ᠰᠤᠷᠤᠭᠴᠢᠳ ᠤᠨ ᠤᠷᠠᠨ ᠰᠡᠳᠬᠢᠬᠦᠢ ᠠᠴᠠ ᠮᠣᠷᠢᠨ ᠬᠤᠭᠤᠷ ᠰᠡᠶᠢᠯᠦᠭᠳᠡᠨ᠎ᠡ
ᠨᠡᠶᠢᠲᠡᠯᠡᠭᠰᠡᠨ ᠴᠠᠭ᠄
2024/12/2
      ᠬᠤᠰᠢᠭᠤ ᠶᠡᠷᠦᠩᠬᠡᠶᠢᠯᠡᠭᠰᠡᠨ ᠳᠡᠭᠡᠳᠦ ᠵᠡᠷᠭᠡ ᠶᠢᠨ ᠳᠤᠮᠳᠠᠳᠤ ᠰᠤᠷᠭᠠᠭᠤᠯᠢ ᠶᠢᠨ ᠦᠨᠳᠦᠰᠦᠲᠡᠨ ᠤ ᠭᠠᠷ ᠤᠷᠠᠯᠠᠯ ᠮᠣᠳᠣᠨ ᠰᠡᠶᠢᠯᠦᠮᠡᠯ ᠤᠨ ᠠᠩᠭᠢ ᠶᠢᠨ ᠰᠤᠷᠤᠭᠴᠢᠳ ᠪᠠᠭᠰᠢ ᠶᠢᠨ ᠢᠶᠠᠨ ᠵᠢᠯᠤᠭᠤᠳᠤᠯᠭ᠎ᠠ ᠪᠠᠷ ᠰᠡᠳᠬᠢᠨ ᠲᠠᠯᠪᠢᠨ ᠮᠣᠷᠢᠨ ᠬᠤᠭᠤᠷ ᠤᠷᠠᠯᠠᠵᠤ ᠰᠠᠭᠤᠨ᠎ᠠ᠃ ᠮᠣᠷᠢᠨ ᠬᠤᠭᠤᠷ ᠰᠡᠶᠢᠯᠵᠦ ᠤᠷᠠᠯᠠᠬᠤ ᠭᠡᠳᠡᠭ ᠨᠢ ᠬᠢᠯᠪᠠᠷᠬᠠᠨ ᠠᠵᠢᠯ ᠪᠢᠰᠢ᠂ ᠭᠡᠬᠦ ᠳᠤ ᠪᠠᠨ ᠮᠣᠳᠤᠨ ᠰᠡᠶᠢᠯᠦᠮᠡᠯ ᠭᠡᠳᠡᠭ ᠡᠨᠡ ᠬᠦ ᠳᠡᠰᠪᠦᠷᠢ ᠲᠡᠪᠴᠢᠶᠡᠷᠢ ᠰᠢᠯᠭᠠᠳᠠᠭ ᠲᠤᠰᠬᠠᠢ ᠮᠡᠷᠭᠡᠵᠢᠯ ᠢ ᠰᠤᠷᠬᠤ ᠳᠤ ᠰᠤᠷᠤᠭᠴᠢᠳ ᠤᠨ ᠢᠳᠡᠪᠬᠢᠵᠢᠯ ᠢ ᠳᠠᠶᠢᠴᠢᠯᠠᠵᠦ᠂ ᠳᠤᠷ᠎ᠠ ᠪᠠᠬ᠎ᠠ ᠶᠢ ᠨᠢ ᠬᠦᠲᠦᠯᠬᠦ ᠭᠡᠳᠡᠭ ᠴᠢᠬᠤᠯᠠ ᠠᠴᠠ ᠴᠢᠬᠤᠯᠠ ᠠᠵᠢ᠃ ᠢᠩᠭᠢᠭᠡᠳ ᠤᠷᠢᠳᠠᠪᠠᠷ ᠮᠣᠷᠢᠨ ᠬᠤᠭᠤᠷ ᠰᠡᠶᠢᠯᠬᠦ ᠠᠴᠠ ᠡᠬᠢᠯᠡᠨ ᠨᠠᠷᠢᠨ ᠬᠢᠨᠠᠮᠠᠭᠠᠢ ᠬᠢᠴᠢᠶᠡᠨ ᠤᠷᠤᠯᠳᠤᠵᠤ ᠪᠠᠶᠢᠭ᠎ᠠ ᠶᠢᠨ ᠤᠳᠬ᠎ᠠ ᠤᠴᠢᠷ ᠨᠢ ᠡᠨᠡ ᠪᠢᠯᠡ᠃      ᠰᠤᠷᠤᠭᠴᠢᠳ ᠤᠨ ᠲᠤᠰᠬᠠᠶ ᠮᠡᠷᠭᠡᠵᠢᠯ ᠤᠨ ᠦᠶᠯᠡᠳᠦᠯᠭᠡ ᠶᠢᠨ ᠴᠢᠳᠠᠪᠤᠷᠢ ᠶᠢ ᠳᠡᠭᠡᠭᠰᠢᠯᠡᠭᠦᠯᠬᠦ ᠶᠢᠨ ᠲᠥᠯᠥᠭᠡ᠂ ᠬᠤᠰᠢᠭᠤ ᠶᠡᠷᠦᠩᠬᠡᠶᠢᠯᠡᠭᠰᠡᠨ ᠳᠡᠭᠡᠳᠦ ᠵᠡᠷᠭᠡ ᠶᠢᠨ ᠳᠤᠮᠳᠠᠳᠤ ᠰᠤᠷᠭᠠᠭᠤᠯᠢ ᠨᠢ ᠰᠥᠨᠢᠳ ᠵᠡᠭᠦᠨ ᠬᠤᠰᠢᠭᠤᠨ ᠤ ᠲᠠᠪᠤᠲᠠᠢ ᠦᠨᠳᠦᠰᠦᠲᠡᠨ ᠤ ᠭᠠᠷ ᠤᠷᠠᠯᠠᠯ ᠤᠨ ᠬᠢᠵᠠᠭᠠᠷᠲᠤ ᠺᠣᠮᠫᠠᠨᠢ ᠶᠢᠨ ᠬᠠᠷᠢᠭᠤᠴᠠᠯᠭᠠᠲᠠᠨ ᠬᠦᠷᠡᠯᠪᠠᠭᠠᠲᠤᠷ ᠪᠠᠭᠰᠢ ᠶᠢ ᠤᠷᠢᠵᠤ ᠵᠢᠭᠠᠯᠭᠠᠭᠰᠠᠨ ᠪᠦᠭᠡᠳ ᠰᠤᠷᠤᠭᠴᠢᠳ ᠢᠶᠠᠨ ᠲᠤᠬᠠᠢ ᠶᠢᠨ ᠭᠠᠵᠠᠷ ᠲᠤᠨᠢ ᠣᠴᠢᠭᠤᠯᠤᠨ ᠰᠤᠷᠤᠯᠴᠠᠭᠤᠯᠤᠭᠰᠠᠨ ᠠᠴᠠ ᠰᠤᠷᠤᠭᠴᠢᠳ ᠤᠨ ᠲᠣᠰᠬᠠᠢ ᠮᠡᠷᠭᠡᠵᠢᠯ ᠤᠨ ᠬᠢᠷᠢ ᠳᠦᠪᠰᠢᠨ ᠮᠠᠰᠢ ᠶᠡᠭᠡ ᠳᠡᠭᠡᠭᠰᠢᠯᠡᠭᠰᠡᠨ ᠪᠠᠶᠢᠯ᠎ᠠ᠃      ᠬᠤᠰᠢᠭᠤ ᠶᠡᠷᠦᠩᠬᠡᠶᠢᠯᠡᠭᠰᠡᠨ ᠳᠡᠭᠡᠳᠦ ᠵᠡᠷᠭᠡ ᠶᠢᠨ ᠳᠤᠮᠳᠠᠳᠤ ᠰᠤᠷᠭᠠᠭᠤᠯᠢ ᠶᠢᠨ ᠮᠣᠳᠣᠨ ᠰᠡᠶᠢᠯᠦᠮᠡᠯ ᠤᠨ ᠠᠩᠭᠢ 2020 ᠣᠨ ᠳᠤ ᠬᠢᠴᠢᠶᠡᠯ ᠡᠬᠢᠯᠡᠭᠰᠡᠨ ᠠᠴᠠ ᠨᠠᠰᠢ᠂ ᠰᠤᠷᠤᠭᠴᠢᠳ ᠰᠢᠰᠲ᠋ᠧᠮ ᠲᠠᠢ ᠰᠤᠷᠤᠯᠴᠠᠨ᠂ ᠦᠢᠯᠡᠳᠦᠯᠭᠡ ᠪᠠ ᠲᠤᠷᠰᠢᠯᠭ᠎ᠠ ᠪᠠᠨ ᠰᠣᠯᠢᠯᠴᠠᠨ᠂ ᠤᠯᠠᠮᠵᠢᠯᠠᠯᠲᠤ ᠮᠣᠳᠣᠨ ᠰᠡᠶᠢᠯᠦᠮᠡᠯ ᠤᠨ ᠤᠷ᠎ᠠ ᠮᠡᠷᠭᠡᠵᠢᠯ ᠪᠠ ᠠᠭᠤᠯᠤᠭᠳᠠᠬᠤᠨ ᠢ ᠭᠦᠨᠵᠡᠭᠡᠶ ᠣᠶᠢᠯᠠᠭᠠᠵᠤ᠂ ᠤᠷᠠᠯᠢᠭ ᠤᠨ ᠬᠢᠷᠢ ᠲᠦᠪᠰᠢᠨ ᠪᠠ ᠵᠣᠬᠢᠶᠠᠨ ᠪᠦᠲᠦᠭᠡᠬᠦ ᠴᠢᠳᠠᠪᠤᠷᠢ  ᠪᠠᠨ ᠳᠠᠰᠤᠷᠠᠯᠲᠠ ᠦᠭᠡᠢ ᠳᠡᠭᠡᠭᠰᠢᠯᠡᠭᠦᠯᠪᠡ᠃ ᠡᠭᠦᠨ ᠤ ᠬᠠᠮᠲᠤ᠂ ᠤᠯᠠᠮᠵᠢᠯᠠᠯᠲᠤ ᠮᠣᠳᠣᠨ ᠰᠡᠶᠢᠯᠦᠮᠡᠯ ᠤᠨ ᠤᠷ᠎ᠠ ᠮᠡᠷᠭᠡᠵᠢᠯ ᠢ ᠤᠯᠠᠮᠵᠢᠯᠠᠨ ᠪᠠᠳᠠᠷᠠᠭᠤᠯᠬᠤ᠂ ᠨᠠᠩ ᠣᠯᠠᠨ ᠮᠣᠳᠣᠨ ᠰᠡᠶᠢᠯᠦᠮᠡᠯ ᠤᠨ ᠤᠷᠠᠯᠢᠭ ᠤᠨ ᠴᠢᠳᠠᠪᠤᠷᠢᠲᠠᠨ ᠢ ᠬᠥᠮᠦᠵᠢᠭᠦᠯᠬᠦ᠂ ᠮᠠᠨ ᠤ ᠬᠤᠰᠢᠭᠤᠨ ᠤ ᠮᠣᠳᠣᠨ ᠰᠡᠶᠢᠯᠦᠮᠡᠯ ᠤᠨ ᠤᠷᠠᠯᠢᠭ ᠤᠨ ᠰᠢᠨ᠎ᠡ ᠶᠢ ᠡᠭᠦᠳᠬᠦ ᠪᠠ ᠬᠥᠭᠵᠢᠯᠲᠡ ᠶᠢ ᠠᠬᠢᠭᠤᠯᠬᠤ ᠳᠤ ᠰᠠᠶᠢᠨ ᠰᠠᠭᠤᠷᠢ ᠲᠠᠯᠪᠢᠵᠤ ᠥᠭᠴᠡᠶ᠃      ᠣᠶᠢᠯᠠᠭᠠᠭᠰᠠᠨ ᠢᠶᠠᠷ᠂ ᠬᠤᠰᠢᠭᠤ ᠶᠡᠷᠦᠩᠬᠡᠶᠢᠯᠡᠭᠰᠡᠨ ᠳᠡᠭᠡᠳᠦ ᠵᠡᠷᠭᠡ ᠶᠢᠨ ᠳᠤᠮᠳᠠᠳᠤ ᠰᠤᠷᠭᠠᠭᠤᠯᠢ ᠤᠷ᠎ᠠ ᠴᠢᠳᠠᠪᠤᠷᠢ ᠶᠢᠨ ᠬᠥᠲᠥᠯᠥᠨ ᠳᠠᠭᠠᠭᠤᠯᠬᠤ ᠦᠶᠯᠡᠳᠦᠯ ᠢᠶᠠᠨ ᠭᠦᠶᠴᠡᠳ ᠪᠠᠳᠠᠷᠠᠭᠤᠯᠵᠤ᠂ ᠰᠤᠷᠭᠠᠭᠤᠯᠢ ᠶᠢᠨ ᠢᠶᠠᠨ ᠣᠨᠴᠠᠯᠢᠭ ᠪᠥᠬᠦᠶ ᠲᠤᠰᠬᠠᠶ ᠮᠡᠷᠭᠡᠵᠢᠯ᠂ ᠦᠨᠳᠦᠰᠦᠲᠡᠨ ᠤ ᠣᠨᠴᠠᠯᠢᠭ᠂ ᠰᠣᠶᠣᠯ ᠤᠨ ᠤᠯᠠᠮᠵᠢᠯᠠᠯ ᠵᠡᠷᠭᠡ ᠲᠠᠢ ᠤᠶᠠᠯᠳᠤᠭᠤᠯᠤᠨ᠂ ᠲᠤᠰᠬᠠᠶ ᠮᠡᠷᠭᠡᠵᠢᠯ ᠤᠨ ᠳᠠᠳᠤᠯᠭ᠎ᠠ ᠪᠣᠯᠪᠠᠰᠤᠷᠠᠯ ᠤᠨ ᠬᠢᠴᠢᠶᠡᠯ ᠤᠨ ᠶᠠᠰᠤ ᠴᠢᠨᠠᠷ ᠢ ᠳᠡᠭᠡᠭᠰᠢᠯᠡᠭᠦᠯᠬᠦ ᠶᠢᠨ ᠬᠠᠮᠲᠤ᠂ ᠦᠨᠳᠦᠰᠦᠲᠡᠨ ᠤ ᠰᠣᠶᠣᠯ ᠢ ᠤᠯᠠᠮᠵᠢᠯᠠᠨ ᠵᠠᠯᠭᠠᠮᠵᠢᠯᠠᠬᠤ ᠶᠢ ᠴᠤ ᠠᠭᠤᠰᠬᠠᠨ ᠣᠷᠣᠭᠤᠯᠵᠤ᠂ ᠡᠯ᠎ᠡ ᠲᠤᠰᠬᠠᠶ ᠮᠡᠷᠭᠡᠵᠢᠯ ᠤᠨ ᠳᠤᠷ᠎ᠠ ᠰᠣᠨᠢᠷᠬᠠᠯ ᠤᠨ ᠠᠩᠭᠢ ᠶᠢᠨ ᠪᠣᠯᠪᠠᠰᠤᠷᠠᠯ ᠤᠨ ᠠᠵᠢᠯ ᠢ ᠢᠳᠡᠪᠬᠢᠲᠡᠶ ᠥᠷᠨᠢᠭᠦᠯᠵᠦ᠂ ᠦᠨᠳᠦᠰᠦᠲᠡᠨ ᠤ ᠭᠠᠷ ᠤᠷᠠᠯᠠᠯ᠂ ᠦᠨᠳᠦᠰᠦᠲᠡᠨ ᠤ ᠬᠤᠪᠴᠠᠰᠤ ᠵᠠᠰᠠᠯ᠂ ᠮᠠᠰᠢᠨ ᠲᠡᠷᠭᠡᠨ ᠤ ᠰᠡᠯᠪᠢᠨ ᠵᠠᠰᠠᠯᠲᠠ᠂ ᠺᠣᠮᠫᠢᠦ᠋ᠲ᠋ᠧᠷ ᠤᠨ ᠠᠰᠢᠭᠯᠠᠯᠲᠠ᠂ ᠪᠥᠬᠡ ᠵᠡᠷᠭᠡ ᠲᠠᠯ᠎ᠠ ᠪᠠᠷ ᠬᠢ ᠰᠤᠷᠤᠭᠴᠢᠳ ᠤᠨ ᠤᠷ᠎ᠠ ᠴᠢᠳᠠᠪᠤᠷᠢ ᠶᠢᠨ ᠳᠡᠭᠡᠭᠰᠢᠯᠡᠯᠲᠡ ᠶᠢ ᠠᠬᠢᠭᠤᠯᠵᠤ᠂ ᠲᠤᠰᠬᠠᠶ ᠮᠡᠷᠭᠡᠵᠢᠯ ᠤᠨ ᠳᠤᠷ᠎ᠠ ᠰᠣᠨᠢᠷᠬᠠᠯ ᠢ ᠨᠢ ᠬᠦᠮᠦᠵᠢᠭᠦᠯᠦᠭᠰᠡᠨ  ᠢᠶᠠᠷ ᠪᠠᠷᠠᠬᠤ ᠦᠭᠡᠢ ᠬᠤᠶᠢᠰᠢᠳᠠ ᠶᠢᠨ ᠠᠵᠢᠯ ᠮᠡᠷᠭᠡᠵᠢᠯ ᠳᠤ ᠨᠢ ᠪᠠᠲᠤ ᠪᠠᠬᠢ ᠰᠠᠭᠤᠷᠢ ᠲᠠᠯᠪᠢᠵᠤ ᠥᠭᠴᠡᠢ᠃      ᠬᠤᠶᠢᠰᠢᠳᠠ᠂ ᠬᠤᠰᠢᠭᠤ ᠶᠡᠷᠦᠩᠬᠡᠶᠢᠯᠡᠭᠰᠡᠨ ᠳᠡᠭᠡᠳᠦ ᠵᠡᠷᠭᠡ ᠶᠢᠨ ᠳᠤᠮᠳᠠᠳᠤ ᠰᠤᠷᠭᠠᠭᠤᠯᠢ ᠨᠢ ᠪᠦᠲᠦᠭᠡᠯᠴᠢ ᠴᠢᠨᠠᠷᠲᠠᠢ᠂ ᠪᠣᠳᠠᠲᠠᠢ ᠳᠤ ᠨᠡᠶᠢᠴᠡᠭᠰᠡᠨ ᠨᠡᠩ ᠤᠯᠠᠨ ᠰᠤᠷᠭᠠᠨ ᠬᠥᠮᠦᠵᠢᠯ ᠤᠨ ᠠᠵᠢᠯᠯᠠᠭ᠎ᠠ ᠶᠢ ᠦᠷᠭᠦᠯᠵᠢᠯᠡᠨ ᠰᠦᠪᠡᠭᠴᠢᠯᠡᠵᠦ᠂ ᠰᠤᠷᠤᠭᠴᠢᠳ ᠲᠤ ᠨᠡᠩ ᠤᠯᠠᠨ ᠡᠰᠢᠵᠢᠭᠰᠡᠨ᠂ ᠥᠪᠡᠷᠮᠢᠴᠡ ᠣᠨᠴᠠᠯᠢᠭ ᠲᠠᠢ ᠰᠤᠷᠤᠯᠴᠠᠬᠤ ᠲᠣᠬᠢᠶᠠᠯ ᠬᠠᠩᠭᠠᠵᠤ᠂ ᠲᠡᠳᠡᠨ ᠤ ᠭᠦᠨ ᠵᠤᠵᠠᠭᠠᠨ ᠰᠣᠶᠣᠯ ᠤᠨ ᠠᠭᠤᠯᠤᠭᠳᠠᠬᠤᠨ ᠲᠠᠢ ᠪᠥᠭᠡᠳ ᠰᠢᠨ᠎ᠡ ᠶᠢ ᠡᠭᠦᠳᠬᠦ ᠵᠣᠷᠢᠭ ᠰᠠᠨᠠᠭ᠎ᠠ ᠲᠠᠢ ᠰᠢᠨ᠎ᠡ ᠴᠠᠭ ᠦᠶ᠎ᠡ ᠶᠢᠨ ᠵᠠᠯᠠᠭᠤᠴᠤᠳ ᠪᠣᠯᠬᠤ ᠳᠤ ᠬᠦᠴᠦᠨ ᠨᠡᠮᠡᠷᠢᠯᠡᠬᠦ ᠪᠣᠯᠣᠨ᠎ᠠ᠃
 
ᠢᠷᠡᠯᠲᠡ᠄ ᠵᠡᠬᠦᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号