12 ᠳ᠋ᠤᠭᠠᠷ ᠰᠠᠷ᠎ᠠ ᠶᠢᠨ 1 ᠤ ᠡᠳᠦᠷ᠂ ᠰᠤᠷᠪᠤᠯᠵᠢᠯᠠᠭᠴᠢ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ | ᠪᠠ ᠥᠭᠡᠷᠡᠴᠢᠯᠡᠯᠲᠡ ᠶᠢᠨ ᠵᠥᠪᠯᠡᠯ ᠠᠴᠠ ᠣᠶᠢᠯᠠᠭᠠᠭᠰᠠᠨ ᠢᠶᠠᠷ᠂ ᠥᠨᠥ ᠵᠢᠯ ᠠᠴᠠ ᠨᠠᠭᠠᠰᠢ᠂ ᠲᠤᠰ ᠨᠢᠭᠡᠴᠢ | ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠢᠨᠵᠧᠨᠧᠷᠢᠩ ᠤᠨ ᠲᠤᠰᠬᠠᠢ ᠳᠤᠭᠤᠶᠢᠯᠠᠩ ᠤᠨ ᠠᠯᠪᠠᠨ ᠭᠡᠷ ᠤᠨ | ᠡᠭᠦᠷᠭᠡ ᠬᠠᠷᠢᠭᠤᠴᠠᠯᠭ᠎ᠠ ᠪᠠᠨ ᠭᠦᠢᠴᠡᠳ ᠪᠠᠳᠠᠷᠠᠭᠤᠯᠵᠤ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠢᠨᠵᠧᠨᠧᠷᠢᠩ ᠤᠨ ᠬᠡᠷᠡᠭᠵᠢᠭᠦᠯᠬᠦ ᠲᠥᠰᠥᠯ︾ ᠳᠤ | ᠲᠣᠳᠣᠷᠬᠠᠶᠢᠯᠠᠭᠰᠠᠨ ︽ᠥᠪᠥᠷ ᠮᠣᠩᠭᠤᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ ᠳᠤᠮᠳᠠᠳᠤ ᠤᠯᠤᠰ ᠤᠨ | ᠮᠠᠶ᠋ᠢᠭ ᠤᠨ ᠣᠳᠣᠬᠢᠴᠢᠯᠠᠯᠲᠠ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠲᠤᠬᠠᠢ ᠲᠥᠷᠥ ᠶᠢᠨ ᠶᠠᠪᠤᠳᠠᠯ ᠤᠨ | ᠬᠤᠷᠢᠶᠠᠨ ᠤ ᠰᠠᠨᠠᠯ︾ ︵ᠳᠣᠷᠣᠭᠰᠢ ︽ᠰᠠᠨᠠᠯ︾ ᠭᠡᠵᠦ ᠲᠣᠪᠴᠢᠯᠠᠪᠠ︶ ᠢ ᠲᠤᠭᠤᠰᠢᠯᠠᠭᠤᠯᠤᠨ | ᠨᠠᠶᠢᠳᠠᠪᠤᠷᠢᠵᠢᠭᠤᠯᠬᠤ᠂ ᠴᠢᠬᠤᠯᠠ ᠶᠡᠭᠡ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ᠂ ᠢᠵᠢ | ᠲᠥᠬᠦᠷ ᠲᠥᠷᠥ ᠶᠢᠨ ᠪᠣᠳᠣᠯᠭ᠎ᠠ ᠨᠡᠶᠢᠲᠡᠯᠡᠬᠦ ᠶᠢ ᠠᠬᠢᠭᠤᠯᠬᠤ᠂ ᠤᠯᠤᠰ ᠤᠨ ᠴᠢᠬᠤᠯᠠ ᠶᠡᠭᠡ ᠪᠠᠶᠢᠯᠳᠤᠬᠤ | ᠪᠣᠳᠣᠯᠭ᠎ᠠ ᠶᠢ ᠬᠡᠷᠡᠭᠵᠢᠭᠦᠯᠬᠦ ᠳᠥᠷᠪᠡᠨ ᠲᠠᠯ᠎ᠠ ᠶᠢᠨ ᠭᠤᠣᠯᠳᠠᠯᠭ᠎ᠠ ᠪᠣᠯᠬᠤ ᠡᠭᠦᠷᠭᠡ ᠶᠢᠨ ᠲᠣᠭᠤᠷᠢᠨ ᠳᠤ᠂ | ︽ᠠᠵᠢᠯ ᠢ ᠠᠬᠢᠭᠤᠯᠬᠤ᠂ ᠶᠡᠷᠦᠩᠬᠡᠶᠢᠯᠡᠨ ᠵᠣᠬᠢᠴᠠᠭᠤᠯᠬᠤ᠂ ᠳ᠋ᠦᠩᠨᠡᠨ ᠦᠨᠡᠯᠡᠬᠦ᠂ ᠤᠬᠠᠭᠤᠯᠤᠨ ᠳᠡᠯᠭᠡᠷᠡᠭᠦᠯᠬᠦ᠂ | ᠰᠢᠮᠳᠠᠭᠤᠯᠤᠨ ᠭᠦᠢᠴᠡᠳᠬᠡᠭᠦᠯᠵᠦ ᠮᠡᠳᠡᠭᠡᠯᠡᠬᠦ᠂ ᠬᠥᠳᠡᠯᠦᠩᠭᠦᠢ ᠪᠠᠷ ᠲᠣᠬᠢᠷᠠᠭᠤᠯᠬᠤ︾ ᠵᠢᠷᠭᠤᠭᠠᠨ ᠲᠣᠭᠲᠠᠴᠠ ᠶᠢ | ᠪᠠᠶᠢᠭᠤᠯᠤᠨ᠂ ︽ᠴᠠᠭᠠᠰᠤᠨ ᠳᠡᠭᠡᠷᠡᠬᠢ︾ ᠡᠯ᠎ᠡ ᠵᠦᠢᠯ ᠤᠨ ᠲᠥᠷᠥ ᠶᠢᠨ ᠪᠣᠳᠣᠯᠭ᠎ᠠ ᠶᠢ ᠪᠣᠲᠠᠲᠠᠢ ᠪᠣᠯᠭᠠᠨ | ᠨᠠᠶᠢᠳᠠᠪᠤᠷᠢᠵᠢᠭᠤᠯᠬᠤ ᠶᠢ ᠪᠥᠬᠦ ᠬᠦᠴᠦᠨ ᠢᠶᠠᠷ ᠢᠶᠠᠨ ᠠᠬᠢᠭᠤᠯᠤᠭᠠᠳ ᠲᠥᠷᠥ ᠶᠢᠨ ᠪᠣᠳᠣᠯᠭ᠎ᠠ ᠶᠢᠨ ᠠᠰᠢᠭ | ᠲᠤᠰᠠ ᠶᠢ ᠦᠨᠡᠨ ᠬᠦ ᠪᠣᠳᠠᠲᠤ ᠦᠢᠯᠡᠳᠪᠦᠷᠢᠯᠡᠯ ᠤᠨ ᠬᠦᠴᠦᠨ ᠪᠣᠯᠭᠠᠨ ᠬᠤᠪᠢᠷᠠᠭᠤᠯᠵᠠᠢ᠃ | ︽ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠢᠨᠵᠧᠨᠧᠷᠢᠩ︾ ᠪᠣᠯ ᠥᠪᠡᠷᠲᠡᠭᠡᠨ ᠵᠠᠰᠠᠬᠤ ᠣᠷᠣᠨ ᠤ | ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠲᠣᠭᠲᠠᠭᠠᠭᠰᠠᠨ ᠭᠤᠣᠯᠳᠠᠯᠭ᠎ᠠ ᠪᠣᠯᠬᠤ ᠢᠨᠵᠧᠨᠧᠷᠢᠩ ᠮᠥᠨ ᠪᠥᠭᠡᠳ | ︽ᠵᠢᠷᠭᠤᠭᠠᠨ ᠢᠨᠵᠧᠨᠧᠷᠢᠩ︾ ᠤᠨ ᠳᠣᠲᠣᠷᠠᠬᠢ ᠲᠡᠷᠢᠭᠦᠨ ᠢᠨᠵᠧᠨᠧᠷᠢᠩ ᠨᠢ ᠪᠣᠯᠣᠨ᠎ᠠ᠃ ᠨᠢᠳᠤᠨᠤᠨ ᠤ 10 | ᠳ᠋ᠤᠭᠠᠷ ᠰᠠᠷ᠎ᠠ ᠳᠤ ︽ᠰᠠᠨᠠᠯ︾ ᠢ ᠨᠡᠶᠢᠲᠡᠯᠡᠭᠰᠡᠨ ᠤ ᠳᠠᠷᠠᠭ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ | ᠵᠠᠰᠠᠭ ᠤᠨ ᠣᠷᠳᠣᠨ ᠨᠢᠭᠡ ᠬᠥᠯᠭᠡ ᠰᠢᠲᠠᠷ᠎ᠠ ᠶᠢ ᠨᠢᠭᠡᠳᠦᠯᠲᠡᠢ ᠲᠥᠯᠥᠪᠯᠡᠬᠦ᠂ ᠨᠢᠭᠡ ᠴᠣᠭᠴᠠᠵᠢᠭᠤᠯᠤᠨ | ᠠᠬᠢᠭᠤᠯᠬᠤ᠂ ᠬᠠᠮᠲᠤ ᠳᠤ ᠨᠢ ᠪᠠᠲᠤᠯᠠᠬᠤ ᠶᠢ ᠪᠠᠷᠢᠮᠲᠠᠯᠠᠨ᠂ ᠡᠯ᠎ᠡ ᠭᠠᠵᠠᠷ ᠡᠯ᠎ᠡ ᠰᠠᠯᠠᠭ᠎ᠠ ᠮᠥᠴᠢᠷ ᠡᠭᠦᠷᠭᠡ ᠶᠢᠨ | ᠲᠣᠳᠣᠷᠬᠠᠢ ᠬᠠᠭᠤᠳᠠᠰᠤᠨ ᠤ ᠪᠠᠷᠢᠮᠵᠢᠶ᠎ᠠ ᠪᠠ ᠱᠠᠭᠠᠷᠳᠠᠯᠭ᠎ᠠ ᠯᠤᠭ᠎ᠠ ᠬᠠᠷᠭᠤᠭᠤᠯᠵᠤ᠂ ︽ᠲᠥᠷᠥ ᠶᠢᠨ ᠪᠣᠳᠣᠯᠭ᠎ᠠ ᠶᠢ | ᠨᠠᠶᠢᠳᠠᠪᠤᠷᠢᠵᠢᠭᠤᠯᠬᠤ ᠢᠨᠵᠧᠨᠧᠷᠢᠩ︾ ᠤᠨ ᠨᠠᠶᠢᠳᠠᠪᠤᠷᠢᠵᠢᠭᠤᠯᠤᠭᠳᠠᠨ ᠦᠷ᠎ᠡ ᠪᠦᠲᠦᠮᠵᠢ ᠲᠠᠢ ᠪᠣᠯᠬᠤ ᠶᠢ ᠪᠥᠬᠦ | ᠬᠦᠴᠦᠨ ᠢᠶᠠᠷ ᠢᠶᠠᠨ ᠠᠬᠢᠭᠤᠯᠤᠭᠰᠠᠨ ᠪᠠᠶᠢᠨ᠎ᠠ᠃ | ᠣᠳᠣᠬᠠᠨ ᠳᠤ᠂ ᠥᠪᠥᠷ ᠮᠣᠩᠭᠤᠯ ᠲᠥᠷᠥ ᠶᠢᠨ ᠶᠠᠪᠤᠳᠠᠯ ᠤᠨ ᠬᠤᠷᠢᠶᠠᠨ ᠤ ︽ᠰᠠᠨᠠᠯ︾ ᠳᠠᠬᠢ ᠡᠭᠦᠷᠭᠡ ᠶᠢᠨ | ᠲᠣᠳᠣᠷᠬᠠᠢ ᠬᠠᠭᠤᠳᠠᠰᠤ ᠶᠢ ᠪᠦᠲᠦᠮᠵᠢᠲᠡᠶ ᠨᠠᠶᠢᠳᠠᠪᠤᠷᠢᠵᠢᠭᠤᠯᠬᠤ ᠪᠠᠨ ᠠᠬᠢᠭᠤᠯᠵᠤ᠂ ᠭᠤᠣᠯᠳᠠᠯᠭ᠎ᠠ ᠪᠣᠯᠬᠤ 189 | ᠵᠦᠢᠯ ᠤᠨ ᠡᠭᠦᠷᠭᠡ ᠶᠢ ᠴᠠᠭ ᠤᠨ ᠳᠠᠷᠠᠭᠠᠯᠠᠯ ᠠᠬᠢᠴᠠ ᠪᠠᠷ ᠬᠦᠴᠦᠲᠡᠢ ᠠᠬᠢᠭᠤᠯᠵᠤ ᠪᠠᠶᠢᠨ᠎ᠠ᠂ ᠡᠭᠦᠨ ᠳᠤ 41 | ᠵᠦᠢᠯ ᠨᠢ ᠴᠢᠬᠤᠯᠠ ᠶᠡᠭᠡ ᠠᠬᠢᠴᠠ ᠲᠠᠢ᠂ 140 ᠵᠦᠢᠯ ᠨᠢ ᠢᠯᠡᠳᠲᠡ ᠠᠬᠢᠴᠠ ᠲᠠᠢ᠂ 8 ᠵᠦᠢᠯ ᠨᠢ ᠱᠠᠲᠤᠴᠢ | ᠴᠢᠨᠠᠷᠲᠠᠢ ᠠᠬᠢᠴᠠ ᠲᠠᠢ ᠪᠣᠯᠪᠠ᠃ ᠢᠵᠢ ᠲᠥᠬᠦᠷ ᠲᠦᠷᠦ ᠶᠢᠨ ᠪᠣᠳᠣᠯᠭ᠎ᠠ ᠶᠢ ᠲᠥᠪᠯᠡᠷᠡᠭᠦᠯᠦᠨ ᠨᠡᠶᠢᠲᠡᠯᠡᠵᠦ᠂ | ᠳᠥᠴᠢᠨ ᠳᠥᠷᠪᠡᠨ ᠶᠠᠮᠤᠨ ᠵᠥᠪᠯᠡᠯ᠂ ᠨᠢᠭᠡᠴᠢ ᠪᠠ ᠠᠵᠤ ᠠᠬᠤᠶᠢᠯᠠᠯ ᠤᠨ ︽ᠰᠠᠨᠠᠯ︾ ᠢ ᠨᠡᠶᠢᠳᠠᠪᠤᠷᠢᠵᠢᠭᠤᠯᠬᠤ | 49 ᠵᠦᠢᠯ ᠤᠨ ᠢᠵᠢ ᠲᠥᠬᠦᠷ ᠲᠦᠷᠦ ᠶᠢᠨ ᠪᠣᠳᠣᠯᠭ᠎ᠠ ᠨᠡᠶᠢᠲᠡᠯᠡᠬᠦ ᠶᠢ ᠨᠢ ᠠᠬᠢᠭᠤᠯᠤᠭᠠᠳ ᠵᠢᠯ ᠤᠨ ᠡᠬᠢᠨ ᠳᠤ | ᠲᠣᠭᠲᠠᠭᠠᠭᠰᠠᠨ ᠬᠠᠷᠠᠯᠲᠠ ᠪᠠᠨ ᠳᠠᠪᠠᠭᠤᠯᠤᠨ ᠪᠡᠶᠡᠯᠡᠭᠦᠯᠪᠡ᠃ ᠴᠢᠬᠤᠯᠠ ᠶᠡᠭᠡ ᠲᠥᠷᠥᠯ ᠵᠦᠢᠯ ᠢ ᠯᠠᠪᠳᠠᠭᠤᠨ | ᠪᠠᠲᠤᠲᠠᠢ ᠠᠬᠢᠭᠤᠯᠵᠤ᠂ 3 ᠵᠢᠯ ᠤᠨ ᠳᠣᠲᠣᠷ᠎ᠠ ᠪᠦᠬᠦᠨ ᠢ ᠠᠵᠢᠯ ᠡᠬᠢᠯᠡᠭᠦᠯᠬᠦ ᠱᠠᠭᠠᠷᠳᠠᠯᠭ᠎ᠠ ᠶᠣᠰᠣᠭᠠᠷ᠂ ︽ᠰᠠᠨᠠᠯ︾ | ᠳᠠᠬᠢ ᠴᠢᠬᠤᠯᠠ ᠶᠡᠭᠡ ᠲᠥᠷᠥᠯ ᠵᠦᠢᠯ ᠤᠨ ᠲᠣᠳᠣᠷᠬᠠᠢ ᠬᠠᠭᠤᠳᠠᠰᠤ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ | ᠠᠩᠬᠠᠨ ᠤ ᠵᠢᠯ ᠳᠤ 86 ᠵᠦᠢᠯ ᠤᠨ ᠴᠢᠬᠤᠯᠠ ᠶᠡᠭᠡ ᠲᠥᠷᠥᠯ ᠵᠦᠢᠯ ᠠᠴᠠ 69 ᠲᠥᠷᠥᠯ ᠵᠦᠢᠯ ᠳᠤ ᠨᠢ ᠨᠢᠭᠡᠨᠲᠡ | ᠠᠵᠢᠯ ᠡᠬᠢᠯᠡᠭᠦᠯᠵᠦ᠂ ᠠᠵᠢᠯ ᠡᠬᠢᠯᠡᠭᠦᠯᠦᠭᠰᠡᠨ ᠨᠣᠷᠮ᠎ᠠ ᠨᠢ 80% ᠳᠤ ᠬᠦᠷᠴᠦ᠂ ︽ᠡᠬᠢᠯᠡᠭᠦᠯᠬᠦ ᠶᠣᠰᠣᠲᠠᠢ | ᠪᠦᠬᠦᠨ ᠢ ᠡᠬᠢᠯᠡᠭᠦᠯᠬᠦ︾ ᠬᠠᠷᠠᠯᠲᠠ ᠪᠠᠨ ᠪᠡᠶᠡᠯᠡᠭᠦᠯᠪᠡ᠃ | ᠤᠯᠤᠰ ᠤᠨ ᠴᠢᠬᠤᠯᠠ ᠶᠡᠭᠡ ᠪᠠᠶᠢᠯᠳᠤᠬᠤ ᠪᠣᠳᠣᠯᠭ᠎ᠠ ᠶᠢ ᠨᠠᠶᠢᠳᠠᠪᠤᠷᠢᠵᠢᠭᠤᠯᠬᠤ ᠲᠠᠯ᠎ᠠ ᠪᠠᠷ᠂ ᠪᠠᠷᠠᠭᠤᠨ | ᠣᠷᠣᠨ ᠢ ᠶᠡᠭᠡ ᠪᠠᠷ ᠨᠡᠭᠡᠭᠡᠨ ᠬᠥᠭᠵᠢᠭᠦᠯᠬᠦ᠂ ᠵᠡᠭᠦᠨ ᠬᠤᠶᠢᠲᠤ ᠣᠷᠣᠨ ᠢ ᠪᠥᠬᠦ ᠲᠠᠯ᠎ᠠ ᠪᠠᠷ ᠬᠥᠭᠵᠢᠭᠦᠯᠦᠨ | ᠮᠠᠨᠳᠤᠭᠤᠯᠬᠤ ᠵᠡᠷᠭᠡ ᠤᠯᠤᠰ ᠤᠨ ᠴᠢᠬᠤᠯᠠ ᠶᠡᠭᠡ ᠪᠠᠶᠢᠯᠳᠤᠬᠤ ᠪᠣᠳᠣᠯᠭ᠎ᠠ᠂ ᠲᠤᠷᠰᠢᠯᠲᠠ ᠶᠢᠨ ᠴᠡᠭ ᠤᠨ ᠵᠢᠱᠢᠶ᠎ᠡ | ᠦᠵᠡᠭᠦᠯᠬᠦ ᠲᠠᠪᠴᠠᠩ᠂ ᠲᠥᠷᠥ ᠶᠢᠨ ᠶᠠᠪᠤᠳᠠᠯ ᠤᠨ ᠬᠤᠷᠢᠶᠠᠨ ᠤ ᠵᠠᠰᠠᠭ ᠤᠨ ᠣᠷᠳᠣᠨ ᠤ ᠠᠵᠢᠯ ᠤᠨ ᠢᠯᠡᠳᠬᠡᠯ | ᠵᠡᠷᠭᠡ ᠬᠤᠯᠪᠣᠭᠳᠠᠯ ᠪᠦᠬᠦᠢ ᠲᠥᠷᠥ ᠶᠢᠨ ᠪᠣᠳᠣᠯᠭ᠎ᠠ ᠶᠢᠨ ᠠᠰᠢᠭ ᠲᠤᠰᠠ ᠶᠢ ᠤᠯᠠᠮ ᠨᠢᠭᠡ ᠠᠯᠬᠤᠮ ᠪᠠᠳᠠᠷᠠᠭᠤᠯᠪᠠ᠂ | ᠵᠢᠱᠢᠶᠡᠯᠡᠪᠡᠯ᠂ ᠲᠥᠷᠥ ᠶᠢᠨ ᠶᠠᠪᠤᠳᠠᠯ ᠤᠨ ᠬᠤᠷᠢᠶᠠᠨ ᠠᠴᠠ ᠳᠤᠮᠳᠠᠳᠤ ᠮᠣᠩᠭᠤᠯ ᠤᠨ ᠡᠷᠢᠶᠡᠨ ᠬᠤᠲᠠ – | ᠵᠠᠮ ᠤᠨ ᠡᠭᠦᠳᠡ ᠶᠢᠨ ᠠᠵᠤ ᠠᠬᠤᠢ ᠶᠢᠨ ᠬᠠᠮᠲᠤᠷᠠᠯᠴᠠᠭᠠᠨ ᠤ ᠣᠷᠣᠨ ᠪᠠᠶᠢᠭᠤᠯᠬᠤ ᠶᠢ ᠠᠯᠪᠠᠨ ᠶᠣᠰᠣᠭᠠᠷ | ᠴᠣᠬᠤᠯᠠᠪᠤᠷᠢᠯᠠᠪᠠ︔ ᠤᠯᠤᠰ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠠᠴᠠ ᠮᠠᠨ ᠤ ᠣᠷᠣᠨ ᠤ | ︽ᠤᠮᠠᠷᠠᠲᠤ ᠶᠢᠨ ᠭᠤᠷᠪᠠᠨ ᠣᠷᠣᠨ︾ ᠤ ᠢᠨᠵᠧᠨᠧᠷᠢᠩ ᠤᠨ ᠲᠥᠪ ᠤᠨ ᠲᠥᠰᠥᠪ ᠤᠨ ᠳᠣᠲᠣᠷᠠᠬᠢ ᠲᠥᠷᠥᠯ | ᠵᠦᠢᠯ ᠤᠨ ᠲᠥᠪ ᠤᠨ ᠪᠡᠯᠡ ᠮᠥᠩᠭᠦᠨ ᠤ ᠬᠠᠷᠢᠴᠠᠯ ᠢ 80% ᠳᠤ ᠬᠦᠷᠲᠡᠯ᠎ᠡ ᠨᠡᠮᠡᠭᠳᠡᠭᠦᠯᠵᠦ᠂ ᠪᠡᠯᠡ | ᠣᠷᠣᠭᠤᠯᠤᠯᠲᠠ ᠶᠢᠨ ᠬᠠᠷᠢᠴᠠᠯ ᠢ ︽ᠤᠮᠠᠷᠠᠲᠤ ᠶᠢᠨ ᠭᠤᠷᠪᠠᠨ ᠣᠷᠣᠨ︾ ᠤ ᠭᠠᠵᠠᠷ ᠣᠷᠣᠨ ᠨᠤᠭᠤᠳ ᠲᠠᠬᠢ | ᠬᠠᠮᠤᠭ ᠤᠨ ᠥᠨᠳᠥᠷ ᠲᠠᠰ ᠪᠣᠯᠭᠠᠬᠤ ᠪᠠᠷ ᠳᠣᠭᠲᠠᠭᠠᠪᠠ︔ ᠤᠯᠤᠰ ᠤᠨ ᠬᠥᠭᠵᠢᠭᠦᠯᠦᠯᠲᠡ ᠪᠠ | ᠥᠭᠡᠷᠡᠴᠢᠯᠡᠯᠲᠡ ᠶᠢᠨ ᠵᠥᠪᠯᠡᠯ᠂ ᠡᠨᠧᠷᠭᠢ ᠶᠢᠨ ᠲᠣᠪᠴᠢᠶᠠᠨ ᠠᠴᠠ ᠥᠪᠥᠷ ᠮᠣᠩᠭᠤᠯ ᠤᠨ ᠴᠠᠬᠢᠯᠭᠠᠨ ᠬᠦᠴᠦᠨ ᠤ | ᠲᠣᠣᠷ ᠲᠤ ᠡᠷᠬᠡ ᠣᠯᠭᠤᠵᠤ ᠤᠯᠤᠰ ᠤᠨ ᠴᠠᠬᠢᠯᠭᠠᠨ ᠬᠦᠴᠦᠨ ᠤ ᠲᠣᠣᠷ᠂ ᠡᠮᠦᠨᠡᠲᠦ ᠶᠢᠨ ᠴᠠᠬᠢᠯᠭᠠᠨ ᠬᠦᠴᠦᠨ ᠤ | ᠲᠣᠣᠷ ᠤᠨ ᠳᠠᠷᠠᠭᠠᠬᠢ ᠭᠤᠷᠪᠠᠳᠠᠭᠢ ᠪᠣᠬᠢᠷᠲᠤᠯ ᠦᠭᠡᠢ ᠴᠠᠬᠢᠯᠭᠠᠨ ᠬᠦᠴᠦᠨ ᠤ ᠠᠷᠠᠯᠵᠢᠶᠠᠨ ᠤ ᠲᠤᠷᠰᠢᠯᠲᠠ ᠶᠢᠨ | ᠴᠡᠭ ᠪᠣᠯᠭᠠᠪᠠ︔ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠲᠥᠷᠥᠯ ᠵᠦᠢᠯ ᠢ 1086 ᠲᠦᠮᠡᠨ ᠮᠦ᠂ ᠰᠢᠷ᠎ᠠ | ᠪᠤᠷᠴᠠᠭ ᠡᠷᠳᠡᠨᠢ ᠰᠢᠰᠢ ᠶᠢᠨ ᠲᠠᠯᠠᠪᠠᠶ ᠨᠢᠭᠡᠴᠢ ᠶᠢᠨ ᠤᠨᠠᠯᠲᠠ ᠶᠢ ᠳᠡᠭᠡᠭᠰᠢᠯᠡᠭᠦᠯᠬᠦ ᠢᠨᠵᠧᠨᠧᠷᠢᠩ ᠢ 405 ᠲᠦᠮᠡᠨ | ᠮᠦ ᠴᠢᠷᠮᠠᠶᠢᠨ ᠣᠯᠵᠤ᠂ ᠴᠥᠮ ᠢ ᠪᠦᠬᠦ ᠤᠯᠤᠰ ᠤᠨ ᠡᠮᠦᠨ᠎ᠡ ᠡᠩᠨᠡᠭᠡᠨ ᠳᠤ ᠣᠷᠣᠭᠤᠯᠤᠨ᠎ᠠ ᠁ | ︽ᠳᠠᠷᠠᠭᠠᠴᠢ ᠶᠢᠨ ᠠᠯᠬᠤᠮ ᠳᠤ᠂ ᠪᠢᠳᠡ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ | ᠣᠷᠳᠣᠨ ᠤ ᠠᠵᠢᠯ ᠤᠨ ᠱᠠᠭᠠᠷᠳᠠᠯᠭ᠎ᠠ ᠶᠣᠰᠣᠭᠠᠷ᠂ ᠵᠢᠷᠭᠤᠭᠠᠨ ᠠᠵᠢᠯ ᠤᠨ ᠲᠣᠭᠲᠠᠴᠠ ᠶᠢ ᠰᠠᠶᠢᠲᠤᠷ ᠠᠰᠢᠭᠯᠠᠨ᠂ | ︿ᠲᠦᠷᠦ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠢᠨᠵᠧᠨᠧᠷᠢᠩ﹀ ᠢ ᠭᠦᠨᠵᠡᠭᠡᠶᠢᠷᠡᠭᠦᠯᠦᠨ ᠠᠬᠢᠭᠤᠯᠵᠤ᠂ | ᠨᠢᠭᠡ ᠶᠢ ᠡᠷᠬᠢᠯᠡᠪᠡᠯ ᠨᠢᠭᠡ ᠶᠢ ᠪᠡᠶᠡᠯᠡᠭᠦᠯᠵᠦ᠂ ᠨᠢᠭᠡ ᠶᠢ ᠬᠡᠷᠡᠭᠵᠢᠭᠦᠯᠪᠡᠯ ᠨᠢᠭᠡ ᠳᠤ ᠦᠷ᠎ᠡ ᠪᠦᠲᠦᠮᠵᠢ ᠣᠯᠬᠤ ᠶᠢ | ᠦᠨᠡᠨ ᠬᠦ ᠪᠠᠲᠤᠯᠠᠵᠤ᠂ ᠲᠣᠭᠲᠠᠭᠰᠠᠨ ᠬᠤᠭᠤᠴᠠᠭᠠᠨ ᠳᠤ ᠪᠠᠨ ᠬᠠᠷᠠᠯᠲᠠᠲᠤ ᠡᠭᠦᠷᠭᠡ ᠪᠠᠨ ᠪᠡᠶᠡᠯᠡᠭᠦᠯᠦᠨ᠂ ︿ | ᠲᠦᠷᠦ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠢᠨᠵᠧᠨᠧᠷᠢᠩ﹀ ᠤᠨ ᠠᠵᠢᠯ ᠳᠤ ᠯᠠᠪᠳᠠᠭᠤᠨ ᠪᠠᠲᠤᠲᠠᠢ ᠦᠷ᠎ᠡ | ᠪᠦᠲᠦᠮᠵᠢ ᠣᠯᠬᠤ ᠶᠢ ᠠᠬᠢᠭᠤᠯᠤᠨ᠎ᠠ᠃︾ ᠭᠡᠵᠦ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠡᠳ᠋ ᠤᠨ | ᠵᠠᠰᠠᠭ ᠠᠵᠤ ᠠᠬᠤᠢ ᠶᠢᠨ ᠵᠥᠪᠯᠡᠯ ᠤᠨ ᠠᠯᠪᠠᠨ ᠭᠡᠷ ᠤᠨ ᠨᠠᠷᠢᠨ ᠪᠢᠴᠢᠭ ᠤᠨ ᠭᠠᠵᠠᠷ ᠤᠨ ᠭᠠᠵᠠᠷ ᠤᠨ ᠳᠠᠷᠤᠭ᠎ᠠ ᠯᠢ | ᠷᠦᠢ ᠰᠢᠤᠢ ᠲᠠᠨᠢᠯᠴᠠᠭᠤᠯᠪᠠ᠃ |