ᠰᠠᠮᠠᠢ ᠰᠤᠮᠤᠨ ᠤ ᠨᠢᠭᠡᠳᠦᠮᠡᠯ ᠹᠷᠣᠨᠲ ᠤᠨ ᠥᠷᠦᠭᠡ《 12 . 4 》ᠤᠯᠤᠰ ᠤᠨ ᠦᠨᠳᠦᠰᠦᠨ ᠬᠠᠤᠯᠢ  ᠶᠢᠨ ᠡᠳᠦᠷ ᠵᠢᠴᠢ ᠦᠨᠳᠦᠰᠦᠨ ᠬᠠᠤᠯᠢ ᠶᠢᠨ ᠤᠬᠠᠭᠤᠯᠭ᠎ᠠ ᠶᠢᠨ ᠭᠠᠷᠠᠭ ᠤᠨ ᠭᠤᠤᠯ ᠰᠡᠳᠦᠪᠲᠦ ᠬᠠᠤᠯᠢ ᠲᠦᠭᠡᠮᠡᠯᠵᠢᠭᠦᠯᠬᠦ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/12/20
      ᠶᠡᠷᠦᠩᠭᠡᠢ ᠱᠦᠵᠢ ᠰᠢ ᠶᠢᠨ ᠫᠢᠩ ᠤᠨ ᠬᠠᠤᠯᠢ ᠪᠠᠷ ᠵᠠᠰᠠᠬᠤ ᠦᠵᠡᠯ ᠰᠠᠨᠠᠭ᠎ᠠ ᠪᠣᠯᠤᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠶ ᠴᠢᠬᠤᠯᠠ ᠦᠵᠡᠯ ᠰᠠᠨᠠᠭ᠎ᠠ ᠶᠢ ᠭᠦᠨᠵᠡᠭᠡᠶ ᠰᠤᠷᠤᠯᠴᠠᠨ ᠤᠬᠠᠭᠤᠯᠤᠨ ᠲᠤᠭᠤᠰᠢᠯᠠᠭᠤᠯᠵᠤ᠂ ᠦᠨᠳᠦᠰᠦᠨ ᠬᠠᠤᠯᠢ ᠶᠢᠨ ᠵᠣᠷᠢᠭ ᠰᠠᠨᠠᠭ᠎ᠠ ᠶᠢ ᠪᠠᠳᠠᠷᠠᠭᠤᠯᠵᠤ᠂ ᠦᠨᠳᠦᠰᠦᠨ ᠬᠠᠤᠯᠢ ᠶᠢᠨ ᠡᠷᠬᠡ ᠰᠦᠷ ᠢ ᠬᠠᠮᠠᠭᠠᠯᠠᠬᠤ ᠶᠢᠨ ᠲᠥᠯᠥᠭᠡ᠂ ᠣᠶᠢᠷ᠎ᠠ ᠶᠢᠨ ᠡᠳᠦᠷ᠂  ᠰᠠᠮᠠᠢ ᠰᠤᠮᠤᠨ ᠤ  ᠨᠢᠭᠡᠳᠦᠮᠡᠯ ᠹᠷᠣᠨᠲ ᠤᠨ ᠦᠷᠦᠭᠡ ᠨᠢ ᠰᠠᠮᠠᠢ ᠰᠤᠮᠤᠨ ᠤ  ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠣᠯᠣᠳᠤᠭᠠᠷ ᠤᠳᠠᠭᠠᠨ ᠤ ᠬᠤᠷᠠᠯ ᠢ ᠬᠤᠷᠠᠯᠳᠤᠭᠤᠯᠵᠤ᠂ ᠬᠤᠰᠢᠭᠤᠨ ᠤ ᠬᠠᠤᠯᠢ ᠴᠠᠭᠠᠵᠠ ᠶᠢᠨ ᠲᠣᠪᠴᠢᠶ᠎ᠠ᠂ ᠰᠠᠮᠠᠢ ᠰᠤᠮᠤᠨ ᠤ ᠬᠠᠤᠯᠢ ᠴᠠᠭᠠᠵᠠ ᠶᠢᠨ ᠰᠠᠯᠪᠤᠷᠢ ᠲᠠᠢ ᠬᠤᠯᠪᠣᠭᠠᠯᠠᠨ 《 ᠦᠨᠳᠦᠰᠦᠨ ᠬᠠᠤᠯᠢ ᠶᠢᠨ ᠵᠣᠷᠢᠭ ᠰᠠᠨᠠᠭ᠎ᠠ ᠶᠢ ᠶᠡᠭᠡ ᠪᠠᠷ ᠪᠠᠳᠠᠷᠠᠭᠤᠯᠵᠤ᠂ ᠥᠭᠡᠷᠡᠴᠢᠯᠡᠯᠲᠡ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠬᠦ ᠶᠢ ᠠᠬᠢᠭᠤᠯᠬᠤ 》 ᠪᠠᠷ ᠭᠤᠤᠯ ᠰᠡᠳᠦᠪ ᠪᠣᠯᠭᠠᠭᠰᠠᠨ 《 12 . 4 》 ᠤᠯᠤᠰ ᠤᠨ ᠦᠨᠳᠦᠰᠦᠨ ᠬᠠᠤᠯᠢ ᠶᠢᠨ ᠡᠳᠦᠷ ᠵᠢᠴᠢ ᠦᠨᠳᠦᠰᠦᠨ ᠬᠠᠤᠯᠢ ᠶᠢᠨ ᠤᠬᠠᠭᠤᠯᠭ᠎ᠠ ᠶᠢᠨ ᠭᠠᠷᠠᠭ ᠤᠨ ᠬᠠᠤᠯᠢ ᠲᠦᠭᠡᠮᠡᠯᠵᠢᠭᠦᠯᠬᠦ ᠤᠬᠠᠭᠤᠯᠭ᠎ᠠ  ᠶᠢᠨ ᠠᠵᠢᠯᠯᠠᠭ᠎ᠠ ᠥᠷᠨᠢᠭᠦᠯᠪᠡ᠃      ᠠᠵᠢᠯᠯᠠᠭ᠎ᠠ ᠨᠢ 《 ᠪᠥᠬᠦᠳᠡ ᠨᠠᠢᠷᠠᠮᠳᠠᠬᠤ ᠳᠤᠮᠳᠠᠳᠤ ᠠᠷᠠᠳ ᠤᠯᠤᠰ ᠤᠨ ᠦᠨᠳᠦᠰᠦᠨ ᠬᠠᠤᠯᠢ 》᠂      《 ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠯᠤᠰ ᠤᠨ ᠲᠤᠭ ᠤᠨ ᠬᠠᠤᠯᠢ 》᠂ 《 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠥᠬᠦ ᠲᠠᠯ᠎ᠠ ᠪᠠᠷ ᠪᠥᠲᠥᠭᠡᠨ ᠪᠠᠶᠢᠭᠤᠯᠬᠤ ᠲᠦᠷᠢᠮ 》᠂ 《 ᠱᠠᠰᠢᠨ ᠰᠤᠷᠲᠠᠬᠤᠨ ᠤ ᠶᠠᠪᠤᠳᠠᠯ ᠤᠨ ᠳᠦᠷᠢᠮ 》᠂《 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠠᠬᠢᠭᠤᠯᠬᠤ ᠳᠦᠷᠢᠮ 》 ᠤᠨ ᠭᠤᠤᠯᠳᠠᠯᠭ᠎ᠠ ᠲᠠᠢ ᠤᠬᠠᠭᠤᠯᠭ᠎ᠠ ᠶᠢᠨ ᠠᠭᠤᠯᠭ᠎ᠠ ᠪᠤᠯᠭᠠᠵᠤ  ᠂ ᠬᠥᠨᠳᠡᠯᠡᠨ ᠪᠢᠴᠢᠭᠡᠰᠦ ᠡᠯᠭᠦᠬᠦ᠂ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ ᠪᠠ ᠰᠦᠯᠵᠢᠶᠡᠨ ᠳᠡᠭᠡᠷ᠎ᠡ ᠤᠬᠠᠭᠤᠯᠤᠨ ᠬᠦᠷᠭᠡᠬᠦ ᠵᠡᠷᠭᠡ ᠬᠡᠯᠪᠡᠷᠢ ᠮᠠᠶ᠋ᠢᠭ ᠪᠠᠷ ᠳᠠᠮᠵᠢᠨ᠂ ᠪᠦᠬᠦ ᠰᠤᠮᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ         ᠲᠥᠯᠦᠭᠡᠯᠡᠭᠴᠢᠳ  ᠂ ᠺᠠᠳ᠋ᠷ ᠠᠵᠢᠯᠲᠠᠨ  ᠵᠢᠴᠢ ᠮᠠᠯᠴᠢᠨ ᠲᠦᠮᠡᠨ  ᠳᠤ ᠦᠨᠳᠦᠰᠦᠨ ᠬᠠᠤᠯᠢ ᠪᠠ  ᠱᠠᠰᠢᠨ ᠰᠤᠷᠲᠠᠬᠤᠨ ᠤ ᠬᠠᠤᠯᠢ ᠴᠠᠭᠠᠵᠠ ᠬᠠᠤᠯᠢ ᠲᠣᠭᠲᠠᠭᠠᠯ ᠤᠨ ᠮᠡᠳᠡᠯᠭᠡ ᠶᠢ  ᠲᠦᠭᠡᠮᠡᠯᠵᠢᠭᠦᠯᠵᠦ  ᠂ ᠣᠯᠠᠨ ᠲᠦᠮᠡᠨ ᠢ ᠬᠥᠲᠥᠯᠥᠨ ᠵᠢᠯᠣᠭᠤᠳᠴᠤ ᠪᠠᠶᠢᠭᠠᠳ ᠦᠨᠳᠦᠰᠦᠨ ᠬᠠᠤᠯᠢ ᠶᠢᠨ ᠰᠡᠳᠬᠢᠬᠦᠶ ᠪᠠ ᠬᠠᠤᠯᠢ ᠪᠠᠷ ᠵᠠᠰᠠᠬᠤ ᠣᠶᠢᠯᠠᠭᠠᠭᠳᠠᠬᠤᠨ ᠤ ᠲᠤᠬᠠᠶ ᠲᠠᠨᠢᠯᠲᠠ ᠶᠢ ᠨᠢ ᠲᠠᠰᠤᠷᠠᠯᠲᠠ ᠥᠬᠡᠶ ᠴᠢᠩᠭᠠᠷᠠᠭᠤᠯᠤᠨ᠎ᠠ᠃ ᠡᠭᠦᠨ ᠤ ᠬᠠᠮᠲᠤ᠂ ᠬᠠᠷᠢᠶᠠᠲᠤ ᠣᠷᠣᠨ ᠤ ᠦᠨᠳᠦᠰᠦᠲᠡᠨ ᠨᠦᠭᠦᠳ ᠤᠨ ᠺᠠᠳ᠋ᠷ ᠣᠯᠠᠨ ᠲᠦᠮᠡᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠤᠨ ᠲᠤᠬᠠᠶ ᠣᠶᠢᠯᠠᠭᠠᠯᠲᠠ᠂ ᠬᠠᠨᠤᠮᠵᠢ ᠶᠢᠨ ᠬᠡᠮᠵᠢᠶ᠎ᠡ᠂ ᠣᠷᠣᠯᠴᠠᠬᠤ ᠬᠡᠮᠵᠢᠶ᠎ᠡ᠂ ᠪᠣᠳᠠᠲᠤ ᠲᠥᠷᠥᠭᠳᠡᠯ ᠪᠠ ᠦᠷ᠎ᠡ ᠪᠦᠲᠦᠮᠵᠢᠲᠡᠶ ᠪᠠᠷ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠶᠢᠨ ᠲᠥᠯᠥᠭᠡ᠂ ᠪᠥᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠠᠶᠢᠮᠠᠭ ᠢ ᠡᠭᠦᠳᠦᠨ ᠪᠠᠶᠢᠭᠤᠯᠬᠤ ᠠᠰᠠᠭᠤᠯᠲᠠ  ᠶᠢᠨ ᠬᠠᠭᠤᠳᠠᠰᠤ ᠪᠠᠷ ᠪᠠᠶᠢᠴᠠᠭᠠᠯᠲᠠ ᠬᠢᠬᠦ ᠠᠵᠢᠯᠯᠠᠭ᠎ᠠ ᠶᠢ ᠥᠷᠨᠢᠭᠦᠯᠵᠦ᠂ ᠺᠠᠳ᠋ᠷ ᠣᠯᠠᠨ ᠲᠦᠮᠡᠨ ᠤ ᠦᠨᠳᠦᠰᠦᠲᠡᠨ  ᠤ ᠪᠦᠯᠬᠦᠮᠳᠡᠯ ᠳᠠᠪᠰᠢᠯᠲᠠ ᠶᠢᠨ ᠠᠵᠢᠯ ᠤᠨ ᠲᠤᠬᠠᠶ ᠣᠶᠢᠯᠠᠭᠠᠯᠲᠠ ᠶᠢ ᠪᠦᠲᠦᠮᠵᠢᠲᠡᠶ ᠳᠡᠭᠡᠭᠰᠢᠯᠡᠭᠦᠯᠵᠦ᠂ ᠣᠯᠠᠨ ᠲᠦᠮᠡᠨ ᠤ ᠣᠷᠣᠯᠴᠠᠬᠤ ᠬᠡᠮᠵᠢᠶ᠎ᠡ ᠶᠢ ᠨᠡᠮᠡᠭᠳᠡᠭᠦᠯᠵᠦ᠂ ᠨᠠᠮ ᠤᠨ ᠦᠨᠳᠦᠰᠦᠲᠡᠨ ᠤ ᠲᠥᠷᠥ ᠶᠢᠨ ᠪᠣᠳᠣᠯᠭ᠎ᠠ ᠪᠠ ᠬᠠᠤᠯᠢ ᠴᠠᠭᠠᠵᠠ ᠬᠠᠤᠯᠢ ᠲᠣᠭᠲᠠᠭᠠᠯ ᠤᠨ ᠤᠬᠠᠭᠤᠯᠭ᠎ᠠ ᠶᠢᠨ ᠠᠵᠢᠯᠯᠠᠭ᠎ᠠ ᠶᠢᠨ ᠬᠠᠮᠤᠷᠬᠤ ᠬᠡᠪᠴᠢᠶ᠎ᠡ ᠶᠢ ᠥᠷᠭᠡᠳᠬᠡᠪᠡ  ᠃ ᠠᠵᠢᠯᠯᠠᠭ᠎ᠠ ᠶᠢᠨ ᠳᠤᠮᠳᠠ᠂ ᠡᠯ᠎ᠡ ᠲᠥᠷᠥᠯ ᠤᠨ ᠤᠬᠠᠭᠤᠯᠭ᠎ᠠ ᠶᠢᠨ ᠮᠠᠲ᠋ᠧᠷᠢᠶᠠᠯ ᠢ 70 ᠭᠠᠷᠤᠶ ᠬᠤᠪᠢ ᠲᠠᠷᠬᠠᠭᠠᠪᠠ᠃      ᠲᠣᠰ ᠤᠳᠠᠭᠠᠨ ᠤ ᠤᠬᠠᠭᠤᠯᠭ᠎ᠠ ᠶᠢᠨ ᠠᠵᠢᠯᠯᠠᠭ᠎ᠠ ᠪᠠᠷ ᠳᠠᠮᠵᠢᠭᠤᠯᠤᠨ᠂ ᠦᠨᠳᠦᠰᠦᠲᠡᠨ ᠨᠦᠭᠦᠳ ᠤᠨ ᠺᠠᠳ᠋ᠷ ᠣᠯᠠᠨ ᠲᠦᠮᠡᠨ ᠤ ᠬᠠᠤᠯᠢ ᠪᠠᠷ ᠵᠠᠰᠠᠬᠤ ᠤᠬᠠᠮᠰᠠᠷ ᠪᠠ ᠬᠠᠤᠯᠢ ᠪᠠᠷ ᠵᠠᠰᠠᠬᠤ ᠦᠵᠡᠯᠲᠡ ᠶᠢ ᠴᠢᠩᠭᠠᠷᠠᠭᠤᠯᠵᠤ᠂ ᠦᠨᠳᠦᠰᠦᠲᠡᠨ ᠤ ᠪᠦᠯᠬᠦᠮᠳᠡᠯ ᠢ ᠠᠬᠢᠭᠤᠯᠤᠨ᠂ ᠬᠠᠤᠯᠢ ᠶᠢ ᠬᠦᠨᠳᠦᠳᠬᠡᠬᠦ  ᠂ ᠬᠠᠤᠯᠢ ᠶᠢ ᠰᠤᠷᠬᠤ  ᠂ ᠬᠠᠤᠯᠢ ᠶᠢ ᠰᠠᠬᠢᠬᠤ  ᠂ ᠬᠠᠤᠯᠢ ᠶᠢ ᠬᠡᠷᠡᠭᠯᠡᠬᠦ ᠭᠦᠨ ᠵᠤᠵᠠᠭᠠᠨ ᠠᠭᠤᠷ ᠠᠮᠢᠰᠬᠤᠯ ᠢ ᠪᠣᠶ ᠪᠣᠯᠭᠠᠪᠠ  ᠃
 
ᠢᠷᠡᠯᠲᠡ᠄ ᠰᠠᠮᠠᠢ ᠰᠣᠮᠣ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号