ᠪᠦᠬᠦ ᠤᠯᠤᠰ ᠤᠨ ᠬᠤᠶᠠᠷ ᠬᠤᠷᠠᠯ ᠤᠳᠠᠯ ᠦᠭᠡᠢ ᠬᠤᠷᠠᠯᠳᠤᠬᠤ ᠭᠡᠵᠦ ᠪᠠᠶᠢᠭ᠎ᠠ ᠲᠠᠰᠢᠷᠠᠮ ᠳᠤ᠂ | ᠠᠷᠠᠳ ᠤᠨ ᠲᠥᠯᠥᠭᠡᠯᠡᠭᠴᠢ ᠶᠢᠨ ᠡᠭᠦᠷᠭᠡ ᠬᠠᠷᠢᠭᠤᠴᠠᠯᠭ᠎ᠠ ᠪᠠᠨ ᠰᠠᠶᠢᠲᠤᠷ ᠭᠦᠢᠴᠡᠳᠬᠡᠵᠦ᠂ ᠠᠷᠠᠳ ᠤᠯᠠᠨ ᠤ | ᠰᠠᠨᠠᠯ ᠰᠠᠨᠠᠭᠤᠯᠭ᠎ᠠ ᠶᠢ ᠰᠣᠨᠣᠰᠬᠤ ᠶᠢᠨ ᠲᠥᠯᠥᠭᠡ᠂ 12 ᠰᠠᠷ᠎ᠠ ᠶᠢᠨ 4 ᠤ ᠡᠳᠦᠷ᠂ ᠪᠦᠬᠦ ᠤᠯᠤᠰ ᠤᠨ | ᠠᠷᠠᠳ ᠤᠨ ᠲᠥᠯᠥᠭᠡᠯᠡᠭᠴᠢ ᠡᠷᠳᠡᠨᠢᠳᠠᠯᠠᠢ ᠨᠥᠬᠦᠷ ᠰᠠᠮᠠᠢ ᠰᠤᠮᠤᠨ ᠳᠤ ᠭᠦᠨᠵᠡᠭᠡᠶᠢᠷᠡᠵᠦ᠂ ᠠᠷᠠᠳ ᠤᠨ ᠰᠠᠨᠠᠭ᠎ᠠ ᠶᠢ | ᠥᠷᠭᠡᠨ ᠢᠶᠠᠷ ᠣᠶᠢᠯᠠᠭᠠᠵᠤ᠂ ᠤᠯᠠᠨ ᠲᠦᠮᠡᠨ ᠤ ᠬᠦᠰᠡᠯ ᠱᠠᠭᠠᠷᠳᠠᠯᠭ᠎ᠠ ᠶᠢ ᠬᠦᠯᠢᠶᠡᠨ ᠰᠣᠨᠣᠰᠪᠠ᠃ | ᠡᠷᠳᠡᠨᠢᠳᠠᠯᠠᠢ ᠮᠠᠯᠴᠢᠨ ᠡᠷᠦᠬᠡ ᠳᠤ ᠭᠦᠨᠵᠡᠭᠡᠶᠢᠷᠡᠵᠦ᠂ ᠲᠡᠳᠡᠨ ᠤ ᠬᠠᠪᠤᠷ ᠤᠨ ᠤᠯᠠᠷᠢᠯ ᠤᠨ ᠪᠡᠯᠴᠢᠭᠡᠷ | ᠰᠡᠷᠭᠦᠭᠡᠬᠦ᠂ ᠡᠪᠡᠰᠦ ᠪᠡᠯᠴᠢᠭᠡᠷ ᠤᠨ ᠲᠡᠩᠴᠡᠭᠦᠷᠢ ᠶᠢ ᠪᠠᠲᠤᠯᠠᠬᠤ᠂ ᠰᠠᠭᠤᠷᠢ ᠲᠥᠬᠦᠭᠡᠷᠦᠮᠵᠢ᠂ ᠲᠥᠷᠥᠯ ᠵᠦᠢᠯ ᠤᠨ | ᠭᠤᠶᠤᠴᠢᠯᠠᠯ ᠵᠡᠷᠭᠡ ᠲᠠᠯ᠎ᠠ ᠶᠢᠨ ᠰᠠᠨᠠᠯ ᠰᠠᠨᠠᠭᠤᠯᠭ᠎ᠠ ᠶᠢ ᠰᠣᠨᠣᠰᠬᠤ ᠶᠢᠨ ᠬᠠᠮᠲᠤ ᠰᠠᠨᠠᠯ ᠰᠠᠨᠠᠭᠤᠯᠭ᠎ᠠ ᠪᠠᠨ | ᠭᠦᠨᠵᠡᠭᠡᠶ ᠰᠣᠯᠢᠯᠴᠠᠪᠠ᠃ ᠠᠷᠠᠳ ᠲᠦᠮᠡᠨ ᠤ ᠬᠦᠨᠳᠦ ᠨᠠᠶᠢᠳᠠᠯᠭ᠎ᠠ ᠶᠢ ᠬᠥᠰᠡᠷᠳᠡᠭᠦᠯᠬᠦ ᠦᠭᠡᠢ ᠪᠠᠷ ᠠᠷᠢᠭᠤᠨ | ᠲᠠᠷᠬᠠᠨ ᠬᠠᠷᠢᠭᠤᠴᠠᠯᠭ᠎ᠠ ᠪᠠᠨ ᠡᠭᠦᠷᠭᠡᠯᠡᠵᠦ᠂ ᠲᠤᠰᠢᠶᠠᠯ ᠬᠠᠷᠢᠭᠤᠴᠠᠯᠭ᠎ᠠ ᠪᠠᠨ ᠰᠠᠶᠢᠲᠤᠷ ᠭᠦᠢᠴᠡᠳᠬᠡᠵᠦ᠂ ᠠᠷᠠᠳ | ᠤᠯᠠᠨ ᠤ ᠰᠡᠳᠬᠢᠯ ᠤᠨ ᠲᠠᠭᠤᠨ ᠢ ᠬᠤᠶᠠᠷ ᠬᠤᠷᠠᠯ ᠳᠤ ᠴᠠᠭ ᠲᠤᠬᠠᠢ ᠳᠤᠨᠢ ᠲᠤᠰᠬᠠᠵᠤ ᠥᠭᠭᠦᠨ᠎ᠡ ᠭᠡᠵᠦ | ᠢᠯᠡᠳᠬᠡᠪᠡ᠃ | ᠨᠠᠮ ᠤᠨ ᠬᠤᠷᠢᠳᠤᠭᠠᠷ ᠶᠡᠭᠡ ᠬᠤᠷᠠᠯ ᠠᠴᠠ ᠰᠢᠨ᠎ᠡ ᠠᠶᠠᠨ ᠵᠠᠮ ᠳᠠᠬᠢ ᠤᠯᠤᠰ ᠢᠶᠠᠨ ᠬᠦᠴᠦᠷᠬᠡᠭᠵᠢᠭᠦᠯᠬᠦ | ᠪᠥᠲᠥᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠵᠢᠷᠤᠭ ᠢ ᠵᠢᠷᠤᠭᠯᠠᠬᠤ ᠲᠠᠰᠢᠷᠠᠮ ᠳᠤ᠂ | ᠠᠷᠠᠳ ᠤᠨ ᠲᠥᠯᠦᠭᠡᠯᠡᠭᠴᠢ ᠠᠴᠠ 《 ᠠᠷᠪᠠᠨ ᠳᠥᠷᠪᠡᠳᠦᠭᠡᠷ ᠲᠠᠪᠤᠨ ᠵᠢᠯ》 ᠤᠨ ᠲᠥᠯᠦᠪᠯᠡᠭᠡ ᠬᠠᠷᠠᠯᠲᠠ ᠪᠠᠷ | ᠡᠭᠦᠷᠭᠡ ᠪᠤᠯᠭᠠᠵᠤ᠂ ᠠᠷᠠᠳ ᠲᠦᠮᠡᠨ ᠤ ᠬᠠᠨᠤᠮᠵᠢᠲᠠᠢ ᠪᠠᠶᠢᠴᠠᠭᠠᠨ ᠰᠤᠳᠤᠯᠤᠯᠲᠠ ᠶᠢ ᠬᠢᠵᠦ᠂ ᠰᠢᠨ᠎ᠡ ᠴᠠᠭ | ᠦᠶ᠎ᠡ ᠶᠢᠨ ᠠᠤᠭ᠎ᠠ ᠶᠡᠭᠡ ᠵᠢᠷᠤᠭᠯᠠᠯ ᠳᠤ ᠬᠦᠴᠦ ᠪᠠᠨ ᠡᠷᠭᠦᠨ᠎ᠡ᠃ |