ᠠᠯᠲᠠᠨᠬᠢᠯᠢ ᠰᠤᠮᠤ ᠰᠣᠨᠢᠨ ᠮᠡᠳᠡᠭᠡ ᠨᠡᠶᠢᠲᠡᠯᠡᠬᠦ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/12/17
      12 ᠳ᠋ᠤᠭᠠᠷ ᠰᠠᠷ᠎ᠠ ᠶᠢᠨ 2 ᠤᠨ ᠡᠳᠦᠷ᠂ ᠮᠠᠨ ᠤ ᠬᠤᠰᠢᠭᠤᠨ ᠤ ᠠᠯᠲᠠᠨᠬᠢᠯᠢ ᠰᠤᠮᠤ ᠰᠣᠨᠢᠨ ᠮᠡᠳᠡᠭᠡ ᠨᠡᠶᠢᠲᠡᠯᠡᠬᠦ ᠬᠤᠷᠠᠯ ᠬᠤᠷᠠᠯᠳᠤᠭᠤᠯᠵᠤ᠂ ᠠᠯᠲᠠᠨᠬᠢᠯᠢ ᠰᠤᠮᠤᠨ ᠤ 2024 ᠣᠨ ᠤ ᠣᠶᠤᠨ ᠤ ᠪᠣᠯᠪᠠᠰᠤᠨ ᠢ ᠡᠭᠦᠳᠦᠨ ᠪᠠᠶᠢᠭᠤᠯᠬᠤ ᠠᠵᠢᠯ ᠢ ᠥᠷᠨᠢᠭᠦᠯᠦᠭᠰᠡᠨ ᠪᠠᠶᠢᠳᠠᠯ ᠪᠠ ᠲᠠᠷᠠᠭᠠᠴᠢ ᠶᠢᠨ ᠠᠯᠬᠤᠮ ᠤᠨ ᠠᠵᠢᠯ ᠤᠨ ᠲᠥᠯᠥᠪᠯᠡᠭᠡ ᠶᠢ ᠨᠠᠷᠢᠨ ᠲᠠᠨᠢᠯᠴᠠᠭᠤᠯᠤᠭᠰᠠᠨ ᠪᠥᠭᠡᠳ ᠰᠤᠷᠪᠤᠯᠵᠢᠯᠠᠭᠴᠢ ᠶᠢᠨ ᠠᠰᠠᠭᠤᠯᠲᠠ ᠶᠢ ᠬᠠᠷᠢᠭᠤᠯᠪᠠ᠃      ᠰᠤᠷᠪᠤᠯᠵᠢᠯᠠᠭᠴᠢ ᠰᠣᠨᠢᠨ ᠮᠡᠳᠡᠭᠡ ᠨᠡᠶᠢᠲᠡᠯᠡᠬᠦ ᠬᠤᠷᠠᠯ ᠠᠴᠠ ᠣᠶᠢᠯᠠᠭᠠᠭᠰᠠᠨ ᠢᠶᠠᠷ᠂ 2024 ᠣᠨ  ᠳᠤ᠂ ᠠᠯᠲᠠᠨᠬᠢᠯᠢ ᠰᠤᠮᠤ ᠪᠣᠯᠪᠠᠰᠤᠨ ᠭᠠᠴᠠᠭ᠎ᠠ ᠰᠤᠮᠤ ᠶᠢ ᠡᠭᠦᠳᠦᠨ ᠪᠠᠶᠢᠭᠤᠯᠬᠤ ᠲᠤᠬᠠᠶ ᠬᠤᠰᠢᠭᠤ ᠨᠠᠮ ᠤᠨ ᠬᠤᠷᠢᠶᠠᠨ  ᠤ ᠪᠠᠷᠢᠮᠵᠢᠶ᠎ᠠ ᠲᠠᠢ ᠨᠢᠭᠲᠠ ᠤᠶᠠᠯᠳᠤᠭᠤᠯᠤᠨ᠂ ᠦᠵᠡᠯ ᠰᠠᠨᠠᠭ᠎ᠠ ᠪᠠᠷ ᠬᠥᠲᠥᠯᠥᠨ ᠳᠠᠭᠠᠭᠤᠯᠬᠤ᠂ ᠨᠤᠲᠤᠭ ᠤᠨ ᠰᠤᠷᠲᠠᠯ ᠪᠣᠯᠪᠠᠰᠤᠨ᠂ ᠠᠮᠢ ᠠᠬᠤᠶ ᠣᠷᠣᠰᠢᠨ ᠰᠠᠭᠤᠬᠤ ᠳᠤ ᠲᠣᠬᠢᠷᠠᠮᠵᠢᠲᠠᠶ᠂ ᠵᠠᠰᠠᠯᠲᠠ ᠪᠦᠲᠦᠮᠵᠢᠲᠡᠶ ᠵᠡᠷᠭᠡ ᠠᠵᠢᠯ ᠢ ᠨᠢᠭᠡᠳᠦᠯᠲᠡᠶ ᠲᠥᠯᠥᠪᠯᠡᠨ ᠠᠬᠢᠭᠤᠯᠵᠤ᠂ ︿︿ᠲᠡᠷᠢᠭᠦᠨ ᠤ ᠬᠢ ᠪᠣᠯᠬᠤ ᠪᠠᠷ ᠴᠢᠷᠮᠠᠶᠢᠬᠤ᠂ ᠬᠡᠪ ᠳᠠᠭᠤᠷᠢᠶᠠᠯ ᠦᠵᠡᠭᠦᠯᠬᠦ᠂ ᠰᠢᠨ᠎ᠡ ᠬᠠᠭᠤᠳᠠᠰᠤ ᠶᠢ ᠪᠢᠴᠢᠭᠯᠡᠬᠦ﹀﹀ ᠳᠤ ᠬᠦᠴᠦᠷᠬᠡᠭ ᠶᠡᠭᠡ ᠣᠶᠤᠨ ᠰᠠᠨᠠᠭᠠᠨ ᠤ ᠬᠦᠴᠦᠨ ᠨᠡᠮᠡᠷᠢᠯᠡᠪᠡ᠃      ᠲᠠᠷᠠᠭᠠᠴᠢ ᠶᠢᠨ ᠠᠯᠬᠤᠮ ᠳᠤ᠂ ᠠᠯᠲᠠᠨᠬᠢᠯᠢ ᠰᠤᠮᠤ ᠤᠬᠠᠭᠤᠯᠭ᠎ᠠ ᠬᠥᠮᠦᠵᠢᠯ ᠤᠨ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠪᠣᠯᠪᠠᠰᠤᠨ ᠭᠠᠴᠠᠭ᠎ᠠ ᠰᠤᠮᠤ ᠶᠢ ᠡᠭᠦᠳᠦᠨ ᠪᠠᠶᠢᠭᠤᠯᠬᠤ ᠲᠤᠬᠠᠶ ᠬᠤᠰᠢᠭᠤ ᠨᠠᠮ  ᠤᠨ ᠬᠤᠷᠢᠶᠠᠨ ᠤ ᠪᠠᠷᠢᠮᠵᠢᠶ᠎ᠠ ᠲᠠᠢ ᠨᠢᠭᠲᠠ ᠤᠶᠠᠯᠳᠤᠭᠤᠯᠤᠨ᠂ ᠪᠥᠬᠦ ᠣᠷᠣᠨ ᠤ ᠪᠣᠯᠪᠠᠰᠤᠨ ᠢ ᠡᠭᠦᠳᠦᠨ ᠪᠠᠶᠢᠭᠤᠯᠤᠭᠰᠠᠨ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠵᠦ᠂ ᠪᠣᠯᠪᠠᠰᠤᠨ ᠢ ᠡᠭᠦᠳᠦᠨ ᠪᠠᠶᠢᠭᠤᠯᠬᠤ ᠠᠵᠢᠯ  ᠤᠨ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠲᠠᠰᠤᠷᠠᠯᠲᠠ ᠥᠬᠡᠶ ᠲᠡᠭᠦᠯᠳᠡᠷᠵᠢᠭᠦᠯᠵᠦ᠂ ᠪᠣᠯᠪᠠᠰᠤᠨ  ᠢ ᠡᠭᠦᠳᠦᠨ ᠪᠠᠶᠢᠭᠤᠯᠬᠤ ᠡᠯ᠎ᠡ ᠵᠦᠶᠯ ᠤᠨ ᠠᠵᠢᠯ ᠤᠨ ᠡᠭᠦᠷᠭᠡ ᠶᠢ ᠨᠠᠶᠢᠳᠠᠪᠤᠷᠢᠵᠢᠭᠤᠯᠵᠤ᠂ ᠦᠷ᠎ᠡ ᠪᠦᠲᠦᠮᠵᠢ ᠭᠠᠷᠭᠠᠬᠤ ᠶᠢ ᠦᠨᠡᠨᠬᠦ ᠪᠠᠲᠤᠯᠠᠬᠤ ᠪᠤᠯᠤᠨ᠎ᠠ᠃
 
ᠢᠷᠡᠯᠲᠡ᠄ ᠵᠡᠬᠦᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号