ᠤᠯᠢᠶᠠᠰᠤᠲᠠᠢ ᠪᠠᠯᠭᠠᠰᠣ ᠨᠡᠶᠢᠭᠡᠮ ᠲᠣᠭᠤᠷᠢᠭ ᠤᠨ ᠠᠵᠢᠯᠲᠠᠨ ᠤ ᠠᠷᠠᠳ ᠲᠦᠮᠡᠨ ᠳᠤ ᠦᠢᠯᠡᠴᠢᠯᠡᠬᠦ ᠴᠢᠳᠠᠪᠤᠷᠢ ᠶᠢ ᠳᠡᠭᠡᠭᠰᠢᠯᠡᠭᠦᠯᠬᠦ ᠪᠣᠯᠪᠠᠰᠤᠷᠠᠯ ᠡᠷᠬᠢᠯᠡᠪᠡ
ᠨᠡᠶᠢᠲᠡᠯᠡᠭᠰᠡᠨ ᠴᠠᠭ᠄
2024/12/17
      ᠨᠡᠶᠢᠭᠡᠮ ᠲᠣᠭᠤᠷᠢᠭ ᠤᠨ ᠠᠵᠢᠯᠲᠠᠨ ᠤ ᠤᠯᠤᠰ ᠲᠥᠷᠥ ᠶᠢᠨ ᠬᠡᠪ ᠴᠢᠨᠠᠷ ᠪᠠ ᠲᠤᠬᠠᠶᠢᠯᠠᠭᠰᠠᠨ ᠠᠵᠢᠯ ᠤᠨ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠦᠨᠳᠦᠰᠦᠨ ᠱᠠᠲᠤᠨ ᠤ ᠵᠠᠰᠠᠯᠲᠠ ᠶᠢᠨ ᠬᠢᠷᠢ ᠲᠦᠪᠰᠢᠨ ᠪᠠ ᠠᠷᠠᠳ ᠲᠦᠮᠡᠨ ᠳᠤ ᠦᠢᠯᠡᠴᠢᠯᠡᠬᠦ ᠴᠢᠳᠠᠪᠤᠷᠢ ᠶᠢ ᠳᠡᠭᠡᠭᠰᠢᠯᠡᠭᠦᠯᠬᠦ ᠶᠢᠨ ᠲᠥᠯᠥᠭᠡ᠂ 11 ᠰᠠᠷ᠎ᠠ ᠶᠢᠨ 21 ᠤ ᠡᠳᠦᠷ᠂ ᠤᠯᠢᠶᠠᠰᠤᠲᠠᠢ ᠪᠠᠯᠭᠠᠰᠤ ᠨᠡᠶᠢᠭᠡᠮ ᠲᠣᠭᠤᠷᠢᠭ ᠤᠨ ᠠᠵᠢᠯᠲᠠᠨ ᠤ ᠠᠷᠠᠳ ᠲᠦᠮᠡᠨ ᠳᠤ ᠦᠢᠯᠡᠴᠢᠯᠡᠬᠦ ᠴᠢᠳᠠᠪᠤᠷᠢ ᠶᠢ ᠳᠡᠭᠡᠭᠰᠢᠯᠡᠭᠦᠯᠬᠦ ᠪᠣᠯᠪᠠᠰᠤᠷᠠᠯ ᠢ ᠵᠣᠬᠢᠶᠠᠨ ᠪᠠᠶᠢᠭᠤᠯᠤᠨ ᠡᠷᠭᠢᠯᠡᠵᠦ᠂ ᠡᠯ᠎ᠡ ᠨᠡᠶᠢᠭᠡᠮ ᠲᠣᠭᠤᠷᠢᠭ ᠤᠨ ᠰᠦᠯᠵᠢᠶᠡᠨ ᠤ ᠠᠵᠢᠯᠲᠠᠨ᠂ ᠨᠡᠶᠢᠭᠡᠮ ᠲᠣᠭᠤᠷᠢᠭ ᠤᠨ ᠠᠵᠢᠯᠲᠠᠨ 40 ᠭᠠᠷᠤᠢ ᠬᠥᠮᠥᠨ ᠪᠣᠯᠪᠠᠰᠤᠷᠠᠯ ᠳᠤ ᠣᠷᠣᠯᠴᠠᠵᠠᠢ᠃      ᠲᠣᠰ ᠤᠳᠠᠭᠠᠨ ᠤ ᠪᠤᠯᠪᠠᠰᠣᠷᠠᠯ ᠨᠢ ᠨᠡᠶᠢᠭᠡᠮ ᠲᠣᠭᠤᠷᠢᠭ ᠤᠨ ᠭᠤᠣᠯᠳᠠᠯᠭ᠎ᠠ ᠲᠠᠢ ᠠᠵᠢᠯ ᠳᠤ ᠠᠩᠬᠠᠷᠤᠯ ᠢᠶᠠᠨ ᠲᠥᠪᠯᠡᠷᠡᠭᠦᠯᠵᠦ᠂ ᠬᠤᠰᠢᠭᠤ ᠵᠥᠷᠢᠴᠡᠯ ᠵᠢᠭᠤᠷᠠᠯᠳᠤᠭᠠᠨ ᠢ ᠡᠶᠡᠳᠡᠭᠦᠯᠬᠦ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠵᠡᠷᠭᠡ ᠰᠠᠯᠠᠭ᠎ᠠ ᠮᠥᠴᠢᠷ ᠤᠨ ᠬᠠᠮᠢᠶ᠎ᠠ ᠪᠦᠬᠦᠢ ᠬᠠᠷᠢᠭᠤᠴᠠᠯᠭᠠᠲᠠᠨ᠂ ᠪᠠᠯᠭᠠᠰᠤᠨ ᠤ ᠠᠷᠠᠳ ᠤᠨ ᠠᠮᠢᠳᠤᠷᠠᠯ ᠤᠨ ᠬᠡᠷᠡᠭ ᠶᠠᠪᠤᠳᠠᠯ ᠤᠨ ᠠᠯᠪᠠᠨ ᠭᠡᠷ ᠤᠨ ᠲᠤᠬᠠᠶᠢᠯᠠᠭᠰᠠᠨ ᠠᠵᠢᠯ ᠤᠨ ᠭᠤᠣᠯᠯᠠᠭᠴᠢ ᠬᠦᠴᠦᠨ ᠢ ᠤᠷᠢᠵᠤ᠂ ᠵᠥᠷᠢᠴᠡᠯ ᠵᠢᠭᠤᠷᠠᠯᠳᠤᠭᠠᠨ ᠢ ᠵᠣᠬᠢᠴᠠᠭᠤᠯᠤᠨ ᠰᠢᠢᠳᠪᠦᠷᠢᠯᠡᠬᠦ᠂ ᠠᠶᠤᠯᠭᠦᠢ ᠦᠢᠯᠡᠳᠪᠦᠷᠢᠯᠡᠯ ᠤᠨ ᠭᠠᠮᠰᠢᠭ ᠢ ᠰᠡᠷᠭᠡᠶᠢᠯᠡᠨ᠂ ᠭᠠᠮᠰᠢᠭ ᠢ ᠪᠠᠭᠠᠰᠬᠠᠬᠤ᠂ ᠠᠷᠠᠳ ᠤᠨ ᠠᠮᠢᠳᠤᠷᠠᠯ ᠤᠨ ᠪᠠᠲᠤᠯᠠᠭ᠎ᠠ ᠶᠢᠨ ᠲᠥᠷᠥ ᠶᠢᠨ ᠪᠣᠳᠣᠯᠭ᠎ᠠ ᠶᠢᠨ ᠲᠤᠬᠠᠶᠢᠯᠠᠭᠰᠠᠨ ᠠᠵᠢᠯ ᠵᠡᠷᠭᠡ ᠭᠤᠷᠪᠠᠨ ᠶᠡᠭᠡ ᠵᠠᠩᠭᠢᠯᠠᠭ᠎ᠠ ᠶᠢᠨ ᠬᠦᠷᠢᠶᠡᠨ ᠳᠤ ᠭᠦᠨᠵᠡᠭᠡᠢ ᠪᠣᠯᠪᠠᠰᠤᠷᠠᠭᠤᠯᠤᠯ ᠥᠷᠨᠢᠭᠦᠯᠪᠡ᠃                  ᠪᠣᠯᠪᠠᠰᠤᠷᠠᠯ ᠳᠤ᠂ ᠬᠤᠰᠢᠭᠤ ᠵᠥᠷᠢᠴᠡᠯ ᠵᠢᠭᠤᠷᠠᠯᠳᠤᠭᠠᠨ ᠢ ᠡᠶᠡᠳᠡᠭᠦᠯᠬᠦ ᠲᠥᠪ ᠤᠨ ᠳᠡᠳ᠋ ᠡᠷᠬᠢᠯᠡᠭᠴᠢ ᠡᠯᠪᠡᠭ ᠪᠠᠶᠠᠯᠢᠭ ᠪᠣᠳᠠᠲᠤ ᠲᠤᠷᠰᠢᠯᠭ᠎ᠠ ᠪᠠ ᠵᠢᠭᠤᠷᠠᠯᠳᠤᠭᠠᠨ ᠤ ᠬᠡᠷᠡᠭ ᠤᠨ ᠵᠢᠱᠢᠶ᠎ᠡ ᠶᠢ ᠬᠤᠪᠢᠶᠠᠯᠴᠠᠨ ᠡᠳ᠋ᠯᠡᠬᠦ ᠪᠠᠷ ᠳᠠᠮᠵᠢᠭᠤᠯᠤᠨ᠂ ᠡᠶᠡᠳᠡᠭᠦᠯᠬᠦ ᠤᠷ᠎ᠠ ᠮᠡᠷᠭᠡᠵᠢᠯ ᠪᠠ ᠠᠷᠭ᠎ᠠ ᠪᠣᠳᠣᠯᠭ᠎ᠠ ᠶᠢ ᠭᠦᠨᠵᠡᠭᠡᠢ ᠪᠥᠭᠡᠳ ᠣᠶᠢᠯᠠᠭᠠᠮᠵᠢᠲᠠᠢ ᠪᠠᠷ ᠤᠯᠠᠮᠵᠢᠯᠠᠵᠤ᠂ ᠨᠡᠶᠢᠭᠡᠮ ᠲᠣᠭᠤᠷᠢᠭ ᠤᠨ ᠠᠵᠢᠯᠲᠠᠳ ᠳᠤ ᠵᠥᠷᠢᠴᠡᠯ ᠵᠢᠭᠤᠷᠠᠯᠳᠤᠭᠠᠨ ᠢ ᠡᠶᠡᠳᠡᠭᠦᠯᠬᠦ ᠳᠤ ᠰᠢᠨ᠎ᠡ ᠰᠡᠳᠬᠢᠴᠡ ᠪᠠ ᠠᠷᠭ᠎ᠠ ᠶᠢ ᠬᠠᠩᠭᠠᠭᠰᠠᠨ ᠪᠠᠶᠢᠨ᠎ᠠ᠃      ᠬᠤᠰᠢᠭᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶᠠᠨ ᠤ ᠲᠤᠬᠠᠶᠢᠯᠠᠭᠰᠠᠨ ᠠᠵᠢᠯ ᠤᠨ ᠲᠠᠰᠤᠭ ᠤᠨ ᠬᠠᠷᠢᠭᠤᠴᠠᠯᠭᠠᠲᠠᠨ ᠠᠶᠤᠯᠭᠦᠢ ᠦᠢᠯᠡᠳᠪᠦᠷᠢᠯᠡᠯ᠂ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ ᠪᠣᠯᠪᠠᠰᠤᠷᠠᠯ ᠳᠤᠮᠳᠠ᠂ ᠭᠠᠯ ᠬᠡᠷᠡᠭᠯᠡᠬᠦ᠂ ᠴᠠᠬᠢᠯᠭᠠᠨ ᠬᠡᠷᠡᠭᠯᠡᠬᠦ᠂ ᠬᠡᠢ ᠬᠡᠷᠡᠭᠯᠡᠬᠦ᠂ ᠨᠡᠭᠦᠷᠡᠰᠦ ᠬᠡᠷᠡᠭᠯᠡᠬᠦ ᠳᠤ ᠤᠯᠠᠨ ᠲᠠᠯ᠎ᠠ ᠶᠢᠨ ᠠᠮᠤᠷ ᠲᠦᠪᠰᠢᠨ ᠤ ᠮᠡᠳᠡᠯᠭᠡ ᠶᠢᠨ ᠭᠤᠣᠯᠳᠠᠯᠭ᠎ᠠ ᠶᠢ ᠨᠠᠷᠢᠨ ᠲᠠᠶᠢᠯᠪᠤᠷᠢᠯᠠᠵᠤ᠂ ᠴᠠᠬᠢᠯᠭᠠᠨ ᠬᠡᠢ ᠶᠢᠨ ᠭᠠᠯ ᠤᠨ ᠭᠠᠮᠰᠢᠭ ᠲᠤ ᠤᠴᠠᠷᠠᠬᠤ ᠦᠶ᠎ᠡ ᠶᠢᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠠᠷᠭ᠎ᠠ ᠪᠠᠷᠢᠯ᠂ ᠪᠠᠶᠢᠩᠭᠤ ᠲᠣᠬᠢᠶᠠᠯᠳᠤᠬᠤ ᠠᠮᠤᠷ ᠲᠦᠪᠰᠢᠨ ᠤ ᠭᠡᠮ ᠰᠣᠭᠤᠭ ᠢ ᠢᠯᠭᠠᠨ ᠲᠠᠨᠢᠬᠤ᠂ ᠭᠠᠯ ᠰᠡᠷᠭᠡᠶᠢᠯᠡᠬᠦ ᠠᠮᠤᠷ ᠲᠦᠪᠰᠢᠨ᠂ ᠤᠯᠠᠨ ᠨᠡᠶᠢᠲᠡ ᠶᠢᠨ ᠲᠥᠬᠦᠭᠡᠷᠦᠮᠵᠢ ᠶᠢᠨ ᠠᠮᠤᠷ ᠲᠦᠪᠰᠢᠨ ᠵᠡᠷᠭᠡ ᠤᠯᠠᠨ ᠲᠠᠯ᠎ᠠ ᠳᠤ ᠪᠦᠬᠦ ᠲᠠᠯ᠎ᠠ ᠶᠢᠨ ᠵᠠᠳᠠᠯᠤᠯᠲᠠ ᠬᠢᠵᠦ᠂ ᠣᠯᠠᠨ ᠤ ᠠᠮᠤᠷ ᠲᠦᠪᠰᠢᠨ ᠤ ᠰᠡᠷᠭᠡᠶᠢᠯᠡᠯᠲᠡ ᠶᠢᠨ ᠤᠬᠠᠮᠰᠠᠷ ᠪᠣᠯᠣᠨ ᠵᠢᠭᠰᠠᠭᠠᠨ ᠪᠠᠶᠢᠴᠠᠭᠠᠬᠤ ᠴᠢᠳᠠᠪᠤᠷᠢ ᠶᠢ ᠪᠦᠲᠦᠮᠵᠢᠲᠡᠢ ᠳᠡᠭᠡᠭᠰᠢᠯᠡᠭᠦᠯᠵᠡᠢ᠃      ᠪᠠᠯᠭᠠᠰᠤᠨ ᠤ ᠠᠷᠠᠳ ᠤᠨ ᠠᠮᠢᠳᠤᠷᠠᠯ ᠤᠨ ᠬᠡᠷᠡᠭ ᠶᠠᠪᠤᠳᠠᠯ ᠤᠨ ᠠᠯᠪᠠᠨ ᠭᠡᠷ ᠤᠨ ᠬᠠᠷᠢᠭᠤᠴᠠᠯᠭᠠᠲᠠᠨ ᠠᠷᠠᠳ ᠤᠨ ᠠᠮᠢᠳᠤᠷᠠᠯ ᠤᠨ ᠪᠠᠲᠤᠯᠠᠭ᠎ᠠ ᠶᠢᠨ ᠲᠥᠷᠥ ᠶᠢᠨ ᠪᠣᠳᠣᠯᠭ᠎ᠠ ᠳᠤ ᠰᠢᠰᠲ᠋ᠧᠮ ᠲᠠᠢ ᠲᠠᠶᠢᠯᠤᠮᠵᠢ ᠬᠢᠵᠦ᠂ ᠨᠡᠶᠢᠭᠡᠮ ᠲᠣᠭᠤᠷᠢᠭ ᠤᠨ ᠠᠵᠢᠯ ᠤᠨ ᠳᠤᠮᠳᠠᠬᠢ ᠬᠡᠷᠡᠭ ᠤᠨ ᠵᠢᠱᠢᠶ᠎ᠡ ᠲᠠᠢ ᠤᠶᠠᠯᠳᠤᠭᠤᠯᠤᠨ᠂ ᠨᠡᠶᠢᠭᠡᠮ ᠤᠨ ᠠᠪᠤᠷᠠᠨ ᠲᠤᠰᠠᠯᠠᠯᠲᠠ ᠶᠢ ᠬᠡᠷᠡᠭᠯᠡᠬᠦ ᠬᠡᠪᠴᠢᠶ᠎ᠡ᠂ ᠣᠨᠴᠠ ᠬᠦᠴᠢᠷᠳᠡᠯᠲᠡᠢ ᠬᠥᠮᠥᠰ᠂ ᠲᠦᠷ ᠴᠠᠭ ᠤᠨ ᠠᠪᠤᠷᠠᠨ ᠲᠤᠰᠠᠯᠠᠯᠲᠠ ᠶᠢ ᠭᠤᠶᠤᠴᠢᠯᠠᠬᠤ ᠨᠥᠬᠦᠴᠡᠯ᠂ ᠠᠰᠠᠷᠠᠨ ᠲᠡᠵᠢᠭᠡᠬᠦ ᠬᠥᠮᠥᠨ ᠦᠭᠡᠢ ᠬᠡᠦᠬᠡᠳ ᠲᠤ ᠶᠠᠮᠠᠷ ᠶᠠᠮᠠᠷ ᠪᠠᠲᠤᠯᠠᠭ᠎ᠠ ᠶᠢᠨ ᠲᠥᠷᠥ ᠶᠢᠨ ᠪᠣᠳᠣᠯᠭ᠎ᠠ ᠪᠠᠶᠢᠬᠤ ᠵᠡᠷᠭᠡ ᠠᠭᠤᠯᠭ᠎ᠠ ᠶᠢ ᠲᠠᠶᠢᠯᠪᠤᠷᠢᠯᠠᠵᠤ᠂ ᠨᠡᠶᠢᠭᠡᠮ ᠲᠣᠭᠤᠷᠢᠭ ᠤᠨ ᠠᠵᠢᠯᠲᠠᠨ ᠤ ᠠᠷᠠᠳ ᠤᠨ ᠠᠮᠢᠳᠤᠷᠠᠯ ᠤᠨ ᠦᠢᠯᠡᠴᠢᠯᠡᠭᠡᠨ ᠤ ᠲᠠᠯ᠎ᠠ ᠶᠢᠨ ᠲᠤᠬᠠᠶᠢᠯᠠᠭᠰᠠᠨ ᠠᠵᠢᠯ ᠤᠨ ᠬᠢᠷᠢ ᠬᠡᠮᠵᠢᠶ᠎ᠡ ᠶᠢ ᠦᠨᠡᠨᠬᠦ ᠴᠢᠩᠭᠠᠳᠬᠠᠪᠠ᠃      ᠲᠣᠰ ᠤᠳᠠᠭᠠᠨ ᠤ ᠪᠣᠯᠪᠠᠰᠣᠷᠠᠯ ᠢᠶᠠᠷ ᠳᠡᠮᠵᠢᠨ᠂ ᠨᠡᠶᠢᠭᠡᠮ ᠲᠣᠭᠤᠷᠢᠭ ᠤᠨ ᠠᠵᠢᠯᠲᠠᠳ ᠤ ᠣᠯᠠᠨ ᠲᠠᠯ᠎ᠠ ᠶᠢᠨ ᠴᠢᠳᠠᠪᠤᠷᠢ ᠢ ᠨᠢ ᠳᠡᠭᠡᠭᠰᠢᠯᠡᠭᠦᠯᠵᠦ᠂ ᠮᠡᠳᠡᠯᠭᠡ ᠶᠢᠨ ᠨᠥᠭᠡᠴᠡ ᠢ ᠨᠢ ᠦᠷᠭᠡᠳᠬᠡᠵᠦ᠂  ᠬᠤᠶᠢᠰᠢᠳᠠ ᠶᠢᠨ ᠠᠵᠢᠯ ᠤᠨ ᠳᠤᠮᠳᠠ ᠪᠠᠨ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠲᠤ ᠲᠤᠰᠬᠠᠢ ᠮᠡᠷᠭᠡᠵᠢᠯ ᠤᠨ ᠮᠥᠷᠲᠡᠭᠡᠨ ᠥᠨᠳᠥᠷ ᠪᠦᠲᠦᠮᠵᠢᠲᠡᠶ ᠪᠠᠷ ᠦᠢᠯᠡᠴᠢᠯᠡᠬᠦ ᠳᠤ ᠬᠦᠴᠦᠲᠡᠢ ᠲᠦᠰᠢᠭ ᠲᠤᠯᠭᠠᠭᠤᠷᠢ ᠬᠠᠩᠭᠠᠭᠰᠠᠨ ᠪᠥᠭᠡᠳ ᠪᠠᠰᠠ ᠡᠶ᠎ᠡ ᠵᠣᠬᠢᠴᠠᠯ ᠲᠠᠢ ᠪᠥᠭᠡᠳ ᠲᠣᠭᠲᠠᠭᠤᠨ᠂ ᠪᠠᠲᠤᠯᠠᠭ᠎ᠠ ᠲᠠᠢ ᠨᠡᠶᠢᠭᠡᠮ ᠲᠣᠭᠤᠷᠢᠭ ᠤᠨ ᠣᠷᠴᠢᠨ ᠨᠥᠬᠦᠴᠡᠯ ᠢ ᠪᠤᠶ ᠪᠣᠯᠭᠠᠬᠤ ᠳᠤ ᠪᠠᠲᠤ ᠪᠠᠬᠢ ᠰᠠᠭᠤᠷᠢ ᠲᠠᠯᠪᠢᠵᠤ ᠥᠭᠭᠦᠭᠰᠡᠨ ᠪᠠᠶᠢᠨ᠎ᠠ᠃
 
ᠢᠷᠡᠯᠲᠡ᠄ ᠤᠯᠢᠶᠠᠰᠣᠲᠠᠢ ᠪᠠᠯᠭᠠᠰᠤ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号