ᠬᠤᠰᠢᠭᠤ ᠨᠠᠮ ᠤᠨ ᠬᠤᠷᠢᠶᠠᠨ ᠤ ᠱᠦᠵᠢ    ᠵᠧᠦ ᠢᠦᠢ ᠯᠦᠩ
ᠨᠡᠶᠢᠲᠡᠯᠡᠭᠰᠡᠨ ᠴᠠᠭ᠄
2024/12/12
     ᠤᠳᠤᠷᠢᠳᠤᠯᠭ᠎ᠠ ᠶᠢᠨ ᠠᠵᠢᠯ ᠤᠨ ᠬᠤᠪᠢᠶᠠᠷᠢᠯᠠᠯ            ᠬᠤᠰᠢᠭᠤ ᠨᠠᠮ ᠤᠨ ᠬᠤᠷᠢᠶ᠎ᠠ ᠶᠢᠨ ᠪᠥᠬᠦ ᠲᠠᠯ᠎ᠠ ᠶᠢᠨ ᠠᠵᠢᠯ ᠢ ᠡᠷᠭᠢᠯᠡᠨ᠂ ᠬᠤᠰᠢᠭᠤ ᠨᠠᠮ ᠤᠨ ᠬᠤᠷᠢᠶ᠎ᠠ ᠶᠢᠨ ᠨᠠᠮ ᠤᠨ ᠰᠤᠷᠭᠠᠭᠤᠯᠢ ︵ᠵᠠᠰᠠᠭ ᠵᠠᠬᠢᠷᠭᠠᠨ ᠤ ᠰᠤᠷᠭᠠᠭᠤᠯᠢ︶ ᠶᠢᠨ ᠵᠠᠬᠢᠷᠤᠯ ᠤᠨ ᠲᠤᠰᠢᠶᠠᠯ ᠢ ᠬᠠᠪᠰᠤᠷᠭᠠᠨ ᠬᠠᠷᠢᠭᠤᠴᠠᠨ᠎ᠠ︔ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠪᠠ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠨᠢᠭᠡᠳᠦᠭᠡᠷ ᠬᠠᠷᠢᠭᠤᠴᠠᠯᠭᠠᠲᠠᠨ ᠤ ᠡᠭᠦᠷᠭᠡ ᠬᠠᠷᠢᠭᠤᠴᠠᠯᠭ᠎ᠠ ᠶᠢ ᠭᠦᠢᠴᠡᠳᠬᠡᠵᠦ᠂ ᠤᠯᠤᠰ ᠲᠥᠷᠥ ᠶᠢᠨ ᠬᠠᠷᠢᠭᠤᠴᠠᠯᠭ᠎ᠠ ᠶᠢᠨ ᠨᠠᠷᠢᠨ ᠬᠠᠭᠤᠳᠠᠰᠤ᠂ ᠠᠶᠤᠯ ᠦᠭᠡᠢ ᠦᠢᠯᠡᠳᠪᠦᠷᠢᠯᠡᠯ ᠤᠨ ᠠᠵᠢᠯ ᠤᠨ ᠡᠭᠦᠷᠭᠡ ᠬᠠᠷᠢᠭᠤᠴᠠᠯᠭ᠎ᠠ ᠶᠢᠨ ᠨᠠᠷᠢᠨ ᠬᠠᠭᠤᠳᠠᠰᠤ ᠪᠠ ᠢᠳᠡᠭᠡᠨ ᠤ ᠠᠮᠤᠷ ᠲᠦᠪᠰᠢᠨ ᠤ ᠬᠠᠷᠢᠭᠤᠴᠠᠯᠭ᠎ᠠ ᠶᠢᠨ ᠨᠠᠷᠢᠨ ᠬᠠᠭᠤᠳᠠᠰᠤ ᠶᠢᠨ ᠡᠭᠦᠷᠭᠡ ᠶᠢ ᠨᠠᠶᠢᠳᠠᠪᠤᠷᠢᠵᠢᠭᠤᠯᠵᠤ᠂ ᠵᠡᠭᠦᠨ ᠦᠵᠦᠮᠦᠴᠢᠨ ᠬᠤᠰᠢᠭᠤᠨ ᠤ ᠠᠮᠢ ᠠᠬᠤᠢ ᠶᠢᠨ ᠣᠷᠴᠢᠨ ᠲᠣᠭᠤᠷᠢᠨ ᠪᠠ ᠡᠬᠢ ᠪᠠᠶᠠᠯᠢᠭ ᠤᠨ ᠬᠠᠮᠠᠭᠠᠯᠠᠯᠲᠠ ᠶᠢᠨ ᠭᠤᠣᠯ ᠬᠠᠷᠢᠭᠤᠴᠠᠯᠭ᠎ᠠ ᠶᠢ ᠡᠭᠦᠷᠭᠡᠯᠡᠨ᠎ᠡ︔ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ 32106 ᠴᠡᠷᠢᠭ ᠠᠩᠭᠢ᠂ ᠤᠯᠤᠰ ᠤᠨ ᠠᠮᠤᠷ ᠲᠦᠪᠰᠢᠨ ᠤ ᠪᠠᠶᠢᠭᠤᠯᠭ᠎ᠠ ᠲᠠᠢ ᠬᠠᠷᠢᠯᠴᠠᠨ᠎ᠠ᠃      ᠠᠵᠢᠯ ᠤᠨ ᠲᠣᠪᠴᠢ ᠨᠠᠮᠲᠠᠷ      ᠵᠧᠦ ᠢᠦᠢ ᠯᠦᠩ᠂ ᠡᠷᠡᠭᠲᠡᠢ᠂ ᠬᠢᠲᠠᠳ ᠦᠨᠳᠦᠰᠦᠲᠡᠨ᠂ 1982 ᠣᠨ ᠤ 11 ᠰᠠᠷ᠎ᠠ ᠳᠤ ᠲᠦᠷᠦᠵᠠᠢ᠂ ᠠᠵᠢᠯ ᠤᠨ ᠪᠠᠶᠢᠷᠢ ᠳᠡᠭᠡᠷᠡᠬᠢ ᠠᠰᠫᠢᠷᠠᠨᠲ ᠤᠨ ᠰᠤᠷᠤᠯᠭ᠎ᠠ ᠶᠢᠨ ᠨᠠᠮᠲᠠᠷ ᠲᠠᠢ᠂ ᠬᠠᠮᠢᠶᠠᠷᠤᠯᠲᠠ ᠶᠢᠨ ᠤᠬᠠᠭᠠᠨ᠂ ᠤᠳᠬ᠎ᠠ ᠵᠣᠬᠢᠶᠠᠯ ᠤᠨ ᠣᠶᠤᠲᠠᠨ ᠴᠣᠯᠠ ᠲᠠᠢ᠂ ᠳᠤᠮᠳᠠᠳᠤ ᠵᠡᠷᠭᠡ ᠶᠢᠨ ᠠᠵᠤ ᠠᠬᠤᠶᠢᠴᠢ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ᠃ ᠤᠳᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠡᠭᠦᠨ ᠦᠵᠦᠮᠦᠴᠢᠨ ᠬᠤᠰᠢᠭᠤᠨ ᠤ ᠨᠠᠮ ᠤᠨ ᠬᠤᠷᠢᠶ᠎ᠠ ᠶᠢᠨ ᠱᠦᠵᠢ ᠶᠢᠨ ᠲᠤᠰᠢᠶᠠᠯ ᠢ ᠬᠠᠷᠢᠭᠤᠴᠠᠵᠤ ᠪᠠᠶᠢᠨ᠎ᠠ᠃  
 
ᠢᠷᠡᠯᠲᠡ᠄ ᠵᠡᠭᠦᠨ ᠦᠵᠦᠮᠦᠴᠢᠨ ᠬᠤᠰᠢᠭᠤᠨ ᠤ ᠵᠠᠰᠠᠭ ᠤᠨ ᠣᠷᠳᠣᠨ ᠤ ᠠᠯᠪᠠᠨ ᠬᠡᠷ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号