8 ᠰᠠᠷ᠎ᠠ ᠶᠢᠨ 8 ᠤ ᠡᠳᠦᠷ ᠬᠤᠰᠢᠭᠤ ᠨᠠᠮ ᠤᠨ ᠬᠤᠷᠢᠶᠠᠨ ᠤ ᠣᠨᠣᠯ ᠰᠤᠷᠤᠯᠴᠠᠬᠤ ᠭᠤᠤᠯ | ᠳᠤᠭᠤᠶᠢᠯᠠᠩ 2024 ᠣᠨ ᠤ 10 ᠳ᠋ᠤᠭᠠᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠵᠢᠴᠢ ᠨᠠᠮ ᠤᠨ | ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠬᠤ | ᠲᠤᠰᠬᠠᠶ ᠰᠡᠳᠦᠪᠲᠦ ᠨᠣᠮ ᠤᠩᠰᠢᠬᠤ ᠠᠩᠭᠢ ᠡᠷᠭᠢᠯᠡᠪᠡ᠃ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ | ᠬᠤᠰᠢᠭᠤ ᠳᠠᠷᠤᠭ᠎ᠠ ᠵᠧᠤ ᠢᠦᠶ ᠯᠦᠩ ᠬᠤᠷᠠᠯ ᠢ ᠡᠷᠭᠢᠯᠡᠵᠦ᠂ ᠬᠤᠰᠢᠭᠤ ᠨᠠᠮ ᠤᠨ ᠬᠤᠷᠢᠶᠠᠨ ᠤ ᠣᠨᠣᠯ | ᠰᠤᠷᠤᠯᠴᠠᠬᠤ ᠭᠤᠤᠯ ᠳᠤᠭᠤᠶᠢᠯᠠᠩ ᠤᠨ ᠭᠡᠰᠢᠭᠦᠳ ᠰᠤᠷᠤᠯᠴᠠᠯᠭ᠎ᠠ ᠳᠤ ᠣᠷᠣᠯᠴᠠᠵᠠᠶ᠃ ᠬᠤᠷᠠᠯ ᠠᠴᠠ | ᠴᠢᠬᠤᠯᠠᠴᠢᠯᠠᠭᠰᠠᠨ ᠨᠢ᠂ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠰᠠᠶᠢᠲᠤᠷ ᠰᠤᠷᠤᠯᠴᠠᠨ ᠲᠤᠤᠱᠯᠠᠭᠤᠯᠬᠤ ᠪᠣᠯ | ᠣᠳᠣᠬᠠᠨ ᠤ ᠪᠠ ᠬᠤᠶᠢᠰᠢᠳᠠ ᠶᠢᠨ ᠨᠢᠭᠡ ᠬᠤᠭᠤᠴᠠᠭᠠᠨ ᠤ ᠴᠢᠬᠤᠯᠠ ᠶᠡᠭᠡ ᠤᠯᠤᠰ ᠲᠥᠷᠥ ᠶᠢᠨ ᠡᠭᠦᠷᠭᠡ ᠮᠥᠨ᠂ | ᠪᠥᠬᠦ ᠬᠤᠰᠢᠭᠤ ᠪᠠᠷ ᠢᠶᠠᠨ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ | ᠰᠠᠨᠠᠭ᠎ᠠ ᠶᠢ ᠭᠦᠨᠵᠡᠭᠡᠶ ᠰᠤᠷᠤᠯᠴᠠᠨ ᠲᠤᠤᠱᠯᠠᠭᠤᠯᠵᠤ᠂ ᠪᠥᠬᠦᠳᠡ ᠬᠤᠷᠠᠯ ᠤᠨ ᠵᠣᠷᠢᠭ ᠰᠠᠨᠠᠭᠠᠨ ᠤ ᠭᠤᠤᠯ | ᠠᠭᠤᠯᠭ᠎ᠠ ᠶᠢ ᠪᠥᠬᠦ ᠲᠠᠯ᠎ᠠ ᠪᠠᠷ ᠤᠶᠢᠯᠠᠭᠠᠨ ᠡᠵᠡᠮᠰᠢᠵᠦ᠂ ᠪᠥᠬᠦ ᠬᠤᠰᠢᠭᠤᠨ ᠤ ᠡᠯ᠎ᠡ ᠱᠠᠲᠤᠨ ᠤ ᠤᠳᠤᠷᠢᠳᠬᠤ | ᠺᠠᠳ᠋ᠷ ᠲᠦᠷᠦᠭᠦᠯᠡᠨ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠣᠶᠢᠯᠠᠭᠠᠵᠤ᠂ ᠤᠯᠤᠰ ᠲᠥᠷᠥ ᠶᠢᠨ | ᠵᠣᠭᠰᠣᠴᠠ ᠪᠠᠨ ᠳᠡᠭᠡᠭᠰᠢᠯᠡᠭᠦᠯᠦᠨ᠂ ᠵᠣᠬᠢᠶᠠᠨ ᠪᠠᠶᠢᠭᠤᠯᠵᠤ ᠰᠤᠷᠤᠯᠴᠠᠬᠤ ᠳᠡᠭᠡᠷ᠎ᠡ ᠬᠦᠴᠦ ᠲᠠᠯᠪᠢᠵᠤ᠂ ᠲᠤᠰᠬᠠᠶ | ᠰᠡᠳᠦᠪ ᠢᠶᠠᠷ ᠰᠤᠷᠤᠯᠴᠠᠬᠤ᠂ ᠰᠤᠷᠤᠯᠴᠠᠵᠤ ᠰᠤᠳᠤᠯᠤᠨ ᠶᠠᠷᠢᠯᠴᠠᠬᠤ᠂ ᠣᠨᠣᠯ ᠢ ᠤᠬᠠᠭᠤᠯᠤᠨ ᠲᠠᠶᠢᠯᠪᠤᠷᠢᠯᠠᠬᠤ | ᠵᠡᠷᠭᠡ ᠬᠡᠯᠪᠡᠷᠢ ᠪᠠᠷ ᠳᠠᠮᠵᠢᠭᠤᠯᠤᠨ᠂ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠤᠶᠢᠯᠠᠭᠠᠨ ᠡᠵᠡᠮᠰᠢᠵᠦ᠂ | ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠬᠥᠮᠦᠰ ᠤᠨ | ᠰᠡᠳᠬᠢᠯ ᠳᠤ ᠬᠠᠳᠠᠩᠰᠢᠭᠤᠯᠬᠤ ᠶᠢ ᠠᠬᠢᠭᠤᠯᠬᠤ ᠬᠡᠷᠡᠭᠲᠡᠶ᠃ ᠥᠭᠡᠷᠡᠴᠢᠯᠡᠯᠲᠡ ᠶᠢᠨ ᠵᠣᠷᠢᠭ ᠰᠠᠨᠠᠭ᠎ᠠ ᠶᠢ | ᠪᠠᠳᠠᠷᠠᠭᠤᠯᠵᠤ᠂ ᠪᠥᠬᠦ ᠲᠠᠯ᠎ᠠ ᠪᠠᠷ ᠨᠠᠶᠢᠳᠠᠪᠤᠷᠢᠵᠢᠭᠤᠯᠬᠤ ᠳᠡᠭᠡᠷ᠎ᠡ ᠬᠦᠴᠦ ᠲᠠᠯᠪᠢᠵᠤ᠂ ᠪᠥᠬᠦᠳᠡ ᠬᠤᠷᠠᠯ ᠤᠨ ᠵᠣᠷᠢᠭ | ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠶᠢ ᠣᠳᠣᠬᠠᠨ ᠤ ᠡᠯ᠎ᠡ ᠵᠦᠢᠯ ᠤᠨ ᠭᠤᠤᠯᠳᠠᠯᠭ᠎ᠠ ᠲᠠᠢ ᠠᠵᠢᠯ ᠢ ᠰᠠᠶᠢᠲᠤᠷ | ᠬᠢᠬᠦ ᠲᠠᠢ ᠤᠶᠠᠯᠳᠤᠭᠤᠯᠵᠤ᠂ ᠥᠭᠡᠷᠡᠴᠢᠯᠡᠯᠲᠡ ᠶᠢᠨ ᠵᠣᠷᠢᠭ ᠰᠠᠨᠠᠭ᠎ᠠ᠂ ᠰᠡᠳᠬᠢᠬᠦᠶ ᠪᠠᠷ ᠪᠥᠬᠦ ᠬᠤᠰᠢᠭᠤᠨ ᠤ ᠡᠯ᠎ᠡ | ᠵᠦᠢᠯ ᠤᠨ ᠠᠵᠢᠯ ᠤᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠬᠤ ᠬᠡᠷᠡᠭᠲᠡᠶ | ᠭᠡᠪᠡ᠃ | 8 ᠰᠠᠷ᠎ᠠ ᠶᠢᠨ 20 ᠤ ᠡᠳᠦᠷ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤ ᠳᠠᠷᠤᠭ᠎ᠠ | ᠵᠧᠤ ᠢᠦᠶ ᠯᠦᠩ ᠵᠡᠭᠦᠨ ᠦᠵᠦᠮᠦᠴᠢᠨ ᠬᠤᠰᠢᠭᠤᠨ ᠤ ᠮᠠᠯ ᠤᠨ ᠠᠰᠢᠭ ᠰᠢᠮ᠎ᠡ ᠡᠳ᠋ᠰᠢᠭᠦᠯᠬᠦ ᠠᠵᠤ ᠠᠬᠤᠶᠢᠯᠠᠯ ᠤᠨ | ᠶᠠᠷᠢᠯᠴᠠᠬᠤ ᠬᠤᠷᠠᠯ ᠢ ᠡᠷᠭᠢᠯᠡᠨ ᠬᠤᠷᠠᠯᠳᠤᠭᠤᠯᠵᠤ᠂ ᠬᠤᠰᠢᠭᠤ ᠳᠣᠲᠣᠷᠠᠬᠢ 11 ᠮᠠᠯ ᠤᠨ ᠠᠰᠢᠭ ᠰᠢᠮ᠎ᠡ | ᠡᠳ᠋ᠰᠢᠭᠦᠯᠬᠦ ᠠᠵᠤ ᠠᠬᠤᠶᠢᠯᠠᠯ ᠤᠨ ᠬᠠᠷᠢᠭᠤᠴᠠᠯᠭᠠᠲᠠᠨ ᠲᠠᠢ ᠮᠠᠯ ᠬᠤᠳᠠᠯᠳᠤᠨ ᠠᠪᠬᠤ᠂ ᠠᠯᠠᠵᠤ ᠨᠢᠲᠤᠯᠬᠤ᠂ | ᠡᠳ᠋ᠰᠢᠭᠦᠯᠬᠦ᠂ ᠪᠣᠷᠣᠯᠠᠭᠤᠯᠬᠤ ᠵᠡᠷᠭᠡ ᠠᠵᠢᠯ ᠤᠨ ᠲᠤᠬᠠᠶ ᠭᠦᠨᠵᠡᠭᠡᠶ ᠶᠠᠷᠢᠯᠴᠠᠵᠤ ᠰᠠᠨᠠᠯ ᠢᠶᠠᠨ ᠰᠣᠯᠢᠯᠴᠠᠪᠠ᠃ | ᠬᠤᠰᠢᠭᠤ ᠵᠠᠰᠠᠭ ᠤᠨ ᠣᠷᠳᠣᠨ ᠤ ᠳᠡᠳ᠋ ᠳᠠᠷᠤᠭ᠎ᠠ ᠰᠡᠴᠡᠨ ᠬᠤᠷᠠᠯ ᠳᠤ ᠣᠷᠣᠯᠴᠠᠵᠤ᠂ ᠬᠤᠰᠢᠭᠤ ᠲᠠᠷᠢᠶᠠᠯᠠᠩ ᠤᠨ | ᠰᠢᠨᠵᠢᠯᠡᠬᠦ ᠤᠬᠠᠭᠠᠨ ᠤ ᠲᠣᠪᠴᠢᠶ᠎ᠠ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ | ᠬᠤᠲᠠ ᠶᠢᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠬᠠᠮᠢᠶ᠎ᠠ ᠪᠥᠬᠦᠶ ᠬᠠᠷᠢᠭᠤᠴᠠᠯᠭᠠᠲᠠᠨ ᠰᠠᠭᠤᠳᠠᠯ ᠤᠨ | ᠬᠤᠷᠠᠯ ᠳᠤ ᠣᠷᠣᠯᠴᠠᠪᠠ᠃ ᠣᠳᠣᠬᠠᠨ ᠳᠤ ᠶᠠᠭ ᠰᠠᠶᠢᠬᠠᠨ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ | ᠦᠢᠯᠡᠳᠪᠦᠷᠢᠯᠡᠵᠦ ᠡᠳ᠋ᠰᠢᠭᠦᠯᠬᠦ ᠬᠥᠭᠵᠢᠶᠡᠨᠲᠦ ᠤᠯᠠᠷᠢᠯ ᠪᠣᠯᠵᠣ ᠪᠠᠶᠢᠨ᠎ᠠ᠂ ᠡᠯ᠎ᠡ ᠠᠵᠤ ᠠᠬᠤᠶᠢᠯᠠᠯ ᠤᠳ | ᠨᠡᠶᠢᠭᠡᠮ ᠤᠨ ᠬᠠᠷᠢᠭᠤᠴᠠᠯᠭ᠎ᠠ ᠪᠠ ᠡᠭᠦᠷᠭᠡ ᠪᠠᠨ ᠬᠢᠨᠠᠮᠠᠭᠠᠶ ᠭᠦᠢᠴᠡᠳᠬᠡᠵᠦ᠂ ᠨᠠᠷᠠᠲᠤ ᠲᠥᠷᠥᠯ ᠲᠡᠮᠳᠡᠭᠲᠦ ᠶᠢᠨ | ᠨᠥᠯᠥᠭᠡᠯᠡᠬᠦ ᠬᠦᠴᠦᠨ ᠢ ᠥᠷᠭᠡᠳᠬᠡᠨ᠂ ᠠᠵᠤ ᠦᠢᠯᠡᠰ ᠤᠨ ᠬᠡᠯᠬᠢᠶ᠎ᠡ ᠶᠢ ᠨᠠᠷᠢᠯᠢᠭ ᠬᠢᠬᠦ᠂ ᠮᠠᠯᠴᠢᠳ ᠲᠠᠢ ᠨᠢᠭᠲᠠ | ᠬᠤᠯᠪᠣᠬᠤ ᠲᠣᠭᠲᠠᠴᠠ ᠶᠢ ᠪᠠᠶᠢᠭᠤᠯᠬᠤ ᠵᠡᠷᠭᠡ ᠲᠠᠯ᠎ᠠ ᠪᠠᠷ ᠢᠳᠡᠪᠬᠢᠲᠡᠶ ᠬᠠᠶᠢᠨ ᠰᠦᠪᠡᠭᠴᠢᠯᠡᠵᠦ᠂ ᠶᠠᠰᠤ ᠴᠢᠨᠠᠷ ᠤᠨ | ᠠᠮᠤᠷ ᠲᠦᠪᠰᠢᠨ ᠪᠠ ᠦᠢᠯᠡᠳᠪᠦᠷᠢᠯᠡᠯ ᠤᠨ ᠠᠮᠤᠷ ᠲᠦᠪᠰᠢᠨ ᠢ ᠪᠠᠲᠤ ᠡᠵᠡᠮᠳᠡᠨ᠂ ᠦᠨᠡᠨ ᠬᠦ ᠪᠦᠲᠦᠮᠵᠢᠲᠡᠶ ᠠᠷᠭ᠎ᠠ | ᠬᠡᠮᠵᠢᠶ᠎ᠡ ᠠᠪᠴᠤ᠂ ᠬᠤᠳᠠᠯᠳᠤᠨ ᠠᠪᠬᠤ ᠪᠠᠯᠠ ᠮᠥᠩᠭᠦ ᠶᠢ ᠭᠦᠢᠴᠡᠳ ᠪᠡᠯᠡᠳᠬᠡᠨ ᠪᠥᠬᠦ ᠬᠦᠴᠦᠨ ᠢᠶᠠᠷ ᠢᠶᠠᠨ | ᠦᠢᠯᠡᠳᠪᠦᠷᠢᠯᠡᠵᠦ᠂ ᠮᠠᠯᠴᠢᠨ ᠲᠦᠮᠡᠨ ᠳᠤ ᠨᠠᠩ ᠰᠠᠶᠢᠨ ᠦᠢᠯᠡᠴᠢᠯᠡᠬᠦ ᠬᠡᠷᠡᠭᠲᠡᠶ ᠭᠡᠵᠦ ᠴᠢᠬᠤᠯᠠᠴᠢᠯᠠᠪᠠ᠃ | ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠳᠠ ᠮᠥᠩᠭᠦᠨ ᠠᠭᠤᠯᠠ ᠮᠥᠨ ᠭᠡᠬᠦ ᠤᠢᠢᠯᠠᠭᠠᠭᠳᠠᠬᠤᠨ ᠢ ᠪᠠᠲᠤ | ᠪᠤᠢ ᠪᠣᠯᠭᠠᠵᠤ᠂ ᠠᠵᠤ ᠠᠬᠤᠶᠢᠯᠠᠯ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠤᠬᠠᠮᠰᠠᠷ ᠢ ᠴᠢᠩᠭᠠᠳᠬᠠᠵᠤ᠂ | ᠪᠣᠬᠢᠷ ᠤᠰᠤ ᠶᠢ ᠪᠠᠷᠢᠮᠵᠢᠶ᠎ᠠ ᠳᠤ ᠬᠦᠷᠭᠡᠵᠦ ᠭᠠᠳᠠᠭᠰᠢᠯᠠᠭᠤᠯᠬᠤ ᠶᠢ ᠴᠢᠩᠭ᠎ᠠ ᠬᠢᠵᠠᠭᠠᠷᠯᠠᠵᠤ᠂ ᠠᠮᠢ ᠠᠬᠤᠢ ᠶᠢᠨ | ᠣᠷᠴᠢᠨ ᠲᠣᠭᠤᠷᠢᠨ ᠤ ᠬᠠᠮᠠᠭᠠᠯᠠᠯᠲᠠ ᠶᠢᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠦᠨᠡᠨᠬᠦ ᠭᠦᠢᠴᠡᠳᠬᠡᠬᠦ | ᠬᠡᠷᠡᠭᠲᠡᠢ ᠭᠡᠵᠦ ᠴᠢᠬᠤᠯᠠᠴᠢᠯᠠᠪᠠ᠃ | 8 ᠰᠠᠷ᠎ᠠ ᠶᠢᠨ 22 ᠤᠨ ᠡᠳᠦᠷ ᠬᠤᠰᠢᠭᠤ ᠠᠶᠤᠯᠭᠦᠶ ᠦᠢᠯᠡᠳᠪᠦᠷᠢᠯᠡᠯ ᠤᠨ ᠵᠥᠪᠯᠡᠯ 2024 ᠣᠨ ᠤ | ᠳᠣᠯᠣᠳᠤᠭᠠᠷ ᠤᠳᠠᠭᠠᠨ ᠤ ᠠᠶᠤᠯᠭᠦᠶ ᠦᠢᠯᠡᠳᠪᠦᠷᠢᠯᠡᠯ ᠤᠨ ᠠᠵᠢᠯ ᠤᠨ ᠡᠭᠡᠯᠵᠢᠲᠦ ᠬᠤᠷᠠᠯ ᠬᠤᠷᠠᠯᠳᠤᠭᠤᠯᠪᠠ᠃ | ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤ ᠳᠠᠷᠤᠭ᠎ᠠ ᠵᠧᠦ ᠢᠦᠢ ᠯᠦᠩ ᠬᠤᠷᠠᠯ ᠳᠤ ᠣᠷᠣᠯᠴᠠᠨ | ᠶᠠᠷᠢᠶ᠎ᠠ ᠲᠠᠯᠪᠢᠵᠤ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠪᠠᠶᠢᠩᠭᠤ ᠶᠢᠨ ᠳᠡᠳ᠋ ᠬᠤᠰᠢᠭᠤ | ᠳᠠᠷᠤᠭ᠎ᠠ ᠰᠢᠤᠢ ᠶᠢᠩ ᠵᠢᠶᠠᠨ ᠬᠤᠷᠠᠯ ᠢ ᠡᠷᠭᠢᠯᠡᠵᠦ᠂ ᠬᠤᠰᠢᠭᠤ ᠵᠠᠰᠠᠭ ᠤᠨ ᠣᠷᠳᠣᠨ ᠤ ᠳᠡᠳ᠋ ᠳᠠᠷᠤᠭ᠎ᠠ | ᠬᠤᠷᠠᠯ ᠳᠤ ᠣᠷᠣᠯᠴᠠᠪᠠ᠃ ᠵᠧᠦ ᠢᠦᠢ ᠯᠦᠩ ᠴᠢᠬᠤᠯᠠᠴᠢᠯᠠᠬᠤ ᠳᠠᠭᠠᠨ᠂ ᠪᠦᠬᠦ ᠬᠤᠰᠢᠭᠤ ᠪᠠᠷ ᠢᠶᠠᠨ ᠤᠢᠢᠷ᠎ᠠ ᠶᠢᠨ | ᠬᠤᠭᠤᠴᠠᠭᠠᠨ ᠤ ᠪᠦᠬᠦ ᠤᠯᠤᠰ ᠤᠨ ᠠᠳᠡᠯ ᠤᠨ ᠰᠤᠷᠭᠠᠮᠵᠢ ᠶᠢ ᠨᠠᠷᠢᠨ ᠬᠢᠨᠠᠮᠠᠭᠠᠢ ᠰᠢᠩᠭᠡᠭᠡᠨ ᠠᠪᠴᠤ᠂ ᠠᠮᠤᠷ | ᠲᠦᠪᠰᠢᠨ ᠬᠥᠭᠵᠢᠯᠲᠡ ᠶᠢᠨ ᠤᠢᠢᠯᠠᠭᠠᠭᠳᠠᠬᠤᠨ ᠢ ᠪᠠᠲᠤ ᠪᠤᠢ ᠪᠣᠯᠭᠠᠵᠤ᠂ ᠣᠳᠣᠬᠠᠨ ᠤ ᠠᠶᠤᠯᠭᠦᠢ | ᠦᠢᠯᠡᠳᠪᠦᠷᠢᠯᠡᠯ ᠤᠨ ᠪᠠᠶᠢᠳᠠᠯ ᠢ ᠭᠦᠨᠵᠡᠭᠡᠢ ᠲᠠᠨᠢᠵᠤ᠂ ᠭᠤᠣᠯᠳᠠᠯᠭ᠎ᠠ ᠲᠠᠢ ᠭᠤᠭᠴᠤᠭ᠎ᠠ᠂ ᠭᠤᠣᠯᠳᠠᠯᠭ᠎ᠠ ᠲᠠᠢ | ᠣᠷᠣᠨ ᠪᠠᠶᠢᠷᠢ ᠶᠢ ᠳᠤᠪᠤᠶᠢᠯᠭᠠᠵᠤ᠂ ᠠᠵᠤ ᠠᠬᠤᠶᠢᠯᠠᠯ ᠢ ᠥᠨᠳᠥᠷ ᠪᠠᠷᠢᠮᠵᠢᠶ᠎ᠠ᠂ ᠴᠢᠩᠭ᠎ᠠ ᠱᠠᠭᠠᠷᠳᠠᠯᠭ᠎ᠠ ᠪᠠᠷ | ᠠᠶᠤᠯᠭᠦᠢ ᠦᠢᠯᠡᠳᠪᠦᠷᠢᠯᠡᠯ ᠪᠣᠯᠤᠨ ᠭᠠᠮᠰᠢᠭ ᠢ ᠰᠡᠷᠭᠡᠶᠢᠯᠡᠨ ᠭᠠᠮᠰᠢᠭ ᠤᠨ ᠬᠤᠬᠢᠷᠠᠯ ᠢ ᠪᠠᠭᠠᠰᠬᠠᠬᠤ ᠠᠵᠢᠯ ᠢ | ᠰᠠᠶᠢᠲᠤᠷ ᠬᠢᠬᠦ ᠬᠡᠷᠡᠭᠲᠡᠢ᠃ ᠡᠯ᠎ᠡ ᠨᠢᠭᠡᠴᠡ ᠰᠠᠯᠠᠭ᠎ᠠ ᠮᠥᠴᠢᠷ ᠤᠳ ᠠᠮᠤᠷ ᠲᠦᠪᠰᠢᠨ ᠤ ᠬᠠᠮᠢᠶᠠᠷᠤᠨ ᠡᠵᠡᠮᠳᠡᠬᠦ ᠪᠠᠨ | ᠴᠢᠩᠭᠠᠳᠬᠠᠵᠤ᠂ ᠪᠠᠷᠢᠯᠭ᠎ᠠ ᠶᠢᠨ ᠢᠨᠵᠧᠨᠧᠷᠢᠩ ᠤᠨ ᠠᠮᠤᠷ ᠲᠦᠪᠰᠢᠨ ᠤ ᠬᠠᠮᠢᠶᠠᠷᠤᠯᠲᠠ ᠶᠢ ᠭᠤᠤᠯᠳᠠᠯᠭ᠎ᠠ ᠲᠠᠢ | ᠰᠠᠶᠢᠲᠤᠷ ᠠᠳᠬᠤᠵᠤ᠂ ᠠᠵᠤ ᠠᠬᠤᠶᠢᠯᠠᠯ ᠢ ᠱᠠᠭᠠᠷᠳᠠᠵᠤ ᠠᠶᠤᠯᠲᠠᠶ ᠭᠤᠭᠴᠤᠭ᠎ᠠ ᠶᠢᠨ ᠳᠠᠯᠳᠠ ᠬᠡᠮ ᠢ ᠵᠢᠭᠰᠠᠭᠠᠨ | ᠪᠠᠶᠢᠴᠠᠭᠠᠬᠤ ᠶᠢ ᠴᠢᠩᠭᠠᠷᠠᠭᠤᠯᠤᠨ᠂ ᠠᠶᠤᠯ ᠥᠬᠡᠶ ᠦᠢᠯᠡᠳᠪᠦᠷᠢᠯᠡᠯ ᠤᠨ ᠬᠥᠮᠦᠵᠢᠯ ᠢ ᠴᠢᠩᠭᠠᠳᠬᠠᠬᠤ ᠬᠡᠷᠡᠭᠲᠡᠶ᠃ | ᠵᠤᠨ ᠤ ᠠᠮᠠᠷᠠᠯᠲᠠ ᠶᠢᠨ ᠬᠤᠭᠤᠴᠠᠭᠠᠨ ᠳᠤ ᠰᠤᠷᠭᠠᠭᠤᠯᠢ ᠡᠬᠢᠯᠡᠬᠦ ᠭᠡᠵᠦ ᠪᠠᠶᠢᠭ᠎ᠠ ᠪᠣᠯᠬᠤᠷ ᠰᠤᠷᠭᠠᠨ ᠬᠥᠮᠦᠵᠢᠯ ᠤᠨ | ᠰᠠᠯᠠᠭ᠎ᠠ ᠮᠥᠴᠢᠷ ᠤᠳ ᠨᠠᠮᠤᠷ ᠤᠨ ᠤᠯᠠᠷᠢᠯ ᠤᠨ ᠰᠤᠷᠭᠠᠭᠤᠯᠢ ᠡᠬᠢᠯᠡᠬᠦ ᠠᠴᠠ ᠡᠮᠦᠨᠡᠬᠢ ᠰᠤᠷᠭᠠᠭᠤᠯᠢ ᠶᠢᠨ ᠠᠮᠤᠷ | ᠲᠦᠪᠰᠢᠨ ᠤ ᠪᠡᠯᠡᠳᠬᠡᠯ ᠠᠵᠢᠯ ᠢ ᠦᠨᠡᠨᠬᠦ ᠰᠠᠶᠢᠲᠤᠷ ᠠᠳᠬᠤᠵᠤ᠂ ᠪᠠᠭᠰᠢ ᠰᠤᠷᠤᠭᠴᠢᠳ ᠤᠨ ᠠᠮᠤᠷ ᠲᠦᠪᠰᠢᠨ ᠢ | ᠦᠨᠡᠨᠬᠦ ᠪᠠᠲᠤᠯᠠᠵᠤ᠂ ᠰᠤᠷᠭᠠᠭᠤᠯᠢ ᠶᠢᠨ ᠬᠦᠷᠢᠶᠡᠨ ᠤ ᠬᠡᠪ ᠤᠨ ᠵᠢᠭᠠᠨ ᠰᠤᠷᠭᠠᠯᠲᠠ ᠶᠢᠨ ᠡᠮᠬᠢ ᠳᠢᠭᠯᠢᠮ ᠢ | ᠬᠠᠮᠠᠭᠠᠯᠠᠬᠤ ᠬᠡᠷᠡᠭᠲᠡᠶ᠃ ᠪᠥᠬᠦ ᠬᠤᠰᠢᠭᠤᠨ ᠤ ᠨᠠᠮᠤᠷ ᠤᠨ ᠤᠯᠠᠷᠢᠯ ᠤᠨ ᠣᠶ ᠰᠢᠭᠤᠶ ᠨᠤᠲᠤᠭ ᠪᠡᠯᠴᠢᠭᠡᠷ ᠤᠨ ᠭᠠᠯ | ᠰᠡᠷᠭᠡᠶᠢᠯᠡᠬᠦ ᠪᠠᠶᠢᠳᠠᠯ ᠥᠩᠭᠡᠷᠡᠭᠰᠡᠨ ᠵᠢᠯ ᠤᠳ ᠤᠨ ᠬᠢ ᠠᠴᠠ ᠨᠠᠩ ᠬᠦᠨᠳᠦ ᠨᠣᠴᠢᠲᠠᠶ ᠪᠣᠯᠵᠣ᠂ ᠡᠯ᠎ᠡ ᠭᠠᠵᠠᠷ᠂ | ᠡᠯ᠎ᠡ ᠰᠠᠯᠠᠭ᠎ᠠ ᠮᠥᠴᠢᠷ ᠤᠨ ᠬᠢᠨ ᠭᠠᠯ ᠰᠡᠷᠭᠡᠶᠢᠯᠡᠬᠦ ᠭᠠᠯ ᠤᠨᠲᠠᠷᠠᠭᠠᠬᠤ ᠬᠠᠷᠢᠭᠤᠴᠠᠯᠭ᠎ᠠ ᠶᠢ ᠤᠯᠠᠮ ᠨᠢᠭᠡ ᠠᠯᠬᠤᠮ | ᠨᠠᠶᠢᠳᠠᠪᠤᠷᠢᠵᠢᠭᠤᠯᠵᠤ᠂ ᠰᠤᠷᠭᠠᠨ ᠬᠥᠮᠦᠵᠢᠭᠦᠯᠵᠦ ᠬᠥᠲᠥᠯᠦᠨ ᠵᠢᠯᠣᠭᠤᠳᠬᠤ ᠶᠢ ᠯᠠᠪᠳᠠᠭᠤᠨ ᠪᠠᠲᠤᠲᠠᠶ ᠰᠠᠶᠢᠲᠤᠷ | ᠠᠳᠬᠤᠵᠤ᠂ ᠭᠠᠯ ᠤᠨ ᠢᠷᠡᠯᠲᠡ ᠶᠢ ᠬᠠᠮᠢᠶᠠᠷᠤᠨ ᠡᠵᠡᠮᠳᠡᠬᠦ ᠶᠢ ᠴᠢᠩᠭ᠎ᠠ ᠠᠳᠬᠤᠵᠤ᠂ ᠪᠠᠴᠢᠮ ᠪᠠᠶᠢᠳᠠᠯ ᠢ | ᠠᠷᠭᠠᠴᠠᠬᠤ ᠪᠡᠯᠡᠳᠬᠡᠯ ᠢ ᠰᠠᠶᠢᠲᠤᠷ ᠬᠢᠵᠦ᠂ ᠠᠵᠤ ᠠᠬᠤᠶ ᠶᠢᠨ ᠲᠣᠭᠲᠠᠭᠤᠨ ᠠᠵᠢᠯᠯᠠᠭᠠᠨ ᠪᠠ ᠨᠡᠶᠢᠭᠡᠮ ᠤᠨ ᠡᠶ᠎ᠡ | ᠵᠣᠬᠢᠴᠠᠯ ᠲᠠᠢ ᠲᠣᠭᠲᠠᠭᠤᠨ ᠪᠠᠶᠢᠬᠤ ᠶᠢ ᠪᠠᠲᠤᠯᠠᠬᠤ ᠳᠤ ᠰᠠᠶᠢᠨ ᠰᠠᠶᠢᠬᠠᠨ ᠠᠮᠤᠷ ᠲᠦᠪᠰᠢᠨ ᠣᠷᠴᠢᠨ ᠲᠣᠭᠤᠷᠢᠨ ᠢ | ᠪᠣᠶ ᠪᠣᠯᠭᠠᠬᠤ ᠬᠡᠷᠡᠭᠲᠡᠶ ᠭᠡᠪᠡ᠃ | ᠲᠤᠰ ᠡᠳᠦᠷ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ | ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠠᠶᠢᠮᠠᠭ ᠤᠨ ᠱᠠᠲᠤᠨ ᠤ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ | ᠮᠡᠳᠡᠭᠦᠯᠦᠯᠲᠡ ᠶᠢᠨ ᠬᠤᠷᠠᠯ ᠵᠡᠭᠦᠨ ᠦᠵᠦᠮᠦᠴᠢᠨ ᠬᠤᠰᠢᠭᠤᠨ ᠳᠤ ᠶᠠᠪᠤᠭᠳᠠᠪᠠ᠃ ᠠᠶᠢᠮᠠᠭ ᠤᠨ ᠨᠠᠮ ᠤᠨ | ᠬᠤᠷᠢᠶ᠎ᠠ ᠶᠢᠨ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ | ᠰᠤᠷᠤᠯᠴᠠᠨ ᠲᠤᠤᠱᠯᠠᠭᠤᠯᠬᠤ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠪᠦᠷᠢᠯᠳᠦᠬᠦᠨ᠂ ᠠᠶᠢᠮᠠᠭ ᠤᠨ ᠨᠠᠮ ᠤᠨ | ᠲᠡᠦᠬᠡ ᠣᠷᠣᠨ ᠨᠤᠲᠤᠭ ᠤᠨ ᠣᠶᠢᠯᠠᠯᠭ᠎ᠠ ᠰᠤᠳᠤᠯᠬᠤ ᠲᠠᠰᠤᠭ ᠤᠨ ᠡᠷᠬᠢᠯᠡᠭᠴᠢ ᠯᠢ ᠵᠢᠶᠠᠨ ᠸᠧᠨ ᠤᠬᠠᠭᠤᠯᠤᠨ | ᠲᠠᠶᠢᠯᠪᠤᠷᠢᠯᠠᠬᠤ ᠮᠡᠳᠡᠭᠦᠯᠦᠯᠲᠡ ᠬᠢᠪᠡ᠃ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤ ᠳᠠᠷᠤᠭ᠎ᠠ | ᠵᠧᠤ ᠢᠦᠶ ᠯᠦᠩ ᠬᠤᠷᠠᠯ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠤ᠂ ᠬᠤᠰᠢᠭᠤ ᠳᠥᠷᠪᠡᠨ ᠶᠡᠭᠡ ᠤᠳᠤᠷᠢᠳᠬᠤ | ᠪᠠᠭ ᠤᠨ ᠳᠡᠳ᠋ ᠭᠠᠵᠠᠷ ᠤᠨ ᠲᠠᠰ ᠠᠴᠠ ᠳᠡᠭᠡᠭᠰᠢᠬᠢ ᠤᠳᠤᠷᠢᠳᠤᠯᠭ᠎ᠠ ᠬᠤᠷᠠᠯ ᠳᠤ ᠣᠷᠣᠯᠴᠠᠪᠠ᠃ ᠵᠧᠦ ᠢᠦᠢ ᠯᠦᠩ | ᠴᠢᠬᠤᠯᠠᠴᠢᠯᠠᠬᠤ ᠳᠠᠭᠠᠨ᠂ ᠤᠯᠤᠰ ᠲᠦᠷᠦ ᠶᠢᠨ ᠵᠣᠭᠰᠣᠴᠠ ᠪᠠᠨ ᠴᠢᠨᠠᠭᠰᠢᠳᠠ ᠳᠡᠭᠡᠭᠰᠢᠯᠡᠭᠦᠯᠵᠦ᠂ ᠨᠠᠮ ᠤᠨ | ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ | ᠲᠤᠤᠱᠯᠠᠭᠤᠯᠬᠤ ᠶᠢᠨ ᠴᠢᠬᠤᠯᠠ ᠶᠡᠭᠡ ᠠᠴᠢ ᠬᠤᠯᠪᠣᠭᠳᠠᠯ ᠢ ᠭᠦᠢᠴᠡᠳ ᠲᠠᠨᠢᠵᠤ᠂ ᠲᠤᠰ ᠤᠳᠠᠭ᠎ᠠ ᠶᠢᠨ ᠬᠤᠷᠠᠯ ᠤᠨ | ᠵᠣᠷᠢᠭ ᠰᠠᠨᠠᠭ᠎ᠠ ᠶᠢ ᠰᠠᠶᠢᠲᠤᠷ ᠰᠤᠷᠤᠯᠴᠠᠬᠤ ᠶᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ | ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠵᠤ᠂ ᠶᠡᠷᠦᠩᠬᠡᠢ ᠱᠦᠵᠢ ᠰᠢ ᠶᠢᠨ | ᠫᠢᠩ ᠤᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠲᠤᠬᠠᠢ | ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠰᠤᠷᠤᠯᠴᠠᠬᠤ ᠲᠠᠢ ᠨᠢᠭᠲᠠ ᠤᠶᠠᠯᠳᠤᠭᠤᠯᠵᠤ᠂ ᠰᠤᠷᠤᠯᠴᠠᠨ | ᠣᠶᠢᠯᠠᠭᠠᠵᠤ ᠨᠡᠪᠲᠡᠷᠡᠲᠡᠯ᠎ᠡ ᠣᠶᠢᠯᠠᠭᠠᠵᠤ᠂ ᠭᠦᠨᠵᠡᠭᠡᠢ ᠰᠤᠷᠤᠯᠴᠠᠨ ᠨᠡᠪᠲᠡᠷᠡᠲᠡᠯ᠎ᠡ ᠣᠶᠢᠯᠠᠭᠠᠵᠤ᠂ ︽ᠬᠤᠶᠠᠷ ᠢ | ᠲᠣᠭᠲᠠᠭᠠᠬᠤ︾ ᠶᠢ ᠡᠷᠡᠰ ᠬᠦᠷᠢᠶᠡᠯᠡᠵᠦ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠵᠦ᠂ ᠳᠡᠭᠡᠳᠦ | ᠬᠡᠮᠵᠢᠶᠡᠨ ᠤ ᠤᠯᠤᠰ ᠲᠦᠷᠦ ᠶᠢᠨ ᠬᠠᠷᠢᠭᠤᠴᠠᠯᠭᠠᠲᠤ ᠰᠡᠳᠬᠢᠯᠭᠡ ᠪᠣᠯᠤᠨ ᠡᠭᠦᠷᠭᠡᠲᠦ ᠰᠡᠳᠬᠢᠯᠭᠡ ᠪᠠᠷ ᠪᠦᠬᠦᠳᠡ | ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠦᠨᠳᠦᠰᠦᠯᠡᠭᠦᠯᠵᠦ᠂ ᠴᠡᠴᠡᠭᠯᠡᠨ ᠵᠢᠮᠢᠰᠯᠡᠭᠦᠯᠬᠦ ᠶᠢ ᠠᠬᠢᠭᠤᠯᠵᠤ᠂ | ᠵᠡᠭᠦᠨ ᠦᠵᠦᠮᠦᠴᠢᠨ ᠬᠤᠰᠢᠭᠤᠨ ᠤ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠰᠢᠨ᠎ᠡ ᠪᠠᠶᠢᠳᠠᠯ ᠢ | ᠴᠢᠷᠮᠠᠶᠢᠨ ᠡᠭᠦᠳᠬᠦ ᠬᠡᠷᠡᠭᠲᠡᠢ ᠭᠡᠪᠡ᠃ | 8 ᠰᠠᠷ᠎ᠠ ᠶᠢᠨ 26 ᠤ ᠡᠳᠦᠷ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠥᠬᠦᠳᠡ | ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠤᠬᠠᠭᠤᠯᠤᠨ ᠲᠠᠶᠢᠯᠪᠤᠷᠢᠯᠠᠬᠤ ᠠᠵᠢᠯ ᠤᠨ | ᠳᠠᠶᠢᠴᠢᠯᠠᠯᠲᠠ ᠶᠢᠨ ᠬᠤᠷᠠᠯ ᠵᠢᠴᠢ ᠬᠤᠰᠢᠭᠤ ᠲᠠᠰ ᠤᠨ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠬᠠᠮᠲᠤ ᠪᠠᠷ | ᠬᠢᠴᠢᠶᠡᠯ ᠪᠡᠯᠡᠳᠬᠡᠬᠦ ᠬᠤᠷᠠᠯ ᠬᠤᠷᠠᠯᠳᠤᠭᠤᠯᠪᠠ᠃ ᠪᠥᠬᠦ ᠬᠤᠰᠢᠭᠤᠨ ᠤ ᠨᠠᠮ ᠤᠨ ᠬᠤᠷᠢᠳᠤᠭᠠᠷ ᠬᠤᠭᠤᠴᠠᠭᠠᠨ ᠤ | ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠬᠤᠰᠢᠭᠤᠨ ᠲᠠᠰ ᠤᠨ | ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠭᠡᠰᠢᠭᠦᠨ᠂ ᠡᠯ᠎ᠡ ᠰᠤᠮᠤ ᠪᠠᠯᠭᠠᠰᠤ ︵ᠲᠠᠯᠠᠪᠠᠶ︶ ᠶᠢᠨ ᠤᠬᠠᠭᠤᠯᠬᠤ | ᠭᠡᠰᠢᠭᠦᠨ ᠵᠢᠴᠢ ︽ᠣᠨᠣᠯ ᠤᠨ ᠰᠤᠷᠤᠯᠴᠠᠯᠭ᠎ᠠ ᠶᠢᠨ ᠬᠥᠩᠭᠡᠨ ᠮᠣᠷᠢᠲᠤ ᠴᠡᠷᠢᠭ︾᠂ ︽ᠠᠷᠠᠳ ᠣᠯᠠᠨ ᠤ ᠨᠠᠷᠠᠲᠤ | ᠶᠠᠷᠢᠭᠴᠢ︾᠂ ︽8090 ᠤᠬᠠᠭᠤᠯᠤᠨ ᠲᠠᠶᠢᠯᠪᠤᠷᠢᠯᠠᠬᠤ ᠪᠦᠯᠬᠦᠮ︾᠂ ᠤᠯᠠᠭᠠᠨᠮᠥ᠋ᠴᠢᠷ᠂ ︽ᠡᠮᠡᠭᠲᠡᠶᠢᠴᠦᠳ ᠤᠨ | ᠤᠬᠠᠭᠤᠯᠤᠨ ᠲᠠᠶᠢᠯᠪᠤᠷᠢᠯᠠᠬᠤ ᠪᠦᠯᠬᠦᠮ︾᠂ ︽ᠵᠠᠯᠠᠭᠤᠴᠤᠳ ᠤᠨ ᠤᠬᠠᠭᠤᠯᠤᠨ ᠲᠠᠶᠢᠯᠪᠦᠷᠢᠯᠠᠬᠤ ᠪᠦᠯᠬᠦᠮ︾ | ᠵᠡᠷᠭᠡ ᠣᠨᠴᠠᠯᠢᠭᠲᠤ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠭᠡᠰᠢᠭᠦᠳ ᠨᠢᠭᠡ ᠲᠠᠩᠬᠢᠮ ᠳᠤ ᠴᠤᠭᠯᠠᠷᠠᠨ᠂ | ᠤᠬᠠᠭᠤᠯᠤᠨ ᠲᠠᠶᠢᠯᠪᠤᠷᠢᠯᠠᠬᠤ ᠶᠢ ᠰᠣᠨᠣᠰᠴᠤ᠂ ᠲᠤᠷᠰᠢᠯᠭ᠎ᠠ ᠪᠠᠨ ᠰᠤᠷᠤᠯᠴᠠᠨ᠂ ᠰᠡᠳᠬᠢᠴᠡ ᠪᠠᠨ ᠥᠷᠭᠡᠳᠬᠡᠵᠦ᠂ | ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠲᠠᠷᠢᠬᠢ | ᠲᠣᠯᠣᠭᠠᠶ ᠳᠤ ᠬᠠᠳᠠᠩᠰᠢᠭᠤᠯᠬᠤ ᠶᠢ ᠠᠬᠢᠭᠤᠯᠪᠠ᠃ ᠬᠤᠷᠠᠯ ᠠᠴᠠ ︽ᠵᠡᠭᠦᠨ ᠦᠵᠦᠮᠦᠴᠢᠨ ᠬᠤᠰᠢᠭᠤᠨ ᠤ ᠨᠠᠮ ᠤᠨ | ᠬᠤᠷᠢᠶᠠᠨ ᠤ ᠠᠯᠪᠠᠨ ᠭᠡᠷ ᠤᠨ ︿ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠥᠬᠦᠳᠡ ᠬᠤᠷᠠᠯ ᠤᠨ | ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠤᠬᠠᠭᠤᠯᠤᠨ ᠲᠠᠶᠢᠯᠪᠤᠷᠢᠯᠠᠬᠤ ᠠᠵᠢᠯ ᠤᠨ ᠲᠥᠰᠦᠯ﹀ ᠢ | ᠳᠠᠷᠤᠮᠠᠯᠯᠠᠨ ᠲᠠᠷᠬᠠᠭᠠᠬᠤ ᠮᠡᠳᠡᠭᠳᠡᠯ︾ ᠢ ᠤᠯᠠᠮᠵᠢᠯᠠᠨ ᠰᠤᠷᠤᠯᠴᠠᠪᠠ᠃ | 8 ᠰᠠᠷ᠎ᠠ ᠶᠢᠨ 27 ᠤ ᠡᠳᠦᠷ᠂ ᠬᠤᠰᠢᠭᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠬᠤᠰᠢᠭᠤᠨ | ᠲᠠᠰ ᠤᠨ ᠤᠬᠠᠭᠤᠯᠤᠨ ᠲᠠᠶᠢᠯᠪᠤᠷᠢᠯᠠᠬᠤ ᠪᠦᠯᠬᠦᠮ ᠢ ᠵᠣᠬᠢᠶᠠᠨ ᠪᠠᠶᠢᠭᠤᠯᠵᠤ ᠳᠣᠲᠣᠭᠠᠳᠤ ᠶᠢ ᠬᠠᠮᠠᠭᠠᠯᠠᠬᠤ | ᠲᠣᠪᠴᠢᠶ᠎ᠠ ᠳᠤ ᠭᠦᠨᠵᠡᠭᠡᠶᠢᠷᠡᠨ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠥᠬᠦᠳᠡ ᠬᠤᠷᠠᠯ ᠤᠨ | ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠥᠷᠨᠢᠭᠦᠯᠪᠡ᠃ ᠲᠤᠰ | ᠤᠳᠠᠭ᠎ᠠ ᠶᠢᠨ ᠤᠬᠠᠭᠤᠯᠤᠨ ᠲᠠᠶᠢᠯᠪᠤᠷᠢᠯᠠᠯᠲᠠ ᠨᠢ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ | ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠥᠷᠭᠡᠨ ᠤᠯᠠᠨ ᠨᠠᠮ ᠤᠨ ᠭᠡᠰᠢᠭᠦᠨ ᠤᠯᠠᠨ ᠲᠦᠮᠡᠨ ᠤ | ᠳᠤᠮᠳᠠ ᠴᠠᠭ ᠲᠤᠬᠠᠢ ᠳᠤᠨᠢ ᠤᠯᠠᠮᠵᠢᠯᠠᠨ᠂ ᠥᠷᠭᠡᠨ ᠤᠯᠠᠨ ᠨᠠᠮ ᠤᠨ ᠭᠡᠰᠢᠭᠦᠨ ᠺᠠᠳ᠋ᠷᠴᠤᠳ᠂ ᠪᠦᠬᠦᠳᠠ | ᠬᠤᠷᠠᠯ ᠤᠨ ᠵᠣᠷᠢᠭ ᠰᠠᠨᠠᠭᠠᠨ ᠤ ᠮᠥᠨ ᠴᠢᠨᠠᠷ ᠪᠣᠯᠤᠨ ᠪᠠᠶᠠᠯᠢᠭ ᠠᠭᠤᠯᠤᠭᠳᠠᠬᠤᠨ ᠢ ᠭᠦᠨᠵᠡᠭᠡᠢ ᠤᠢᠢᠯᠠᠭᠠᠨ | ᠡᠵᠡᠮᠰᠢᠵᠦ᠂ ᠦᠵᠡᠯ ᠰᠠᠨᠠᠭ᠎ᠠ ᠪᠣᠯᠤᠨ ᠦᠢᠯᠡ ᠠᠵᠢᠯᠯᠠᠭ᠎ᠠ ᠪᠠᠨ ᠪᠦᠬᠦᠳᠠ ᠬᠤᠷᠠᠯ ᠤᠨ ᠵᠣᠷᠢᠭ ᠰᠠᠨᠠᠭ᠎ᠠ ᠲᠠᠢ | ᠦᠨᠡᠨᠬᠦ ᠨᠢᠭᠡᠳᠬᠡᠨ᠂ ᠰᠤᠷᠤᠯᠴᠠᠨ ᠣᠶᠢᠯᠠᠭᠠᠵᠤ ᠨᠡᠪᠲᠡᠷᠡᠲᠡᠯ᠎ᠡ ᠣᠶᠢᠯᠠᠭᠠᠵᠤ ᠪᠣᠳᠠᠲᠠᠶᠢᠵᠢᠭᠤᠯᠬᠤ ᠳᠡᠭᠡᠷ᠎ᠡ ᠬᠦᠴᠦ | ᠲᠠᠯᠪᠢᠬᠤ ᠪᠠᠷ ᠬᠦᠴᠦᠯᠡᠵᠦ᠂ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠳᠤᠮᠳᠠᠳᠤ ᠤᠯᠤᠰ ᠤᠨ ᠮᠠᠶ᠋ᠢᠭ ᠤᠨ | ᠣᠳᠣᠬᠢᠴᠢᠯᠠᠭᠰᠠᠨ ᠵᠡᠭᠦᠨ ᠦᠵᠦᠮᠦᠴᠢᠨ ᠤ ᠬᠠᠭᠤᠳᠠᠰᠤ ᠶᠢ ᠴᠢᠷᠮᠠᠶᠢᠨ ᠪᠢᠴᠢᠭᠯᠡᠬᠦ ᠪᠣᠳᠠᠲᠠᠢ ᠦᠷ᠎ᠡ ᠪᠦᠲᠦᠮᠵᠢ | ᠪᠣᠯᠭᠠᠨ ᠲᠠᠰᠤᠷᠠᠯᠲᠠ ᠦᠭᠡᠢ ᠬᠤᠪᠢᠷᠠᠭᠤᠯᠬᠤ ᠬᠡᠷᠡᠭᠲᠡᠢ ᠭᠡᠵᠦ ᠢᠯᠡᠳᠬᠡᠵᠡᠭᠡᠪᠡ᠃ | 8 ᠰᠠᠷ᠎ᠠ ᠶᠢᠨ 28 ᠤ ᠡᠳᠦᠷ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤ ᠳᠠᠷᠤᠭ᠎ᠠ | ᠵᠧᠤ ᠢᠦᠶ ᠯᠦᠩ ᠬᠠᠳᠠᠪᠴᠢ ᠪᠠᠯᠭᠠᠰᠤᠨ ᠳᠤ ᠭᠦᠨᠵᠡᠭᠡᠶᠢᠷᠡᠨ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ | ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠯᠤᠭ᠎ᠠ | ᠪᠦᠲᠦᠮᠵᠢᠲᠡᠶ ᠵᠣᠯᠭᠠᠭᠤᠯᠬᠤ ᠠᠵᠢᠯ ᠤᠨ ᠲᠣᠭᠤᠷᠢᠨ ᠳᠤ ᠪᠠᠶᠢᠴᠠᠭᠠᠨ ᠰᠤᠳᠤᠯᠤᠯᠲᠠ ᠬᠢᠵᠦ ᠵᠢᠭᠠᠨ ᠵᠢᠯᠣᠭᠤᠳᠴᠤ᠂ | ᠪᠠᠯᠭᠠᠰᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠤᠳᠤᠷᠢᠳᠤᠯᠭ᠎ᠠ ᠪᠠᠷ᠎ᠠ ᠪᠣᠯᠵᠣ ᠪᠠᠶᠢᠴᠠᠭᠠᠨ | ᠰᠤᠳᠤᠯᠤᠯᠲᠠ ᠬᠢᠪᠠ᠃ ᠵᠧᠦ ᠢᠦᠢ ᠯᠦᠩ ᠤᠷᠢᠳ ᠬᠤᠵᠢᠳ ᠪᠠᠶᠠᠨᠳᠤᠯᠠᠭᠠᠨ ᠭᠠᠴᠠᠭ᠎ᠠ᠂ ᠪᠠᠶᠠᠨᠵᠢᠯᠠᠭ᠎ᠠ ᠭᠠᠴᠠᠭ᠎ᠠ | ᠵᠡᠷᠭᠡ ᠭᠠᠵᠠᠷ ᠢᠶᠠᠷ ᠭᠦᠨᠵᠡᠭᠡᠶᠢᠷᠡᠨ ᠬᠡᠰᠡᠭ ᠶᠠᠳᠠᠭᠤ ᠠᠴᠠ ᠠᠩᠭᠢᠵᠢᠷᠠᠭᠰᠠᠨ ᠡᠷᠦᠬᠡ᠂ ᠬᠢᠨᠠᠨ ᠪᠠᠶᠢᠴᠠᠭᠠᠯᠲᠠ ᠶᠢᠨ | ᠬᠡᠪᠴᠢᠶᠡᠨ ᠳᠤ ᠤᠷᠤᠭᠰᠠᠨ ᠡᠷᠦᠬᠡ ᠵᠢᠴᠢ ᠲᠣᠭᠲᠠᠭᠤᠨ ᠶᠠᠳᠠᠭᠤ ᠠᠴᠠ ᠠᠩᠭᠢᠵᠢᠷᠠᠭᠰᠠᠨ ᠡᠷᠦᠬᠡ ᠪᠠᠷ ᠲᠣᠭᠤᠷᠢᠨ | ᠦᠵᠡᠪᠡ᠃ ᠡᠨᠡ ᠬᠤᠭᠤᠴᠠᠭᠠᠨ ᠳᠤ᠂ ᠲᠡᠷᠡ ᠬᠢᠨᠠᠨ ᠬᠡᠮᠵᠢᠬᠦ ᠡᠷᠦᠬᠡ᠂ ᠶᠠᠳᠠᠭᠤ ᠠᠴᠠ ᠠᠩᠭᠢᠵᠢᠷᠠᠭᠰᠠᠨ | ᠡᠷᠦᠬᠡ ᠶᠢᠨ ᠬᠤᠷᠠᠭ᠎ᠠ ᠪᠣᠷᠣᠯᠠᠭᠤᠯᠤᠭᠰᠠᠨ ᠪᠠᠶᠢᠳᠠᠯ ᠪᠣᠯᠤᠨ ᠶᠠᠳᠠᠭᠤ ᠠᠴᠠ ᠠᠩᠭᠢᠵᠢᠷᠠᠭᠰᠠᠨ ᠬᠥᠮᠦᠨ ᠠᠮᠠ᠂ ᠬᠢᠨᠠᠨ | ᠪᠠᠶᠢᠴᠠᠭᠠᠯᠲᠠ ᠶᠢᠨ ᠬᠡᠪᠴᠢᠶᠡᠨ ᠳᠤ ᠤᠷᠤᠭᠰᠠᠨ ᠡᠷᠦᠬᠡ ᠶᠢᠨ ᠡᠮ ᠡᠮᠨᠡᠯᠭᠡ ᠶᠢᠨ ᠳᠠᠭᠠᠳᠬᠠᠯ ᠤᠨ ᠲᠠᠩᠰᠠ ᠲᠠᠶᠢᠯᠬᠤ | ᠂ ᠠᠯᠪᠠᠨ ᠵᠢᠷᠤᠮ ᠤᠨ ᠰᠤᠷᠭᠠᠨ ᠬᠥᠮᠦᠵᠢᠯ᠂ ᠣᠷᠣᠨ ᠰᠠᠭᠤᠴᠠ ᠶᠢᠨ ᠠᠮᠤᠷ ᠲᠦᠪᠰᠢᠨ᠂ ᠤᠤᠭᠤᠬᠤ ᠤᠰᠤᠨ ᠤ | ᠠᠮᠤᠷ ᠲᠦᠪᠰᠢᠨ ᠤ ᠪᠠᠲᠤᠯᠠᠭ᠎ᠠ ᠵᠡᠷᠭᠡ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠭᠰᠠᠨ ᠵᠢᠴᠢ ᠦᠷ᠎ᠡ | ᠪᠦᠲᠦᠮᠵᠢ ᠶᠢ ᠪᠠᠬᠢᠵᠢᠭᠦᠯᠦᠭᠰᠡᠨ ᠪᠠᠶᠢᠳᠠᠯ ᠢ ᠨᠠᠷᠢᠨ ᠠᠰᠠᠭᠤᠪᠠ᠃ ᠳᠠᠷᠠᠭ᠎ᠠ ᠨᠢ᠂ ᠵᠧᠦ ᠢᠦᠢ ᠯᠦᠩ ᠪᠠᠶᠠᠨᠳᠤᠯᠠᠭᠠᠨ | ᠭᠠᠴᠠᠭᠠᠨ ᠤ ᠲᠡᠵᠢᠭᠡᠨ ᠦᠷᠡᠵᠢᠭᠦᠯᠬᠦ ᠲᠥᠪ ᠲᠤ ᠬᠦᠷᠴᠦ᠂ ᠬᠠᠮᠲᠤ ᠶᠢᠨ ᠠᠵᠤ ᠠᠬᠤᠢ ᠶᠢᠨ ᠠᠵᠤ ᠦᠢᠯᠡᠰ ᠤᠨ | ᠬᠥᠭᠵᠢᠯᠲᠡ ᠶᠢᠨ ᠲᠦᠷᠦᠯ ᠵᠦᠢᠯ ᠢ ᠪᠤᠵᠠᠭᠠᠶᠢᠷᠠᠭᠤᠯᠬᠤ ᠪᠣᠳᠠᠲᠠᠢ ᠠᠵᠢᠯᠯᠠᠭᠠᠨ ᠤ ᠪᠠᠶᠢᠳᠠᠯ ᠢ ᠭᠦᠨᠵᠡᠭᠡᠢ | ᠣᠶᠢᠯᠠᠭᠠᠪᠠ᠃ | ᠦᠵᠡᠯ ᠰᠠᠨᠠᠭ᠎ᠠ ᠲᠠᠨᠢᠯᠲᠠ ᠪᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ᠳᠡᠭᠡᠳᠦ ᠬᠡᠮᠵᠢᠶᠡᠨ ᠤ ᠤᠯᠤᠰ | ᠲᠦᠷᠦ ᠶᠢᠨ ᠤᠬᠠᠮᠰᠠᠷ ᠪᠣᠯᠤᠨ ᠠᠵᠢᠯᠯᠠᠭ᠎ᠠ ᠶᠢᠨ ᠤᠬᠠᠮᠰᠠᠷ ᠢᠶᠠᠷ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ | ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠶᠢ ᠪᠦᠲᠦᠮᠵᠢᠲᠡᠢ ᠵᠣᠯᠭᠠᠭᠤᠯᠬᠤ ᠡᠯ᠎ᠡ ᠵᠦᠢᠯ ᠤᠨ ᠠᠵᠢᠯ ᠢ ᠦᠨᠡᠨᠬᠦ ᠰᠠᠶᠢᠲᠤᠷ ᠬᠢᠬᠦ ᠬᠡᠷᠡᠭᠲᠡᠢ᠃ | ᠬᠢᠨᠠᠨ ᠪᠠᠶᠢᠴᠠᠭᠠᠯᠲᠠ ᠶᠢᠨ ᠬᠡᠪᠴᠢᠶᠡᠨ ᠳᠤ ᠤᠷᠤᠭᠰᠠᠨ ᠡᠷᠦᠬᠡ᠂ ᠶᠠᠳᠠᠭᠤ ᠠᠴᠠ ᠠᠩᠭᠢᠵᠢᠷᠠᠭᠰᠠᠨ ᠡᠷᠦᠬᠡ ᠶᠢᠨ | ᠦᠢᠯᠡᠳᠪᠦᠷᠢᠯᠡᠯ ᠠᠮᠢᠳᠤᠷᠠᠯ ᠤᠨ ᠪᠠᠶᠢᠳᠠᠯ ᠢ ᠦᠷᠭᠦᠯᠵᠢᠯᠡᠨ ᠨᠢᠭᠲᠠ ᠠᠩᠬᠠᠷᠴᠤ᠂ ᠬᠥᠳᠡᠯᠦᠩᠭᠦᠢ ᠬᠢᠨᠠᠨ ᠬᠡᠮᠵᠢᠬᠦ | ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠲᠠᠬᠢᠨ ᠶᠠᠳᠠᠭᠤᠷᠠᠬᠤ ᠠᠶᠤᠯ ᠲᠦᠭᠰᠢᠭᠦᠷᠢ ᠲᠠᠢ ᠭᠡᠷ ᠪᠦᠯᠢ ᠳᠤ | ᠴᠠᠭ ᠲᠤᠬᠠᠢ ᠳᠤᠨᠢ ᠪᠦᠲᠦᠮᠵᠢᠲᠡᠢ ᠬᠠᠪᠰᠤᠷᠤᠨ ᠲᠡᠳᠬᠦᠬᠦ ᠠᠷᠭ᠎ᠠ ᠬᠡᠮᠵᠢᠶ᠎ᠡ ᠠᠪᠴᠤ᠂ ᠲᠡᠳᠡᠨ ᠤ ᠦᠨᠳᠦᠰᠦᠨ | ᠠᠮᠢᠳᠤᠷᠠᠯ ᠪᠠᠲᠤᠯᠠᠭ᠎ᠠ ᠲᠠᠢ ᠪᠣᠯᠬᠤ ᠶᠢ ᠪᠠᠲᠤᠯᠠᠬᠤ ᠬᠡᠷᠡᠭᠲᠡᠢ᠃ ᠲᠦᠷᠦ ᠶᠢᠨ ᠪᠤᠳᠤᠯᠭ᠎ᠠ ᠶᠢᠨ | ᠨᠠᠶᠢᠳᠠᠪᠤᠷᠢᠵᠢᠭᠤᠯᠤᠯᠲᠠ ᠶᠢ ᠴᠢᠩᠭᠠᠳᠬᠠᠵᠤ᠂ ᠶᠠᠳᠠᠭᠤ ᠠᠴᠠ ᠠᠩᠭᠢᠵᠢᠷᠠᠭᠤᠯᠬᠤ ᠶᠢ ᠪᠠᠬᠢᠵᠢᠭᠦᠯᠬᠦ᠂ ᠬᠥᠮᠦᠨ | ᠠᠮᠠ ᠶᠢᠨ ︽ᠭᠤᠷᠪᠠ ᠶᠢ ᠪᠠᠲᠤᠯᠠᠬᠤ︾ ᠪᠠ ᠤᠤᠭᠤᠬᠤ ᠤᠰᠤᠨ ᠤ ᠠᠮᠤᠷ ᠲᠦᠪᠰᠢᠨ ᠤ ᠦᠷ᠎ᠡ ᠪᠦᠲᠦᠮᠵᠢ ᠶᠢ | ᠪᠠᠬᠢᠵᠢᠭᠦᠯᠬᠦ᠂ ᠲᠠᠬᠢᠨ ᠶᠠᠳᠠᠭᠤᠷᠠᠬᠤ ᠶᠢ ᠰᠡᠷᠭᠡᠶᠢᠯᠡᠬᠦ ᠬᠥᠳᠡᠯᠦᠩᠭᠦᠢ ᠬᠢᠨᠠᠨ ᠬᠡᠮᠵᠢᠵᠦ ᠬᠠᠪᠰᠤᠷᠤᠨ ᠲᠡᠳᠬᠦᠬᠦ᠂ | ᠠᠵᠤ ᠦᠢᠯᠡᠰ ᠤᠨ ᠬᠥᠭᠵᠢᠯᠲᠡ᠂ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠤᠨ ᠠᠵᠢᠯ ᠣᠯᠭᠤᠬᠤ ᠵᠡᠷᠭᠡ | ᠲᠠᠯ᠎ᠠ ᠪᠠᠷ ᠦᠷᠭᠦᠯᠵᠢᠯᠡᠨ ᠬᠦᠴᠦ ᠣᠷᠣᠭᠤᠯᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ | ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠠᠢ | ᠪᠦᠲᠦᠮᠵᠢᠲᠡᠢ ᠵᠣᠯᠭᠠᠭᠤᠯᠬᠤ ᠠᠵᠢᠯ ᠳᠤ ᠦᠨᠡᠨ ᠪᠣᠳᠠᠲᠠᠢ ᠦᠷ᠎ᠡ ᠪᠦᠲᠦᠮᠵᠢ ᠤᠯᠬᠤ ᠶᠢ ᠪᠦᠬᠦ ᠬᠦᠴᠦᠨ ᠢᠶᠠᠷ ᠢᠶᠠᠨ | ᠪᠠᠲᠤᠯᠠᠬᠤ ᠬᠡᠷᠡᠭᠲᠡᠢ ᠭᠡᠪᠡ᠃ | 8 ᠰᠠᠷ᠎ᠠ ᠶᠢᠨ 29 ᠤ ᠡᠳᠦᠷ ᠬᠤᠰᠢᠭᠤ ᠨᠠᠮ ᠤᠨ ᠬᠤᠷᠢᠶᠠᠨ ᠤ ᠮᠠᠯᠵᠢᠬᠤ ᠲᠠᠷᠢᠶᠠᠯᠠᠬᠤ ᠣᠷᠣᠨ ᠤ | ᠤᠳᠤᠷᠢᠳᠬᠤ ᠳᠤᠭᠤᠶᠢᠯᠠᠩ ᠤᠨ 2024 ᠣᠨ ᠤ ᠭᠤᠷᠪᠠᠳᠤᠭᠠᠷ ᠤᠳᠠᠭᠠᠨ ᠤ ᠬᠤᠷᠠᠯ ᠬᠤᠷᠠᠯᠳᠤᠭᠤᠯᠵᠤ᠂ | ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ ᠠᠯᠮᠠᠰ ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ᠂ ᠳᠡᠳ᠋ | ᠬᠤᠰᠢᠭᠤ ᠳᠠᠷᠤᠭ᠎ᠠ ᠰᠡᠴᠡᠨ ᠬᠤᠷᠠᠯ ᠢ ᠡᠷᠭᠢᠯᠡᠪᠡ᠃ ᠬᠤᠷᠠᠯ ᠠᠴᠠ᠂ ᠡᠯ᠎ᠡ ᠭᠠᠵᠠᠷ ᠡᠯ᠎ᠡ ᠬᠤᠯᠪᠣᠭᠳᠠᠯ ᠪᠦᠬᠦᠢ | ᠰᠠᠯᠠᠭ᠎ᠠ ᠮᠥᠴᠢᠷ ᠤᠨ ᠬᠢᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ | ᠪᠠᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠢ | ᠵᠣᠯᠭᠠᠭᠤᠯᠬᠤ ᠬᠢᠨᠠᠨ ᠰᠢᠯᠭᠠᠵᠤ ᠦᠨᠡᠯᠡᠬᠦ ᠠᠵᠢᠯ ᠢ ᠰᠠᠶᠢᠲᠤᠷ ᠥᠷᠨᠢᠭᠦᠯᠬᠦ ᠶᠢᠨ ᠴᠢᠬᠤᠯᠠ ᠴᠢᠨᠠᠷ ᠲᠤᠯᠭᠠᠮ᠎ᠠ | ᠴᠢᠨᠠᠷ ᠢ ᠭᠦᠨᠵᠡᠭᠡᠢ ᠲᠠᠨᠢᠵᠤ᠂ ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ | ᠪᠣᠯᠤᠨ ᠠᠶᠢᠮᠠᠭ ᠤᠨ ᠨᠠᠮ ᠤᠨ ᠬᠤᠷᠢᠶᠠᠨ ᠤ ᠬᠤᠯᠪᠣᠭᠳᠠᠯ ᠪᠦᠬᠦᠢ ᠬᠤᠷᠠᠯ ᠪᠣᠯᠤᠨ ᠪᠢᠴᠢᠭ ᠮᠠᠲ᠋ᠧᠷᠢᠶᠠᠯ ᠤᠨ ᠵᠣᠷᠢᠭ | ᠰᠠᠨᠠᠭ᠎ᠠ ᠶᠢ ᠭᠦᠨᠵᠡᠭᠡᠢ ᠰᠤᠷᠤᠯᠴᠠᠵᠤ᠂ ᠤᠯᠤᠰ ᠲᠦᠷᠦ ᠶᠢᠨ ᠬᠠᠷᠢᠭᠤᠴᠠᠯᠭ᠎ᠠ ᠶᠢ ᠡᠷᠡᠰ ᠡᠭᠦᠷᠭᠡᠯᠡᠵᠦ᠂ ᠳᠡᠭᠡᠳᠦ | ᠬᠡᠮᠵᠢᠶᠡᠨ ᠤ ᠤᠯᠤᠰ ᠲᠦᠷᠦ ᠶᠢᠨ ᠤᠬᠠᠮᠰᠠᠷ ᠪᠣᠯᠤᠨ ᠠᠵᠢᠯᠯᠠᠭ᠎ᠠ ᠶᠢᠨ ᠤᠬᠠᠮᠰᠠᠷ ᠢᠶᠠᠷ ᠨᠠᠶᠢᠳᠠᠪᠤᠷᠢᠵᠢᠭᠤᠯᠤᠯᠲᠠ ᠶᠢ | ᠰᠠᠶᠢᠲᠤᠷ ᠠᠳᠬᠤᠬᠤ ᠬᠡᠷᠡᠭᠲᠡᠢ᠃ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠪᠠ ᠪᠣᠳᠠᠲᠤ ᠦᠷ᠎ᠡ ᠪᠦᠲᠦᠮᠵᠢ ᠪᠠᠷ | ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠥᠪᠡᠷᠲᠡᠭᠡᠨ ᠵᠠᠰᠠᠬᠤ ᠣᠷᠣᠨ ᠤ ︽ᠵᠢᠷᠭᠤᠭ᠎ᠠ ᠶᠢ ᠦᠵᠡᠵᠦ ᠨᠢᠭᠡ ᠶᠢ | ᠲᠡᠭᠦᠯᠳᠡᠷᠵᠢᠭᠦᠯᠬᠦ︾ ᠱᠠᠭᠠᠷᠳᠠᠯᠭ᠎ᠠ ᠪᠠ ᠠᠶᠢᠮᠠᠭ ᠤᠨ ᠨᠠᠮ ᠤᠨ ᠬᠤᠷᠢᠶᠠᠨ ᠤ ᠬᠠᠮᠢᠶ᠎ᠠ ᠪᠥᠬᠦᠶ ᠪᠠᠶᠢᠷᠢᠯᠠᠭᠤᠯᠤᠯᠲᠠ | ᠶᠣᠰᠣᠭᠠᠷ᠂ ᠠᠰᠠᠭᠤᠳᠠᠯ ᠢ ᠵᠢᠭᠰᠠᠭᠠᠨ ᠪᠠᠶᠢᠴᠠᠭᠠᠬᠤ ᠪᠠ ᠴᠡᠭᠴᠡᠯᠡᠨ ᠰᠠᠶᠢᠵᠢᠷᠠᠭᠤᠯᠬᠤ ᠠᠵᠢᠯ ᠢ ᠦᠨᠡᠨ ᠬᠦ | ᠰᠠᠶᠢᠲᠤᠷ ᠬᠢᠵᠦ᠂ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠦᠷ᠎ᠡ ᠪᠦᠲᠦᠭᠡᠯ ᠢ ᠲᠠᠰᠤᠷᠠᠯᠲᠠ ᠥᠬᠡᠶ | ᠪᠠᠬᠢᠵᠢᠭᠦᠯᠵᠦ᠂ ᠠᠵᠤ ᠦᠢᠯᠡᠰ ᠤᠨ ᠬᠥᠭᠵᠢᠯᠲᠡ ᠶᠢ ᠠᠬᠢᠭᠤᠯᠤᠨ᠂ ᠠᠯᠢ ᠣᠯᠠᠨ ᠬᠠᠪᠰᠤᠷᠤᠨ ᠲᠡᠳᠬᠦᠬᠦ | ᠲᠥᠷᠥ ᠶᠢᠨ ᠪᠣᠳᠣᠯᠭ᠎ᠠ ᠶᠢ ᠰᠠᠶᠢᠲᠤᠷ ᠨᠠᠶᠢᠳᠠᠪᠤᠷᠢᠵᠢᠭᠤᠯᠵᠤ᠂ ᠶᠠᠳᠠᠭᠤ ᠠᠴᠠ ᠠᠩᠭᠢᠵᠢᠷᠠᠭᠰᠠᠨ ᠬᠥᠮᠦᠨ ᠠᠮᠠ ᠶᠢᠨ | ᠣᠷᠣᠯᠭ᠎ᠠ ᠶᠢ ᠦᠨᠡᠨ ᠬᠦ ᠳᠡᠭᠡᠭᠰᠢᠯᠡᠭᠦᠯᠦᠨ᠂ ᠣᠯᠠᠨ ᠲᠦᠮᠡᠨ ᠤ ᠬᠠᠨᠤᠮᠵᠢ ᠶᠢᠨ ᠬᠡᠮᠵᠢᠶ᠎ᠡ ᠶᠢ ᠳᠡᠭᠡᠭᠰᠢᠯᠡᠭᠦᠯᠬᠦ | ᠬᠡᠷᠡᠭᠲᠡᠶ᠃ ᠭᠤᠣᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠪᠣᠳᠠᠲᠠᠶᠢᠵᠢᠭᠤᠯᠵᠤ᠂ ᠠᠰᠠᠭᠤᠳᠠᠯ ᠤᠨ ᠬᠦᠷᠦᠯᠴᠡᠬᠦ | ᠦᠭᠡᠢ ᠲᠠᠯ᠎ᠠ ᠶᠢ ᠡᠷᠲᠡ ᠠᠴᠠ ᠢᠯᠡᠷᠡᠭᠦᠯᠵᠦ᠂ ᠡᠭᠦᠷᠭᠡ ᠴᠢᠳᠠᠪᠬᠢ ᠡᠭᠦᠷᠭᠡ ᠬᠠᠷᠢᠭᠤᠴᠠᠯᠭ᠎ᠠ ᠪᠠᠨ ᠦᠨᠡᠨᠬᠦ | ᠭᠦᠢᠴᠡᠳᠬᠡᠬᠦ ᠶᠢᠨ ᠬᠠᠮᠲᠤ ᠪᠣᠯᠪᠠᠰᠤᠷᠠᠯ ᠰᠤᠷᠤᠯᠴᠠᠯᠭ᠎ᠠ ᠶᠢ ᠬᠦᠴᠦᠯᠡᠨ ᠴᠢᠩᠭᠠᠳᠬᠠᠵᠤ᠂ ᠶᠠᠳᠠᠭᠤ ᠠᠴᠠ | ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠲᠠᠢ ᠪᠦᠲᠦᠮᠵᠢᠲᠡᠢ ᠵᠣᠯᠭᠠᠭᠤᠯᠬᠤ ᠡᠯ᠎ᠡ ᠵᠦᠢᠯ ᠤᠨ ᠠᠵᠢᠯ ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ | ᠦᠨᠡᠨ ᠪᠣᠳᠠᠲᠠᠢ ᠠᠵᠢᠯᠯᠠᠭ᠎ᠠ ᠪᠠᠷ ᠢᠶᠠᠨ ︽ᠬᠤᠶᠠᠷ ᠢ ᠲᠣᠭᠲᠠᠭᠠᠬᠤ︾ ᠶᠢ ᠡᠷᠡᠰ ᠬᠠᠮᠠᠭᠠᠯᠠᠵᠤ᠂ ︽ᠬᠤᠶᠠᠷ ᠢ | ᠬᠠᠮᠠᠭᠠᠯᠠᠬᠤ︾ ᠶᠢ ᠡᠷᠡᠰ ᠪᠡᠶᠡᠯᠡᠭᠦᠯᠬᠦ ᠬᠡᠷᠡᠭᠲᠡᠢ ᠭᠡᠪᠡ᠃ | ᠲᠤᠰ ᠡᠳᠦᠷ ᠬᠤᠰᠢᠭᠤ ᠨᠠᠮ ᠤᠨ ᠬᠤᠷᠢᠶᠠᠨ ᠤ ᠮᠠᠯᠵᠢᠬᠤ ᠲᠠᠷᠢᠶᠠᠯᠠᠬᠤ ᠣᠷᠣᠨ ᠤ ᠤᠳᠤᠷᠢᠳᠬᠤ | ᠳᠤᠭᠤᠶᠢᠯᠠᠩ ᠤᠨ 2024 ᠣᠨ ᠤ ᠭᠤᠷᠪᠠᠳᠤᠭᠠᠷ ᠤᠳᠠᠭᠠᠨ ᠤ ᠬᠤᠷᠠᠯ ᠬᠤᠷᠠᠯᠳᠤᠭᠤᠯᠪᠠ᠃ ᠬᠤᠷᠠᠯ ᠳᠡᠭᠡᠷ᠎ᠡ᠂ | ᠬᠤᠰᠢᠭᠤ ᠲᠠᠷᠢᠶᠠᠯᠠᠩ ᠤᠨ ᠰᠢᠨᠵᠢᠯᠡᠬᠦ ᠤᠬᠠᠭᠠᠨ ᠤ ᠲᠣᠪᠴᠢᠶ᠎ᠠ ᠠᠴᠠ ᠳᠡᠭᠡᠷ᠎ᠡ ᠱᠠᠲᠤᠨ ᠤ ᠱᠠᠭᠠᠷᠳᠠᠨ ᠪᠠᠶᠢᠴᠠᠭᠠᠵᠤ | ᠬᠠᠷᠢᠭᠤ ᠲᠤᠰᠬᠠᠭᠰᠠᠨ ᠠᠰᠠᠭᠤᠳᠠᠯ ᠪᠠ ᠥᠪᠡᠰᠦᠪᠡᠨ ᠪᠠᠶᠢᠴᠠᠭᠠᠵᠤ ᠢᠯᠡᠷᠡᠭᠦᠯᠦᠭᠰᠡᠨ ᠠᠰᠠᠭᠤᠳᠠᠯ ᠢ ᠵᠠᠷᠯᠠᠨ | ᠮᠡᠳᠡᠭᠳᠡᠵᠦ᠂ ᠲᠠᠷᠠᠭᠠᠴᠢ ᠶᠢᠨ ᠱᠠᠲᠤᠨ ᠤ ᠭᠤᠤᠯᠳᠠᠯᠭ᠎ᠠ ᠲᠠᠢ ᠠᠵᠢᠯ ᠤᠨ ᠡᠭᠦᠷᠭᠡ ᠶᠢ ᠪᠠᠶᠢᠷᠢᠯᠠᠭᠤᠯᠪᠠ᠃ | ᠬᠤᠷᠠᠯ ᠠᠴᠠ᠂ ᠡᠯ᠎ᠡ ᠭᠠᠵᠠᠷ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠶᠠᠳᠠᠭᠤ ᠠᠴᠠ | ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠪᠠ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠢ ᠵᠣᠯᠭᠠᠭᠤᠯᠬᠤ ᠬᠢᠨᠠᠨ ᠰᠢᠯᠭᠠᠵᠤ ᠦᠨᠡᠯᠡᠬᠦ ᠠᠵᠢᠯ ᠢ | ᠰᠠᠶᠢᠲᠤᠷ ᠥᠷᠨᠢᠭᠦᠯᠬᠦ ᠶᠢᠨ ᠴᠢᠬᠤᠯᠠ ᠴᠢᠨᠠᠷ ᠲᠤᠯᠭᠠᠮ᠎ᠠ ᠴᠢᠨᠠᠷ ᠢ ᠭᠦᠨᠵᠡᠭᠡᠢ ᠲᠠᠨᠢᠵᠤ᠂ ᠨᠠᠮ ᠤᠨ ᠲᠥᠪ ᠬᠤᠷᠢᠶ᠎ᠠ᠂ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠣᠯᠤᠨ ᠠᠶᠢᠮᠠᠭ ᠤᠨ ᠨᠠᠮ ᠤᠨ ᠬᠤᠷᠢᠶᠠᠨ ᠤ ᠬᠤᠯᠪᠣᠭᠳᠠᠯ | ᠪᠦᠬᠦᠢ ᠬᠤᠷᠠᠯ ᠪᠣᠯᠤᠨ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠵᠤ᠂ ᠤᠯᠤᠰ | ᠲᠦᠷᠦ ᠶᠢᠨ ᠬᠠᠷᠢᠭᠤᠴᠠᠯᠭ᠎ᠠ ᠶᠢ ᠡᠷᠡᠰ ᠡᠭᠦᠷᠭᠡᠯᠡᠵᠦ᠂ ᠳᠡᠭᠡᠳᠦ ᠬᠡᠮᠵᠢᠶᠡᠨ ᠤ ᠤᠯᠤᠰ ᠲᠦᠷᠦ ᠶᠢᠨ ᠤᠬᠠᠮᠰᠠᠷ | ᠪᠣᠯᠤᠨ ᠠᠵᠢᠯᠯᠠᠭ᠎ᠠ ᠶᠢᠨ ᠤᠬᠠᠮᠰᠠᠷ ᠢᠶᠠᠷ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠬᠤ ᠬᠡᠷᠡᠭᠲᠡᠢ᠃ | ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠪᠠ ᠪᠣᠳᠠᠲᠤ ᠦᠷ᠎ᠡ ᠪᠦᠲᠦᠮᠵᠢ ᠪᠠᠷ ᠤᠳᠤᠷᠢᠳᠤᠮᠵᠢ ᠪᠣᠯᠭᠠᠬᠤ ᠶᠢ | ᠪᠠᠷᠢᠮᠲᠠᠯᠠᠵᠤ᠂ ᠥᠪᠡᠷᠲᠡᠭᠡᠨ ᠵᠠᠰᠠᠬᠤ ᠣᠷᠣᠨ ᠤ ︽ᠵᠢᠷᠭᠤᠭ᠎ᠠ ᠶᠢ ᠦᠵᠡᠵᠦ ᠨᠢᠭᠡ ᠶᠢ ᠲᠡᠭᠦᠯᠳᠡᠷᠵᠢᠭᠦᠯᠬᠦ︾ | ᠱᠠᠭᠠᠷᠳᠠᠯᠭ᠎ᠠ ᠪᠠ ᠠᠶᠢᠮᠠᠭ ᠤᠨ ᠨᠠᠮ ᠤᠨ ᠬᠤᠷᠢᠶᠠᠨ ᠤ ᠬᠠᠮᠢᠶ᠎ᠠ ᠪᠥᠬᠦᠶ ᠪᠠᠶᠢᠷᠢᠯᠠᠭᠤᠯᠤᠯᠲᠠ ᠶᠣᠰᠣᠭᠠᠷ᠂ | ᠠᠰᠠᠭᠤᠳᠠᠯ ᠢ ᠪᠠᠶᠢᠴᠠᠭᠠᠬᠤ ᠪᠠ ᠴᠡᠭᠴᠡᠯᠡᠨ ᠰᠠᠶᠢᠵᠢᠷᠠᠭᠤᠯᠬᠤ ᠠᠵᠢᠯ ᠢ ᠦᠨᠡᠨᠬᠦ ᠰᠠᠶᠢᠲᠤᠷ ᠬᠢᠵᠦ᠂ ᠶᠠᠳᠠᠭᠤ ᠠᠴᠠ | ᠠᠩᠭᠢᠵᠢᠷᠠᠭᠤᠯᠬᠤ ᠰᠢᠪᠲᠤᠯᠤᠯᠲᠠ ᠶᠢᠨ ᠦᠷ᠎ᠡ ᠪᠦᠲᠦᠭᠡᠯ ᠢ ᠲᠠᠰᠤᠷᠠᠯᠲᠠ ᠥᠬᠡᠶ ᠪᠠᠬᠢᠵᠢᠭᠦᠯᠵᠦ᠂ ᠠᠵᠤ | ᠦᠢᠯᠡᠰ ᠤᠨ ᠬᠥᠭᠵᠢᠯᠲᠡ ᠶᠢ ᠠᠬᠢᠭᠤᠯᠤᠨ᠂ ᠠᠯᠢ ᠣᠯᠠᠨ ᠬᠠᠪᠰᠤᠷᠤᠨ ᠲᠡᠳᠬᠦᠬᠦ ᠲᠥᠷᠥ ᠶᠢᠨ ᠪᠣᠳᠣᠯᠭ᠎ᠠ ᠶᠢ | ᠰᠠᠶᠢᠲᠤᠷ ᠨᠠᠶᠢᠳᠠᠪᠤᠷᠢᠵᠢᠭᠤᠯᠵᠤ᠂ ᠶᠠᠳᠠᠭᠤ ᠠᠴᠠ ᠠᠩᠭᠢᠵᠢᠷᠠᠭᠰᠠᠨ ᠬᠥᠮᠦᠨ ᠠᠮᠠ ᠶᠢᠨ ᠣᠷᠣᠯᠭ᠎ᠠ ᠶᠢ ᠦᠨᠡᠨᠬᠦ | ᠳᠡᠭᠡᠭᠰᠢᠯᠡᠭᠦᠯᠦᠨ᠂ ᠣᠯᠠᠨ ᠲᠦᠮᠡᠨ ᠤ ᠬᠠᠨᠤᠮᠵᠢ ᠶᠢᠨ ᠬᠡᠮᠵᠢᠶ᠎ᠡ ᠶᠢ ᠳᠡᠭᠡᠭᠰᠢᠯᠡᠭᠦᠯᠬᠦ ᠬᠡᠷᠡᠭᠲᠡᠶ᠃ ᠭᠤᠣᠯ | ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠪᠣᠳᠠᠲᠠᠶᠢᠵᠢᠭᠤᠯᠵᠤ᠂ ᠠᠰᠠᠭᠤᠳᠠᠯ ᠤᠨ ᠬᠦᠷᠦᠯᠴᠡᠬᠦ ᠦᠭᠡᠢ ᠲᠠᠯ᠎ᠠ ᠶᠢ | ᠡᠷᠲᠡ ᠠᠴᠠ ᠢᠯᠡᠷᠡᠭᠦᠯᠵᠦ᠂ ᠡᠭᠦᠷᠭᠡ ᠴᠢᠳᠠᠪᠬᠢ ᠡᠭᠦᠷᠭᠡ ᠬᠠᠷᠢᠭᠤᠴᠠᠯᠭ᠎ᠠ ᠪᠠᠨ ᠦᠨᠡᠨᠬᠦ ᠭᠦᠢᠴᠡᠳᠬᠡᠬᠦ ᠶᠢᠨ ᠬᠠᠮᠲᠤ | ᠪᠣᠯᠪᠠᠰᠤᠷᠠᠯ ᠰᠤᠷᠤᠯᠴᠠᠯᠭ᠎ᠠ ᠶᠢ ᠬᠦᠴᠦᠯᠡᠨ ᠴᠢᠩᠭᠠᠳᠬᠠᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ | ᠰᠢᠪᠲᠤᠯᠬᠤ ᠦᠷ᠎ᠡ ᠪᠦᠲᠦᠭᠡᠯ ᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠠᠢ ᠪᠦᠲᠦᠮᠵᠢᠲᠡᠢ | ᠵᠣᠯᠭᠠᠭᠤᠯᠬᠤ ᠡᠯ᠎ᠡ ᠵᠦᠢᠯ ᠤᠨ ᠠᠵᠢᠯ ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠦᠨᠡᠨ ᠪᠣᠳᠠᠲᠠᠢ | ᠠᠵᠢᠯᠯᠠᠭ᠎ᠠ ᠪᠠᠷ ᠢᠶᠠᠨ ︽ᠬᠤᠶᠠᠷ ᠢ ᠲᠣᠭᠲᠠᠭᠠᠬᠤ︾ ᠶᠢ ᠡᠷᠡᠰ ᠬᠠᠮᠠᠭᠠᠯᠠᠵᠤ᠂ ︽ᠬᠤᠶᠠᠷ ᠢ ᠬᠠᠮᠠᠭᠠᠯᠠᠬᠤ︾ ᠶᠢ | ᠡᠷᠡᠰ ᠪᠡᠶᠡᠯᠡᠭᠦᠯᠬᠦ ᠬᠡᠷᠡᠭᠲᠡᠢ ᠭᠡᠪᠡ᠃ | |