9 ᠰᠠᠷ᠎ᠠ ᠶᠢᠨ 7 ᠤ ᠡᠳᠦᠷ ᠵᠡᠭᠦᠨ ᠦᠵᠦᠮᠦᠴᠢᠨ ᠬᠤᠰᠢᠭᠤᠨ ᠤ ᠠᠷᠪᠠᠨ ᠨᠢᠭᠡᠳᠦᠭᠡᠷ ᠬᠤᠭᠤᠴᠠᠭᠠᠨ ᠤ | ᠬᠤᠰᠢᠭᠤ ᠦᠵᠦᠮᠦᠴᠢᠨ ᠬᠤᠨᠢᠨ ᠤ ᠨᠠᠶᠢᠷ ᠨᠢ ᠦᠵᠦᠮᠦᠴᠢᠨ ᠬᠤᠨᠢᠨ ᠤ ᠤᠭ ᠡᠭᠦᠯᠳᠡᠷ ᠤᠨ ᠲᠠᠯᠠᠪᠠᠢ ᠳᠤ | ᠦᠪᠡᠳᠡᠭᠰᠢ ᠶᠡᠭᠡ ᠪᠠᠷ ᠡᠬᠢᠯᠡᠪᠡ᠃ ᠲᠣᠰ ᠤᠳᠠᠭᠠᠨ ᠤ ᠠᠵᠢᠯᠯᠠᠭ᠎ᠠ ᠨᠢ ᠨᠠᠷᠠᠲᠤ ᠲᠡᠮᠳᠡᠭᠲᠦ ᠶᠢᠨ ᠦᠢᠯᠡᠳᠦᠯ ᠢ | ᠤᠯᠠᠮ ᠨᠢᠭᠡ ᠠᠯᠬᠤᠮ ᠴᠢᠩᠭᠠᠳᠬᠠᠵᠤ᠂ ᠦᠵᠦᠮᠦᠴᠢᠨ ᠬᠤᠨᠢᠨ ᠤ ᠠᠯᠳᠠᠷᠰᠢᠯ ᠢ ᠥᠷᠭᠡᠳᠬᠡᠨ᠂ ᠮᠠᠨ ᠤ | ᠬᠤᠰᠢᠭᠤᠨ ᠤ ᠮᠠᠯ ᠠᠵᠤ ᠠᠬᠤᠶ ᠶᠢᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ | ᠠᠬᠢᠭᠤᠯᠬᠤ ᠪᠠᠷ ᠵᠣᠷᠢᠯᠭ᠎ᠠ ᠪᠠᠨ ᠪᠣᠯᠭᠠᠭᠰᠠᠨ ᠶᠤᠮ᠃ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤ | ᠳᠠᠷᠤᠭ᠎ᠠ ᠵᠧᠦ ᠢᠦᠢ ᠯᠦᠩ᠂ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ | ᠬᠤᠷᠢᠶᠠᠨ ᠤ ᠡᠷᠬᠢᠯᠡᠭᠴᠢ ᠪᠠᠭᠠᠲᠤᠷ᠂ ᠬᠤᠰᠢᠭᠤ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠪᠠᠲᠤᠮᠥ᠋ᠩᠬᠡ᠂ | ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ ᠠᠯᠮᠠᠰ ᠵᠡᠷᠭᠡ ᠬᠤᠰᠢᠭᠤ ᠤᠳᠤᠷᠢᠳᠤᠯᠭ᠎ᠠ ᠠᠵᠢᠯᠯᠠᠭ᠎ᠠ ᠳᠤ | ᠣᠷᠣᠯᠴᠠᠪᠠ᠃ ᠵᠧᠦ ᠢᠦᠢ ᠯᠦᠩ ᠵᠡᠭᠦᠨ ᠦᠵᠦᠮᠦᠴᠢᠨ ᠬᠤᠰᠢᠭᠤᠨ ᠤ ᠠᠷᠪᠠᠨ ᠨᠢᠭᠡᠳᠦᠭᠡᠷ ᠬᠤᠭᠤᠴᠠᠭᠠᠨ ᠤ | ᠦᠵᠦᠮᠦᠴᠢᠨ ᠬᠤᠨᠢᠨ ᠨᠠᠶᠢᠷ ᠡᠬᠢᠯᠡᠬᠦ ᠶᠢ ᠵᠠᠷᠯᠠᠪᠠ᠃ ᠬᠤᠰᠢᠭᠤ ᠵᠠᠰᠠᠭ ᠤᠨ ᠣᠷᠳᠣᠨ ᠤ ᠳᠡᠳ᠋ ᠳᠠᠷᠤᠭ᠎ᠠ ᠰᠡᠴᠡᠨ | ᠶᠠᠷᠢᠶᠠᠨ ᠳᠠᠭᠠᠨ᠂ ᠵᠡᠭᠦᠨ ᠦᠵᠦᠮᠦᠴᠢᠨ ᠬᠤᠰᠢᠭᠤ ᠳᠡᠯᠡᠬᠡᠶ ᠳᠤ ᠠᠯᠳᠠᠷᠰᠢᠭᠰᠠᠨ ᠰᠢᠯᠢ ᠶᠢᠨ ᠭᠤᠤᠯ ᠤᠨ ᠲᠠᠯ᠎ᠠ | ᠨᠤᠲᠤᠭ ᠤᠨ ᠭᠤᠣᠯᠳᠠᠯᠭᠠᠲᠤ ᠬᠡᠰᠡᠭ ᠲᠤ ᠪᠠᠶᠢᠷᠢᠯᠠᠵᠤ᠂ ᠨᠤᠲᠤᠭ ᠪᠡᠯᠴᠢᠭᠡᠷ ᠤᠨ ᠤᠷᠭᠤᠮᠠᠯ ᠤᠨ ᠪᠦᠷᠬᠦᠴᠡ ᠪᠦᠷᠢᠨ | ᠪᠦᠲᠦᠨ᠂ ᠲᠥᠷᠥᠯ ᠵᠦᠢᠯ ᠣᠯᠠᠨ ᠶᠠᠩᠵᠤ ᠶᠢᠨ ᠪᠠᠶᠢᠵᠤ᠂ ᠤᠯᠤᠰ ᠤᠨ ᠭᠤᠣᠯᠳᠠᠯᠭᠠᠲᠤ ᠠᠮᠢ ᠠᠬᠤᠶ ᠶᠢᠨ | ᠴᠢᠳᠠᠮᠵᠢᠲᠤ ᠣᠷᠣᠨ ᠪᠣᠯᠤᠨ᠎ᠠ᠃ | 9 ᠰᠠᠷ᠎ᠠ ᠶᠢᠨ 10 ᠤ ᠡᠳᠦᠷ ᠪᠥᠬᠦ ᠣᠷᠣᠨ ᠤ ᠮᠠᠯᠵᠢᠬᠤ ᠣᠷᠣᠨ ᠤ ᠨᠠᠰᠤᠵᠢᠯ ᠤᠨ ᠠᠰᠠᠷᠠᠮᠵᠢ ᠶᠢᠨ | ᠦᠢᠯᠡᠴᠢᠯᠡᠭᠡᠨ ᠤ ᠲᠤᠷᠰᠢᠯᠭ᠎ᠠ ᠰᠣᠯᠢᠯᠴᠠᠬᠤ ᠬᠤᠷᠠᠯ ᠰᠢᠯᠢ ᠶᠢᠨ ᠭᠤᠤᠯ ᠠᠶᠢᠮᠠᠭ ᠤᠨ ᠵᠡᠭᠦᠨ ᠦᠵᠦᠮᠦᠴᠢᠨ | ᠬᠤᠰᠢᠭᠤᠨ ᠳᠤ ᠬᠤᠷᠠᠯᠳᠤᠪᠠ᠃ ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠨᠠᠰᠤᠵᠢᠯ ᠤᠨ | ᠠᠰᠠᠷᠠᠮᠵᠢ ᠶᠢᠨ ᠦᠢᠯᠡᠴᠢᠯᠡᠭᠡᠨ ᠤ ᠠᠵᠢᠯ ᠤᠨ ᠲᠤᠬᠠᠢ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ | ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠬᠦᠳᠡ | ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ | ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠮᠠᠯᠵᠢᠬᠤ ᠣᠷᠣᠨ ᠤ ᠨᠠᠰᠤᠵᠢᠯ ᠤᠨ ᠠᠰᠠᠷᠠᠮᠵᠢ ᠶᠢᠨ | ᠦᠢᠯᠡᠴᠢᠯᠡᠭᠡ ᠶᠢ ᠲᠦᠷᠭᠡᠳᠬᠡᠨ ᠬᠥᠭᠵᠢᠭᠦᠯᠬᠦ ᠲᠤᠬᠠᠢ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠨᠠᠷᠢᠨ ᠬᠢᠨᠠᠮᠠᠭᠠᠢ | ᠨᠠᠶᠢᠳᠠᠪᠤᠷᠢᠵᠢᠭᠤᠯᠵᠤ᠂ ᠲᠤᠷᠰᠢᠯᠲᠠ ᠶᠢᠨ ᠴᠡᠭ ᠤᠨ ᠲᠤᠷᠰᠢᠯᠭ᠎ᠠ ᠪᠠᠨ ᠳ᠋ᠦᠩᠨᠡᠵᠦ᠂ ᠲᠤᠷᠰᠢᠯᠭ᠎ᠠ ᠪᠠ ᠠᠷᠭ᠎ᠠ | ᠬᠢᠳᠡᠯ ᠢᠶᠠᠨ ᠰᠣᠯᠢᠯᠴᠠᠵᠤ᠂ ᠪᠠᠶᠢᠳᠠᠯ ᠡᠭᠦᠷᠭᠡ ᠶᠢ ᠵᠠᠳᠠᠯᠵᠤ᠂ ᠳᠠᠷᠠᠭᠠᠴᠢ ᠶᠢᠨ ᠠᠯᠬᠤᠮ ᠤᠨ ᠠᠵᠢᠯ ᠤᠨ ᠡᠭᠦᠷᠭᠡ ᠶᠢ | ᠪᠠᠶᠢᠷᠢᠯᠠᠭᠤᠯᠪᠠ᠃ ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ ᠤᠨ ᠳᠡᠳ᠋ ᠳᠠᠷᠤᠭ᠎ᠠ ᠴᠤᠭ | ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ | ᠲᠢᠩᠬᠢᠮ ᠤᠨ ᠳᠡᠳ᠋ ᠳᠠᠷᠤᠭ᠎ᠠ ᠮᠥᠩᠭᠦᠨᠱᠠ ᠬᠤᠷᠠᠯ ᠢ ᠡᠷᠭᠢᠯᠡᠵᠦ᠂ ᠰᠢᠯᠢ ᠶᠢᠨ ᠭᠤᠤᠯ ᠠᠶᠢᠮᠠᠭ ᠤᠨ ᠵᠠᠬᠢᠷᠭ᠎ᠠ ᠶᠢᠨ | ᠳᠡᠳ᠋ ᠨᠠᠷᠢᠨ ᠪᠢᠴᠢᠭ ᠤᠨ ᠳᠠᠷᠤᠭ᠎ᠠ ᠰᠢᠶᠠᠩ ᡁᠢ ᠴᠢᠶᠠᠩ ᠪᠠᠶᠠᠷ ᠤᠨ ᠦᠭᠡ ᠬᠡᠯᠡᠵᠡᠶ᠃ ᠪᠠᠶᠢᠳᠠᠯ ᠡᠭᠦᠷᠭᠡ ᠶᠢ | ᠣᠨᠣᠪᠴᠢᠲᠠᠶ ᠡᠵᠡᠮᠳᠡᠵᠦ᠂ ᠮᠠᠯᠵᠢᠬᠤ ᠣᠷᠣᠨ ᠤ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠠᠵᠢᠯ ᠤᠨ | ᠰᠢᠨ᠎ᠡ ᠪᠠᠶᠢᠳᠠᠯ ᠰᠢᠨ᠎ᠡ ᠬᠠᠭᠤᠳᠠᠰᠤ ᠶᠢ ᠪᠢᠴᠢᠭᠯᠡᠬᠦ ᠶᠢ ᠠᠬᠢᠭᠤᠯᠬᠤ ᠬᠡᠷᠡᠭᠲᠡᠶ᠃ ᠦᠢᠯᠡᠴᠢᠯᠡᠭᠡᠨ ᠤ ᠲᠤᠤᠷ ᠢ ᠤᠯᠠᠮ | ᠨᠢᠭᠡ ᠠᠯᠬᠤᠮ ᠲᠡᠭᠦᠯᠳᠡᠷᠵᠢᠭᠦᠯᠵᠦ᠂ ᠨᠠᠰᠤᠵᠢᠯ ᠤᠨ ᠠᠰᠠᠷᠠᠮᠵᠢ ᠪᠣᠯᠤᠨ ᠨᠢᠯᠬᠠᠰ ᠢ ᠪᠣᠶᠢᠵᠢᠭᠤᠯᠤᠨ᠂ ᠡᠮᠴᠢᠯᠡᠭᠡ | ᠰᠤᠪᠢᠯᠠᠯᠲᠠ ᠡᠷᠡᠭᠦᠯᠵᠡᠯ ᠰᠤᠪᠢᠯᠠᠯᠲᠠ ᠵᠡᠷᠭᠡ ᠴᠢᠳᠠᠮᠵᠢ ᠶᠢ ᠤᠶᠠᠯᠳᠤᠭᠤᠯᠵᠤ᠂ ᠤᠶᠤᠨᠲᠤ ᠨᠠᠰᠤᠵᠢᠯ ᠤᠨ | ᠠᠰᠠᠷᠠᠮᠵᠢ ᠶᠢᠨ ᠲᠥᠪ ᠤᠨ ᠪᠠᠶᠢᠭᠤᠯᠤᠯᠲᠠ ᠶᠢ ᠴᠢᠩᠭᠠᠳᠬᠠᠨ᠂ ᠨᠠᠮ ᠤᠨ ᠪᠠᠶᠢᠭᠤᠯᠤᠯᠲᠠ ᠪᠣᠯᠤᠨ ᠨᠠᠰᠤᠵᠢᠯ ᠤᠨ | ᠠᠰᠠᠷᠠᠮᠵᠢ ᠶᠢᠨ ᠦᠢᠯᠡᠴᠢᠯᠡᠭᠡᠨ ᠤ ᠭᠦᠨᠵᠡᠭᠡᠢ ᠠᠭᠤᠰᠤᠯᠴᠠᠯ ᠢ ᠠᠬᠢᠭᠤᠯᠵᠤ᠂ ᠨᠠᠰᠤᠲᠠᠶᠢᠴᠤᠳ ᠲᠤ ᠦᠢᠯᠡᠴᠢᠯᠡᠬᠦ | ᠠᠵᠢᠯ ᠢ ᠦᠨᠡᠨ ᠰᠡᠳᠬᠢᠯ ᠠᠴᠠ ᠪᠠᠨ ᠰᠠᠶᠢᠲᠤᠷ ᠬᠢᠬᠦ ᠬᠡᠷᠡᠭᠲᠡᠢ᠃ ᠵᠠᠩᠭᠢᠯᠠᠭ᠎ᠠ ᠶᠢᠨ ᠭᠤᠣᠯᠳᠠᠯᠭ᠎ᠠ ᠳᠤ | ᠠᠩᠬᠠᠷᠤᠯ ᠢᠶᠠᠨ ᠲᠥᠪᠯᠡᠷᠡᠭᠦᠯᠵᠦ᠂ ᠮᠠᠯᠵᠢᠬᠤ ᠣᠷᠣᠨ ᠤ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ | ᠠᠵᠢᠯ ᠤᠨ ᠳᠤᠲᠠᠭᠤᠳᠠᠯ ᠢ ᠨᠥᠬᠦᠪᠥᠷᠢᠯᠡᠵᠦ ᠶᠠᠰᠤ ᠴᠢᠨᠠᠷ ᠦᠷ᠎ᠡ ᠪᠦᠲᠦᠮᠵᠢ ᠶᠢ ᠳᠡᠭᠡᠭᠰᠢᠯᠡᠭᠦᠯᠬᠦ ᠶᠢ ᠪᠦᠬᠦ | ᠬᠦᠴᠦᠨ ᠢᠶᠠᠷ ᠠᠬᠢᠭᠤᠯᠬᠤ ᠬᠡᠷᠡᠭᠲᠡᠢ ᠭᠡᠪᠡ᠃ | 9 ᠰᠠᠷ᠎ᠠ ᠶᠢᠨ 12 ᠤᠨ ᠡᠳᠦᠷ ᠠᠴᠠ 13 ᠤ ᠡᠳᠦᠷ ᠪᠣᠯᠲᠠᠯ᠎ᠠ ᠬᠤᠰᠢᠭᠤ ᠳᠥᠷᠪᠡᠨ ᠶᠡᠭᠡ ᠤᠳᠤᠷᠢᠳᠬᠤ | ᠪᠠᠭ ᠤᠨ ᠤᠳᠤᠷᠢᠳᠤᠯᠭ᠎ᠠ ᠠᠴᠠ ᠪᠠᠭᠰᠢ ᠪᠣᠯᠤᠨ ᠰᠤᠷᠭᠠᠨ ᠬᠥᠮᠦᠵᠢᠯ ᠤᠨ ᠠᠵᠢᠯᠲᠠᠳ ᠢ ᠲᠣᠬᠤᠨᠢᠭᠤᠯᠵᠤ᠂ | ᠰᠢᠷᠭᠠᠭᠤ ᠬᠥᠳᠡᠯᠮᠦᠷᠢ᠂ ᠬᠠᠷᠠᠮ ᠦᠭᠡᠢ ᠪᠠᠷ ᠬᠤᠪᠢ ᠨᠡᠮᠡᠷᠢ ᠦᠵᠡᠭᠦᠯᠦᠭᠰᠡᠨ ᠥᠷᠭᠡᠨ ᠣᠯᠠᠨ ᠪᠠᠭᠰᠢ ᠪᠣᠯᠤᠨ | ᠰᠤᠷᠭᠠᠨ ᠬᠥᠮᠦᠵᠢᠯ ᠤᠨ ᠠᠵᠢᠯᠲᠠᠳ ᠲᠤ ᠪᠠᠶᠠᠷ ᠤᠨ ᠡᠳᠦᠷ ᠤᠨ ᠮᠡᠨᠳᠦᠴᠢᠯᠡᠯ ᠪᠠ ᠴᠢᠩ ᠰᠡᠳᠬᠢᠯ ᠤᠨ ᠵᠥᠩᠨᠡᠯ | ᠳᠡᠪᠰᠢᠭᠦᠯᠪᠡ᠃ ᠵᠧᠦ ᠢᠦᠢ ᠯᠦᠩ ᠢᠯᠡᠷᠬᠡᠶᠢᠯᠡᠬᠦ ᠳᠡᠭᠡᠨ᠂ ᠪᠠᠭᠰᠢ ᠪᠣᠯ ᠰᠤᠷᠭᠠᠨ ᠬᠥᠮᠦᠵᠢᠯ ᠢ ᠪᠠᠶᠢᠭᠤᠯᠬᠤ ᠶᠢᠨ | ᠦᠨᠳᠦᠰᠦ᠂ ᠰᠤᠷᠭᠠᠨ ᠬᠥᠮᠦᠵᠢᠯ ᠢ ᠮᠠᠨᠳᠤᠭᠤᠯᠬᠤ ᠶᠢᠨ ᠡᠬᠢ ᠰᠤᠷᠪᠤᠯᠵᠢ ᠮᠥᠨ᠃ ᠪᠦᠬᠦ ᠬᠤᠰᠢᠭᠤᠨ ᠤ ᠥᠷᠭᠡᠨ | ᠣᠯᠠᠨ ᠪᠠᠭᠰᠢ ᠪᠣᠯᠤᠨ ᠰᠤᠷᠭᠠᠨ ᠬᠥᠮᠦᠵᠢᠯ ᠤᠨ ᠠᠵᠢᠯᠲᠠᠳ ᠰᠤᠷᠭᠠᠨ ᠬᠥᠮᠦᠵᠢᠯ ᠤᠨ ᠵᠣᠷᠢᠭ ᠰᠠᠨᠠᠭ᠎ᠠ ᠶᠢ ᠶᠡᠬᠡᠪᠡᠷ | ᠪᠠᠳᠠᠷᠠᠭᠤᠯᠵᠤ᠂ ᠶᠣᠰᠣ ᠰᠤᠷᠲᠠᠬᠤᠨ ᠢᠶᠠᠷ ᠬᠥᠮᠦᠨ ᠢ ᠬᠥᠮᠦᠵᠢᠭᠦᠯᠬᠦ᠂ ᠪᠢᠴᠢᠭ ᠵᠢᠭᠠᠵᠤ ᠬᠥᠮᠦᠨ ᠢ ᠬᠥᠮᠦᠵᠢᠭᠦᠯᠬᠦ | ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠶᠢ ᠪᠠᠲᠤ ᠴᠡᠭᠡᠵᠢᠯᠡᠵᠦ᠂ ᠶᠣᠰᠣ ᠰᠤᠷᠲᠠᠬᠤᠨ ᠢ ᠤᠯᠠᠮᠵᠢᠯᠠᠨ ᠦᠢᠯᠡᠰ | ᠪᠤᠰᠬᠠᠬᠤ ᠴᠢᠳᠠᠪᠤᠷᠢ ᠪᠠᠨ ᠲᠠᠰᠤᠷᠠᠯᠲᠠ ᠦᠭᠡᠢ ᠴᠢᠩᠭᠠᠳᠬᠠᠵᠤ᠂ ᠰᠤᠷᠤᠭᠴᠢ ᠨᠢᠭᠡᠪᠦᠷᠢ ᠶᠢ ᠰᠡᠳᠬᠢᠯ ᠲᠠᠯᠪᠢᠨ | ᠬᠠᠶᠢᠷ᠎ᠠ ᠰᠡᠳᠬᠢᠯᠭᠡ ᠲᠠᠢ ᠪᠠᠷ ᠰᠠᠶᠢᠲᠤᠷ ᠰᠤᠷᠭᠠᠨ ᠬᠥᠮᠦᠵᠢᠭᠦᠯᠵᠦ᠂ ᠶᠣᠰᠣ ᠰᠤᠷᠲᠠᠬᠤᠨ ᠣᠶᠤᠨ ᠤᠬᠠᠭᠠᠨ ᠪᠡᠶ᠎ᠡ | ᠮᠠᠬᠠᠪᠣᠳ ᠭᠤᠸ᠎ᠠ ᠰᠠᠶᠢᠬᠠᠨ ᠬᠥᠳᠡᠯᠮᠦᠷᠢ ᠪᠦᠬᠦ ᠲᠠᠯ᠎ᠠ ᠪᠠᠷ ᠬᠥᠭᠵᠢᠭᠰᠡᠨ ᠴᠠᠭ ᠦᠶ᠎ᠡ ᠶᠢᠨ ᠰᠢᠨ᠎ᠡ ᠬᠥᠮᠦᠨ | ᠨᠢᠭᠡᠪᠦᠷᠢ ᠶᠢ ᠴᠢᠷᠮᠠᠶᠢᠨ ᠬᠥᠮᠦᠵᠢᠭᠦᠯᠬᠦ ᠬᠡᠷᠡᠭᠲᠡᠢ᠃ ᠬᠤᠰᠢᠭᠤ ᠨᠠᠮ ᠤᠨ ᠬᠤᠷᠢᠶ᠎ᠠ᠂ ᠬᠤᠰᠢᠭᠤ ᠵᠠᠰᠠᠭ ᠤᠨ ᠣᠷᠳᠣᠨ | ᠰᠤᠷᠭᠠᠨ ᠬᠥᠮᠦᠵᠢᠯ ᠢ ᠤᠷᠢᠳᠠᠪᠠᠷ ᠬᠥᠭᠵᠢᠭᠦᠯᠬᠦ ᠶᠢ ᠢᠮᠠᠭᠲᠠ ᠪᠠᠷᠢᠮᠲᠠᠯᠠᠵᠤ᠂ ᠨᠢᠭᠡᠳᠦᠭᠡᠷ ᠹᠷᠣᠨᠲ ᠤᠨ ᠪᠠᠭᠰᠢ ᠶᠢ | ᠬᠠᠯᠠᠮᠵᠢᠯᠠᠨ ᠬᠠᠶᠢᠷᠠᠯᠠᠬᠤ ᠪᠠᠨ ᠴᠢᠩᠭᠠᠳᠬᠠᠵᠤ᠂ ᠦᠢᠯᠡᠴᠢᠯᠡᠭᠡᠨ ᠤ ᠪᠠᠲᠤᠯᠠᠭ᠎ᠠ ᠶᠢ ᠪᠦᠬᠦ ᠬᠦᠴᠦᠨ ᠢᠶᠠᠷ ᠢᠶᠠᠨ | ᠰᠠᠶᠢᠲᠤᠷ ᠬᠢᠵᠦ᠂ ᠪᠦᠬᠦ ᠨᠡᠶᠢᠭᠡᠮ ᠢᠶᠠᠷ ᠢᠶᠠᠨ ᠪᠠᠭᠰᠢ ᠶᠢ ᠬᠦᠨᠳᠦᠳᠬᠡᠨ ᠰᠤᠷᠭᠠᠨ ᠬᠥᠮᠦᠵᠢᠯ ᠢ ᠴᠢᠬᠤᠯᠠᠴᠢᠯᠠᠬᠤ | ᠭᠦᠨ ᠵᠤᠵᠠᠭᠠᠨ ᠠᠭᠤᠷ ᠠᠮᠢᠰᠬᠤᠯ ᠢ ᠬᠦᠴᠦᠯᠡᠨ ᠪᠤᠢ ᠪᠣᠯᠭᠠᠵᠤ᠂ ᠥᠷᠭᠡᠨ ᠤᠯᠠᠨ ᠰᠤᠷᠭᠠᠨ ᠬᠥᠮᠦᠵᠢᠯ ᠤᠨ | ᠠᠵᠢᠯᠲᠠᠳ ᠢ ᠠᠵᠢᠯ ᠤᠨ ᠪᠠᠶᠢᠷᠢ ᠳᠡᠭᠡᠷ᠎ᠡ ᠪᠠᠨ ᠵᠣᠯ ᠵᠢᠷᠭᠠᠯᠲᠤ ᠲᠦᠷᠦᠭᠳᠡᠯ ᠲᠠᠢ᠂ ᠠᠵᠢᠯ ᠦᠢᠯᠡᠰ ᠤᠨ ᠲᠠᠯ᠎ᠠ ᠪᠠᠷ | ᠠᠮᠵᠢᠯᠲᠠ ᠪᠦᠲᠦᠮᠵᠢ ᠶᠢᠨ ᠲᠦᠷᠦᠭᠳᠡᠯ ᠲᠠᠢ᠂ ᠨᠡᠶᠢᠭᠡᠮ ᠳᠡᠭᠡᠷ᠎ᠡ ᠢᠷᠠᠭᠤ ᠠᠯᠳᠠᠷᠲᠤ ᠲᠦᠷᠦᠭᠳᠡᠯ ᠲᠠᠢ ᠪᠣᠯᠭᠠᠬᠤ | ᠬᠡᠷᠡᠭᠲᠡᠢ ᠭᠡᠪᠡ᠃ | 9 ᠰᠠᠷ᠎ᠠ ᠶᠢᠨ 13 ᠤ ᠡᠳᠦᠷ ᠬᠤᠰᠢᠭᠤ ᠠᠶᠤᠯᠭᠦᠶ ᠦᠢᠯᠡᠳᠪᠦᠷᠢᠯᠡᠯ ᠤᠨ ᠵᠥᠪᠯᠡᠯ ᠤᠨ 2024 ᠣᠨ ᠤ | ᠨᠠᠢᠮᠠᠳᠤᠭᠠᠷ ᠤᠳᠠᠭᠠᠨ ᠤ ᠠᠶᠤᠯᠭᠦᠶ ᠦᠢᠯᠡᠳᠪᠦᠷᠢᠯᠡᠯ ᠤᠨ ᠠᠵᠢᠯ ᠤᠨ ᠡᠭᠡᠯᠵᠢᠲᠦ ᠬᠤᠷᠠᠯ ᠵᠢᠴᠢ ︽ᠨᠠᠢᠮᠠᠨ | ᠰᠠᠷ᠎ᠠ ᠶᠢᠨ ᠲᠡᠷᠭᠡᠯ ᠪᠠᠶᠠᠷ︾᠂ ︽ᠤᠯᠤᠰ ᠤᠨ ᠪᠠᠶᠠᠷ︾ ᠤᠨ ᠬᠤᠭᠤᠴᠠᠭᠠᠨ ᠤ ᠠᠮᠤᠷ ᠲᠦᠪᠰᠢᠨ ᠤ | ᠰᠡᠷᠭᠡᠶᠢᠯᠡᠯᠲᠡ ᠶᠢᠨ ᠠᠵᠢᠯ ᠤᠨ ᠬᠤᠷᠠᠯ ᠬᠤᠷᠠᠯᠳᠤᠭᠤᠯᠵᠤ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ | ᠬᠤᠰᠢᠭᠤ ᠳᠠᠷᠤᠭ᠎ᠠ ᠵᠧᠤ ᠢᠦᠶ ᠯᠦᠩ ᠵᠢᠴᠢ ᠡᠯ᠎ᠡ ᠳᠡᠳ᠋ ᠬᠤᠰᠢᠭᠤ ᠳᠠᠷᠤᠭ᠎ᠠ ᠬᠤᠷᠠᠯ ᠳᠤ ᠣᠷᠣᠯᠴᠠᠵᠤ᠂ | ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠪᠠᠶᠢᠩᠭᠤ ᠶᠢᠨ ᠳᠡᠳ᠋ ᠬᠤᠰᠢᠭᠤ ᠳᠠᠷᠤᠭ᠎ᠠ ᠰᠢᠤᠢ ᠶᠢᠩ | ᠵᠢᠶᠠᠨ ᠬᠤᠷᠠᠯ ᠢ ᠡᠷᠭᠢᠯᠡᠪᠡ᠃ ᠬᠤᠷᠠᠯ ᠠᠴᠠ᠂ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ᠂ ᠠᠶᠢᠮᠠᠭ ᠤᠨ | ᠨᠠᠮ ᠤᠨ ᠬᠤᠷᠢᠶ᠎ᠠ ᠵᠠᠬᠢᠷᠭ᠎ᠠ ᠶᠢᠨ ᠠᠶᠤᠯᠭᠦᠢ ᠦᠢᠯᠡᠳᠪᠦᠷᠢᠯᠡᠯ ᠤᠨ ᠠᠵᠢᠯ ᠤᠨ ᠪᠠᠶᠢᠷᠢᠯᠠᠭᠤᠯᠤᠯᠲᠠ ᠶᠢ ᠨᠠᠷᠢᠨ | ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠰᠢᠰᠲ᠋ᠧᠮ ᠤᠨ ᠦᠵᠡᠯᠲᠡ᠂ ᠰᠢᠰᠲ᠋ᠧᠮ ᠲᠠᠢ ᠪᠣᠳᠣᠯᠬᠢᠯᠠᠬᠤ ᠶᠢ | ᠴᠢᠩᠭᠠᠳᠬᠠᠵᠤ᠂ ᠦᠨᠳᠦᠰᠦᠨ ᠠᠴᠠ ᠨᠢ ᠵᠠᠰᠠᠬᠤ ᠪᠣᠭᠤᠮᠲᠠ ᠰᠢᠪᠲᠤᠯᠬᠤ ᠭᠤᠣᠯ ᠱᠤᠭᠤᠮ ᠢ ᠴᠢᠩᠭ᠎ᠠ ᠠᠩᠬᠠᠷᠴᠤ᠂ | ᠠᠶᠤᠯᠭᠦᠢ ᠦᠢᠯᠡᠳᠪᠦᠷᠢᠯᠡᠯ ᠤᠨ ᠦᠨᠳᠦᠰᠦᠨ ᠠᠴᠠ ᠨᠢ ᠵᠠᠰᠠᠬᠤ ᠪᠣᠭᠤᠮᠲᠠ ᠰᠢᠪᠲᠤᠯᠬᠤ ᠭᠤᠷᠪᠠᠨ ᠵᠢᠯ ᠤᠨ | ᠠᠵᠢᠯᠯᠠᠭ᠎ᠠ ᠶᠢ ᠭᠦᠨᠵᠡᠭᠡᠢ ᠠᠬᠢᠭᠤᠯᠬᠤ ᠬᠡᠷᠡᠭᠲᠡᠢ᠃ ᠣᠶ ᠰᠢᠭᠤᠶ ᠨᠤᠲᠤᠭ ᠪᠡᠯᠴᠢᠭᠡᠷ ᠤᠨ ᠭᠠᠯ ᠤᠨ ᠭᠠᠮᠰᠢᠭ ᠢ | ᠰᠡᠷᠭᠡᠶᠢᠯᠡᠨ ᠡᠵᠡᠮᠳᠡᠬᠦ ᠤᠯᠤᠰ ᠲᠥᠷᠥ ᠶᠢᠨ ᠬᠠᠷᠢᠭᠤᠴᠠᠯᠭ᠎ᠠ ᠶᠢ ᠡᠷᠡᠰ ᠡᠭᠦᠷᠭᠡᠯᠡᠵᠦ᠂ ᠰᠡᠷᠭᠡᠶᠢᠯᠡᠬᠦ ᠪᠠᠷ ᠭᠤᠤᠯ | ᠪᠣᠯᠭᠠᠬᠤ᠂ ᠰᠡᠷᠭᠡᠶᠢᠯᠡᠬᠦ ᠪᠠ ᠤᠨᠲᠠᠷᠠᠭᠠᠬᠤ ᠶᠢ ᠤᠶᠠᠯᠳᠤᠭᠤᠯᠬᠤ ᠶᠢ ᠪᠠᠷᠢᠮᠲᠠᠯᠠᠨ᠂ ᠲᠣᠰ ᠲᠣᠰ ᠤᠨ ᠭᠠᠯ | ᠰᠡᠷᠭᠡᠶᠢᠯᠡᠬᠦ ᠡᠭᠦᠷᠭᠡ ᠬᠠᠷᠢᠭᠤᠴᠠᠯᠭ᠎ᠠ ᠪᠠᠨ ᠬᠢᠨᠠᠮᠠᠭᠠᠶ ᠭᠦᠢᠴᠡᠳᠬᠡᠵᠦ᠂ ᠳᠠᠯᠳᠠ ᠬᠡᠮ ᠢ ᠪᠠᠶᠢᠴᠠᠭᠠᠨ᠂ ᠠᠶᠤᠯ | ᠲᠦᠭᠰᠢᠭᠦᠷᠢ ᠶᠢ ᠰᠡᠷᠭᠡᠶᠢᠯᠡᠵᠦ᠂ ᠲᠣᠭᠲᠠᠴᠠ ᠪᠠᠶᠢᠭᠤᠯᠵᠤ᠂ ᠳᠤᠲᠠᠭᠤᠳᠠᠯ ᠢ ᠨᠥᠬᠦᠪᠥᠷᠢᠯᠡᠬᠦ ᠬᠡᠷᠡᠭᠲᠡᠶ᠃ ︽ᠬᠤᠶᠠᠷ | ᠪᠠᠶᠠᠷ︾ ᠤᠨ ᠬᠤᠭᠤᠴᠠᠭᠠᠨ ᠳᠠᠬᠢ ᠠᠮᠤᠷ ᠲᠦᠪᠰᠢᠨ ᠤ ᠰᠡᠷᠭᠡᠶᠢᠯᠡᠯᠲᠡ ᠶᠢᠨ ᠠᠵᠢᠯ ᠢ ᠰᠠᠶᠢᠲᠤᠷ ᠬᠢᠵᠦ᠂ | ᠭᠤᠣᠯᠳᠠᠯᠭ᠎ᠠ ᠲᠠᠢ ᠣᠷᠣᠨ ᠪᠠᠶᠢᠷᠢ ᠪᠣᠯᠤᠨ ᠪᠠᠭᠤᠷᠠᠢ ᠭᠤᠭᠴᠤᠭ᠎ᠠ ᠶᠢ ᠴᠢᠩᠭᠠᠳᠬᠠᠵᠤ᠂ ᠠᠮᠤᠷ ᠲᠦᠪᠰᠢᠨ | ᠲᠣᠭᠲᠠᠭᠤᠨ ᠨᠡᠶᠢᠭᠡᠮ ᠤᠨ ᠣᠷᠴᠢᠨ ᠲᠣᠭᠤᠷᠢᠨ ᠢ ᠦᠨᠡᠨᠬᠦ ᠪᠤᠢ ᠪᠣᠯᠭᠠᠬᠤ ᠬᠡᠷᠡᠭᠲᠡᠢ ᠭᠡᠪᠡ᠃ | 9 ᠰᠠᠷ᠎ᠠ ᠶᠢᠨ 13 ᠤ ᠡᠳᠦᠷ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤ ᠳᠠᠷᠤᠭ᠎ᠠ | ᠵᠧᠤ ᠢᠦᠶ ᠯᠦᠩ ᠠᠷᠪᠠᠨ ᠳᠥᠷᠪᠡᠳᠦᠭᠡᠷ ᠬᠤᠭᠤᠴᠠᠭᠠᠨ ᠤ ᠬᠤᠰᠢᠭᠤ ᠨᠠᠮ ᠤᠨ ᠬᠤᠷᠢᠶᠠᠨ ᠤ 66 ᠳ᠋ᠤᠭᠠᠷ | ᠤᠳᠠᠭᠠᠨ ᠤ ᠪᠠᠶᠢᠩᠭᠤ ᠶᠢᠨ ᠬᠤᠷᠢᠶᠠᠨ ᠤ ︵ᠥᠷᠭᠡᠳᠬᠡᠭᠰᠡᠨ︶ ᠬᠤᠷᠠᠯ ᠵᠢᠴᠢ ᠪᠥᠬᠦ ᠬᠤᠰᠢᠭᠤᠨ ᠤ ᠠᠵᠤ | ᠠᠬᠤᠶ ᠶᠢᠨ ᠪᠠᠶᠢᠳᠠᠯ ᠤᠨ ᠵᠠᠳᠠᠯᠤᠯᠲᠠ ᠪᠠ ︽ᠲᠠᠪᠤᠨ ᠶᠡᠭᠡ ᠡᠭᠦᠷᠭᠡ︾ ᠵᠢᠴᠢ ︽ᠵᠢᠷᠭᠤᠭᠠᠨ ᠢᠨᠵᠧᠨᠧᠷᠢᠩ︾ ᠢ | 2024 ᠣᠨ ᠤ ᠬᠤᠶᠠᠳᠤᠭᠠᠷ ᠤᠳᠠᠭᠠᠨ ᠤ ᠠᠬᠢᠭᠤᠯᠬᠤ ᠬᠤᠷᠠᠯ ᠢ ᠡᠷᠭᠢᠯᠡᠨ ᠬᠤᠷᠠᠯᠳᠤᠭᠤᠯᠪᠠ᠃ ᠬᠤᠰᠢᠭᠤ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠪᠠᠭᠠᠲᠤᠷ᠂ | ᠬᠤᠰᠢᠭᠤ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠪᠠᠲᠤᠮᠥ᠋ᠩᠬᠡ ᠵᠢᠴᠢ ᠬᠠᠮᠢᠶ᠎ᠠ ᠪᠥᠬᠦᠶ ᠨᠢᠭᠡᠴᠡ ᠶᠢᠨ | ᠬᠠᠷᠢᠭᠤᠴᠠᠯᠭᠠᠲᠠᠨ ᠨᠥᠬᠦᠳ ᠬᠤᠷᠠᠯ ᠳᠤ ᠰᠤᠯᠠ ᠣᠷᠣᠯᠴᠠᠪᠠ᠃ ᠬᠤᠷᠠᠯ ᠠᠴᠠ᠂ ᠡᠯ᠎ᠡ ᠭᠠᠵᠠᠷ ᠣᠷᠤᠨ᠂ ᠡᠯ᠎ᠡ | ᠰᠠᠯᠠᠭ᠎ᠠ ᠮᠥᠴᠢᠷ ᠤᠨ ᠬᠢᠨ ᠤᠯᠤᠰ ᠲᠦᠷᠦ ᠶᠢᠨ ᠵᠣᠭᠰᠣᠴᠠ ᠪᠠᠨ ᠦᠨᠡᠨᠬᠦ ᠳᠡᠭᠡᠭᠰᠢᠯᠡᠭᠦᠯᠵᠦ᠂ ᠪᠦᠬᠦ ᠲᠠᠯ᠎ᠠ ᠶᠢᠨ | ᠬᠠᠷᠠᠭᠠᠰᠤ ᠠᠴᠠ ︽ᠲᠠᠪᠤᠨ ᠶᠡᠭᠡ ᠡᠭᠦᠷᠭᠡ︾ ᠶᠢ ᠰᠠᠶᠢᠲᠤᠷ ᠪᠡᠶᠡᠯᠡᠭᠦᠯᠬᠦ᠂ ︽ᠵᠢᠷᠭᠤᠭᠠᠨ ᠢᠨᠵᠧᠨᠧᠷᠢᠩ︾ ᠢ | ᠨᠠᠷᠢᠨ ᠨᠢᠮᠪᠠᠢ ᠨᠠᠶᠢᠳᠠᠪᠤᠷᠢᠵᠢᠭᠤᠯᠬᠤ ᠶᠢᠨ ᠴᠢᠬᠤᠯᠠ ᠶᠡᠭᠡ ᠠᠴᠢ ᠬᠤᠯᠪᠣᠭᠳᠠᠯ ᠢ ᠭᠦᠨᠵᠡᠭᠡᠢ ᠲᠠᠨᠢᠵᠤ᠂ | ᠬᠠᠷᠠᠯᠲᠠ ᠪᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠠᠵᠢᠯ ᠤᠨ ᠠᠷᠭ᠎ᠠ ᠬᠡᠮᠵᠢᠶ᠎ᠡ ᠪᠠᠨ ᠴᠢᠩᠭᠠᠳᠬᠠᠵᠤ᠂ | ᠠᠵᠢᠯ ᠤᠨ ᠳᠤᠮᠳᠠ ᠲᠤᠯᠭᠠᠷᠠᠭᠰᠠᠨ ᠬᠦᠴᠢᠷᠳᠡᠯ ᠪᠠ ᠠᠰᠠᠭᠤᠳᠠᠯ ᠢ ᠨᠠᠷᠢᠨ ᠬᠢᠨᠠᠮᠠᠭᠠᠢ ᠵᠠᠳᠠᠯᠤᠨ ᠰᠤᠳᠤᠯᠵᠤ | ᠮᠠᠭᠠᠳᠯᠠᠵᠤ᠂ ᠬᠡᠮ ᠰᠣᠭᠤᠭ ᠢ ᠲᠣᠳᠣᠷᠬᠠᠶᠢᠯᠠᠵᠤ᠂ ᠨᠠᠷᠢᠨ ᠲᠠᠩᠰᠠᠵᠢᠭᠤᠯᠤᠨ ᠬᠠᠮᠢᠶᠠᠷᠴᠤ᠂ ᠨᠠᠷᠢᠨ | ᠲᠠᠩᠰᠠᠵᠢᠭᠤᠯᠤᠨ ᠠᠬᠢᠭᠤᠯᠵᠤ᠂ ᠨᠠᠷᠢᠨ ᠲᠠᠩᠰᠠᠵᠢᠭᠤᠯᠤᠨ ᠨᠠᠶᠢᠳᠠᠪᠤᠷᠢᠵᠢᠭᠤᠯᠵᠤ᠂ ᠲᠦᠷᠦ ᠶᠢᠨ ᠪᠤᠳᠤᠯᠭ᠎ᠠ ᠶᠢ | ᠨᠠᠶᠢᠳᠠᠪᠤᠷᠢᠵᠢᠭᠤᠯᠬᠤ ᠪᠠ ᠠᠵᠢᠯ ᠢ ᠠᠬᠢᠭᠤᠯᠤᠭᠰᠠᠨ ᠪᠠᠶᠢᠳᠠᠯ ᠢ ᠴᠠᠭ ᠲᠤᠬᠠᠢ ᠳᠤᠨᠢ ᠡᠮᠬᠢᠯᠡᠨ ᠵᠠᠳᠠᠯᠵᠤ᠂ ᠭᠠᠵᠠᠷ | ᠣᠷᠣᠨ ᠤ ᠪᠠᠶᠢᠳᠠᠯ ᠳᠠᠭᠠᠨ ᠲᠤᠬᠢᠷᠠᠭᠤᠯᠤᠨ ᠡᠯ᠎ᠡ ᠵᠦᠢᠯ ᠤᠨ ᠠᠵᠢᠯ ᠢ ᠪᠣᠳᠠᠲᠠᠢ ᠳᠤ ᠨᠠᠶᠢᠳᠠᠪᠤᠷᠢᠵᠢᠭᠤᠯᠵᠤ᠂ | ᠪᠣᠳᠠᠲᠤ ᠦᠷ᠎ᠡ ᠪᠦᠲᠦᠮᠵᠢ ᠤᠯᠬᠤ ᠶᠢ ᠠᠬᠢᠭᠤᠯᠬᠤ ᠬᠡᠷᠡᠭᠲᠡᠢ ᠭᠡᠪᠡ᠃ | 9 ᠰᠠᠷ᠎ᠠ ᠶᠢᠨ 14 ᠤ ᠡᠳᠦᠷ ᠵᠡᠭᠦᠨ ᠦᠵᠦᠮᠦᠴᠢᠨ ᠬᠤᠰᠢᠭᠤ 27 ᠳ᠋ᠤᠭᠠᠷ ᠬᠤᠭᠤᠴᠠᠭᠠᠨ ᠤ ᠪᠥᠬᠦ | ᠤᠯᠤᠰ ᠤᠨ ᠨᠡᠶᠢᠲᠡᠯᠢᠭ ᠬᠡᠯᠡ ᠶᠢ ᠲᠦᠭᠡᠮᠡᠯᠵᠢᠭᠦᠯᠬᠦ ᠤᠬᠠᠭᠤᠯᠭ᠎ᠠ ᠶᠢᠨ ᠭᠠᠷᠠᠭ ᠤᠨ ᠡᠬᠢᠯᠡᠯᠲᠡ ᠶᠢᠨ ᠶᠣᠰᠣᠯᠠᠯ ᠵᠢᠴᠢ | ᠤᠷᠠᠨ ᠤᠩᠰᠢᠯᠭ᠎ᠠ ᠶᠢᠨ ᠤᠷᠤᠯᠳᠤᠭᠠᠨ ᠤ ᠰᠢᠯᠢᠳᠡᠭ ᠫᠷᠤᠭ᠍ᠷᠠᠮ ᠤᠨ ᠦᠵᠡᠭᠦᠯᠦᠯᠭᠡ ᠶᠢᠨ ᠠᠵᠢᠯᠯᠠᠭ᠎ᠠ ᠶᠢ ᠡᠷᠭᠢᠯᠡᠪᠡ᠃ | ᠬᠤᠰᠢᠭᠤ ᠦᠭᠡ ᠬᠡᠯᠡ ᠦᠰᠦᠭ ᠪᠢᠴᠢᠭ ᠤᠨ ᠠᠵᠢᠯ ᠤᠨ ᠵᠥᠪᠯᠡᠯ ᠤᠨ ᠡᠯ᠎ᠡ ᠪᠦᠷᠢᠯᠳᠦᠬᠦᠨ ᠨᠢᠭᠡᠴᠡ ᠶᠢᠨ | ᠬᠠᠷᠢᠭᠤᠴᠠᠯᠭᠠᠲᠠᠨ ᠨᠥᠬᠦᠳ᠂ ᠡᠯ᠎ᠡ ᠳᠤᠮᠳᠠᠳᠤ ᠪᠠᠭ᠎ᠠ ᠰᠤᠷᠭᠠᠭᠤᠯᠢ᠂ ᠬᠡᠦᠬᠡᠳ ᠤᠨ ᠴᠡᠴᠡᠷᠯᠢᠭ ᠤᠨ ᠪᠠᠭᠰᠢ | ᠰᠤᠷᠤᠭᠴᠢᠳ ᠤᠨ ᠲᠥᠯᠥᠭᠡᠯᠡᠭᠴᠢ ᠶᠣᠰᠣᠯᠠᠯ ᠳᠤ ᠣᠷᠣᠯᠴᠠᠪᠠ᠃ | 9 ᠰᠠᠷ᠎ᠠ ᠶᠢᠨ 21 ᠤ ᠡᠳᠦᠷ ᠥᠪᠥᠷ ᠮᠣᠩᠭᠤᠯ ᠤᠨ ᠷᠠᠳᠢᠣ᠋ ᠲᠧᠯᠸᠢᠰ ᠬᠤᠷᠢᠶ᠎ᠠ ᠪᠣᠯᠤᠨ ᠵᠡᠭᠦᠨ | ᠦᠵᠦᠮᠦᠴᠢᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠯᠠᠨ ᠡᠷᠭᠢᠯᠡᠵᠦ᠂ ᠵᠡᠭᠦᠨ ᠦᠵᠦᠮᠦᠴᠢᠨ | ᠬᠤᠰᠢᠭᠤᠨ ᠤ ᠰᠣᠶᠣᠯ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ᠂ ᠥᠪᠥᠷ ᠮᠣᠩᠭᠤᠯ ᠤᠨ ᠷᠠᠳᠢᠣ᠋ | ᠲᠧᠯᠸᠢᠰ ᠬᠤᠷᠢᠶ᠎ᠠ ᠶᠢᠨ ᠷᠠᠳᠢᠣ᠋ ᠨᠡᠪᠲᠡᠷᠡᠭᠦᠯᠭᠡ ᠶᠢᠨ ᠫᠷᠤᠭ᠍ᠷᠠᠮ ᠦᠢᠯᠡᠳᠴᠦ ᠤᠯᠠᠮᠵᠢᠯᠠᠬᠤ ᠲᠥᠪ ᠠᠴᠠ ᠳᠠᠭᠠᠭᠠᠴᠢᠯᠠᠨ | ᠡᠷᠭᠢᠯᠡᠭᠰᠡᠨ ︽ᠮᠢᠩᠭᠠᠨ ᠭᠠᠵᠠᠷ ᠤᠨ ᠬᠢᠯᠢ ᠳᠥᠷᠪᠡᠨ ᠴᠠᠭ ᠤᠨ ᠦᠵᠦᠮᠦᠴᠢᠨ︾ ᠥᠪᠥᠷ ᠮᠣᠩᠭᠤᠯ ᠤᠨ ᠤᠤᠭᠠᠯ | ᠳᠠᠭᠤᠤ ᠬᠥᠭᠵᠢᠮ ᠤᠨ ᠨᠡᠷᠡᠰ ᠤᠨ ᠵᠢᠭᠰᠠᠭᠠᠯᠲᠠ ᠳᠤ ᠱᠠᠩᠨᠠᠯ ᠣᠯᠭᠤᠬᠤ ᠶᠣᠰᠣᠯᠠᠯ ᠵᠡᠭᠦᠨ ᠦᠵᠦᠮᠦᠴᠢᠨ | ᠬᠤᠰᠢᠭᠤᠨ ᠳᠤ ᠶᠠᠪᠤᠭᠳᠠᠪᠠ᠃ | 9 ᠰᠠᠷ᠎ᠠ ᠶᠢᠨ 24 ᠤ ᠡᠳᠦᠷ ᠰᠢᠯᠢ ᠶᠢᠨ ᠭᠤᠣᠯ ᠠᠶᠢᠮᠠᠭ ᠤᠨ ᠰᠤᠮᠤ ᠰᠢᠶᠠᠩ ᠪᠠᠯᠭᠠᠰᠤᠨ ᠤ ᠨᠠᠮ ᠤᠨ | ᠬᠤᠷᠢᠶᠠᠨ ᠤ ᠱᠦᠵᠢ ᠨᠠᠮ ᠤᠨ ᠪᠠᠶᠢᠭᠤᠯᠤᠯᠲᠠ ᠶᠢ ᠠᠳᠬᠤᠵᠤ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠶᠢ ᠠᠬᠢᠭᠤᠯᠬᠤ ︽ᠤᠷᠤᠯᠳᠤᠭᠠᠨ ᠤ ᠲᠠᠪᠴᠠᠩ ᠤᠨ ᠮᠥᠷᠦ᠋ᠢᠴᠡᠭᠡᠨ︾ ᠵᠡᠭᠦᠨ ᠦᠵᠦᠮᠦᠴᠢᠨ | ᠬᠤᠰᠢᠭᠤᠨ ᠳᠤ ᠡᠬᠢᠯᠡᠵᠦ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ | ᠬᠡᠯᠲᠡᠰ ᠤᠨ ᠵᠣᠬᠢᠶᠠᠨ ᠪᠠᠶᠢᠭᠤᠯᠬᠤ ᠬᠤᠶᠠᠳᠤᠭᠠᠷ ᠭᠠᠵᠠᠷ ᠤᠨ ᠺᠠᠳ᠋ᠷ ᠬᠤᠷᠠᠯ ᠳᠤ ᠣᠷᠣᠯᠴᠠᠨ ᠵᠢᠭᠠᠨ ᠵᠢᠯᠣᠭᠤᠳᠴᠤ᠂ | ᠠᠶᠢᠮᠠᠭ ᠤᠨ ᠨᠠᠮ ᠤᠨ ᠬᠤᠷᠢᠶᠠᠨ ᠤ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠰᠦᠨ ᠰᠢᠩ ᠢᠦᠢ | ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃ ᠤᠷᠤᠯᠳᠤᠭᠠᠨ ᠤ ᠲᠠᠪᠴᠠᠩ ᠤᠨ ᠮᠥᠷᠦ᠋ᠢᠴᠡᠭᠡᠨ ᠨᠢ ᠨᠢᠭᠡ | ᠤᠳᠠᠭᠠᠨ ᠤ ᠠᠮᠵᠢᠯᠲᠠ ᠪᠦᠲᠦᠮᠵᠢ ᠶᠢ ᠢᠯᠠ ᠪᠣᠯᠭᠠᠭᠰᠠᠨ ᠢᠶᠠᠷ ᠪᠠᠷᠠᠬᠤ ᠥᠬᠡᠶ᠂ ᠪᠠᠰᠠ ᠴᠤ ᠨᠢᠭᠡ ᠤᠳᠠᠭᠠᠨ ᠤ | ᠴᠢᠳᠠᠪᠤᠷᠢ ᠶᠢᠨ ᠰᠢᠯᠭᠠᠯᠲᠠ ᠪᠣᠯᠤᠨ᠎ᠠ᠂ ᠨᠠᠩ ᠴᠤ ᠮᠠᠨ ᠤ ᠠᠶᠢᠮᠠᠭ ᠤᠨ ᠦᠨᠳᠦᠰᠦᠨ ᠱᠠᠲᠤᠨ ᠤ ᠨᠠᠮ ᠤᠨ | ᠪᠠᠶᠢᠭᠤᠯᠤᠯᠲᠠ ᠶᠢᠨ ᠠᠵᠢᠯ ᠤᠨ ᠦᠷ᠎ᠡ ᠪᠦᠲᠦᠮᠵᠢ ᠶᠢ ᠲᠤᠰᠬᠠᠭᠰᠠᠨ ᠢᠶᠠᠷ ᠪᠠᠷᠠᠬᠤ ᠥᠬᠡᠶ᠂ ᠣᠶᠢᠷ᠎ᠠ ᠶᠢᠨ ᠵᠢᠯ ᠤᠨ | ᠲᠤᠷᠰᠢᠬᠢ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠠᠵᠢᠯ ᠤᠨ ᠲᠤᠷᠰᠢᠯᠭ᠎ᠠ ᠪᠠ ᠠᠷᠭ᠎ᠠ ᠬᠢᠳᠡᠯ ᠢ | ᠳ᠋ᠦᠩᠨᠡᠵᠦ᠂ ᠡᠯ᠎ᠡ ᠭᠠᠵᠠᠷ ᠤᠨ ᠮᠠᠯᠵᠢᠬᠤ ᠲᠠᠷᠢᠶᠠᠯᠠᠬᠤ ᠣᠷᠣᠨ ᠤ ᠦᠨᠳᠦᠰᠦᠨ ᠱᠠᠲᠤᠨ ᠤ ᠨᠠᠮ ᠤᠨ | ᠪᠠᠶᠢᠭᠤᠯᠤᠯᠲᠠ ᠶᠢᠨ ᠠᠵᠢᠯ ᠳᠤ ᠥᠯᠢᠭᠡᠷ ᠳᠠᠭᠤᠷᠢᠶᠠᠯ ᠪᠠ ᠦᠯᠢᠭᠡᠷ ᠵᠢᠱᠢᠶ᠎ᠡ ᠬᠠᠩᠭᠠᠭᠰᠠᠨ ᠪᠠᠶᠢᠨ᠎ᠠ᠃ | ᠲᠠᠷᠠᠭᠠᠴᠢ ᠶᠢᠨ ᠠᠯᠬᠤᠮ ᠳᠤ᠂ ᠮᠠᠨ ᠤ ᠠᠶᠢᠮᠠᠭ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ | ᠤᠬᠠᠮᠰᠠᠷ ᠢ ᠪᠠᠲᠤ ᠴᠣᠭᠴᠠᠯᠠᠬᠤ ᠪᠠᠷ ᠠᠵᠢᠯ ᠤᠨ ᠭᠤᠤᠯ ᠰᠢᠵᠢᠮ ᠪᠣᠯᠭᠠᠵᠤ᠂ ︽ᠲᠣᠰᠬᠤᠨ ᠢ ᠠᠳᠬᠤᠵᠤ | ᠲᠣᠰᠬᠤᠨ ᠢ ᠠᠬᠢᠭᠤᠯᠵᠤ ᠡᠷᠦᠬᠡ ᠶᠢ ᠳᠠᠶᠢᠴᠢᠯᠠᠬᠤ︾ ᠪᠦᠬᠦᠯᠢ ᠴᠣᠭᠴᠠ ᠪᠠᠷ ᠳᠡᠭᠡᠭᠰᠢᠯᠡᠭᠦᠯᠬᠦ ᠢᠨᠵᠧᠨᠧᠷᠢᠩ ᠢ | ᠭᠦᠨᠵᠡᠭᠡᠶᠢᠷᠡᠭᠦᠯᠵᠦ᠂ ᠪᠥᠬᠦ ᠠᠶᠢᠮᠠᠭ ᠤᠨ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠠᠵᠢᠯ ᠤᠨ ᠶᠠᠰᠤ | ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ᠂ ᠲᠠᠰ ᠳᠡᠪᠰᠢᠭᠦᠯᠬᠦ ᠶᠢ ᠠᠬᠢᠭᠤᠯᠵᠤ᠂ ︽ᠬᠤᠶᠠᠷ ᠶᠡᠭᠡ | ᠶᠠᠪᠤᠳᠠᠯ︾ ᠪᠠ ︽ᠵᠢᠷᠭᠤᠭᠠᠨ ᠢᠨᠵᠧᠨᠧᠷᠢᠩ︾ ᠢ ᠰᠠᠶᠢᠲᠤᠷ ᠠᠬᠢᠭᠤᠯᠬᠤ ᠳᠤ ᠪᠠᠲᠤ ᠴᠢᠩᠭ᠎ᠠ ᠵᠣᠬᠢᠶᠠᠨ | ᠪᠠᠶᠢᠭᠤᠯᠤᠯᠲᠠ ᠶᠢᠨ ᠪᠠᠲᠤᠯᠠᠭ᠎ᠠ ᠬᠠᠩᠭᠠᠨ᠎ᠠ᠃ | 9 ᠰᠠᠷ᠎ᠠ ᠶᠢᠨ 26 ᠤ ᠡᠳᠦᠷ ᠬᠤᠰᠢᠭᠤ ᠨᠠᠮ ᠤᠨ ᠬᠤᠷᠢᠶᠠᠨ ᠤ ᠱᠦᠵᠢ᠂ ᠬᠤᠰᠢᠭᠤ ᠳᠠᠷᠤᠭ᠎ᠠ ᠵᠧᠤ | ᠢᠦᠶ ᠯᠦᠩ ᠠᠷᠪᠠᠨ ᠳᠥᠷᠪᠡᠳᠦᠭᠡᠷ ᠬᠤᠭᠤᠴᠠᠭᠠᠨ ᠤ ᠬᠤᠰᠢᠭᠤ ᠨᠠᠮ ᠤᠨ ᠬᠤᠷᠢᠶᠠᠨ ᠤ 68 ᠳ᠋ᠤᠭᠠᠷ ᠤᠳᠠᠭᠠᠨ ᠤ | ︵2024 ᠣᠨ ᠤ 20 ᠳ᠋ᠤᠭᠠᠷ ᠤᠳᠠᠭ᠎ᠠ︶ ᠪᠠᠶᠢᠩᠭᠤ ᠶᠢᠨ ᠬᠤᠷᠢᠶᠠᠨ ᠤ ᠬᠤᠷᠠᠯ ᠵᠢᠴᠢ ᠨᠠᠮ ᠤᠨ | ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ 2024 ᠣᠨ ᠤ 4 ᠳ᠋ᠤᠭᠡᠷ ᠤᠳᠠᠭᠠᠨ ᠤ | ᠬᠤᠷᠠᠯ ᠢ ᠡᠷᠭᠢᠯᠡᠨ ᠬᠤᠷᠠᠯᠳᠤᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠣᠶᠢᠷ᠎ᠠ ᠶᠢᠨ ᠬᠤᠭᠤᠴᠠᠭᠠᠨ ᠤ | ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠪᠥᠬᠦ ᠬᠤᠰᠢᠭᠤᠨ ᠤ ᠨᠠᠮ ᠤᠨ ᠰᠠᠬᠢᠯᠭ᠎ᠠ | ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠳ᠋ᠦᠩᠨᠡᠯᠲᠡ ᠶᠢᠨ ᠮᠡᠳᠡᠭᠦᠯᠦᠯᠲᠡ ᠶᠢ ᠰᠣᠨᠣᠰᠪᠠ᠃ ᠬᠤᠷᠠᠯ ᠠᠴᠠ ᠵᠠᠩ | ᠪᠠᠢ ᠴᠧᠩ ᠨᠥᠬᠦᠷ ᠤᠨ ᠪᠦᠬᠦ ᠠᠶᠢᠮᠠᠭ ᠤᠨ ᠰᠢᠶᠠᠨ ᠭᠠᠵᠠᠷ ᠤᠨ ᠲᠡᠰ ᠤᠨ ᠭᠤᠣᠯ ᠤᠳᠤᠷᠢᠳᠬᠤ ᠺᠠᠳ᠋ᠷ ᠤᠨ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ | ᠰᠠᠨᠠᠭ᠎ᠠ ᠪᠣᠯᠤᠨ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ | ᠰᠤᠷᠤᠯᠴᠠᠨ ᠲᠤᠤᠱᠯᠠᠭᠤᠯᠬᠤ ᠰᠤᠳᠤᠯᠤᠨ ᠶᠠᠷᠢᠯᠴᠠᠬᠤ ᠠᠩᠬᠢ ᠶᠢᠨ ᠰᠤᠷᠤᠯᠭ᠎ᠠ ᠡᠬᠢᠯᠡᠬᠦ ᠶᠣᠰᠣᠯᠠᠯ ᠳᠡᠭᠡᠷᠡᠬᠢ | ᠶᠠᠷᠢᠶ᠎ᠠ ᠶᠢ ᠤᠯᠠᠮᠵᠢᠯᠠᠨ ᠰᠤᠷᠤᠯᠴᠠᠵᠤ᠂ ᠥᠭᠡᠷᠡᠴᠢᠯᠡᠯᠲᠡ ᠶᠢᠨ ᠬᠠᠷᠢᠭᠤᠴᠠᠯᠭ᠎ᠠ ᠶᠢ ᠲᠠᠰᠤᠷᠠᠯᠲᠠ ᠦᠭᠡᠢ | ᠪᠣᠳᠠᠲᠠᠶᠢᠵᠢᠭᠤᠯᠵᠤ᠂ ᠵᠡᠭᠦᠨ ᠦᠵᠦᠮᠦᠴᠢᠨ ᠬᠤᠰᠢᠭᠤᠨ ᠤ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠵᠤ᠂ | ᠥᠭᠡᠷᠡᠴᠢᠯᠡᠯᠲᠡ ᠶᠢᠨ ᠭᠠᠷᠳᠠᠬᠤ ᠴᠡᠭ ᠪᠣᠯᠤᠨ ᠰᠢᠪᠲᠤᠯᠤᠯᠲᠠ ᠶᠢᠨ ᠴᠡᠭ ᠢ ᠣᠨᠣᠪᠴᠢᠲᠠᠢ ᠣᠯᠵᠤ᠂ | ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠵᠣᠷᠢᠭ ᠰᠠᠨᠠᠭ᠎ᠠ ᠪᠠᠷ ᠬᠥᠭᠵᠢᠯᠲᠡ ᠶᠢᠨ ᠳᠤᠮᠳᠠᠬᠢ ᠬᠦᠴᠢᠷ | ᠠᠰᠠᠭᠤᠳᠠᠯ ᠢ ᠰᠢᠢᠳᠪᠦᠷᠢᠯᠡᠵᠦ᠂ ᠡᠯ᠎ᠡ ᠵᠦᠢᠯ ᠤᠨ ᠥᠭᠡᠷᠡᠴᠢᠯᠡᠯᠲᠡ ᠶᠢᠨ ᠡᠭᠦᠷᠭᠡ ᠶᠢᠨ ᠦᠨᠡᠨ ᠪᠣᠳᠠᠲᠠᠢ ᠦᠷ᠎ᠡ | ᠪᠦᠲᠦᠮᠵᠢ ᠤᠯᠬᠤ ᠶᠢ ᠪᠠᠲᠤᠯᠠᠬᠤ ᠬᠡᠷᠡᠭᠲᠡᠢ᠃ ᠨᠠᠮ ᠤᠨ ᠰᠤᠷᠭᠠᠭᠤᠯᠢ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ | ᠺᠠᠳ᠋ᠷ ᠤᠨ ᠪᠣᠯᠪᠠᠰᠤᠷᠠᠯ ᠤᠨ ᠶᠠᠰᠤ ᠴᠢᠨᠠᠷ ᠪᠠ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠵᠡᠭᠦᠨ ᠦᠵᠦᠮᠦᠴᠢᠨ | ᠬᠤᠰᠢᠭᠤᠨ ᠤ ᠬᠥᠭᠵᠢᠯᠲᠡ ᠳᠤ ᠨᠠᠩ ᠣᠯᠠᠨ ᠰᠢᠯᠢᠳᠡᠭ ᠺᠠᠳ᠋ᠷ ᠴᠢᠳᠠᠪᠤᠷᠢᠲᠠᠨ ᠢ ᠬᠥᠮᠦᠵᠢᠭᠦᠯᠬᠦ ᠬᠡᠷᠡᠭᠲᠡᠶ ᠭᠡᠵᠦ | ᠴᠢᠬᠤᠯᠠᠴᠢᠯᠠᠪᠠ᠃ | ᠲᠣᠰ ᠡᠳᠦᠷ ᠬᠤᠰᠢᠭᠤ ᠨᠠᠮ ᠤᠨ ᠬᠤᠷᠢᠶᠠᠨ ᠤ ᠱᠦᠵᠢ᠂ ᠬᠤᠰᠢᠭᠤ ᠳᠠᠷᠤᠭ᠎ᠠ ᠵᠧᠤ ᠢᠦᠶ ᠯᠦᠩ ᠨᠡᠷ | ᠬᠤᠰᠢᠭᠤᠨ ᠤ ᠧᠦ ᠶᠠ ᠢᠯᠴᠢ ᠬᠠᠩᠭᠠᠬᠤ ᠺᠣᠮᠫᠠᠨᠢ᠂ ᠭᠤᠸᠠᠩ ᠱᠠ ᠢᠯᠴᠢ ᠬᠠᠩᠭᠠᠬᠤ ᠺᠣᠮᠫᠠᠨᠢ᠂ ᠴᠢᠨ ᠮᠦ | ᠢᠳᠡᠭᠡᠨ ᠤ ᠬᠢᠵᠠᠭᠠᠷᠲᠤ ᠺᠣᠮᠫᠠᠨᠢ ᠵᠡᠷᠭᠡ ᠭᠠᠵᠠᠷ ᠢᠶᠠᠷ ᠭᠦᠨᠵᠡᠭᠡᠶᠢᠷᠡᠵᠦ᠂ ᠤᠯᠤᠰ ᠤᠨ ᠪᠠᠶᠠᠷ ᠠᠴᠠ ᠡᠮᠦᠨᠡᠬᠢ | ᠲᠥᠪᠯᠡᠷᠡᠭᠦᠯᠦᠨ ᠢᠯᠴᠢ ᠬᠠᠩᠭᠠᠬᠤ ᠡᠮᠦᠨᠡᠬᠢ ᠬᠤᠭᠤᠴᠠᠭᠠᠨ ᠤ ᠪᠡᠯᠡᠳᠬᠡᠯ᠂ ᠠᠶᠤᠯᠭᠦᠶ ᠦᠢᠯᠡᠳᠪᠦᠷᠢᠯᠡᠯ ᠵᠢᠴᠢ | ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠡᠳ᠋ᠰᠢᠭᠦᠯᠬᠦ ᠠᠵᠤ ᠠᠬᠤᠶᠢᠯᠠᠯ ᠤᠨ ᠠᠵᠢᠯᠯᠠᠭᠠᠨ ᠵᠡᠷᠭᠡ ᠠᠵᠢᠯ ᠳᠤ | ᠴᠢᠭᠯᠡᠭᠦᠯᠦᠨ ᠬᠢᠨᠠᠨ ᠵᠢᠯᠣᠭᠤᠳᠴᠤ ᠪᠠᠶᠢᠴᠠᠭᠠᠵᠤ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ | ᠬᠤᠰᠢᠭᠤ ᠨᠠᠮ ᠤᠨ ᠬᠤᠷᠢᠶᠠᠨ ᠤ ᠠᠯᠪᠠᠨ ᠬᠡᠷ ᠤᠨ ᠡᠷᠬᠢᠯᠡᠭᠴᠢ ᠸᠠᠩ ᠬᠤᠩ ᠶᠠᠨ᠂ ᠳᠡᠳ᠋ ᠬᠤᠰᠢᠭᠤ ᠳᠠᠷᠤᠭ᠎ᠠ | ᠴᠠᠩ ᠵᠧᠩ ᠵᠢᠴᠢ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠠᠷ᠎ᠠ ᠪᠣᠯᠪᠠ᠃ ᠵᠧᠦ ᠢᠦᠢ ᠯᠦᠩ | ᠨᠠᠷ ᠬᠤᠶᠠᠷ ᠠᠵᠤ ᠠᠬᠤᠶᠢᠯᠠᠯ ᠤᠨ ᠬᠠᠮᠢᠶ᠎ᠠ ᠪᠦᠬᠦᠢ ᠬᠠᠷᠢᠭᠤᠴᠠᠯᠭᠠᠲᠠᠨ ᠤ ᠢᠯᠴᠢ ᠬᠠᠩᠭᠠᠬᠤ ᠡᠮᠦᠨᠡᠬᠢ | ᠬᠤᠭᠤᠴᠠᠭᠠᠨ ᠤ ᠪᠡᠯᠡᠳᠬᠡᠯ ᠠᠵᠢᠯ ᠤᠨ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠶᠢ ᠨᠠᠷᠢᠨ ᠬᠢᠨᠠᠮᠠᠭᠠᠢ | ᠰᠣᠨᠣᠰᠴᠠᠢ᠃ ᠵᠧᠦ ᠢᠦᠢ ᠯᠦᠩ ᠴᠢᠬᠤᠯᠠᠴᠢᠯᠠᠬᠤ ᠳᠠᠭᠠᠨ᠂ ᠬᠤᠶᠠᠷ ᠠᠵᠤ ᠠᠬᠤᠶᠢᠯᠠᠯ ᠤᠨ ᠬᠢᠨ ᠳᠤᠯᠠᠭᠠᠯᠠᠭ᠎ᠠ | ᠬᠠᠩᠭᠠᠬᠤ ᠲᠥᠬᠦᠭᠡᠷᠦᠮᠵᠢ ᠶᠢ ᠲᠤᠬᠢᠷᠠᠭᠤᠯᠤᠨ ᠲᠤᠷᠰᠢᠬᠤ ᠪᠠ ᠬᠤᠭᠤᠯᠠᠢ ᠲᠣᠣᠷ ᠤᠨ ᠪᠠᠶᠢᠴᠠᠭᠠᠯᠲᠠ ᠪᠠᠨ | ᠴᠢᠩᠭᠠᠳᠬᠠᠵᠤ᠂ ᠠᠰᠠᠭᠤᠳᠠᠯ ᠤᠨ ᠭᠡᠮ ᠰᠣᠭᠤᠭ ᠢ ᠴᠠᠭ ᠲᠤᠬᠠᠢ ᠳᠤᠨᠢ ᠪᠠᠶᠢᠴᠠᠭᠠᠵᠤ ᠴᠡᠭᠴᠡᠯᠡᠨ | ᠰᠠᠶᠢᠵᠢᠷᠠᠭᠤᠯᠵᠤ᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠪᠣᠯᠤᠨ ᠰᠢᠢᠳᠪᠦᠷᠢᠯᠡᠬᠦ ᠲᠣᠭᠲᠠᠴᠠ ᠶᠢ | ᠲᠡᠭᠦᠯᠳᠡᠷᠵᠢᠭᠦᠯᠵᠦ᠂ ᠳᠤᠯᠠᠭᠠᠯᠠᠭ᠎ᠠ ᠶᠢᠨ ᠬᠤᠭᠤᠴᠠᠭᠠᠨ ᠤ ᠳᠤᠯᠠᠭᠠᠯᠠᠭ᠎ᠠ ᠬᠠᠩᠭᠠᠬᠤ ᠰᠢᠰᠲ᠋ᠧᠮ ᠤᠨ ᠬᠡᠪ ᠤᠨ | ᠠᠵᠢᠯᠯᠠᠭ᠎ᠠ ᠶᠢ ᠪᠠᠲᠤᠯᠠᠬᠤ ᠬᠡᠷᠡᠭᠲᠡᠢ᠃ ᠡᠭᠦᠨ ᠤ ᠬᠠᠮᠲᠤ ᠠᠮᠤᠷ ᠲᠦᠪᠰᠢᠨ ᠢᠶᠠᠷ ᠬᠥᠭᠵᠢᠭᠦᠯᠬᠦ ᠣᠶᠢᠯᠠᠭᠠᠭᠳᠠᠬᠤᠨ ᠢ | ᠪᠠᠲᠤ ᠪᠤᠢ ᠪᠣᠯᠭᠠᠵᠤ᠂ ᠠᠮᠤᠷ ᠲᠦᠪᠰᠢᠨ ᠤ ᠬᠠᠮᠢᠶᠠᠷᠤᠯᠲᠠ ᠶᠢ ᠴᠢᠩᠭᠠᠳᠬᠠᠵᠤ᠂ ᠠᠮᠤᠷ ᠲᠦᠪᠰᠢᠨ ᠤ ᠬᠥᠮᠦᠵᠢᠯ ᠢ | ᠴᠢᠩᠭᠠᠳᠬᠠᠵᠤ᠂ ᠠᠵᠢᠯᠲᠠᠳ ᠤᠨ ᠠᠮᠤᠷ ᠲᠦᠪᠰᠢᠨ ᠤ ᠤᠬᠠᠮᠰᠠᠷ ᠢ ᠨᠡᠮᠡᠭᠳᠡᠭᠦᠯᠵᠦ᠂ ᠠᠶᠤᠯᠭᠦᠢ | ᠦᠢᠯᠡᠳᠪᠦᠷᠢᠯᠡᠯ ᠤᠨ ᠠᠳᠡᠯ ᠭᠠᠷᠬᠤ ᠶᠢ ᠡᠷᠡᠰ ᠬᠤᠷᠢᠭᠯᠠᠬᠤ ᠬᠡᠷᠡᠭᠲᠡᠢ᠃ ᠡᠯ᠎ᠡ ᠬᠠᠮᠢᠶ᠎ᠠ ᠪᠥᠬᠦᠶ ᠰᠠᠯᠠᠭ᠎ᠠ | ᠮᠥᠴᠢᠷ ᠤᠳ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠵᠤ᠂ ᠬᠠᠤᠯᠢ ᠬᠡᠷᠡᠭᠵᠢᠭᠦᠯᠬᠦ ᠡᠷᠴᠢᠮ ᠢᠶᠠᠨ ᠴᠢᠩᠭᠠᠷᠠᠭᠤᠯᠤᠨ | ᠂ ᠠᠮᠤᠷ ᠲᠦᠪᠰᠢᠨ ᠤ ᠳᠠᠯᠳᠠ ᠬᠡᠮ ᠣᠷᠣᠰᠢᠵᠤ ᠪᠠᠶᠢᠭ᠎ᠠ ᠠᠵᠤ ᠠᠬᠤᠶᠢᠯᠠᠯ ᠢ ᠡᠷᠡᠰ ᠴᠡᠭᠴᠡᠯᠡᠨ ᠰᠠᠶᠢᠵᠢᠷᠠᠭᠤᠯᠵᠤ᠂ | ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠴᠢᠩᠭ᠎ᠠ ᠪᠠᠶᠢᠴᠠᠭᠠᠨ ᠰᠢᠢᠳᠪᠦᠷᠢᠯᠡᠵᠦ᠂ | ᠤᠯᠤᠰ ᠤᠨ ᠪᠠᠶᠠᠷ ᠤᠨ ᠬᠤᠭᠤᠴᠠᠭᠠᠨ ᠳᠠᠬᠢ ᠠᠶᠤᠯ ᠥᠬᠡᠶ ᠦᠢᠯᠡᠳᠪᠦᠷᠢᠯᠡᠯ ᠤᠨ ᠪᠠᠶᠢᠳᠠᠯ ᠤᠨ ᠲᠣᠭᠲᠠᠭᠤᠨ ᠢᠶᠠᠷ | ᠰᠠᠶᠢᠵᠢᠷᠠᠬᠤ ᠶᠢ ᠦᠨᠡᠨᠬᠦ ᠪᠠᠲᠤᠯᠠᠬᠤ ᠬᠡᠷᠡᠭᠲᠡᠶ ᠭᠡᠪᠠ᠃ | 9 ᠰᠠᠷ᠎ᠠ ᠶᠢᠨ 26 ᠤ ᠡᠳᠦᠷ ᠠᠴᠠ 27 ᠤ ᠡᠳᠦᠷ ᠪᠣᠯᠲᠠᠯ᠎ᠠ᠂ ᠬᠤᠰᠢᠭᠤ ᠨᠠᠮ ᠤᠨ ᠬᠤᠷᠢᠶᠠᠨ ᠤ ᠱᠦᠵᠢ᠂ | ᠬᠤᠰᠢᠭᠤ ᠳᠠᠷᠤᠭ᠎ᠠ ᠵᠧᠤ ᠢᠦᠶ ᠯᠦᠩ ᠠᠵᠢᠯ ᠠᠴᠠ ᠪᠠᠨ ᠳᠠᠷᠬᠠᠯᠠᠭᠳᠠᠭᠰᠠᠨ ᠠᠵᠢᠯ ᠠᠴᠠ ᠪᠠᠨ ᠠᠮᠠᠷᠠᠭᠰᠠᠨ ᠬᠡᠰᠡᠭ | ᠠᠬᠠᠮᠠᠳ ᠺᠠᠳ᠋ᠷ᠂ ᠠᠬᠠᠮᠠᠳ ᠨᠠᠮ ᠤᠨ ᠭᠡᠰᠢᠭᠦᠨ ᠪᠣᠯᠤᠨ ᠶᠣᠰᠣ ᠰᠤᠷᠲᠠᠬᠤᠨ ᠤ ᠵᠢᠱᠢᠶᠡᠴᠢ ᠶᠢ ᠪᠣᠯᠭᠤᠭᠠᠨ | ᠲᠣᠬᠤᠨᠢᠭᠤᠯᠵᠤ᠂ ᠲᠡᠳᠡᠨ ᠳᠤ ᠨᠠᠮ ᠪᠣᠯᠤᠨ ᠵᠠᠰᠠᠭ ᠤᠨ ᠣᠷᠳᠣᠨ ᠤ ᠬᠠᠶᠢᠷ᠎ᠠ ᠬᠠᠯᠠᠮᠵᠢ ᠶᠢ ᠬᠦᠷᠭᠡᠪᠡ᠃ ᠵᠧᠦ ᠢᠦᠢ | ᠯᠦᠩ ᠠᠵᠢᠯ ᠠᠴᠠ ᠪᠠᠨ ᠳᠠᠷᠬᠠᠯᠠᠭᠳᠠᠭᠰᠠᠨ ᠠᠵᠢᠯ ᠠᠴᠠ ᠪᠠᠨ ᠠᠮᠠᠷᠠᠭᠰᠠᠨ ᠠᠬᠠᠮᠠᠳ ᠺᠠᠳ᠋ᠷ ᠤᠨ ᠬᠡᠷ ᠲᠤ᠂ | ᠲᠡᠳᠡᠨ ᠲᠠᠢ ᠳᠣᠲᠣᠨᠣ ᠪᠠᠷ ᠶᠠᠷᠢᠯᠴᠠᠵᠤ᠂ ᠲᠡᠳᠡᠨ ᠤ ᠪᠡᠶ᠎ᠡ ᠮᠠᠬᠠᠪᠣᠳ ᠤᠨ ᠪᠠᠶᠢᠳᠠᠯ ᠪᠠ ᠠᠮᠢᠳᠤᠷᠠᠯ ᠤᠨ ᠪᠠᠶᠢᠳᠠᠯ ᠢ | ᠨᠠᠷᠢᠨ ᠠᠰᠠᠭᠤᠵᠤ᠂ ᠲᠡᠳᠡᠨ ᠤ ᠪᠦᠬᠦ ᠬᠤᠰᠢᠭᠤᠨ ᠤ ᠠᠵᠤ ᠠᠬᠤᠶ ᠨᠡᠶᠢᠭᠡᠮ ᠤᠨ ᠬᠥᠭᠵᠢᠯᠲᠡ ᠳᠤ ᠦᠵᠡᠭᠦᠯᠦᠭᠰᠡᠨ | ᠬᠤᠪᠢ ᠨᠡᠮᠡᠷᠢ ᠳᠤ ᠲᠠᠯᠠᠷᠬᠠᠪᠠ᠃ ᠲᠡᠷᠡ ᠬᠡᠯᠡᠬᠦ ᠳᠡᠭᠡᠨ᠂ ᠠᠵᠢᠯ ᠠᠴᠠ ᠪᠠᠨ ᠠᠮᠠᠷᠠᠭᠰᠠᠨ ᠠᠬᠠᠮᠠᠳ ᠺᠠᠳ᠋ᠷ ᠪᠣᠯ ᠪᠥᠬᠦ | ᠬᠤᠰᠢᠭᠤᠨ ᠤ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠭᠡᠷᠡᠴᠢᠯᠡᠭᠴᠢ ᠪᠠ ᠠᠬᠢᠭᠤᠯᠤᠭᠴᠢ ᠮᠥᠨ᠂ ᠲᠡᠳᠡᠨ ᠤ | ᠲᠤᠷᠰᠢᠯᠭ᠎ᠠ ᠪᠠ ᠣᠶᠤᠨ ᠤᠬᠠᠭᠠᠨ ᠪᠣᠯ ᠡᠷᠬᠢᠮ ᠨᠠᠨᠳᠢᠨ ᠡᠳ᠋ ᠪᠠᠶᠠᠯᠢᠭ ᠮᠥᠨ᠂ ᠠᠬᠠᠮᠠᠳ ᠺᠠᠳ᠋ᠷᠴᠤᠳ ᠤᠨ | ᠪᠡᠶ᠎ᠡ ᠪᠠᠨ ᠭᠠᠮᠨᠠᠬᠤ ᠶᠢᠨ ᠬᠠᠮᠲᠤ ᠦᠷᠭᠦᠯᠵᠢᠯᠡᠨ ᠦᠯᠡᠳᠡᠪᠦᠷᠢ ᠢᠯᠴᠢ ᠪᠠᠨ ᠪᠠᠳᠠᠷᠠᠭᠤᠯᠵᠤ᠂ ᠢᠳᠡᠪᠬᠢᠲᠡᠶ ᠪᠠᠷ | ᠠᠷᠭ᠎ᠠ ᠤᠬᠠᠭᠠᠨ ᠭᠠᠷᠭᠠᠬᠤ ᠶᠢ ᠬᠦᠰᠡᠵᠦ ᠪᠠᠶᠢᠨ᠎ᠠ᠃ ᠠᠬᠠᠮᠠᠳ ᠺᠠᠳ᠋ᠷᠴᠤᠳ ᠪᠠᠰᠠ ᠥᠩᠭᠡᠷᠡᠭᠰᠡᠨ ᠲᠠᠢ ᠪᠠᠨ | ᠠᠳᠠᠯᠢ ᠪᠠᠷ ᠮᠠᠨ ᠤ ᠬᠤᠰᠢᠭᠤᠨ ᠤ ᠬᠥᠭᠵᠢᠯᠲᠡ ᠶᠢ ᠬᠠᠯᠠᠮᠵᠢᠯᠠᠨ ᠳᠡᠮᠵᠢᠵᠦ᠂ ᠨᠠᠩ ᠰᠠᠶᠢᠨ ᠰᠠᠶᠢᠬᠠᠨ ᠬᠡᠷ | ᠣᠷᠣᠨ ᠢᠶᠠᠨ ᠪᠥᠲᠥᠭᠡᠨ ᠪᠠᠶᠢᠭᠤᠯᠬᠤ ᠳᠤ ᠥᠪᠡᠷ ᠤᠨ ᠬᠦᠴᠦᠨ ᠴᠢᠳᠠᠯ ᠢᠶᠠᠨ ᠡᠷᠭᠦᠨ᠎ᠡ ᠭᠡᠪᠡ᠃ | 9 ᠰᠠᠷ᠎ᠠ ᠶᠢᠨ 27 ᠤ ᠡᠳᠦᠷ ᠬᠤᠰᠢᠭᠤ ᠨᠠᠮ ᠤᠨ ᠬᠤᠷᠢᠶᠠᠨ ᠤ ᠱᠦᠵᠢ᠂ ᠬᠤᠰᠢᠭᠤ ᠳᠠᠷᠤᠭ᠎ᠠ ᠵᠧᠤ | ᠢᠦᠶ ᠯᠦᠩ ᠨᠡᠷ ᠷᠦᠩ ᠭᠤᠸᠠᠨ ᠠᠭᠤᠷᠬᠠᠶ ᠶᠢᠨ ᠦᠢᠯᠡᠰ ᠤᠨ ᠬᠢᠵᠠᠭᠠᠷᠲᠤ ᠺᠣᠮᠫᠠᠨᠢ᠂ ᠰᠢᠯᠢᠨ ᠠᠭᠤᠷᠬᠠᠶ ᠶᠢᠨ | ᠦᠢᠯᠡᠰ ᠤᠨ ᠬᠢᠵᠠᠭᠠᠷᠲᠤ ᠺᠣᠮᠫᠠᠨᠢ᠂ ᠮᠠᠨᠳᠣᠬᠤᠪᠤᠯᠠᠭ ᠪᠠᠯᠭᠠᠰᠤᠨ ᠤ ᠳᠤᠮᠳᠠᠳᠤ ᠮᠣᠩᠭᠤᠯ ᠤᠨ ᠬᠢᠯᠢ ᠶᠢᠨ ᠭᠠᠯ ᠤᠨ | ᠴᠠᠷᠠᠭ᠎ᠠ ᠵᠡᠷᠭᠡ ᠭᠠᠵᠠᠷ ᠲᠤ ᠭᠦᠨᠵᠡᠭᠡᠶᠢᠷᠡᠵᠦ᠂ ᠠᠶᠤᠯᠭᠦᠶ ᠦᠢᠯᠡᠳᠪᠦᠷᠢᠯᠡᠯ᠂ ᠨᠠᠮᠤᠷ ᠤᠨ ᠤᠯᠠᠷᠢᠯ ᠤᠨ ᠣᠶ ᠰᠢᠭᠤᠶ | ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠵᠡᠷᠭᠡ ᠠᠵᠢᠯ ᠢ ᠬᠢᠨᠠᠨ ᠵᠢᠯᠣᠭᠤᠳᠴᠤ ᠪᠠᠶᠢᠴᠠᠭᠠᠪᠠ᠃ ᠵᠧᠦ | ᠢᠦᠢ ᠯᠦᠩ ᠤᠷᠢᠳ ᠬᠤᠵᠢᠳ ᠷᠦᠩ ᠭᠤᠸᠠᠨ ᠠᠭᠤᠷᠬᠠᠢ ᠶᠢᠨ ᠦᠢᠯᠡᠰ ᠤᠨ ᠬᠢᠵᠠᠭᠠᠷᠲᠤ ᠺᠣᠮᠫᠠᠨᠢ᠂ ᠰᠢᠯᠢᠨ | ᠠᠭᠤᠷᠬᠠᠢ ᠶᠢᠨ ᠦᠢᠯᠡᠰ ᠤᠨ ᠬᠢᠵᠠᠭᠠᠷᠲᠤ ᠺᠣᠮᠫᠠᠨᠢ ᠶᠢᠨ ᠠᠶᠤᠯᠭᠦᠢ ᠦᠢᠯᠡᠳᠪᠦᠷᠢᠯᠡᠯ ᠤᠨ ᠵᠢᠯᠣᠭᠤᠳᠬᠤ ᠲᠥᠪ ᠲᠤ | ᠬᠦᠷᠴᠦ᠂ ᠠᠵᠤ ᠠᠬᠤᠶᠢᠯᠠᠯ ᠤᠨ ᠣᠶᠤᠨᠴᠢ ᠬᠠᠮᠢᠶᠠᠷᠤᠯᠲᠠ ᠶᠢᠨ ᠰᠢᠰᠲ᠋ᠧᠮ ᠢᠶᠠᠷ ᠳᠠᠮᠵᠢᠨ ᠲᠤᠬᠠᠢ ᠶᠢᠨ | ᠲᠠᠯᠠᠪᠠᠢ ᠶᠢᠨ ᠠᠵᠢᠯ ᠤᠨ ᠪᠠᠶᠢᠳᠠᠯ ᠢ ᠪᠠᠶᠢᠴᠠᠭᠠᠨ ᠦᠵᠡᠵᠦ᠂ ᠡᠯ᠎ᠡ ᠠᠭᠤᠷᠬᠠᠢ ᠶᠢᠨ ᠠᠵᠤ ᠠᠬᠤᠶᠢᠯᠠᠯ ᠤᠨ | ᠦᠢᠯᠡᠳᠪᠦᠷᠢᠯᠡᠯ ᠠᠵᠢᠯᠯᠠᠭᠠᠨ ᠵᠢᠴᠢ ᠠᠶᠤᠯᠭᠦᠢ ᠦᠢᠯᠡᠳᠪᠦᠷᠢᠯᠡᠯ ᠤᠨ ᠬᠤᠯᠪᠣᠭᠳᠠᠯ ᠪᠦᠬᠦᠢ ᠪᠠᠶᠢᠳᠠᠯ ᠢ ᠨᠠᠷᠢᠨ | ᠣᠶᠢᠯᠠᠭᠠᠪᠠ᠃ ᠲᠡᠷᠡ᠂ ᠠᠭᠤᠷᠬᠠᠢ ᠶᠢᠨ ᠠᠵᠤ ᠠᠬᠤᠶᠢᠯᠠᠯ ᠤᠨ ᠬᠢᠨ ᠠᠶᠤᠯᠭᠦᠢ ᠦᠢᠯᠡᠳᠪᠦᠷᠢᠯᠡᠯ ᠤᠨ ᠡᠨᠡᠬᠦ | ᠭᠤᠣᠯᠳᠠᠯᠭ᠎ᠠ ᠶᠢ ᠴᠠᠭ ᠢᠮᠠᠭᠲᠠ ᠴᠢᠩᠭᠠᠷᠠᠭᠤᠯᠵᠤ᠂ ᠠᠶᠤᠯᠭᠦᠢ ᠦᠢᠯᠡᠳᠪᠦᠷᠢᠯᠡᠯ ᠤᠨ ᠭᠤᠣᠯ ᠴᠣᠭᠴᠠ ᠶᠢᠨ | ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠤᠶᠤᠨᠴᠢᠯᠠᠭᠰᠠᠨ ᠠᠷᠭ᠎ᠠ ᠪᠠᠷᠢᠯ ᠢ ᠠᠶᠤᠯᠭᠦᠢ | ᠦᠢᠯᠡᠳᠪᠦᠷᠢᠯᠡᠯ ᠤᠨ ᠬᠠᠮᠢᠶᠠᠷᠤᠯᠲᠠ ᠶᠢᠨ ᠠᠵᠢᠯ ᠳᠤ ᠦᠨᠡᠨᠬᠦ ᠬᠡᠷᠡᠭᠯᠡᠵᠦ᠂ ᠠᠭᠤᠷᠬᠠᠢ ᠶᠢᠨ ᠠᠵᠤ ᠠᠬᠤᠶᠢᠯᠠᠯ ᠤᠨ | ᠴᠢᠨᠠᠷ ᠰᠠᠶᠢᠲᠠᠢ ᠬᠥᠭᠵᠢᠯᠲᠡ ᠪᠣᠯᠤᠨ ᠥᠨᠳᠥᠷ ᠲᠦᠪᠰᠢᠨ ᠪᠦᠬᠦᠢ ᠠᠮᠤᠷ ᠲᠦᠪᠰᠢᠨ ᠤ ᠰᠠᠶᠢᠨ ᠰᠠᠶᠢᠬᠠᠨ | ᠬᠤᠷᠰᠢᠯᠴᠠᠭ᠎ᠠ ᠶᠢ ᠪᠡᠶᠡᠯᠡᠭᠦᠯᠬᠦ ᠬᠡᠷᠡᠭᠲᠡᠢ᠃ ᠪᠣᠬᠢᠷᠲᠤᠯ ᠥᠬᠡᠶ ᠠᠭᠤᠷᠬᠠᠶ ᠶᠢᠨ ᠪᠥᠲᠥᠭᠡᠨ ᠪᠠᠶᠢᠭᠤᠯᠤᠯᠲᠠ ᠶᠢ | ᠦᠷᠭᠦᠯᠵᠢᠯᠡᠨ ᠠᠬᠢᠭᠤᠯᠵᠤ᠂ ︽ᠨᠡᠭᠡᠭᠡᠨ ᠮᠠᠯᠲᠠᠬᠤ ᠶᠢᠨ ᠳᠠᠭᠠᠤ ᠵᠠᠰᠠᠵᠤ᠂ ᠵᠠᠰᠠᠨ ᠰᠡᠷᠭᠦᠭᠡᠬᠦ︾ ᠵᠠᠷᠴᠢᠮ ᠢ | ᠪᠠᠷᠢᠮᠲᠠᠯᠠᠵᠤ᠂ ᠠᠭᠤᠷᠬᠠᠶ ᠶᠢ ᠰᠡᠷᠭᠦᠭᠡᠨ ᠵᠠᠰᠠᠬᠤ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ | ᠨᠡᠮᠡᠭᠳᠡᠭᠦᠯᠬᠦ ᠶᠢ ᠠᠬᠢᠭᠤᠯᠬᠤ ᠬᠡᠷᠡᠭᠲᠡᠶ᠃ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ ᠬᠢᠨᠠᠨ ᠬᠠᠮᠢᠶᠠᠷᠬᠤ | ᠬᠠᠷᠢᠭᠤᠴᠠᠯᠭ᠎ᠠ ᠪᠠᠨ ᠦᠨᠡᠨ ᠬᠦ ᠭᠦᠢᠴᠡᠳᠬᠡᠵᠦ᠂ ᠠᠭᠤᠷᠬᠠᠶ ᠶᠢᠨ ᠠᠮᠢ ᠠᠬᠤᠶ ᠶᠢ ᠰᠡᠷᠭᠦᠭᠡᠬᠦ ᠠᠵᠢᠯ ᠢ ᠪᠥᠬᠦ | ᠲᠠᠯ᠎ᠠ ᠪᠠᠷ ᠠᠬᠢᠭᠤᠯᠵᠤ᠂ ᠪᠣᠳᠠᠲᠤ ᠠᠵᠢᠯᠯᠠᠭ᠎ᠠ ᠪᠠᠷ ᠢᠶᠠᠨ ᠪᠥᠬᠦ ᠬᠤᠰᠢᠭᠤᠨ ᠤ ᠠᠮᠢ ᠠᠬᠤᠶ ᠣᠷᠴᠢᠨ ᠲᠣᠭᠤᠷᠢᠨ ᠤ | ᠦᠷᠭᠦᠯᠵᠢᠯᠡᠨ ᠰᠠᠶᠢᠵᠢᠷᠠᠬᠤ ᠶᠢ ᠠᠬᠢᠭᠤᠯᠬᠤ ᠬᠡᠷᠡᠭᠲᠡᠶ ᠭᠡᠪᠠ᠃ | 9 ᠰᠠᠷ᠎ᠠ ᠶᠢᠨ 30 ᠤ ᠡᠳᠦᠷ ᠵᠡᠭᠦᠨ ᠦᠵᠦᠮᠦᠴᠢᠨ ᠬᠤᠰᠢᠭᠤᠨ ᠤ ᠪᠥᠬᠦᠳᠡ ᠨᠠᠶᠢᠷᠠᠮᠳᠠᠬᠤ ᠳᠤᠮᠳᠠᠳᠤ | ᠠᠷᠠᠳ ᠤᠯᠤᠰ ᠪᠠᠶᠢᠭᠤᠯᠤᠭᠳᠠᠭᠰᠠᠨ 75 ᠵᠢᠯ ᠤᠨ ᠣᠢ ᠶᠢ ᠪᠡᠯᠭᠡᠯᠡᠬᠦ ᠤᠯᠤᠰ ᠤᠨ ᠲᠤᠭ ᠮᠠᠨᠳᠤᠭᠤᠯᠬᠤ ᠶᠣᠰᠣᠯᠠᠯ | ᠬᠤᠰᠢᠭᠤ ᠬᠠᠷᠢᠶ᠎ᠠ ᠰᠠᠯᠠᠭ᠎ᠠ ᠮᠥᠴᠢᠷ ᠤᠨ ᠶᠡᠷᠦᠩᠬᠡᠶᠢᠯᠡᠭᠰᠡᠨ ᠠᠯᠪᠠᠨ ᠠᠰᠠᠷ ᠤᠨ ᠡᠮᠦᠨᠡᠬᠢ ᠠᠭᠤᠳᠠᠮ ᠲᠠᠯᠠᠪᠠᠶ ᠳᠤ | ᠶᠠᠪᠤᠭᠳᠠᠪᠠ᠃ ᠬᠤᠰᠢᠭᠤ ᠳᠥᠷᠪᠡᠨ ᠶᠡᠭᠡ ᠤᠳᠤᠷᠢᠳᠬᠤ ᠪᠠᠭ ᠤᠨ ᠤᠳᠤᠷᠢᠳᠤᠯᠭ᠎ᠠ᠂ ᠬᠤᠰᠢᠭᠤ ᠠᠮᠤᠷ | ᠲᠦᠪᠰᠢᠨ ᠤ ᠲᠣᠪᠴᠢᠶ᠎ᠠ ᠶᠢᠨ ᠭᠤᠤᠯ ᠤᠳᠤᠷᠢᠳᠤᠯᠭ᠎ᠠ᠂ ᠬᠤᠰᠢᠭᠤᠨ ᠤ ᠰᠢᠭᠤᠳ ᠬᠠᠷᠢᠶ᠎ᠠ᠂ ᠬᠤᠰᠢᠭᠤᠨ ᠳᠤ | ᠰᠠᠭᠤᠭ᠎ᠠ ᠡᠯ᠎ᠡ ᠨᠢᠭᠡᠴᠡ ᠶᠢᠨ ᠺᠠᠳ᠋ᠷ ᠠᠵᠢᠯᠲᠠᠨ ᠤ ᠲᠥᠯᠥᠭᠡᠯᠡᠭᠴᠢ ᠵᠢᠴᠢ ᠪᠥᠬᠦ ᠬᠤᠰᠢᠭᠤᠨ ᠤ ᠡᠯ᠎ᠡ ᠦᠨᠳᠦᠰᠦᠲᠡᠨ | ᠡᠯ᠎ᠡ ᠡᠲᠡᠭᠡᠳ ᠤᠨ ᠲᠥᠯᠥᠭᠡᠯᠡᠭᠴᠢ ᠨᠡᠶᠢᠲᠡ 300 ᠭᠠᠷᠤᠶ ᠬᠥᠮᠦᠨ ᠠᠵᠢᠯᠯᠠᠭ᠎ᠠ ᠳᠤ ᠣᠷᠣᠯᠴᠠᠵᠠᠶ᠃ | | |