠡᠳᠦᠷ ᠲᠤᠳᠤᠮ ᠤᠨ | ᠴᠠᠬᠢᠯᠭᠠᠨ ᠬᠡᠷᠡᠭᠯᠡᠬᠦ ᠳᠤ ᠬᠡᠷᠡᠭᠯᠡᠨ᠎ᠡ᠃ 12 ᠰᠠᠷ᠎ᠠ ᠶᠢᠨ 6 ᠤ ᠡᠳᠦᠷ ᠪᠣᠯᠲᠠᠯ᠎ᠠ᠂ ᠵᠦᠩ ᠷᠦᠩ ᠡᠨᠧᠷᠭᠢ ᠶᠢᠨ | ᠬᠢᠵᠠᠭᠠᠷᠲᠤ ᠺᠣᠮᠫᠠᠨᠢ ᠶᠢᠨ ᠨᠢᠭᠡᠨᠲᠡ ᠮᠣᠩᠭᠤᠯ ᠤᠯᠤᠰ ᠤᠨ ᠪᠢᠴᠢᠭᠲᠦ ᠪᠣᠭᠤᠮᠲᠠ ᠪᠠᠷ ᠬᠠᠩᠭᠠᠭᠰᠠᠨ ᠴᠠᠬᠢᠯᠭᠠᠨ | ᠨᠢᠭᠡᠨᠲᠡ 85000 ᠺᠢᠯᠣᠸᠠᠲ ᠴᠠᠭ ᠢ ᠳᠠᠪᠠᠵᠤ᠂ ᠲᠤᠬᠠᠢ ᠶᠢᠨ ᠭᠠᠵᠠᠷ ᠤᠨ ᠴᠠᠬᠢᠯᠭᠠᠨ ᠬᠡᠷᠡᠭᠯᠡᠬᠦ ᠬᠡᠷᠡᠭᠴᠡᠭᠡ ᠶᠢ | ᠰᠢᠢᠳᠪᠦᠷᠢᠯᠡᠪᠡ᠃ | ᠵᠡᠭᠦᠨ ᠦᠵᠦᠮᠦᠴᠢᠨ ᠪᠣᠭᠤᠮᠲᠠ ᠶᠢᠨ ᠬᠢᠨᠠᠨ ᠬᠠᠮᠢᠶᠠᠷᠤᠯᠲᠠ ᠶᠢᠨ ᠨᠢᠭᠡᠳᠦᠭᠡᠷ ᠰᠠᠯᠠᠭᠠᠨ ᠤ ᠳᠡᠳ᠋ ᠳᠠᠷᠤᠭ᠎ᠠ | ᠠᠭᠤᠳᠠᠮ᠄ ︽ᠵᠡᠭᠦᠨ ᠬᠠᠲᠠᠪᠴᠢ ᠪᠣᠭᠤᠮᠲᠠ ᠶᠢᠨ ᠭᠠᠳᠠᠭᠠᠳᠤ ᠳᠤ ᠭᠠᠷᠭᠠᠬᠤ ᠴᠠᠬᠢᠯᠭᠠᠨ ᠬᠦᠴᠦᠨ ᠤ ᠥᠪᠥᠷ | ᠮᠣᠩᠭᠤᠯ ᠤᠨ ᠵᠥᠩ ᠷᠦᠩ ᠡᠨᠧᠷᠭᠢ ᠶᠢᠨ ᠬᠢᠵᠠᠭᠠᠷᠲᠤ ᠺᠣᠮᠫᠠᠨᠢ 7 ᠵᠢᠯ ᠤᠨ ᠳᠠᠷᠠᠭ᠎ᠠ ᠴᠠᠬᠢᠯᠭᠠᠨ ᠬᠦᠴᠦᠨ ᠤ | ᠭᠠᠳᠠᠭᠠᠳᠤ ᠭᠠᠷᠭᠠᠯᠲᠠ ᠶᠢ ᠰᠡᠷᠭᠦᠭᠡᠪᠡ᠂ ᠡᠨᠡ ᠨᠢ ᠳᠤᠮᠳᠠᠳᠤ ᠮᠣᠩᠭᠤᠯ ᠬᠤᠶᠠᠷ ᠲᠠᠯ᠎ᠠ ᠶᠢᠨ ᠪᠣᠭᠤᠮᠲᠠ ᠶᠢᠨ ᠠᠵᠤ | ᠠᠬᠤᠶ ᠶᠢᠨ ᠬᠥᠭᠵᠢᠯᠲᠡ ᠳᠤ ᠴᠢᠬᠤᠯᠠ ᠶᠡᠭᠡ ᠠᠴᠢ ᠬᠤᠯᠪᠣᠭᠳᠠᠯ ᠲᠠᠢ ᠶᠤᠮ᠃ ᠡᠨᠡ ᠲᠠᠯ᠎ᠠ ᠪᠠᠷ᠂ ᠮᠠᠨ ᠤ ᠵᠡᠭᠦᠨ | ᠦᠵᠦᠮᠦᠴᠢᠨ ᠪᠣᠭᠤᠮᠲᠠ ᠶᠢᠨ ᠬᠢᠨ ᠴᠠᠬᠢᠯᠭᠠᠨ ᠬᠦᠴᠦᠨ ᠤ ᠲᠠᠸᠠᠷ ᠤᠨ ᠬᠢᠨᠠᠯᠲᠠ ᠬᠠᠮᠢᠶᠠᠷᠤᠯᠲᠠ ᠶᠢᠨ | ᠱᠠᠭᠠᠷᠳᠠᠯᠭ᠎ᠠ ᠳᠤ ᠨᠡᠶᠢᠴᠡᠭᠰᠡᠨ ︿ᠥᠪᠡᠷᠮᠢᠴᠡ﹀ ᠬᠢᠨᠠᠯᠲᠠ ᠬᠠᠮᠢᠶᠠᠷᠤᠯᠲᠠ ᠶᠢᠨ ᠪᠣᠭᠤᠮᠲᠠ ᠪᠠᠷ ᠥᠩᠭᠡᠷᠡᠬᠦ ᠵᠠᠭᠪᠤᠷ ᠢ | ᠲᠣᠭᠲᠠᠭᠠᠵᠤ᠂ ᠵᠢᠷᠤᠮᠵᠢᠯ ᠤᠨ ᠰᠠᠨᠠᠯ ᠳᠤᠷᠠᠳᠴᠤ᠂ ᠠᠮᠤᠷ ᠲᠦᠪᠰᠢᠨ ᠤ ᠳᠠᠯᠳᠠ ᠬᠡᠮ ᠢ ᠰᠡᠷᠭᠡᠶᠢᠯᠡᠪᠡ᠃ ︿ᠠᠵᠤ | ᠠᠬᠤᠶᠢᠯᠠᠯ ᠬᠥᠬᠡᠬᠤᠲᠠ ᠶᠢᠨ ᠪᠣᠭᠤᠮᠲᠠ﹀ ᠶᠢᠨ ᠬᠠᠷᠢᠯᠴᠠᠬᠤ ᠲᠣᠭᠲᠠᠴᠠ ᠶᠢ ᠪᠠᠶᠢᠭᠤᠯᠵᠤ᠂ ᠠᠵᠤ ᠠᠬᠤᠶᠢᠯᠠᠯ ᠤᠨ | ᠭᠠᠳᠠᠭᠠᠳᠤ ᠳᠤ ᠭᠠᠷᠭᠠᠬᠤ ᠴᠠᠬᠢᠯᠭᠠᠨ ᠤ ᠲᠣᠤᠷ ᠤᠨ ᠠᠵᠢᠯᠯᠠᠭᠠᠨ ᠤ ᠪᠠᠶᠢᠳᠠᠯ ᠢ ᠬᠥᠳᠡᠯᠦᠩᠭᠦᠶ ᠪᠠᠷ ᠡᠵᠡᠮᠰᠢᠵᠦ᠂ | ᠠᠵᠤ ᠠᠬᠤᠶᠢᠯᠠᠯ ᠢ ᠬᠠᠪᠰᠤᠷᠤᠨ ᠭᠠᠳᠠᠭᠠᠳᠤ ᠭᠠᠷᠭᠠᠯᠲᠠ ᠶᠢᠨ ᠠᠰᠠᠭᠤᠳᠠᠯ ᠢ ᠴᠠᠭ ᠲᠤᠬᠠᠶ ᠳᠤᠨᠢ ᠰᠢᠢᠳᠪᠦᠷᠢᠯᠡᠪᠡ᠃ | ᠵᠡᠭᠦᠨ ᠦᠵᠦᠮᠦᠴᠢᠨ ᠪᠣᠭᠤᠮᠲᠠ ᠶᠢᠨ ᠬᠢᠨ ᠣᠶᠤᠨᠴᠢ ᠪᠣᠭᠤᠮᠲᠠ ᠶᠢᠨ ᠪᠦᠳᠦᠭᠡᠨ ᠪᠠᠶᠢᠭᠤᠯᠤᠯᠲᠠ ᠪᠣᠯᠤᠨ ᠤᠶᠤᠨᠴᠢ | ᠪᠣᠭᠤᠮᠲᠠ ᠪᠠᠷ ᠤᠯᠤᠰ ᠢᠶᠠᠨ ᠬᠦᠴᠦᠷᠬᠡᠭᠵᠢᠭᠦᠯᠬᠦ ᠠᠵᠢᠯᠯᠠᠭ᠎ᠠ ᠶᠢ ᠦᠷᠭᠦᠯᠵᠢᠯᠡᠨ ᠠᠬᠢᠭᠤᠯᠵᠤ᠂ ᠬᠢᠨᠠᠯᠲᠠ | ᠬᠠᠮᠢᠶᠠᠷᠤᠯᠲᠠ ᠶᠢᠨ ᠦᠢᠯᠡᠳᠦᠯ ᠴᠢᠳᠠᠪᠬᠢ ᠪᠣᠯᠤᠨ ᠦᠢᠯᠡᠴᠢᠯᠡᠭᠡᠨ ᠤ ᠲᠦᠪᠰᠢᠨ ᠢᠶᠠᠨ ᠴᠢᠨᠠᠭᠰᠢᠳᠠ | ᠳᠡᠭᠡᠭᠰᠢᠯᠡᠭᠦᠯᠵᠦ᠂ ᠠᠵᠤ ᠠᠬᠤᠶᠢᠯᠠᠯ ᠳᠤ ᠢᠳᠡᠪᠬᠢᠲᠡᠢ ᠦᠢᠯᠡᠴᠢᠯᠡᠵᠦ᠂ ᠪᠣᠭᠤᠮᠲᠠ ᠶᠢᠨ ᠣᠳᠣᠬᠢᠴᠢᠯᠠᠯᠲᠠ ᠶᠢᠨ | ᠦᠢᠯᠡᠴᠢᠯᠡᠭᠡ ᠪᠠᠷ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠤᠨ᠎ᠠ︾ ᠭᠡᠵᠦ ᠬᠡᠯᠡᠪᠡ᠃ | ︽ᠨᠢᠭᠡ ᠪᠦᠰᠡ ᠨᠢᠭᠡ ᠵᠠᠮ︾ ᠤᠨ ᠥᠨᠳᠥᠷ ᠬᠢᠷᠢ ᠲᠦᠪᠰᠢᠨ ᠪᠦᠬᠦᠢ ᠭᠠᠳᠠᠭᠠᠳᠤ ᠨᠡᠭᠡᠭᠡᠯᠲᠡ ᠶᠢ | ᠦᠷᠭᠦᠯᠵᠢᠯᠡᠨ ᠥᠷᠭᠡᠳᠬᠡᠬᠦ ᠶᠢ ᠳᠠᠭᠠᠯᠳᠤᠨ᠂ ᠳᠤᠮᠳᠠᠳᠤ ᠮᠣᠩᠭᠤᠯ ᠬᠤᠶᠠᠷ ᠤᠯᠤᠰ ᠤᠨ ᠬᠢᠯᠢ ᠶᠢᠨ ᠠᠷᠠᠳ ᠤᠨ | ᠦᠶ᠎ᠡ ᠦᠶ᠎ᠡ ᠶᠢᠨ ᠨᠥᠬᠦᠷᠰᠡᠭ ᠠᠷᠠᠯᠵᠢᠶᠠᠨ ᠤ ᠴᠢᠬᠤᠯᠠ ᠵᠠᠮ ᠪᠠ ᠴᠢᠬᠤᠯᠠ ᠬᠦᠢᠰᠦ ᠪᠣᠯᠤᠭᠰᠠᠨ ᠤ ᠬᠤᠪᠢ ᠳᠤ᠂ | ᠵᠡᠭᠦᠨ ᠦᠵᠦᠮᠦᠴᠢᠨ ᠬᠤᠰᠢᠭᠤᠨ ᠤ ᠵᠡᠭᠦᠨ ᠬᠠᠲᠠᠪᠴᠢ ᠪᠣᠭᠤᠮᠲᠠ ᠨᠢ ᠳᠤᠮᠳᠠᠳᠤ ᠮᠣᠩᠭᠤᠯ ᠬᠤᠶᠠᠷ ᠤᠯᠤᠰ ᠤᠨ | ᠰᠠᠭᠤᠷᠢ ᠲᠥᠬᠦᠭᠡᠷᠦᠮᠵᠢ ᠶᠢᠨ ᠬᠤᠯᠪᠣᠯᠳᠤᠨ ᠨᠡᠪᠲᠡᠷᠡᠯᠴᠡᠬᠦ ᠶᠢ ᠬᠦᠴᠦᠲᠡᠢ ᠠᠬᠢᠭᠤᠯᠵᠤ᠂ ᠪᠦᠬᠦ ᠲᠠᠯ᠎ᠠ ᠪᠠᠷ | ᠭᠠᠳᠠᠭᠠᠳᠤ ᠨᠡᠭᠡᠭᠡᠯᠲᠡ ᠶᠢᠨ ᠰᠢᠨ᠎ᠡ ᠪᠠᠶᠢᠷᠢᠰᠢᠯ ᠢ ᠪᠠᠶᠢᠭᠤᠯᠬᠤ ᠪᠣᠯᠤᠨ᠎ᠠ᠃ |