ᠮᠦᠩᠬᠡ ᠶᠢᠨ ᠭᠡᠷ ᠪᠦᠯᠢ᠄ ᠠᠵᠢᠯᠴᠢ ᠬᠥᠳᠡᠯᠮᠦᠷᠢᠴᠢ ᠬᠤᠶᠠᠷ ᠭᠠᠷ ᠢᠶᠠᠷ ᠢᠶᠠᠨ ᠮᠠᠯᠵᠢᠬᠤ ᠣᠷᠣᠨ ᠤ ᠪᠣᠯᠪᠠᠰᠤᠨ ᠤ ᠵᠢᠷᠤᠭ ᠢ ᠵᠢᠷᠤᠭᠯᠠᠨ᠎ᠠ
ᠨᠡᠶᠢᠲᠡᠯᠡᠭᠰᠡᠨ ᠴᠠᠭ᠄
2024/12/20
      ᠣᠶᠢᠷ᠎ᠠ ᠶᠢᠨ ᠵᠢᠯ ᠠᠴᠠ᠂ ᠤᠯᠢᠶᠠᠰᠤᠲᠠᠢ ᠪᠠᠯᠭᠠᠰᠤ ᠨᠢ ᠬᠥᠳᠡᠭᠡ ᠲᠣᠰᠬᠤᠨ ᠤ ᠪᠣᠯᠪᠠᠰᠤᠨ ᠰᠤᠷᠲᠠᠯ ᠢ ᠰᠣᠷᠲᠠᠯᠴᠢᠯᠠᠵᠦ᠂ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠨᠠᠮ ᠤᠨ ᠪᠠᠶᠢᠭᠤᠯᠤᠯᠲᠠ ᠪᠠᠷ ᠬᠦᠲᠦᠯᠦᠨ ᠵᠢᠯᠤᠭᠤᠳᠬᠤ᠂ ᠪᠣᠯᠪᠠᠰᠤᠨ ᠤ ᠦᠢᠯᠡᠳᠦᠯᠭᠡ ᠶᠢ ᠴᠢᠩᠭᠠᠳᠬᠠᠬᠤ᠂ ᠨᠡᠶᠢᠲᠡᠯᠢᠭ ᠵᠢᠱᠢᠶ᠎ᠡ ᠶᠢ ᠰᠣᠩᠭᠤᠨ ᠵᠢᠱᠢᠶ᠎ᠡ ᠦᠵᠡᠭᠦᠯᠬᠦ ᠵᠡᠷᠭᠡ ᠬᠦᠴᠦᠲᠡᠢ ᠠᠷᠭ᠎ᠠ ᠬᠡᠮᠵᠢᠶ᠎ᠡ ᠪᠠᠷ ᠳᠠᠮᠵᠢᠭᠤᠯᠤᠨ᠂ ᠬᠡᠪᠰᠢᠮᠡᠯ ᠵᠠᠩ ᠳᠠᠳᠬᠠᠯ ᠢ ᠥᠭᠡᠷᠡᠴᠢᠯᠡᠬᠦ ᠠᠵᠢᠯ ᠢ ᠭᠦᠨᠵᠡᠭᠡᠢ ᠠᠬᠢᠭᠤᠯᠵᠤ᠂ ᠪᠣᠳᠠᠲᠠᠢ ᠳᠤ ᠦᠨᠳᠦᠰᠦᠯᠡᠭᠦᠯᠬᠦ ᠶᠢ ᠠᠬᠢᠭᠤᠯᠵᠠᠢ᠃      ᠮᠥᠩᠬᠡ ᠪᠣᠯᠣᠨ ᠰᠢᠦ ᠯᠠᠨ ᠪᠣᠯ ᠠᠮᠤᠭᠤᠯᠠᠩᠪᠤᠯᠠᠭ ᠭᠠᠴᠠᠭᠠᠨ ᠤ ᠮᠠᠯᠴᠢᠨ᠂ ᠬᠤᠶᠠᠷ ᠥᠬᠢᠨ ᠲᠠᠢ᠃ ᠠᠶᠢᠯ ᠭᠡᠷ ᠪᠣᠯᠬᠤ ᠦᠶ᠎ᠡ ᠳᠤ ᠭᠡᠷ ᠤᠨ ᠠᠮᠢᠳᠤᠷᠠᠯ ᠨᠢ ᠬᠦᠴᠢᠷ ᠪᠡᠷᠬᠡᠰᠢᠶᠡᠯ ᠲᠠᠢ ᠪᠠᠶᠢᠭᠰᠠᠨ ᠴᠤ᠂ ᠲᠡᠳᠡ ᠨᠠᠷᠢᠨ ᠨᠢᠮᠪᠠᠢ ᠲᠥᠯᠥᠪᠯᠡᠨ  ᠠᠵᠤ ᠲᠦᠷᠦᠭᠦ ᠶᠣᠰᠣ ᠪᠠ ᠰᠢᠨᠵᠢᠯᠡᠬᠦ ᠤᠬᠠᠭᠠᠨᠴᠢ ᠪᠠᠷ ᠲᠡᠵᠢᠭᠡᠨ ᠦᠷᠡᠵᠢᠭᠦᠯᠬᠦ ᠣᠶᠢᠯᠠᠭᠠᠭᠳᠠᠬᠤᠨ ᠢ ᠪᠠᠷᠢᠮᠲᠠᠯᠠᠨ ᠦᠭᠡ ᠳᠠᠭᠤᠨ ᠦᠭᠡᠢ ᠴᠢᠷᠮᠠᠶᠢᠭᠰᠠᠭᠠᠷ ᠢᠷᠡᠵᠡᠢ᠃ ᠭᠠᠴᠠᠭᠠᠨ ᠤ ᠪᠤᠰᠤᠳ ᠮᠠᠯᠴᠢᠳ ᠤᠨ ᠨᠠᠰᠤᠨ ᠪᠠᠶᠠᠷ ᠢ ᠪᠡᠯᠭᠡᠯᠡᠬᠦ ᠠᠵᠢᠯᠯᠠᠭ᠎ᠠ   ᠶᠢ ᠶᠡᠭᠡ ᠪᠠᠷ ᠡᠷᠬᠢᠯᠡᠨ ᠶᠠᠪᠤᠭᠳᠠᠭᠤᠯᠵᠤ ᠪᠠᠶᠢᠬᠤ ᠳᠤ ᠮᠥᠩᠬᠡ ᠶᠢᠨ ᠬᠢ ᠬᠠᠷᠢᠨ ᠬᠠᠶᠠ ᠵᠠᠷᠢᠮ ᠳᠠᠭᠠᠨ ᠥᠪᠡᠷ ᠵᠠᠭᠤᠷ᠎ᠠ ᠪᠠᠨ ᠴᠤᠭᠯᠠᠵᠤ᠂ ᠰᠠᠳᠤᠨ ᠲᠥᠷᠥᠯ ᠢᠶᠠᠨ ᠯᠡ ᠤᠷᠢᠵᠤ᠂ ᠡᠩ ᠤᠨ ᠬᠤᠭᠤᠯᠠ ᠵᠤᠭ᠎ᠠ ᠪᠠᠨ ᠪᠡᠯᠡᠳᠬᠡᠨ᠂ ᠡᠭᠡᠯ ᠪᠣᠷᠣᠭᠵᠢᠭᠤᠨ ᠢᠶᠠᠷ ᠬᠠᠷᠢᠯᠴᠠᠨ ᠶᠠᠪᠤᠯᠴᠠᠳᠠᠭ ᠪᠠᠶᠢᠪᠠ᠃      ᠤᠯᠠᠨ ᠵᠢᠯ ᠤᠨ ᠴᠢᠷᠮᠠᠶᠢᠯᠭ᠎ᠠ ᠪᠠᠷ ᠮᠦᠩᠭᠡ ᠶᠢᠨ ᠠᠮᠢᠳᠤᠷᠠᠯ ᠢ ᠠᠭᠠᠵᠢᠮ ᠢᠶᠠᠷ ᠡᠳᠦᠷ ᠢᠷᠡᠬᠦᠶ᠎ᠡ ᠰᠠᠶᠢᠵᠢᠷᠠᠬᠤ ᠶᠢ ᠳᠠᠭᠠᠯᠲᠤᠨ᠂ ᠲᠡᠷᠡ ᠬᠤᠶᠠᠭᠤᠯᠠ ᠪᠠᠨ ᠰᠤᠷᠭᠠᠨ ᠬᠥᠮᠦᠵᠢᠯ ᠪᠣᠯ ᠬᠡᠦᠬᠡᠳ ᠤᠨ ᠦᠰᠦᠨ ᠪᠤᠶᠢᠵᠢᠯᠲᠠ ᠶᠢᠨ ︽ᠰᠠᠭᠤᠷᠢ︾ ᠮᠥᠨ ᠭᠡᠳᠡᠭ ᠢ ᠲᠡᠭᠡᠲᠦᠯᠡᠵᠦ᠂ ᠬᠡᠦᠬᠡᠳ ᠤᠨ ᠰᠤᠷᠭᠠᠨ ᠬᠥᠮᠦᠵᠢᠯ ᠤᠨ ᠵᠠᠷᠤᠳᠠᠯ  ᠢ ᠶᠡᠷᠦ ᠠᠴᠠ ᠲᠠᠲᠠᠭᠠᠯᠵᠠᠬᠤ ᠦᠭᠡᠢ ᠪᠠᠶᠢᠵᠦ᠂ ᠨᠣᠮ ᠪᠢᠴᠢᠭ ᠤᠨ ᠰᠦᠢᠳᠬᠡᠯ᠂ ᠳᠤᠷ᠎ᠠ ᠪᠠᠬ᠎ᠠ ᠶᠢᠨ ᠠᠩᠭᠢ ᠶᠢᠨ ᠰᠦᠢᠳᠬᠡᠯ ᠵᠡᠷᠭᠡ ᠶᠢ ᠪᠦᠷ ᠪᠦᠬᠦ ᠬᠦᠴᠦᠨ ᠢᠶᠠᠷ ᠢᠶᠠᠨ ᠳᠡᠮᠵᠢᠳᠡᠭ ᠶᠣᠮᠰᠠᠨ᠃ ᠨᠠᠷᠢᠨ ᠨᠢᠮᠪᠠᠢ ᠬᠠᠶᠢᠷ᠎ᠠ ᠬᠦᠮᠦᠵᠢᠯ  ᠪᠠᠷ ᠬᠤᠶᠠᠷ ᠥᠬᠢᠨ ᠢᠳᠡᠷᠡᠭᠦᠨ ᠢᠶᠠᠷ ᠦᠰᠦᠨ ᠪᠣᠶᠢᠵᠢᠵᠤ᠂ ᠣᠲᠣ ᠪᠦᠷ ᠰᠠᠨᠠᠭᠠᠨ ᠳᠤ ᠪᠠᠨ ᠳᠠᠭᠠᠷᠠᠭᠰᠠᠨ ᠰᠠᠶᠢᠬᠠᠨ ᠠᠵᠢᠯ ᠢᠶᠠᠨ ᠣᠯᠵᠤ᠂ ᠡᠴᠢᠭᠡ ᠡᠬᠡ ᠶᠢᠨ ᠢᠶᠠᠨ ᠣᠮᠣᠭᠰᠢᠯ ᠪᠣᠯᠤᠭᠰᠠᠨ ᠪᠠᠶᠢᠨ᠎ᠠ᠃ ᠮᠥᠩᠬᠡ ᠶᠢᠨ ᠬᠢᠨ ᠤ ᠥᠩᠭᠡᠷᠡᠭᠰᠡᠨ ᠤ ᠵᠣᠪᠠᠭᠤᠷᠢ ᠵᠦᠳᠡᠭᠦᠷᠢ ᠨᠢ ᠨᠢᠭᠡᠨᠲᠡ ᠵᠣᠯ ᠵᠢᠷᠭᠠᠯ ᠤᠨ ︽ᠭᠢᠰᠬᠢᠭᠦᠷ︾ ᠪᠣᠯᠵᠤ᠂ ᠠᠮᠢᠳᠤᠷᠠᠯ ᠨᠢ ᠡᠳᠦᠷ ᠠᠴᠠ ᠡᠳᠦᠷ ᠥᠭᠡᠳᠡᠯᠡᠵᠦ ᠪᠠᠶᠢᠨ᠎ᠠ᠃      ︽ᠣᠳᠣᠬᠠᠨ ᠳᠤ ᠮᠠᠯᠵᠢᠬᠤ ᠣᠷᠣᠨ ᠳᠤ ᠵᠢᠯ ᠤᠰᠤ ᠶᠢ ᠶᠡᠬᠡᠪᠡᠷ ᠬᠢᠬᠦ ᠰᠤᠷᠲᠠᠯ ᠮᠥᠨ ᠬᠦ ᠣᠷᠣᠰᠢᠭᠰᠠᠭᠠᠷ ᠪᠠᠶᠢᠨ᠎ᠠ᠂ ᠣᠯᠠᠨ ᠢᠶᠠᠷ ᠢᠶᠠᠨ ᠰᠣᠬᠤᠷ ᠪᠠᠯᠠᠢ ᠪᠠᠷ ᠠᠳᠠᠯᠢᠳᠬᠠᠨ᠂ ᠯᠠᠷᠵᠢᠶ᠎ᠠ ᠶᠠᠩᠪᠠ ᠶᠢ ᠬᠥᠭᠡᠭᠡᠴᠡᠯᠳᠦᠵᠦ᠂ ᠶᠡᠭᠡ ᠬᠡᠮᠵᠢᠶᠡᠨ ᠤ ᠵᠣᠭᠤᠰ ᠮᠥᠩᠭᠦ᠂ ᠴᠠᠭ ᠪᠠ ᠣᠶᠤᠨ ᠴᠢᠳᠠᠯ ᠢᠶᠠᠨ ᠵᠠᠷᠤᠴᠠᠭᠤᠯᠵᠤ ᠪᠠᠶᠢᠨ᠎ᠠ᠃ ᠤᠳᠤ ᠣᠯᠠᠨ ᠢᠶᠠᠷ ᠢᠶᠠᠨ ᠡᠨᠡ ᠬᠦ ᠮᠠᠭᠤ ᠰᠤᠷᠲᠠᠯ ᠤᠨ ᠬᠤᠣᠷ ᠬᠥᠨᠥᠭᠡᠯ ᠢ ᠲᠣᠳᠣᠷᠬᠠᠢ ᠮᠡᠳᠡᠵᠦ᠂ ᠳᠠᠩᠰᠠ ᠪᠤᠳᠤᠵᠤ ᠡᠳ᠋ ᠤᠨ ᠶᠠᠪᠤᠳᠠᠯ ᠢ ᠬᠠᠮᠢᠶᠠᠷᠬᠤ ᠶᠢ ᠰᠤᠷᠴᠤ᠂ ᠵᠣᠭᠤᠰ ᠢᠶᠠᠨ ᠬᠡᠷᠡᠭᠯᠡᠬᠦ ᠭᠠᠵᠠᠷ ᠲᠤ ᠬᠡᠷᠡᠭᠯᠡᠵᠦ᠂ ᠬᠡᠦᠬᠡᠳ ᠤᠨ ᠰᠤᠷᠭᠠᠨ ᠬᠥᠮᠦᠵᠢᠯ᠂ ᠮᠠᠯ ᠠᠵᠤ ᠠᠬᠤᠢ ᠶᠢᠨ ᠦᠢᠯᠡᠳᠪᠦᠷᠢᠯᠡᠯ ᠳᠤ ᠢᠯᠡᠭᠦᠬᠡᠨ ᠣᠷᠣᠭᠤᠯᠵᠤ᠂ ᠰᠡᠳᠬᠢᠯ ᠲᠠᠯᠪᠢᠨ ᠡᠵᠡᠩᠨᠡᠪᠡᠯ ᠮᠠᠨ ᠤ ᠠᠮᠢᠳᠤᠷᠠᠯ ᠰᠠᠶ᠋ᠢ ᠶᠠᠪᠤᠬᠤ ᠲᠤᠲᠤᠮ ᠥᠭᠡᠳᠡᠯᠡᠵᠦ ᠴᠢᠳᠠᠨ᠎ᠠ︾ ᠭᠡᠵᠦ ᠲᠡᠷᠡ ᠬᠤᠶᠠᠭᠤᠯᠠ ᠪᠠᠨ ᠰᠠᠨᠠᠭᠠᠴᠢᠯᠠᠵᠦ ᠪᠠᠶᠢᠨ᠎ᠠ᠃      ᠮᠥᠩᠬᠡ ᠶᠢᠨ ᠭᠡᠷ ᠪᠦᠯᠢ ᠠᠴᠠ ᠮᠠᠯᠴᠢᠨ ᠲᠦᠮᠡᠨ ᠳᠤ ᠪᠠᠨ ᠳᠠᠯᠪᠢᠭᠰᠡᠨ ᠰᠠᠨᠠᠭᠤᠯᠭ᠎ᠠ ᠨᠢ ᠦᠢ ᠣᠯᠠᠨ ᠮᠠᠯᠴᠢᠳ ᠤᠨ ᠵᠠᠩ ᠳᠠᠳᠬᠠᠯ ᠢ ᠥᠭᠡᠷᠡᠴᠢᠯᠡᠬᠦ ᠲᠤᠬᠠᠢ ᠭᠦᠨᠵᠡᠭᠡᠢ ᠪᠣᠳᠣᠯᠬᠢᠯᠠᠯ ᠢ ᠰᠡᠩᠬᠡᠷᠡᠭᠦᠯᠵᠡᠢ᠃ ᠬᠤᠶᠢᠰᠢᠳᠠ ᠤᠯᠢᠶᠠᠰᠤᠲᠠᠢ ᠪᠠᠯᠭᠠᠰᠤ ᠨᠢ ᠤᠬᠠᠭᠤᠯᠭ᠎ᠠ ᠬᠥᠮᠦᠵᠢᠯ᠂ ᠳᠦᠷᠢᠮ ᠤᠨ ᠪᠠᠶᠢᠭᠤᠯᠤᠯᠲᠠ᠂ ᠰᠣᠶᠣᠯ ᠢᠶᠠᠷ ᠬᠥᠲᠥᠯᠥᠨ ᠳᠠᠭᠠᠭᠤᠯᠬᠤ ᠪᠠ ᠠᠵᠤ ᠦᠢᠯᠡᠰ ᠢᠶᠠᠷ ᠬᠦᠴᠦ ᠨᠡᠮᠡᠷᠢᠯᠡᠬᠦ ᠵᠡᠷᠭᠡ ᠤᠯᠠᠨ ᠲᠠᠯ᠎ᠠ ᠪᠠᠷ ᠦᠷᠭᠦᠯᠵᠢᠯᠡᠨ ᠬᠦᠴᠦᠯᠡᠵᠦ᠂ ᠨᠡᠩ ᠤᠯᠠᠨ ᠮᠠᠯᠴᠢᠳ ᠢ ᠬᠥᠲᠥᠯᠥᠨ ᠵᠢᠯᠤᠭᠤᠳᠴᠤ᠂ ᠪᠣᠯᠪᠠᠰᠤᠨ ᠤ ᠪᠠᠶᠢᠭᠤᠯᠤᠯᠲᠠ ᠳᠤ ᠰᠠᠨᠠᠭᠠᠴᠢᠯᠠᠭ᠎ᠠ ᠠᠴᠠ ᠪᠠᠨ ᠣᠷᠣᠯᠴᠠᠭᠤᠯᠵᠤ᠂ ᠤᠯᠢᠶᠠᠰᠤᠲᠠᠢ ᠪᠠᠯᠭᠠᠰᠤ ᠶᠢᠨ ᠬᠥᠳᠡᠭᠡ ᠲᠣᠰᠬᠤᠨ ᠤ ᠪᠣᠯᠪᠠᠰᠤᠨ ᠬᠡᠪ ᠰᠤᠷᠲᠠᠯ ᠤᠨ ᠰᠢᠨ᠎ᠡ ᠬᠠᠭᠤᠳᠠᠰᠤ ᠶᠢ ᠵᠢᠷᠤᠭᠯᠠᠨ᠎ᠠ᠃
 
ᠢᠷᠡᠯᠲᠡ᠄ ᠤᠯᠢᠶᠠᠰᠣᠲᠠᠢ ᠪᠠᠯᠭᠠᠰᠤ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号