ᠰᠤᠷᠪᠤᠯᠵᠢᠯᠠᠬᠴᠢ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠠᠴᠠ | ᠣᠶᠢᠯᠠᠭᠠᠭᠰᠠᠨ ᠢᠶᠠᠷ᠂ ᠡᠳ᠋ ᠤᠨ ᠵᠠᠰᠠᠭ ᠤᠨ ᠶᠠᠮᠤᠨ ᠲᠦᠷᠦᠭᠦᠬᠡᠨ ᠮᠠᠨ ᠤ ᠣᠷᠣᠨ ᠳᠤ 2025 ᠣᠨ ᠤ ᠵᠠᠮ | ᠬᠠᠷᠢᠯᠴᠠᠭ᠎ᠠ ᠲᠡᠭᠡᠭᠡᠪᠦᠷᠢ ᠶᠢᠨ ᠬᠦᠷᠢᠶᠡᠨ ᠤ 46.08 ᠳ᠋ᠦᠩᠰᠢᠭᠤᠷ ᠲᠥᠭᠦᠷᠢᠭ ᠤᠨ ᠭᠤᠣᠯᠳᠠᠯᠭ᠎ᠠ ᠲᠠᠢ ᠲᠥᠷᠥᠯ | ᠵᠦᠢᠯ ᠤᠨ ᠪᠡᠯᠡ ᠮᠥᠩᠭᠦ ︵ᠨᠢᠭᠡᠳᠦᠭᠡᠷ ᠪᠦᠯᠦᠭ︶ ᠢ ᠤᠷᠢᠳᠴᠢᠯᠠᠨ ᠪᠠᠭᠤᠯᠭᠠᠪᠠ᠃ ᠣᠳᠣᠬᠠᠨ ᠳᠤ ᠡᠨᠡ ᠬᠦ ᠪᠡᠯᠡ | ᠮᠥᠩᠭᠦ ᠶᠢ ᠪᠦᠭᠦᠨ ᠢ ᠥᠪᠡᠷᠲᠡᠭᠡᠨ ᠵᠠᠰᠠᠬᠤ ᠣᠷᠣᠨ ᠤ ᠬᠠᠮᠢᠶ᠎ᠠ ᠪᠦᠬᠦᠢ ᠲᠤᠰ ᠱᠠᠲᠤᠨ ᠤ ᠨᠢᠭᠡᠴᠢ ᠪᠣᠯᠣᠨ | ᠪᠤᠭᠤᠲᠤ ᠬᠤᠲᠠ᠂ ᠬᠥᠯᠥᠨ ᠪᠤᠶᠢᠷ ᠬᠤᠲᠠ ᠵᠡᠷᠭᠡ 7 ᠠᠶᠢᠮᠠᠭ ᠬᠤᠲᠠ ᠳᠤ ᠪᠠᠭᠤᠯᠭᠠᠵᠤ᠂ ᠲᠦᠷᠭᠡᠨ ᠤ ᠵᠠᠰᠠᠮᠠᠯ | ᠵᠠᠮ᠂ ᠡᠩ ᠤᠨ ᠤᠯᠤᠰ ᠤᠨ ᠵᠠᠮ᠂ ᠠᠶᠠᠨᠴᠢᠳ ᠤᠨ ᠵᠥᠭᠡᠭᠡᠪᠦᠷᠢ ᠶᠢᠨ ᠬᠦᠢᠰᠦ ᠪᠣᠯᠣᠨ ᠠᠶᠤᠯ ᠲᠠᠢ ᠬᠠᠭᠤᠴᠢᠨ | ᠬᠥᠭᠦᠷᠭᠡ ᠶᠢ ᠥᠭᠡᠷᠡᠴᠢᠯᠡᠬᠦ ᠵᠡᠷᠭᠡ 22 ᠭᠤᠣᠯᠳᠠᠯᠭ᠎ᠠ ᠲᠠᠢ ᠵᠠᠰᠠᠮᠠᠯ ᠵᠠᠮ ᠤᠨ ᠲᠥᠷᠥᠯ ᠵᠦᠢᠯ ᠤᠨ ᠪᠦᠲᠦᠭᠡᠨ | ᠪᠠᠶᠢᠭᠤᠯᠤᠯᠲᠠ ᠳᠤ ᠬᠡᠷᠡᠭᠯᠡᠬᠦ ᠪᠣᠯᠣᠨ᠎ᠠ᠃ | ᠣᠶᠢᠯᠠᠭᠠᠭᠰᠠᠨ ᠢᠶᠠᠷ᠂ ᠭᠤᠣᠯᠳᠠᠯᠭ᠎ᠠ ᠲᠠᠢ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ | ᠪᠣᠯ ᠮᠠᠨ ᠤ ᠣᠷᠣᠨ ᠤ ︽ᠳᠥᠷᠪᠡᠨ ᠬᠥᠨᠳᠡᠯᠡᠨ ᠠᠷᠪᠠᠨ ᠬᠤᠶᠠᠷ ᠭᠤᠯᠳᠤ︾ ᠶᠢᠨ ᠶᠡᠷᠦᠩᠬᠡᠶᠢᠯᠡᠭᠰᠡᠨ ᠪᠣᠰᠤᠭ᠎ᠠ | ᠴᠣᠭᠴᠠᠲᠤ ᠵᠠᠮ ᠬᠠᠷᠢᠯᠴᠠᠭᠠᠨ ᠤ ᠲᠣᠣᠷ ᠤᠨ ᠴᠢᠬᠤᠯᠠ ᠪᠦᠷᠢᠯᠳᠦᠭᠦᠨ ᠬᠡᠰᠡᠭ ᠪᠠᠶᠢᠵᠤ᠂ ᠤᠯᠤᠰ ᠪᠣᠯᠣᠨ | ᠥᠪᠡᠷᠲᠡᠭᠡᠨ ᠵᠠᠰᠠᠬᠤ ᠣᠷᠣᠨ ᠤ ᠵᠠᠰᠠᠮᠠᠯ ᠵᠠᠮ ᠤᠨ ᠲᠣᠣᠷ ᠢ ᠲᠡᠭᠦᠯᠳᠡᠷᠵᠢᠭᠦᠯᠬᠦ ᠳᠤ ᠴᠢᠬᠤᠯᠠ ᠶᠡᠭᠡ ᠠᠴᠢ | ᠬᠤᠯᠪᠣᠭᠳᠠᠯ ᠲᠠᠢ ᠶᠤᠮ᠃ ᠣᠶᠢᠷ᠎ᠠ ᠶᠢᠨ ᠵᠢᠯ ᠳᠤ ᠮᠠᠨ ᠤ ᠣᠷᠣᠨ ᠲᠥᠪ ᠤᠨ ᠡᠳ᠋ ᠤᠨ ᠵᠠᠰᠠᠭ ᠤᠨ ᠪᠡᠯᠡ | ᠮᠥᠩᠭᠦ ᠶᠢᠨ ᠳᠡᠮᠵᠢᠯᠭᠡ ᠶᠢ ᠴᠢᠷᠮᠠᠶᠢᠨ ᠣᠯᠬᠤ ᠶᠢᠨ ᠬᠠᠮᠲᠤ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ | ᠪᠡᠯᠡ ᠮᠥᠩᠭᠦ ᠶᠢ ᠨᠢᠭᠡᠳᠦᠯᠲᠡᠢ ᠲᠥᠯᠥᠪᠯᠡᠬᠦ ᠪᠠᠷ ᠳᠠᠮᠵᠢᠨ ᠪᠦᠭᠦ ᠣᠷᠣᠨ ᠤ ᠭᠤᠣᠯᠳᠠᠯᠭ᠎ᠠ ᠲᠠᠢ ᠵᠠᠰᠠᠮᠠᠯ ᠵᠠᠮ ᠤᠨ | ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠬᠦᠴᠦᠲᠡᠢ ᠠᠬᠢᠭᠤᠯᠪᠠ᠃ ᠮᠠᠨ ᠤ ᠣᠷᠣᠨ ︽ᠠᠷᠪᠠᠨ | ᠳᠥᠷᠪᠡᠳᠦᠭᠡᠷ ᠲᠠᠪᠤᠨ ᠵᠢᠯ︾ ᠠᠴᠠ ᠨᠠᠭᠠᠰᠢ ᠲᠥᠪ ᠤᠨ ᠡᠳ᠋ ᠤᠨ ᠵᠠᠰᠠᠭ ᠤᠨ ᠪᠡᠯᠡ ᠮᠥᠩᠭᠦ ᠶᠢ ᠨᠡᠶᠢᠳᠡ | 406.78 ᠳ᠋ᠦᠩᠰᠢᠭᠤᠷ ᠲᠥᠭᠦᠷᠢᠭ ᠴᠢᠷᠮᠠᠶᠢᠨ ᠣᠯᠬᠤ ᠶᠢᠨ ᠬᠠᠮᠲᠤ ᠥᠪᠡᠷᠲᠡᠭᠡᠨ ᠵᠠᠰᠠᠬᠤ ᠣᠷᠣᠨ ᠤ ᠲᠥᠰᠥᠪ᠂ | ᠵᠢᠭᠡᠯᠡᠯᠭᠡ ᠶᠢᠨ ᠲᠡᠮᠳᠡᠭᠲᠦ ᠵᠡᠷᠭᠡ ᠪᠡᠯᠡ ᠮᠥᠩᠭᠦ ᠶᠢ 351.44 ᠳ᠋ᠦᠩᠰᠢᠭᠤᠷ ᠲᠥᠭᠦᠷᠢᠭ ᠲᠣᠬᠢᠷᠠᠭᠤᠯᠵᠤ᠂ ᠪᠦᠭᠦ | ᠣᠷᠣᠨ ᠤ ᠲᠦᠷᠭᠡᠨ ᠤ ᠵᠠᠰᠠᠮᠠᠯ ᠵᠠᠮ ᠤᠨ ᠲᠣᠣᠷ ᠢ ᠲᠡᠭᠦᠯᠳᠡᠷᠵᠢᠭᠦᠯᠬᠦ ᠪᠠ ᠡᠩ ᠤᠨ ᠤᠯᠤᠰ ᠤᠨ ᠪᠠ ᠮᠤᠵᠢ ᠶᠢᠨ | ᠭᠤᠣᠯ ᠱᠤᠭᠤᠮ ᠤᠨ ᠵᠠᠰᠠᠮᠠᠯ ᠵᠠᠮ ᠤᠨ ᠲᠣᠣᠷ ᠤᠨ ᠨᠡᠪᠲᠡᠷᠡᠬᠦ ᠴᠢᠳᠠᠪᠤᠷᠢ ᠪᠣᠯᠣᠨ ᠦᠢᠯᠡᠴᠢᠯᠡᠭᠡᠨ ᠤ ᠲᠦᠪᠰᠢᠨ ᠢ | ᠬᠦᠴᠦᠯᠡᠨ ᠳᠡᠭᠡᠭᠰᠢᠯᠡᠭᠦᠯᠦᠭᠰᠡᠨ ᠪᠠᠶᠢᠨ᠎ᠠ᠃ |