ᠴᠠᠩ ᠱᠧᠩ
ᠨᠡᠶᠢᠲᠡᠯᠡᠭᠰᠡᠨ ᠴᠠᠭ᠄
2024/12/24
   ᠤᠳᠤᠷᠢᠳᠤᠯᠭ᠎ᠠ ᠶᠢᠨ ᠠᠵᠢᠯ ᠤᠨ ᠬᠤᠪᠢᠶᠠᠷᠢᠯᠠᠯ          ᠵᠧᠦ ᠢᠦᠢ ᠯᠦᠩ ᠨᠥᠬᠦᠷ ᠤᠨ ᠠᠵᠢᠯ ᠢ ᠬᠠᠪᠰᠤᠷᠴᠤ᠂ ᠬᠤᠰᠢᠭᠤ ᠵᠠᠰᠠᠭ ᠤᠨ ᠣᠷᠳᠣᠨ ᠤ ᠪᠥᠬᠦ ᠲᠠᠯ᠎ᠠ ᠶᠢᠨ ᠠᠵᠢᠯ ᠢ ᠡᠷᠭᠢᠯᠡᠨ᠎ᠡ︔ ᠬᠤᠰᠢᠭᠤ ᠨᠠᠮ ᠤᠨ ᠬᠤᠷᠢᠶᠠᠨ ᠤ ᠡᠳ᠋ ᠤᠨ ᠵᠠᠰᠠᠭ ᠠᠵᠤ ᠠᠬᠤᠶ ᠶᠢᠨ ᠵᠥᠪᠯᠡᠯ ᠤᠨ ᠠᠯᠪᠠᠨ ᠬᠡᠷ᠂ ᠬᠤᠰᠢᠭᠤ ᠨᠠᠮ ᠤᠨ ᠬᠤᠷᠢᠶᠠᠨ ᠤ ᠬᠢᠨᠠᠨ ᠪᠤᠳᠤᠬᠤ ᠵᠥᠪᠯᠡᠯ ᠤᠨ ᠠᠯᠪᠠᠨ ᠬᠡᠷ ᠢ ᠬᠤᠪᠢᠳᠠᠨ ᠬᠠᠮᠢᠶᠠᠷᠤᠨ᠎ᠠ︔ ᠵᠠᠰᠠᠭ ᠤᠨ ᠣᠷᠳᠣᠨ ᠤ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢᠨ ︽ᠨᠢᠭᠡ ᠠᠵᠢᠯ ᠤᠨ ᠪᠠᠶᠢᠷᠢ ᠳᠤ ᠬᠤᠤᠰ ᠬᠠᠷᠢᠭᠤᠴᠠᠯᠭ᠎ᠠ ᠡᠭᠦᠷᠭᠡᠯᠡᠬᠦ︾ ᠪᠠ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠤᠳᠤᠷᠢᠳᠬᠤ ᠬᠠᠷᠢᠭᠤᠴᠠᠯᠭ᠎ᠠ ᠶᠢ ᠭᠦᠢᠴᠡᠳᠬᠡᠵᠦ᠂ ᠤᠯᠤᠰ ᠲᠥᠷᠥ ᠶᠢᠨ ᠬᠠᠷᠢᠭᠤᠴᠠᠯᠭ᠎ᠠ ᠶᠢᠨ ᠨᠠᠷᠢᠨ ᠲᠠᠩᠰᠠ᠂ ᠠᠶᠤᠯᠭᠦᠢ ᠦᠢᠯᠡᠳᠪᠦᠷᠢᠯᠡᠯ ᠤᠨ ᠠᠵᠢᠯ ᠤᠨ ᠡᠭᠦᠷᠭᠡ ᠬᠠᠷᠢᠭᠤᠴᠠᠯᠭ᠎ᠠ ᠶᠢᠨ ᠨᠠᠷᠢᠨ ᠲᠠᠩᠰᠠ ᠶᠢᠨ ᠡᠭᠦᠷᠭᠡ ᠶᠢ ᠨᠠᠶᠢᠳᠠᠪᠤᠷᠢᠵᠢᠭᠤᠯᠵᠤ᠂ ᠵᠡᠭᠦᠨ ᠦᠵᠦᠮᠦᠴᠢᠨ ᠬᠤᠰᠢᠭᠤᠨ ᠤ ᠢᠳᠡᠭᠡᠨ ᠪᠠ ᠡᠮ ᠤᠨ ᠵᠦᠢᠯ ᠤᠨ ᠠᠮᠤᠷ ᠲᠦᠪᠰᠢᠨ ᠤ ᠵᠥᠪᠯᠡᠯ ᠤᠨ ᠡᠷᠬᠢᠯᠡᠭᠴᠢ ᠶᠢᠨ ᠡᠭᠦᠷᠭᠡ ᠬᠠᠷᠢᠭᠤᠴᠠᠯᠭ᠎ᠠ ᠶᠢ ᠭᠦᠢᠴᠡᠳᠬᠡᠵᠦ᠂  ᠵᠡᠭᠦᠨ ᠦᠵᠦᠮᠦᠴᠢᠨ ᠬᠤᠶᠢᠭᠤᠨ ᠤ ᠠᠮᠢ ᠠᠬᠤᠢ ᠶᠢᠨ ᠣᠷᠴᠢᠨ ᠲᠤᠭᠤᠷᠢᠨ ᠪᠠ ᠡᠬᠢ ᠪᠠᠶᠠᠯᠢᠭ ᠤᠨ ᠬᠠᠮᠠᠭᠠᠯᠠᠯᠲᠠ ᠶᠢᠨ ᠭᠤᠣᠯ ᠬᠠᠷᠢᠭᠤᠴᠠᠯᠭ᠎ᠠ  ᠶᠢ ᠡᠭᠦᠷᠭᠡᠯᠡᠨ᠎ᠡ︔ ᠬᠤᠰᠢᠭᠤ ᠤᠯᠤᠰ ᠲᠥᠷᠥ ᠶᠢᠨ ᠵᠥᠪᠯᠡᠯᠭᠡᠨ ᠲᠠᠢ ᠬᠠᠷᠢᠯᠴᠠᠨ᠎ᠠ᠃    ᠬᠤᠪᠢ ᠬᠦᠮᠦᠨ ᠤ ᠲᠤᠪᠴᠢ ᠨᠠᠮᠲᠠᠷ    ᠴᠠᠩ ᠱᠧᠩ᠂ ᠡᠷᠡᠭᠲᠡᠶ᠂ ᠮᠣᠩᠭᠤᠯ ᠦᠨᠳᠦᠰᠦᠲᠡᠨ᠂ 1971 ᠣᠨ ᠤ 5 ᠰᠠᠷ᠎ᠠ ᠳᠤ ᠳᠦᠷᠦᠵᠡᠶ᠂ ᠨᠠᠮ ᠤᠨ ᠰᠤᠷᠭᠠᠭᠤᠯᠢ ᠶᠢᠨ ᠠᠰᠫᠢᠷᠠᠨᠲ ᠤᠨ ᠰᠤᠷᠤᠯᠭ᠎ᠠ ᠶᠢᠨ ᠨᠠᠮᠲᠠᠷ ᠲᠠᠢ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ᠃ ᠤᠳᠤ ᠵᠡᠭᠦᠨ ᠦᠵᠦᠮᠦᠴᠢᠨ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠠᠷᠠᠳ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠬᠤᠰᠢᠭᠤ ᠳᠠᠷᠤᠭ᠎ᠠ ᠶᠢᠨ ᠲᠤᠰᠢᠶᠠᠯ ᠢ ᠬᠠᠷᠢᠭᠤᠴᠠᠵᠤ ᠪᠠᠶᠢᠨ᠎ᠠ᠃
 
ᠢᠷᠡᠯᠲᠡ᠄ ᠵᠡᠭᠦᠨ ᠦᠵᠦᠮᠦᠴᠢᠨ ᠬᠤᠰᠢᠭᠤᠨ ᠤ ᠵᠠᠰᠠᠭ ᠤᠨ ᠣᠷᠳᠣᠨ ᠤ ᠠᠯᠪᠠᠨ ᠬᠡᠷ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号