ᠮᠠᠨ ᠤ ᠬᠤᠰᠢᠭᠤ 39 ᠳᠠᠬᠢ ︿︿12 . 5 ᠤ ᠣᠯᠠᠨ ᠤᠯᠤᠰ ᠤᠨ ᠰᠠᠶᠢᠨ ᠳᠤᠷᠠᠴᠤᠳ ᠤᠨ ᠡᠳᠦᠷ﹀﹀  ᠤᠨ ᠰᠠᠶᠢᠨ ᠳᠤᠷ᠎ᠠ ᠶᠢᠨ ᠦᠶᠯᠡᠴᠢᠯᠡᠭᠡᠨ ᠤ ᠠᠵᠢᠯᠯᠠᠭ᠎ᠠ ᠶᠢ ᠡᠬᠢᠯᠡᠭᠦᠯᠪᠡ
ᠨᠡᠶᠢᠲᠡᠯᠡᠭᠰᠡᠨ ᠴᠠᠭ᠄
2024/12/19
      12 ᠰᠠᠷ᠎ᠠ ᠶᠢᠨ 5 ᠤ ᠡᠳᠦᠷ ᠪᠣᠯ 39 ᠳᠠᠬᠢ ᠣᠯᠠᠨ ᠤᠯᠤᠰ ᠤᠨ ᠰᠠᠶᠢᠨ ᠳᠤᠷᠠᠴᠤᠳ ᠤᠨ ᠡᠳᠦᠷ ᠪᠣᠯᠤᠨ᠎ᠠ᠃ ᠬᠤᠰᠢᠭᠤ ᠨᠡᠶᠢᠭᠡᠮ ᠤᠨ ᠠᠵᠢᠯ ᠤᠨ ᠬᠡᠯᠲᠡᠰ᠂ ᠬᠤᠰᠢᠭᠤ ᠰᠢᠨ᠎ᠡ ᠴᠠᠭ ᠦᠶ᠎ᠡ ᠶᠢᠨ ᠪᠣᠯᠪᠠᠰᠤᠨ ᠦᠶᠯᠡᠳᠦᠯᠭᠡ ᠶᠢᠨ ᠦᠶᠯᠡᠴᠢᠯᠡᠭᠡᠨ ᠤ ᠲᠥᠪ ᠠᠴᠠ ᠬᠠᠮᠲᠤᠷᠠᠨ ᠡᠷᠭᠢᠯᠡᠭᠰᠡᠨ ︿︿ᠰᠠᠶᠢᠨ ᠳᠤᠷ᠎ᠠ ᠠᠴᠠ ᠪᠠᠨ ᠬᠤᠪᠢ ᠨᠡᠮᠡᠷᠢ ᠦᠵᠡᠭᠦᠯᠵᠦ᠂ ᠰᠠᠶᠢᠨ ᠰᠠᠶᠢᠬᠠᠨ ᠠᠮᠢᠳᠤᠷᠠᠯ ᠢ ᠴᠤᠭᠴᠠᠯᠠᠶ᠎ᠠ﹀﹀ ᠭᠡᠰᠡᠨ ᠭᠤᠤᠯ ᠰᠡᠳᠦᠪᠲᠦ ᠰᠠᠶᠢᠨ ᠳᠤᠷ᠎ᠠ  ᠶᠢᠨ ᠦᠶᠯᠡᠴᠢᠯᠡᠭᠡᠨ ᠤ ᠠᠵᠢᠯᠯᠠᠭ᠎ᠠ ᠶᠢᠨ ᠡᠬᠢᠯᠡᠯᠲᠡ ᠶᠢᠨ ᠶᠣᠰᠣᠯᠠᠯ 12 ᠰᠠᠷ᠎ᠠ ᠶᠢᠨ 4 ᠤ ᠡᠳᠦᠷ ᠤᠯᠢᠶᠠᠰᠤᠲᠠᠢ ᠪᠠᠯᠭᠠᠰᠤᠨ ᠤ ᠮᠠᠨᠳᠤᠬᠤ ᠨᠡᠶᠢᠭᠡᠮ ᠲᠣᠭᠤᠷᠢᠭ ᠲᠤ ᠶᠠᠪᠤᠭᠳᠠᠪᠠ᠃      ᠪᠥᠬᠦ ᠬᠤᠰᠢᠭᠤᠨ ᠤ ᠬᠡᠰᠡᠭ ᠪᠠᠶᠢᠭᠤᠯᠭ᠎ᠠ ᠶᠢᠨ ᠰᠠᠶᠢᠨ ᠳᠤᠷ᠎ᠠ ᠶᠢᠨ ᠦᠶᠯᠡᠴᠢᠯᠡᠭᠡᠨ ᠤ ᠠᠩᠭᠢ᠂ ᠡᠯ᠎ᠡ ᠨᠡᠶᠢᠭᠡᠮ ᠲᠣᠭᠤᠷᠢᠭ ᠤᠨ ᠰᠠᠶᠢᠨ ᠳᠤᠷ᠎ᠠ ᠶᠢᠨ ᠦᠶᠯᠡᠴᠢᠯᠡᠭᠡᠨ ᠤ ᠠᠩᠭᠢ᠂ ︿︿ᠠ ᠡ ᠢ﹀﹀ ᠣᠷᠴᠢᠨ ᠲᠣᠭᠤᠷᠢᠨ  ᠤ ᠬᠠᠮᠠᠭᠠᠯᠠᠯᠲᠠ ᠶᠢᠨ ᠰᠠᠶᠢᠨ ᠳᠤᠷ᠎ᠠ ᠶᠢᠨ ᠦᠶᠯᠡᠴᠢᠯᠡᠭᠡᠨ ᠤ ᠠᠩᠭᠢ᠂ ᠲᠤᠯᠭ᠎ᠠ ᠨᠡᠶᠢᠲᠡ ᠶᠢᠨ ᠠᠰᠠᠷᠠᠮᠵᠢ ᠶᠢᠨ ᠪᠦᠯᠬᠦᠮ ᠵᠢᠴᠢ ᠬᠤᠪᠢᠰᠬᠠᠯᠲᠤ ᠤᠳᠤᠮᠰᠢᠯ ᠢ ᠤᠯᠠᠮᠵᠢᠯᠠᠬᠤ ᠰᠠᠶᠢᠨ ᠳᠤᠷᠠᠴᠤᠳ ᠤᠨ ᠨᠡᠶᠢᠭᠡᠮᠯᠢᠭ ᠤᠨ ᠨᠡᠶᠢᠲᠡ ᠲᠠᠪᠢ ᠭᠠᠷᠤᠶ ᠬᠥᠮᠦᠨ ᠠᠵᠢᠯᠯᠠᠭ᠎ᠠ ᠳᠤ ᠣᠷᠣᠯᠴᠠᠵᠠᠶ᠃      ᠶᠣᠰᠣᠯᠠᠯ ᠳᠡᠭᠡᠷ᠎ᠡ᠂ ᠮᠠᠨ ᠤ ᠬᠤᠰᠢᠭᠤᠨ ᠤ ᠬᠤᠪᠢᠰᠬᠠᠯᠲᠤ ᠤᠳᠤᠮᠰᠢᠯ ᠢ ᠤᠯᠠᠮᠵᠢᠯᠠᠨ ᠵᠠᠯᠭᠠᠮᠵᠢᠯᠠᠬᠤ ᠰᠠᠶᠢᠨ ᠲᠤᠷᠠᠴᠤᠳ ᠤᠨ ᠨᠡᠶᠢᠭᠡᠮᠯᠢᠭ ᠠᠴᠠ ᠬᠤᠰᠢᠭᠤ ᠨᠡᠶᠢᠭᠡᠮ ᠤᠨ ᠠᠵᠢᠯ ᠤᠨ ᠬᠡᠯᠲᠡᠰ ᠪᠣᠯᠤᠨ ᠰᠢᠨ᠎ᠡ ᠴᠠᠭ ᠦᠶ᠎ᠡ ᠶᠢᠨ ᠪᠣᠯᠪᠠᠰᠤᠨ ᠦᠶᠯᠡᠳᠦᠯᠭᠡ ᠶᠢᠨ ᠦᠶᠯᠡᠴᠢᠯᠡᠭᠡᠨ ᠤ ᠲᠥᠪ ᠲᠤ ᠳᠤᠷᠠᠰᠬᠠᠯ ᠤᠨ ᠬᠡᠷᠡᠯ ᠵᠢᠷᠤᠭ ᠤᠨ ᠳᠡᠪᠲᠡᠷ ᠬᠠᠨᠳᠢᠪᠯᠠᠭᠰᠠᠨ ᠪᠥᠭᠡᠳ ᠪᠥᠬᠦ ᠬᠥᠮᠦᠰ ᠢ ᠳᠠᠭᠠᠭᠤᠯᠤᠨ ︿︿ᠡᠵᠢ ᠨᠠᠭᠤᠷ ᠤᠨ ᠬᠥᠪᠡᠭᠡᠨ ᠳᠠᠬᠢ ᠬᠤᠪᠢᠰᠬᠠᠯᠲᠤ ᠳᠤᠷᠠᠰᠤᠮᠵᠢ﹀﹀ ᠦᠵᠡᠭᠦᠯᠭᠡ ᠶᠢᠨ ᠲᠢᠩᠬᠢᠮ ᠢ ᠲᠣᠭᠤᠷᠢᠨ ᠦᠵᠡᠭᠰᠡᠨ ᠪᠠᠶᠢᠨ᠎ᠠ᠃
 
ᠢᠷᠡᠯᠲᠡ᠄ ᠵᠡᠬᠦᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号