ᠳᠣᠲᠣᠭᠠᠳᠤ ᠶᠢ ᠬᠠᠮᠠᠭᠠᠯᠠᠬᠤ ᠶᠠᠮᠤᠨ ᠠᠴᠠ ᠰᠤᠷᠪᠤᠯᠵᠢᠯᠠᠭᠴᠢ ᠶᠢᠨ ᠣᠶᠢᠯᠠᠭᠠᠭᠰᠠᠨ ᠢᠶᠠᠷ᠂ ᠡᠨᠡ ᠵᠢᠯ ᠤᠨ 12 | ᠳ᠋ᠤᠭᠠᠷ ᠰᠠᠷ᠎ᠠ ᠶᠢᠨ 2 ᠤᠨ ᠡᠳᠦᠷ ᠠᠴᠠ ᠡᠬᠢᠯᠡᠨ᠂ ᠮᠠᠰᠢᠨ ᠲᠡᠷᠭᠡᠨ ᠤ ᠵᠠᠮᠨᠠᠬᠤ ᠦᠨᠡᠮᠯᠡᠯ ᠤᠨ | ᠡᠯᠧᠺᠲᠷᠣᠨᠴᠢᠯᠠᠯᠲᠠ ᠶᠢ ᠪᠥᠬᠦ ᠤᠯᠤᠰ ᠲᠤ ᠪᠥᠬᠦ ᠲᠠᠯ᠎ᠠ ᠪᠠᠷ ᠬᠡᠷᠡᠭᠵᠢᠭᠦᠯᠵᠦ᠂ ᠪᠦᠬᠦ ᠤᠯᠤᠰ ᠤᠨ ᠪᠣᠢ ᠪᠦᠬᠦᠢ | ᠲᠤᠰᠬᠠᠢ ᠣᠷᠣᠨ ᠤ ᠳᠡᠰ ᠤᠨ ᠬᠤᠲᠠ ᠶᠢᠨ ᠲᠡᠷᠭᠡᠨ ᠤ ᠡᠵᠡᠳ ᠴᠥᠮ ︽ᠵᠠᠮ ᠬᠠᠷᠢᠯᠴᠠᠭᠠᠨ ᠤ ᠬᠠᠮᠢᠶᠠᠷᠤᠯᠲᠠ | 12123︾ APP ᠢᠶᠠᠷ ᠵᠠᠮᠨᠠᠬᠤ ᠡᠯᠧᠺᠲᠷᠣᠨ ᠦᠨᠡᠮᠯᠡᠯ ᠭᠤᠶᠤᠴᠢᠯᠠᠨ ᠠᠪᠴᠤ ᠪᠣᠯᠤᠨ᠎ᠠ᠃ | ᠵᠠᠮᠨᠠᠬᠤ ᠡᠯᠧᠺᠲᠷᠣᠨ ᠦᠨᠡᠮᠯᠡᠯ ᠢ ᠤᠷᠤᠭᠰᠢᠲᠠᠶ ᠳᠡᠯᠭᠡᠷᠡᠭᠦᠯᠦᠨ ᠬᠡᠷᠡᠭᠯᠡᠬᠦ ᠶᠢ ᠪᠠᠲᠤᠯᠠᠬᠤ ᠶᠢᠨ ᠲᠥᠯᠥᠭᠡ᠂ | ᠳᠣᠲᠣᠭᠠᠳᠤ ᠶᠢ ᠬᠠᠮᠠᠭᠠᠯᠠᠬᠤ ᠶᠠᠮᠤᠨ ᠤ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠲᠣᠪᠴᠢᠶ᠎ᠠ ᠲᠤᠰᠬᠠᠶ | ᠰᠡᠳᠦᠪ ᠢᠶᠠᠷ ᠪᠠᠶᠢᠷᠢᠯᠠᠭᠤᠯᠤᠨ ᠠᠬᠢᠭᠤᠯᠵᠤ᠂ ᠢᠵᠢ ᠪᠦᠷᠢᠳᠦᠭᠦᠯᠦᠭᠰᠡᠨ ᠲᠥᠰᠦᠯ ᠲᠣᠭᠲᠠᠭᠠᠨ᠂ ᠰᠢᠰᠲ᠋ᠧᠮ ᠢ | ᠵᠣᠬᠢᠶᠠᠨ ᠪᠠᠶᠢᠭᠤᠯᠵᠤ ᠪᠠᠶᠢᠭᠠᠳ ᠲᠠᠰ ᠳᠡᠪᠰᠢᠭᠦᠯᠵᠦ᠂ ᠡᠯ᠎ᠡ ᠭᠠᠵᠠᠷ ᠤᠨ ᠳᠣᠲᠣᠭᠠᠳᠤ ᠶᠢ ᠬᠠᠮᠠᠭᠠᠯᠠᠬᠤ ᠵᠠᠮ | ᠬᠠᠷᠢᠯᠴᠠᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠲᠥᠰᠦᠯ ᠢ ᠨᠠᠷᠢᠯᠢᠬᠵᠢᠭᠤᠯᠤᠨ ᠨᠠᠷᠢᠨ ᠨᠢᠮᠪᠠᠶ ᠵᠣᠬᠢᠶᠠᠨ | ᠪᠠᠶᠢᠭᠤᠯᠵᠤ᠂ ᠡᠨᠡ ᠵᠢᠯ ᠤᠨ 7 ᠳ᠋ᠤᠭᠠᠷ ᠰᠠᠷ᠎ᠠ ᠶᠢᠨ 1 ᠤ ᠡᠳᠦᠷ ᠠᠴᠠ ᠨᠠᠭᠠᠰᠢ 8600 ᠭᠠᠷᠤᠶ ᠲᠦᠮᠡᠨ | ᠲᠡᠷᠭᠡᠨ ᠤ ᠡᠵᠡᠳ ᠲᠤ ᠵᠠᠮᠨᠠᠬᠤ ᠡᠯᠧᠺᠲᠷᠣᠨ ᠦᠨᠡᠮᠯᠡᠯ ᠣᠯᠭᠤᠵᠤ᠂ ᠣᠯᠠᠨ ᠲᠦᠮᠡᠨ ᠳᠤ ᠰᠦᠯᠵᠢᠶ᠎ᠡ ᠪᠠᠷ | ︽ᠦᠨᠡᠮᠯᠡᠯ ᠭᠠᠷᠳᠠᠭᠤᠯᠬᠤ︾ ︽ᠺᠣᠳ᠋ ᠢ ᠨᠢ ᠦᠵᠡᠭᠦᠯᠬᠦ︾ ᠦᠢᠯᠡᠴᠢᠯᠡᠭᠡ ᠬᠠᠩᠭᠠᠪᠠ᠃ | ᠵᠠᠮᠨᠠᠬᠤ ᠡᠯᠧᠺᠲᠷᠣᠨ ᠦᠨᠡᠮᠯᠡᠯ ᠨᠢ ᠭᠤᠣᠯᠳᠠᠭᠤ 3 ᠣᠨᠴᠠᠯᠢᠭ ᠲᠠᠢ᠄ | ᠨᠢᠭᠡ ᠳᠤ᠂ ᠭᠤᠶᠤᠴᠢᠯᠠᠨ ᠠᠪᠴᠤ ᠬᠡᠷᠡᠭᠯᠡᠬᠦ ᠳᠤ ᠳᠥᠭᠦᠮᠯᠡᠪᠡ᠃ ᠮᠠᠰᠢᠨ ᠲᠡᠷᠭᠡᠨ ᠤ ᠥᠮᠴᠢᠯᠡᠭᠴᠢ ︽ᠵᠠᠮ | ᠬᠠᠷᠢᠯᠴᠠᠭᠠᠨ ᠤ ᠬᠠᠮᠢᠶᠠᠷᠤᠯᠲᠠ 12123︾ APP ᠠᠴᠠ ᠵᠠᠮᠨᠠᠬᠤ ᠡᠯᠧᠺᠲᠷᠣᠨ ᠦᠨᠡᠮᠯᠡᠯ ᠢ ᠰᠢᠭᠤᠳ | ᠭᠤᠶᠤᠴᠢᠯᠠᠨ ᠠᠪᠴᠤ ᠪᠣᠯᠤᠨ᠎ᠠ᠃ ᠵᠠᠮᠨᠠᠬᠤ ᠡᠯᠧᠺᠲᠷᠣᠨ ᠦᠨᠡᠮᠯᠡᠯ ᠤᠨ ᠦᠯᠢᠭᠡᠷ ᠬᠡᠪ ᠨᠢ ᠪᠥᠬᠦ ᠤᠯᠤᠰ ᠲᠤ | ᠨᠢᠭᠡᠳᠦᠯᠲᠡᠶ ᠪᠠᠶᠢᠵᠤ᠂ ᠣᠯᠠᠨ ᠲᠦᠮᠡᠨ ᠲᠡᠷᠭᠡ ᠬᠥᠰᠬᠡ ᠳᠠᠩᠰᠠᠯᠠᠭᠤᠯᠬᠤ᠂ ᠬᠠᠤᠯᠢ ᠠᠴᠠ ᠵᠥᠷᠢᠴᠡᠭᠰᠡᠨ ᠢᠶᠠᠨ | ᠰᠢᠢᠳᠪᠦᠷᠢᠯᠡᠭᠦᠯᠬᠦ᠂ ᠠᠳᠡᠯ ᠢ ᠰᠢᠢᠳᠪᠦᠷᠢᠯᠡᠭᠦᠯᠬᠦ ᠵᠡᠷᠭᠡ ᠵᠠᠮ ᠬᠠᠷᠢᠯᠴᠠᠭᠠᠨ ᠤ ᠬᠠᠮᠢᠶᠠᠷᠤᠯᠲᠠ ᠶᠢᠨ | ᠴᠣᠩᠬᠤᠪᠴᠢ ᠶᠢᠨ ᠲᠤᠬᠠᠶᠢᠯᠠᠭᠰᠠᠨ ᠠᠵᠢᠯ ᠢᠶᠠᠨ ᠭᠦᠢᠴᠡᠳᠬᠡᠬᠦ ᠳᠤ ᠦᠵᠡᠭᠦᠯᠦᠨ ᠬᠡᠷᠡᠭᠯᠡᠵᠦ ᠪᠣᠯᠣᠨ᠎ᠠ᠂ ᠮᠠᠰᠢᠨ | ᠲᠡᠷᠭᠡᠨ ᠤ ᠥᠮᠴᠢᠯᠡᠭᠴᠢ ᠪᠤᠰᠤᠳ ᠲᠤ ᠡᠷᠬᠡ ᠣᠯᠭᠤᠨ ᠬᠡᠷᠡᠭᠯᠡᠭᠦᠯᠬᠦ ᠶᠢ ᠳᠡᠮᠵᠢᠵᠦ᠂ ᠪᠤᠰᠤᠳ ᠬᠥᠮᠦᠨ ᠳᠤ | ᠨᠠᠶᠢᠳᠠᠵᠤ ᠲᠤᠬᠠᠶᠢᠯᠠᠭᠰᠠᠨ ᠠᠵᠢᠯ ᠢ ᠣᠷᠣᠯᠠᠨ ᠭᠦᠢᠴᠡᠳᠬᠡᠬᠦ ᠳᠤ ᠳᠥᠭᠦᠮᠯᠡᠪᠡ᠃ ᠡᠭᠦᠨ ᠤ ᠬᠠᠮᠲᠤ᠂ | ᠠᠶᠠᠨᠴᠢᠳ ᠤᠨ ᠪᠠ ᠪᠠᠷᠠᠭ᠎ᠠ ᠶᠢᠨ ᠲᠡᠭᠡᠭᠡᠪᠦᠷᠢ ᠶᠢᠨ ᠦᠨᠡᠮᠯᠡᠯ᠂ ᠳᠠᠭᠠᠳᠬᠠᠯ ᠤᠨ ᠲᠥᠯᠥᠪᠦᠷᠢ ᠵᠡᠷᠭᠡ | ᠬᠡᠷᠡᠭᠯᠡᠯᠲᠡ ᠶᠢᠨ ᠪᠠᠶᠢᠳᠠᠯ ᠬᠦᠷᠲᠡᠯ᠎ᠡ ᠥᠷᠭᠡᠳᠬᠡᠵᠦ ᠪᠣᠯᠤᠨ᠎ᠠ᠃ | ᠬᠤᠶᠠᠷ ᠲᠤ᠂ ᠴᠠᠭ ᠲᠤᠬᠠᠢ ᠳᠤ ᠨᠢ ᠬᠥᠳᠡᠯᠦᠩᠭᠦᠢ ᠪᠠᠷ ᠰᠢᠨᠡᠳᠬᠡᠨ᠎ᠡ᠃ ᠵᠠᠮᠨᠠᠬᠤ ᠡᠯᠧᠺᠲᠷᠣᠨ ᠦᠨᠡᠮᠯᠡᠯ ᠢ | ᠪᠥᠬᠦ ᠤᠯᠤᠰ ᠤᠨ ᠳᠣᠲᠣᠭᠠᠳᠤ ᠶᠢ ᠬᠠᠮᠠᠭᠠᠯᠠᠬᠤ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠡᠯᠧᠺᠲᠷᠣᠨ | ᠦᠨᠡᠮᠯᠡᠯ ᠤᠨ ᠰᠢᠰᠲ᠋ᠧᠮ ᠪᠣᠶ ᠪᠣᠯᠭᠠᠵᠤ᠂ ᠮᠠᠰᠢᠨᠲᠤ ᠲᠡᠷᠭᠡ ᠶᠢ ᠰᠢᠯᠭᠠᠨ ᠪᠠᠶᠢᠴᠠᠭᠠᠬᠤ᠂ ᠪᠠᠷᠢᠴᠠᠭᠠᠯᠠᠬᠤ᠂ ᠵᠠᠮ | ᠬᠠᠷᠢᠯᠴᠠᠭᠠᠨ ᠤ ᠬᠠᠤᠯᠢ ᠠᠴᠠ ᠵᠥᠷᠢᠴᠡᠭᠰᠡᠨ ᠪᠠ ᠵᠠᠮ ᠬᠠᠷᠢᠯᠴᠠᠭᠠᠨ ᠤ ᠠᠳᠡᠯ ᠢ ᠰᠢᠢᠳᠪᠦᠷᠢᠯᠡᠭᠰᠡᠨ ᠪᠠᠶᠢᠳᠠᠯ ᠵᠡᠷᠭᠡ | ᠪᠠᠶᠢᠳᠠᠯ ᠢ ᠬᠥᠳᠡᠯᠦᠩᠭᠦᠶ ᠪᠠᠷ ᠢᠯᠡᠷᠡᠭᠦᠯᠵᠦ᠂ ᠴᠠᠭ ᠲᠤᠬᠠᠶ ᠳᠤ ᠨᠢ ᠪᠠᠶᠢᠴᠠᠭᠠᠨ ᠯᠠᠪᠯᠠᠬᠤ᠂ ᠴᠠᠭ ᠲᠤᠬᠠᠶ ᠳᠤ ᠨᠢ | ᠭᠠᠷᠭᠠᠨ ᠦᠵᠡᠭᠦᠯᠬᠦ᠂ ᠴᠠᠭ ᠲᠤᠬᠠᠶ ᠳᠤ ᠨᠢ ᠬᠢᠨᠠᠨ ᠰᠢᠯᠭᠠᠬᠤ ᠳᠤ ᠳᠥᠭᠦᠮᠯᠡᠵᠦ᠂ ᠲᠡᠷᠭᠡ ᠬᠥᠰᠬᠡ ᠶᠢ | ᠪᠠᠷᠢᠴᠠᠭᠠᠯᠠᠬᠤ᠂ ᠭᠠᠷ ᠳᠠᠮᠵᠢᠭᠰᠠᠨ ᠮᠠᠰᠢᠨ ᠲᠡᠷᠭᠡ ᠶᠢ ᠠᠷᠠᠯᠵᠢᠶᠠᠯᠠᠬᠤ ᠵᠡᠷᠭᠡ ᠪᠠᠶᠢᠳᠠᠯ ᠳᠤ ᠬᠡᠷᠡᠭᠯᠡᠬᠦ ᠳᠤ | ᠳᠥᠭᠦᠮᠯᠡᠪᠡ᠃ | ᠭᠤᠷᠪᠠ ᠳᠤ᠂ ᠠᠮᠤᠷ ᠲᠦᠪᠰᠢᠨ ᠪᠦᠲᠦᠮᠵᠢᠲᠡᠢ ᠨᠠᠶᠢᠳᠠᠪᠤᠷᠢᠲᠠᠢ᠃ ᠵᠠᠮᠨᠠᠬᠤ ᠡᠯᠧᠺᠲᠷᠣᠨ ᠦᠨᠡᠮᠯᠡᠯ ᠨᠢ ᠪᠥᠬᠦ | ᠤᠯᠤᠰ ᠤᠨ ᠳᠣᠲᠣᠭᠠᠳᠤ ᠶᠢ ᠬᠠᠮᠠᠭᠠᠯᠠᠬᠤ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠡᠯᠧᠺᠲᠷᠣᠨ ᠦᠨᠡᠮᠯᠡᠯ ᠤᠨ | ᠡᠬᠢ ᠪᠠᠶᠠᠯᠢᠭ ᠤᠨ ᠬᠥᠮᠥᠷᠭᠡ ᠶᠢᠨ ᠰᠢᠯᠭᠠᠨ ᠨᠤᠲᠠᠯᠠᠯᠲᠠ ᠶᠢᠨ ᠬᠠᠷᠢᠴᠠᠭᠤᠯᠤᠯ ᠢᠶᠠᠷ ᠳᠠᠮᠵᠢᠭᠤᠯᠤᠨ᠂ ᠭᠠᠷ ᠤᠨ | ᠦᠰᠦᠭ ᠤᠨ ᠳ᠋ᠢᠭᠢᠲ ᠮᠡᠷᠭᠡᠵᠢᠯ ᠢᠶᠠᠷ ᠬᠠᠭᠤᠷᠮᠠᠭᠯᠠᠬᠤ ᠶᠢ ᠰᠡᠷᠭᠡᠶᠢᠯᠡᠬᠦ ᠮᠡᠷᠭᠡᠵᠢᠯ ᠢ ᠬᠡᠷᠡᠭᠯᠡᠨ᠂ ᠬᠤᠪᠢᠷᠠᠭᠤᠯᠬᠤ᠂ | ᠬᠠᠭᠤᠷᠮᠠᠭ ᠢᠶᠠᠷ ᠵᠣᠬᠢᠶᠠᠬᠤ ᠶᠢ ᠪᠦᠲᠦᠮᠵᠢᠲᠡᠶ ᠰᠡᠷᠭᠡᠶᠢᠯᠡᠵᠦ᠂ ᠵᠠᠮᠨᠠᠬᠤ ᠡᠯᠧᠺᠲᠷᠣᠨ ᠦᠨᠡᠮᠯᠡᠯ ᠤᠨ ᠦᠨᠡᠨ ᠪᠣᠳᠠᠲᠠᠶ | ᠪᠥᠭᠡᠳ ᠬᠦᠴᠦᠨ ᠲᠠᠢ ᠪᠠᠶᠢᠬᠤ ᠶᠢ ᠪᠠᠲᠤᠯᠠᠨ᠂ ᠭᠠᠷ ᠳᠠᠮᠵᠢᠭᠰᠠᠨ ᠮᠠᠰᠢᠨ ᠲᠡᠷᠭᠡᠨ ᠤ ᠠᠷᠠᠯᠵᠢᠶ᠎ᠠ ᠵᠡᠷᠭᠡ ᠠᠬᠤᠶ | ᠲᠠᠯᠠᠪᠠᠶ ᠳᠤ ᠮᠡᠳᠡᠭᠡ ᠵᠠᠩᠭᠢ ᠴᠤᠭᠯᠠᠭᠤᠯᠬᠤ ᠬᠡᠷᠡᠭᠯᠡᠯᠲᠡ ᠳᠤ ᠳᠥᠭᠦᠮᠯᠡᠬᠦ ᠶᠢ ᠪᠠᠲᠤᠯᠠᠭᠰᠠᠨ ᠤ ᠬᠠᠮᠲᠤ ᠬᠥᠳᠡᠯᠦᠩᠭᠦᠶ | ᠬᠤᠶᠠᠷ ᠬᠡᠮᠵᠢᠯᠳᠦ ᠺᠣᠳ᠋᠂ ᠳ᠋ᠠᠶᠢᠲ᠋ᠠ ᠶᠢᠨ ᠰᠡᠷᠭᠡᠭ ᠢ ᠦᠭᠡᠶᠢᠳᠡᠭᠦᠯᠬᠦ᠂ ᠳ᠋ᠠᠶᠢᠲ᠋ᠠ ᠨᠢᠭᠤᠴᠠᠯᠠᠬᠤ᠂ ᠪᠣᠳᠠᠲᠤ ᠬᠥᠮᠦᠨ | ᠭᠡᠷᠡᠴᠢᠯᠡᠬᠦ ᠵᠡᠷᠭᠡ ᠮᠡᠷᠭᠡᠵᠢᠯ ᠢ ᠬᠡᠷᠡᠭᠯᠡᠨ ᠬᠤᠪᠢ ᠬᠥᠮᠦᠨ ᠤ ᠮᠡᠳᠡᠭᠡ ᠵᠠᠩᠭᠢ ᠶᠢᠨ ᠠᠮᠤᠷ ᠲᠦᠪᠰᠢᠨ ᠢ ᠬᠠᠮᠠᠭᠠᠯᠠᠪᠠ᠃ | | ᠲᠣᠳᠣᠷᠬᠠᠶᠢᠯᠠᠬᠤ ᠴᠢᠬᠤᠯᠠᠲᠠᠶ ᠨᠢ᠂ ︽ᠵᠠᠮ ᠬᠠᠷᠢᠯᠴᠠᠭᠠᠨ ᠤ ᠠᠮᠤᠷ ᠲᠦᠪᠰᠢᠨ ᠤ ᠬᠠᠤᠯᠢ︾ ᠶᠢᠨ ᠲᠣᠭᠲᠠᠭᠠᠯ | ᠶᠣᠰᠣᠭᠠᠷ᠂ ᠵᠠᠮᠨᠠᠬᠤ ᠦᠨᠡᠮᠯᠡᠯ ᠤᠨ ᠴᠠᠭᠠᠰᠤᠨ ᠦᠨᠡᠮᠯᠡᠯ ᠢᠶᠠᠨ ᠲᠡᠷᠭᠡᠨ ᠳᠤ ᠪᠠᠨ ᠠᠪᠴᠤ ᠶᠠᠪᠤᠬᠤ ᠬᠡᠷᠡᠭᠲᠡᠶ︔ | ᠵᠠᠮᠨᠠᠬᠤ ᠡᠯᠧᠺᠲᠷᠣᠨ ᠦᠨᠡᠮᠯᠡᠯ ᠢ ᠭᠤᠤᠯᠳᠠᠭᠤ ᠬᠠᠮᠢᠶ᠎ᠠ ᠪᠥᠬᠦᠶ ᠴᠣᠩᠬᠤᠪᠴᠢ ᠶᠢᠨ ᠲᠤᠬᠠᠶᠢᠯᠠᠭᠰᠠᠨ ᠠᠵᠢᠯ ᠢ | ᠭᠦᠢᠴᠡᠳᠬᠡᠬᠦ ᠳᠤ ᠬᠡᠷᠡᠭᠯᠡᠨ᠎ᠡ᠃ | ᠣᠶᠢᠯᠠᠭᠠᠭᠰᠠᠨ ᠢᠶᠠᠷ᠂ ᠡᠨᠡ ᠵᠢᠯ ᠤᠨ 7 ᠳ᠋ᠤᠭᠠᠷ ᠰᠠᠷ᠎ᠠ ᠶᠢᠨ 1 ᠤ ᠡᠳᠦᠷ ᠳᠣᠲᠣᠭᠠᠳᠤ ᠶᠢ ᠬᠠᠮᠠᠭᠠᠯᠠᠬᠤ | ᠶᠠᠮᠤᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠥᠭᠡᠷᠡᠴᠢᠯᠡᠯᠲᠡ ᠶᠢᠨ 8 ᠰᠢᠨ᠎ᠡ ᠠᠷᠭ᠎ᠠ ᠬᠡᠮᠵᠢᠶ᠎ᠡ ᠶᠢ | ᠭᠠᠷᠭᠠᠭᠰᠠᠨ ᠠᠴᠠ ᠨᠠᠭᠠᠰᠢ᠂ 1 ᠳ᠋ᠦᠩᠰᠢᠭᠤᠷ ᠭᠠᠷᠤᠶ ᠬᠥᠮᠦᠨ ᠤᠳᠠᠭ᠎ᠠ ᠳᠤ ᠠᠰᠢᠭ ᠬᠦᠷᠲᠡᠭᠡᠵᠦ᠂ ᠣᠯᠠᠨ | ᠲᠦᠮᠡᠨ ᠤ ᠪᠠ ᠠᠵᠤ ᠠᠬᠤᠶᠢᠯᠠᠯ ᠤᠨ ᠳᠠᠷᠤᠭᠠᠰᠤ ᠶᠢ 40 ᠳ᠋ᠦᠩᠰᠢᠭᠤᠷ ᠲᠥᠭᠦᠷᠢᠭ ᠬᠥᠩᠭᠡᠯᠡᠭᠰᠡᠨ ᠪᠠᠶᠢᠨ᠎ᠠ᠃ | | |