ᠵᠡᠭᠦᠨ ᠦᠵᠦᠮᠦᠴᠢᠨ ᠬᠤᠰᠢᠭᠤᠨ ᠤ ᠮᠠᠯᠵᠢᠬᠤ ᠣᠷᠣᠨ ᠤ ᠤᠤᠭᠤᠬᠤ ᠤᠰᠤᠨ ᠤ ᠠᠶᠤᠯᠭᠦᠢ ᠶᠢᠨ | ᠢᠨᠵᠧᠨᠧᠷᠢᠩ ᠤᠨ ᠠᠵᠢᠯᠯᠠᠭᠠᠨ ᠤ ᠬᠠᠮᠢᠶᠠᠷᠤᠯᠲᠠ ᠶᠢᠨ ᠠᠷᠭ᠎ᠠ | ᠨᠢᠭᠡᠳᠦᠭᠡᠷ ᠪᠦᠯᠦᠭ ᠶᠡᠷᠦᠩᠬᠡᠢ ᠳᠦᠷᠢᠮ | ᠨᠢᠭᠡᠳᠦᠭᠡᠷ ᠵᠦᠢᠯ ᠪᠥᠬᠦ ᠬᠤᠰᠢᠭᠤᠨ ᠤ ᠮᠠᠯᠵᠢᠬᠤ ᠲᠠᠷᠢᠶᠠᠯᠠᠬᠤ ᠣᠷᠣᠨ ᠤ ᠤᠤᠭᠤᠬᠤ ᠤᠰᠤᠨ ᠤ | ᠠᠶᠦᠯᠭᠦᠢ ᠶᠢᠨ ᠢᠨᠵᠧᠨᠧᠷᠢᠩ ᠤᠨ ᠠᠵᠢᠯᠯᠠᠭᠠᠨ ᠤ ᠬᠠᠮᠢᠶᠠᠷᠤᠯᠲᠠ ᠶᠢ ᠴᠢᠩᠭᠠᠳᠬᠠᠵᠤ᠂ ᠤᠤᠭᠤᠬᠤ ᠤᠰᠤᠨ ᠤ | ᠢᠨᠵᠧᠨᠧᠷᠢᠩ ᠤᠨ ᠪᠠᠶᠢᠩᠭᠤ ᠶᠢᠨ ᠪᠦᠲᠦᠮᠵᠢᠲᠡᠶ ᠰᠠᠶᠢᠨ ᠠᠵᠢᠯᠯᠠᠭᠠᠨ ᠢ ᠪᠠᠲᠤᠯᠠᠨ᠂ ᠮᠠᠯᠵᠢᠬᠤ ᠣᠷᠣᠨ ᠤ ᠤᠰᠤ | ᠬᠠᠩᠭᠠᠬᠤ ᠡᠵᠡᠩᠨᠡᠯᠲᠡ ᠶᠢᠨ ᠠᠵᠢᠯᠯᠠᠭ᠎ᠠ ᠶᠢ ᠵᠢᠷᠤᠮᠵᠢᠭᠤᠯᠵᠤ᠂ ᠤᠰᠤ ᠬᠠᠩᠭᠠᠬᠤ ᠠᠮᠤᠷ ᠲᠦᠪᠰᠢᠨ ᠢ | ᠪᠠᠲᠤᠯᠠᠬᠤ ᠶᠢᠨ ᠲᠥᠯᠥᠭᠡ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠰᠤᠨ ᠤ ᠬᠠᠤᠯᠢ︾᠂ | ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠰᠤᠨ ᠤ ᠪᠣᠬᠢᠷᠲᠤᠯ ᠢ ᠰᠡᠷᠭᠡᠶᠢᠯᠡᠨ ᠵᠠᠰᠠᠬᠤ | ᠬᠠᠤᠯᠢ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠤᠭᠤᠬᠤ ᠤᠰᠤᠨ ᠤ ᠡᠬᠢ ᠰᠤᠷᠪᠤᠯᠵᠢ ᠶᠢ | ᠬᠠᠮᠠᠭᠠᠯᠠᠬᠤ ᠲᠦᠷᠢᠮ︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤᠨ ᠤ ᠢᠨᠵᠧᠨᠧᠷᠢᠩ ᠤᠨ | ᠬᠠᠮᠢᠶᠠᠷᠤᠯᠲᠠ ᠬᠠᠮᠠᠭᠠᠯᠠᠯᠲᠠ ᠶᠢᠨ ᠠᠷᠭ᠎ᠠ︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠠᠯᠵᠢᠬᠤ | ᠲᠠᠷᠢᠶᠠᠯᠠᠬᠤ ᠣᠷᠣᠨ ᠤ ᠤᠰᠤ ᠬᠠᠩᠭᠠᠬᠤ ᠤᠰᠤᠨ ᠤ ᠰᠦᠢᠳᠬᠡᠯ ᠢ ᠬᠤᠷᠢᠶᠠᠬᠤ ᠠᠵᠢᠯ ᠤᠨ ᠲᠥᠰᠦᠯ︾ ᠪᠠ | ︽ᠬᠥᠳᠡᠭᠡ ᠲᠣᠰᠬᠤᠨ ᠤ ᠤᠤᠭᠤᠬᠤ ᠤᠰᠤᠨ ᠤ ᠠᠶᠦᠯᠭᠦᠢ ᠶᠢᠨ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢᠨ | ᠬᠠᠮᠢᠶᠠᠷᠤᠯᠲᠠ ᠶᠢᠨ ᠠᠷᠭ᠎ᠠ︾ ᠶᠢ ᠦᠨᠳᠦᠰᠦᠯᠡᠨ᠂ ᠮᠠᠨ ᠤ ᠬᠤᠰᠢᠭᠤᠨ ᠤ ᠪᠣᠳᠠᠲᠠᠶ ᠲᠠᠢ ᠪᠠᠨ ᠤᠶᠠᠯᠳᠤᠭᠤᠯᠵᠤ᠂ | ᠲᠣᠰ ᠠᠷᠭ᠎ᠠ ᠶᠢ ᠣᠨᠴᠠᠭᠠᠶᠢᠯᠠᠨ ᠲᠣᠭᠲᠠᠭᠠᠪᠠ᠃ | ᠬᠤᠶᠠᠳᠤᠭᠠᠷ ᠵᠦᠢᠯ ᠲᠣᠰ ᠠᠷᠭ᠎ᠠ ᠨᠢ ᠪᠦᠬᠦ ᠬᠤᠰᠢᠭᠤᠨ ᠤ ᠬᠢᠯᠢ ᠳᠣᠲᠣᠷᠠᠬᠢ ᠤᠤᠭᠤᠬᠤ ᠤᠰᠤᠨ ᠤ | ᠬᠡᠷᠡᠭᠴᠡᠭᠡ ᠶᠢ ᠰᠢᠢᠳᠪᠦᠷᠢᠯᠡᠬᠦ ᠶᠢᠨ ᠲᠥᠯᠥᠭᠡ ᠪᠠᠶᠢᠭᠤᠯᠤᠭᠰᠠᠨ ᠡᠯ᠎ᠡ ᠲᠥᠷᠥᠯ ᠤᠨ ᠤᠤᠭᠤᠬᠤ ᠤᠰᠤᠨ ᠤ | ᠠᠶᠤᠯᠭᠦᠢ ᠶᠢᠨ ᠢᠨᠵᠧᠨᠧᠷᠢᠩ ᠳᠤ ᠲᠣᠬᠢᠷᠠᠨ᠎ᠠ᠃ ᠤᠤᠭᠤᠬᠤ ᠤᠰᠤᠨ ᠤ ᠢᠨᠵᠧᠨᠧᠷᠢᠩ ᠭᠡᠳᠡᠭ ᠨᠢ ᠮᠠᠯᠵᠢᠬᠤ | ᠣᠷᠣᠨ ᠤ ᠣᠯᠠᠨ ᠲᠦᠮᠡᠨ ᠤ ᠠᠮᠢᠳᠤᠷᠠᠯ ᠦᠢᠯᠡᠳᠪᠦᠷᠢᠯᠡᠯ ᠤᠨ ᠤᠰᠤ ᠬᠡᠷᠡᠭᠯᠡᠬᠦ ᠬᠡᠷᠡᠭᠴᠡᠭᠡ ᠱᠠᠭᠠᠷᠳᠠᠯᠭ᠎ᠠ ᠶᠢ | ᠰᠢᠢᠳᠪᠦᠷᠢᠯᠡᠬᠦ ᠶᠢᠨ ᠲᠦᠯᠦᠭᠡ ᠪᠠᠶᠢᠭᠤᠯᠤᠭᠰᠠᠨ ᠤᠰᠤ ᠬᠠᠩᠭᠠᠬᠤ ᠢᠨᠵᠧᠨᠧᠷᠢᠩ ᠢ ᠵᠢᠭᠠᠵᠤ ᠪᠤᠶ᠂ ᠡᠭᠦᠨ ᠳᠤ | ᠲᠥᠪᠯᠡᠷᠡᠩᠭᠦᠶ ᠮᠠᠶ᠋ᠢᠭ ᠤᠨ ᠤᠰᠤ ᠬᠠᠩᠭᠠᠬᠤ ᠢᠨᠵᠧᠨᠧᠷᠢᠩ᠂ ᠲᠠᠷᠠᠬᠠᠶ ᠪᠤᠲᠠᠷᠬᠠᠶ ᠮᠠᠶ᠋ᠢᠭ ᠤᠨ ᠤᠰᠤ ᠬᠠᠩᠭᠠᠬᠤ | ᠢᠨᠵᠧᠨᠧᠷᠢᠩ ᠪᠠᠭᠲᠠᠨ᠎ᠠ᠃ | ᠭᠤᠷᠪᠠᠳᠤᠭᠠᠷ ᠵᠦᠢᠯ ᠤᠤᠭᠤᠬᠤ ᠤᠰᠤᠨ ᠤ ᠠᠶᠤᠯᠭᠦᠢ ᠶᠢᠨ ᠢᠨᠵᠧᠨᠧᠷᠢᠩ ᠤᠨ ᠠᠵᠢᠯᠯᠠᠭᠠᠨ ᠤ | ᠬᠠᠮᠢᠶᠠᠷᠤᠯᠲᠠ ᠪᠣᠯ ᠮᠠᠯᠵᠢᠬᠤ ᠣᠷᠣᠨ ᠤ ᠣᠯᠠᠨ ᠲᠦᠮᠡᠨ ᠤ ᠠᠮᠢᠳᠤᠷᠠᠯ ᠦᠢᠯᠡᠳᠪᠦᠷᠢᠯᠡᠯ ᠳᠤ ᠬᠡᠷᠡᠭᠯᠡᠬᠦ ᠤᠰᠤ ᠶᠢ | ᠪᠠᠲᠤᠯᠠᠬᠤ ᠪᠠᠷ ᠬᠠᠷᠠᠯᠲᠠ ᠪᠣᠯᠭᠠᠵᠤ᠂ ᠴᠢᠨᠠᠷ ᠰᠠᠶᠢᠲᠠᠶ ᠤᠰᠤ ᠬᠠᠩᠭᠠᠬᠤ ᠦᠢᠯᠡᠴᠢᠯᠡᠭᠡ ᠬᠠᠩᠭᠠᠬᠤ ᠪᠠᠷ ᠵᠣᠷᠢᠯᠲᠠ | ᠪᠣᠯᠭᠠᠵᠤ᠂ ᠨᠡᠶᠢᠭᠡᠮ ᠵᠢᠷᠤᠮ ᠤᠨ ᠵᠠᠬ᠎ᠠ ᠳᠡᠯᠭᠡᠭᠦᠷ ᠤᠨ ᠠᠵᠤ ᠠᠬᠤᠶ ᠶᠢᠨ ᠪᠠᠶᠢᠭᠤᠯᠤᠯ ᠲᠠᠢ ᠵᠣᠬᠢᠴᠠᠭᠰᠠᠨ᠂ ᠤᠰᠤ | ᠬᠠᠩᠭᠠᠬᠤ ᠢᠨᠵᠧᠨᠧᠷᠢᠩ ᠤᠨ ᠣᠨᠴᠠᠯᠢᠭ ᠲᠤ ᠨᠡᠶᠢᠴᠡᠭᠰᠡᠨ᠂ ᠥᠮᠴᠢᠯᠡᠬᠦ ᠡᠷᠬᠡ ᠶᠢᠨ ᠬᠠᠷᠢᠶᠠᠯᠠᠯ ᠨᠢ ᠲᠣᠳᠣᠷᠬᠠᠶ᠂ | ᠬᠠᠷᠢᠭᠤᠴᠠᠯᠭ᠎ᠠ ᠶᠢᠨ ᠭᠤᠤᠯ ᠴᠣᠭᠴᠠ ᠶᠢ ᠨᠠᠶᠢᠳᠠᠪᠤᠷᠢᠵᠢᠭᠤᠯᠬᠤ᠂ ᠡᠷᠬᠡ ᠬᠠᠷᠢᠭᠤᠴᠠᠯᠭ᠎ᠠ ᠶᠢ ᠨᠢᠭᠡᠳᠦᠯᠲᠡᠶ | ᠪᠠᠶᠢᠯᠭᠠᠬᠤ ᠬᠠᠮᠢᠶᠠᠷᠤᠯᠲᠠ ᠶᠢᠨ ᠪᠠᠶᠢᠭᠤᠯᠤᠯ ᠪᠣᠯᠤᠨ ᠠᠵᠢᠯᠯᠠᠭᠠᠨ ᠤ ᠲᠣᠭᠲᠠᠴᠠ ᠶᠢ ᠪᠠᠶᠢᠭᠤᠯᠬᠤ ᠶᠠᠪᠤᠳᠠᠯ | ᠪᠣᠯᠤᠨ᠎ᠠ᠃ | ᠳᠥᠷᠪᠡᠳᠦᠭᠡᠷ ᠵᠦᠢᠯ ᠠᠵᠢᠯᠯᠠᠭᠠᠨ ᠤ ᠬᠠᠮᠢᠶᠠᠷᠤᠯᠲᠠ ᠳᠤ ᠵᠠᠰᠠᠭ ᠵᠠᠬᠢᠷᠭᠠᠨ ᠤ ᠤᠳᠤᠷᠢᠳᠤᠯᠭ᠎ᠠ ᠶᠢᠨ | ᠬᠠᠷᠢᠭᠤᠴᠠᠯᠭ᠎ᠠ ᠶᠢᠨ ᠳᠦᠷᠢᠮ ᠢ ᠬᠡᠷᠡᠭᠵᠢᠭᠦᠯᠦᠨ᠎ᠡ᠃ ᠬᠤᠰᠢᠭᠤ ᠵᠠᠰᠠᠭ ᠤᠨ ᠣᠷᠳᠣᠨ ᠨᠢ ᠵᠡᠭᠦᠨ ᠦᠵᠦᠮᠦᠴᠢᠨ | ᠬᠤᠰᠢᠭᠤᠨ ᠤ ᠮᠠᠯᠵᠢᠬᠤ ᠣᠷᠣᠨ ᠤ ᠤᠤᠭᠤᠬᠤ ᠤᠰᠤᠨ ᠤ ᠠᠶᠤᠯᠭᠦᠢ ᠶᠢᠨ ᠢᠨᠵᠧᠨᠧᠷᠢᠩ ᠤᠨ ᠠᠵᠢᠯᠯᠠᠭᠠᠨ ᠤ | ᠬᠠᠮᠢᠶᠠᠷᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠢ ᠪᠠᠶᠢᠭᠤᠯᠵᠤ᠂ ᠭᠤᠤᠯ ᠤᠳᠤᠷᠢᠳᠤᠯᠭ᠎ᠠ ᠪᠠᠷ | ᠳᠤᠭᠤᠶᠢᠯᠠᠩ ᠤᠨ ᠳᠠᠷᠤᠭ᠎ᠠ ᠪᠣᠯᠭᠠᠨ᠂ ᠬᠤᠪᠢᠳᠠᠨ ᠬᠠᠮᠢᠶᠠᠷᠴᠦ ᠪᠠᠶᠢᠭ᠎ᠠ ᠤᠳᠤᠷᠢᠳᠤᠯᠭ᠎ᠠ ᠪᠠᠷ ᠳᠡᠳ᠋ | ᠳᠤᠭᠤᠶᠢᠯᠠᠩ ᠤᠨ ᠳᠠᠷᠤᠭ᠎ᠠ ᠶᠢᠨ ᠲᠤᠰᠢᠶᠠᠯ ᠢ ᠡᠭᠦᠷᠭᠡᠯᠡᠭᠦᠯᠵᠦ᠂ ᠬᠠᠮᠢᠶ᠎ᠠ ᠪᠥᠬᠦᠶ ᠨᠢᠭᠡᠴᠡ ᠶᠢᠨ | ᠬᠠᠷᠢᠭᠤᠴᠠᠯᠭᠠᠲᠠᠨ ᠢᠶᠠᠷ ᠳᠤᠭᠤᠶᠢᠯᠠᠩ ᠤᠨ ᠪᠦᠷᠢᠯᠳᠦᠬᠦᠨ ᠪᠣᠯᠭᠠᠵᠤ᠂ ᠠᠯᠪᠠᠨ ᠬᠡᠷ ᠢ ᠬᠤᠰᠢᠭᠤ ᠲᠠᠷᠢᠶᠠᠯᠠᠩ ᠮᠠᠯ | ᠠᠵᠤ ᠠᠬᠤᠶ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠳᠤ ᠲᠣᠬᠢᠷᠠᠭᠤᠯᠤᠨ᠎ᠠ᠃ ᠬᠤᠰᠢᠭᠤ ᠲᠠᠷᠢᠶᠠᠯᠠᠩ | ᠮᠠᠯ ᠠᠵᠤ ᠠᠬᠤᠶ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠨᠢ ᠵᠠᠰᠠᠭ ᠵᠠᠬᠢᠷᠭᠠᠨ ᠤ ᠭᠤᠤᠯᠴᠢᠯᠠᠨ | ᠬᠠᠮᠢᠶᠠᠷᠬᠤ ᠰᠠᠯᠠᠭ᠎ᠠ ᠮᠥᠴᠢᠷ ᠪᠣᠯᠤᠭᠰᠠᠨ ᠤ ᠬᠤᠪᠢ ᠳᠤ᠂ ᠪᠥᠬᠦ ᠬᠤᠰᠢᠭᠤᠨ ᠤ ᠤᠤᠭᠤᠬᠤ ᠤᠰᠤᠨ ᠤ | ᠠᠶᠤᠯᠭᠦᠢ ᠶᠢᠨ ᠢᠨᠵᠧᠨᠧᠷᠢᠩ ᠤᠨ ᠠᠵᠢᠯᠯᠠᠭᠠᠨ ᠤ ᠬᠠᠮᠢᠶᠠᠷᠤᠯᠲᠠ ᠶᠢᠨ ᠮᠡᠷᠭᠡᠵᠢᠯ᠂ ᠬᠢᠨᠠᠯᠲᠠ ᠲᠠᠯᠪᠢᠬᠤ ᠠᠵᠢᠯ ᠢ | ᠬᠠᠷᠢᠭᠤᠴᠠᠵᠤ᠂ ᠡᠯ᠎ᠡ ᠰᠤᠮᠤ ᠪᠠᠯᠭᠠᠰᠤᠨ ᠤ ᠵᠠᠰᠠᠭ ᠤᠨ ᠣᠷᠳᠣᠨ ᠲᠣᠰ ᠬᠠᠷᠢᠶ᠎ᠠ ᠣᠷᠣᠨ ᠤ ᠪᠠᠨ ᠤᠤᠭᠤᠬᠤ | ᠤᠰᠤᠨ ᠤ ᠠᠶᠤᠯᠭᠦᠢ ᠶᠢᠨ ᠢᠨᠵᠧᠨᠧᠷᠢᠩ ᠤᠨ ᠠᠵᠢᠯᠯᠠᠭᠠᠨ ᠤ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ | ᠬᠤᠰᠢᠭᠤ ᠲᠠᠷᠢᠶᠠᠯᠠᠩ ᠮᠠᠯ ᠠᠵᠤ ᠠᠬᠤᠢ ︵ᠤᠰᠤᠨ ᠠᠰᠢᠭᠯᠠᠯᠲᠠ︶ ᠶᠢᠨ ᠰᠠᠯᠠᠭ᠎ᠠ ᠮᠥᠴᠢᠷ ᠨᠢ ᠬᠤᠰᠢᠭᠤ | ᠵᠠᠰᠠᠭ ᠤᠨ ᠣᠷᠳᠣᠨ ᠢ ᠬᠠᠮᠵᠢᠨ ᠠᠵᠢᠯᠯᠠᠭᠠᠨ ᠤ ᠪᠠᠶᠢᠳᠠᠯ ᠳᠤ ᠮᠡᠷᠭᠡᠵᠢᠯ ᠤᠨ ᠵᠢᠯᠣᠭᠤᠳᠤᠯᠭ᠎ᠠ ᠪᠠ ᠬᠢᠨᠠᠯᠲᠠ | ᠲᠠᠯᠪᠢᠬᠤ ᠠᠵᠢᠯ ᠢ ᠬᠠᠷᠢᠭᠤᠴᠠᠨ᠎ᠠ᠃ | ᠬᠤᠰᠢᠭᠤ ᠡᠷᠡᠭᠦᠯ ᠬᠠᠮᠠᠭᠠᠯᠠᠯ ᠤᠨ ᠰᠠᠯᠠᠭ᠎ᠠ ᠮᠥᠴᠢᠷ ᠨᠢ ᠪᠥᠬᠦ ᠬᠤᠰᠢᠭᠤᠨ ᠤ ᠤᠤᠭᠤᠬᠤ ᠤᠰᠤᠨ ᠤ | ᠢᠨᠵᠧᠨᠧᠷᠢᠩ ᠤᠨ ᠤᠰᠤ ᠬᠠᠩᠭᠠᠬᠤ ᠡᠷᠡᠭᠦᠯ ᠬᠠᠮᠠᠭᠠᠯᠠᠯ ᠤᠨ ᠬᠢᠨᠠᠯᠲᠠ ᠲᠠᠯᠪᠢᠬᠤ ᠪᠠ ᠤᠰᠤᠨ ᠤ ᠴᠢᠨᠠᠷ ᠢ | ᠪᠠᠶᠢᠴᠠᠭᠠᠨ ᠰᠢᠯᠭᠠᠵᠤ ᠳᠠᠬᠢᠨ ᠪᠠᠶᠢᠴᠠᠭᠠᠬᠤ ᠠᠵᠢᠯ ᠢ ᠬᠠᠷᠢᠭᠤᠴᠠᠵᠤ᠂ ᠪᠥᠬᠦ ᠬᠤᠰᠢᠭᠤᠨ ᠤ ᠤᠤᠭᠤᠬᠤ ᠤᠰᠤᠨ ᠤ | ᠴᠢᠨᠠᠷ ᠢ ᠬᠢᠨᠠᠨ ᠬᠡᠮᠵᠢᠬᠦ ᠲᠣᠤᠷ ᠰᠦᠯᠵᠢᠶ᠎ᠡ ᠶᠢ ᠠᠯᠬᠤᠮ ᠠᠯᠬᠤᠮ ᠢᠶᠠᠷ ᠪᠠᠶᠢᠭᠤᠯᠤᠨ ᠲᠡᠭᠦᠯᠳᠡᠷᠵᠢᠭᠦᠯᠵᠦ᠂ ᠬᠢᠨᠠᠨ | ᠡᠵᠡᠮᠳᠡᠨ᠎ᠡ︔ | ᠬᠤᠰᠢᠭᠤ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠠᠯᠠᠭ᠎ᠠ ᠮᠥᠴᠢᠷ ᠨᠢ ᠪᠥᠬᠦ ᠬᠤᠰᠢᠭᠤᠨ ᠤ ᠮᠠᠯᠵᠢᠬᠤ | ᠣᠷᠣᠨ ᠤ ᠤᠤᠭᠤᠬᠤ ᠤᠰᠤᠨ ᠤ ᠡᠬᠢ ᠰᠤᠷᠪᠤᠯᠵᠢ ᠶᠢ ᠵᠠᠭᠠᠭᠯᠠᠨ ᠲᠣᠭᠲᠠᠭᠠᠬᠤ᠂ ᠣᠷᠴᠢᠨ ᠲᠣᠭᠤᠷᠢᠨ ᠤ | ᠬᠠᠮᠠᠭᠠᠯᠠᠯᠲᠠ ᠪᠠ ᠪᠣᠬᠢᠷᠲᠤᠯ ᠢ ᠰᠡᠷᠭᠡᠶᠢᠯᠡᠨ ᠵᠠᠰᠠᠬᠤ ᠵᠡᠷᠭᠡ ᠠᠵᠢᠯ ᠢ ᠬᠠᠷᠢᠭᠤᠴᠠᠨ᠎ᠠ᠃ | ᠬᠤᠰᠢᠭᠤ ᠬᠥᠭᠵᠢᠭᠦᠯᠦᠯᠲᠡ ᠥᠭᠡᠷᠡᠴᠢᠯᠡᠯᠲᠡ ᠶᠢᠨ ᠰᠠᠯᠠᠭ᠎ᠠ ᠮᠥᠴᠢᠷ ᠨᠢ ᠮᠠᠯᠵᠢᠬᠤ ᠣᠷᠣᠨ ᠤ ᠤᠤᠭᠤᠬᠤ | ᠤᠰᠤᠨ ᠤ ᠠᠶᠤᠯᠭᠦᠢ ᠶᠢᠨ ᠢᠨᠵᠧᠨᠧᠷᠢᠩ ᠤᠨ ᠤᠰᠤᠨ ᠤ ᠦᠨ᠎ᠡ ᠶᠢᠨ ᠲᠣᠭᠲᠠᠴᠠ ᠶᠢ ᠪᠠᠶᠢᠭᠤᠯᠬᠤ ᠶᠢ | ᠬᠠᠷᠢᠭᠤᠴᠠᠵᠤ᠂ ᠤᠰᠤ ᠬᠠᠩᠭᠠᠬᠤ ᠤᠰᠤᠨ ᠤ ᠦᠨ᠎ᠡ ᠵᠡᠷᠭᠡ ᠠᠵᠢᠯ ᠢ ᠬᠢᠨᠠᠨ ᠲᠣᠭᠲᠠᠭᠠᠨ᠎ᠠ᠃ | ᠲᠠᠪᠤᠳᠤᠭᠠᠷ ᠵᠦᠢᠯ ᠬᠤᠰᠢᠭᠤ ᠠᠷᠠᠳ ᠤᠨ ᠵᠠᠰᠠᠭ ᠤᠨ ᠣᠷᠳᠣᠨ ᠮᠠᠯᠵᠢᠬᠤ ᠣᠷᠣᠨ ᠤ ᠤᠤᠭᠤᠬᠤ | ᠤᠰᠤᠨ ᠤ ᠠᠶᠤᠯᠭᠦᠢ ᠶᠢᠨ ᠢᠨᠵᠧᠨᠧᠷᠢᠩ ᠤᠨ ᠠᠵᠢᠯᠯᠠᠭᠠᠨ ᠤ ᠬᠠᠮᠢᠶᠠᠷᠤᠯᠲᠠ ᠶᠢᠨ ᠠᠵᠢᠯ ᠤᠨ ᠰᠢᠯᠭᠠᠨ ᠦᠨᠡᠯᠡᠬᠦ | ᠲᠣᠭᠲᠠᠴᠠ ᠶᠢ ᠪᠠᠶᠢᠭᠤᠯᠵᠤ᠂ ᠪᠥᠬᠦ ᠬᠤᠰᠢᠭᠤᠨ ᠤ ᠬᠤᠯᠪᠣᠭᠳᠠᠯ ᠪᠥᠬᠦᠶ ᠨᠢᠭᠡᠴᠡ᠂ ᠰᠤᠮᠤ ᠪᠠᠯᠭᠠᠰᠤᠨ ᠤ | ᠵᠠᠰᠠᠭ ᠤᠨ ᠣᠷᠳᠣᠨ ᠪᠠ ᠢᠨᠵᠧᠨᠧᠷᠢᠩ ᠤᠨ ᠬᠠᠮᠢᠶᠠᠷᠤᠨ ᠬᠠᠮᠠᠭᠠᠯᠠᠬᠤ ᠭᠤᠤᠯ ᠴᠣᠭᠴᠠ ᠳᠤ ᠣᠨ ᠤ ᠰᠢᠯᠭᠠᠨ | ᠦᠨᠡᠯᠡᠯᠲᠡ ᠬᠢᠵᠦ᠂ ᠪᠥᠬᠦ ᠬᠤᠰᠢᠭᠤᠨ ᠤ ᠬᠡᠪᠴᠢᠶᠡᠨ ᠳᠤ ᠰᠢᠯᠭᠠᠨ ᠦᠨᠡᠯᠡᠭᠰᠡᠨ ᠦᠷ᠎ᠡ ᠳ᠋ᠦᠩ ᠢ ᠨᠡᠶᠢᠲᠡᠯᠡᠵᠦ᠂ | ᠰᠢᠯᠢᠳᠡᠭ ᠢ ᠨᠢ ᠱᠠᠩᠨᠠᠵᠤ ᠮᠠᠭᠤ ᠶᠢ ᠨᠢ ᠲᠣᠷᠭᠠᠬᠤ ᠶᠢ ᠬᠡᠷᠡᠭᠵᠢᠭᠦᠯᠦᠨ᠂ ᠰᠡᠯᠪᠢᠨ ᠵᠠᠰᠠᠵᠤ ᠠᠷᠠᠴᠢᠯᠠᠨ | ᠬᠠᠮᠠᠭᠠᠯᠠᠬᠤ ᠳᠤ ᠬᠡᠷᠡᠭᠰᠡᠬᠦ ᠪᠠᠯᠠ ᠮᠥᠩᠭᠦ ᠶᠢᠨ ᠳᠤᠲᠠᠭᠤᠳᠠᠯ ᠢ ᠡᠯ᠎ᠡ ᠵᠦᠢᠯ ᠤᠨ ᠤᠰᠤᠨ ᠠᠰᠢᠭᠯᠠᠯᠲᠠ ᠶᠢᠨ ᠪᠠᠯᠠ | ᠮᠥᠩᠭᠦ ᠶᠢ ᠨᠢᠭᠡᠳᠦᠯᠲᠡᠶ ᠲᠦᠯᠦᠪᠵᠢᠭᠦᠯᠦᠨ ᠰᠢᠢᠳᠪᠦᠷᠢᠯᠡᠨ᠎ᠡ᠃ | ᠬᠤᠶᠠᠳᠤᠭᠠᠷ ᠪᠦᠯᠦᠭ ᠬᠠᠮᠢᠶᠠᠷᠤᠯᠲᠠ ᠶᠢᠨ ᠪᠠᠶᠢᠭᠤᠯᠤᠯ | ᠵᠢᠷᠭᠤᠳᠤᠭᠠᠷ ᠵᠦᠢᠯ ᠵᠡᠭᠦᠨ ᠦᠵᠦᠮᠦᠴᠢᠨ ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠪᠠ ᠰᠢᠨᠵᠢᠯᠡᠬᠦ | ᠤᠬᠠᠭᠠᠨ ᠮᠡᠷᠭᠡᠵᠢᠯ ᠤᠨ ᠲᠣᠪᠴᠢᠶ᠎ᠠ ᠨᠢ ᠬᠤᠰᠢᠭᠤ ᠤᠰᠤᠨ ᠠᠰᠢᠭᠯᠠᠯᠲᠠ ᠶᠢᠨ ᠦᠢᠯᠡᠰ ᠤᠨ ᠬᠥᠭᠵᠢᠯᠲᠡ ᠶᠢᠨ | ᠲᠥᠪ ᠲᠤ ᠨᠠᠶᠢᠳᠠᠵᠤ ᠬᠤᠰᠢᠭᠤ ᠱᠠᠲᠤᠨ ᠤ ᠤᠤᠭᠤᠬᠤ ᠤᠰᠤᠨ ᠤ ᠠᠶᠤᠯᠭᠦᠢ ᠶᠢᠨ ᠢᠨᠵᠧᠨᠧᠷᠢᠩ ᠤᠨ | ᠠᠵᠢᠯᠯᠠᠭᠠᠨ ᠤ ᠬᠠᠮᠢᠶᠠᠷᠤᠯᠲᠠ ᠶᠢᠨ ᠪᠠᠶᠢᠭᠤᠯᠤᠮᠵᠢ ᠪᠣᠯᠭᠠᠵᠤ᠂ ᠮᠠᠨ ᠤ ᠬᠤᠰᠢᠭᠤᠨ ᠤ ᠮᠠᠯᠵᠢᠬᠤ ᠣᠷᠣᠨ ᠤ | ᠤᠤᠭᠤᠬᠤ ᠤᠰᠤᠨ ᠤ ᠠᠶᠤᠯᠭᠦᠢ ᠶᠢᠨ ᠢᠨᠵᠧᠨᠧᠷᠢᠩ ᠤᠨ ᠠᠵᠢᠯᠯᠠᠭᠠᠨ ᠤ ᠬᠠᠮᠢᠶᠠᠷᠤᠯᠲᠠ ᠪᠠ ᠤᠰᠤ ᠬᠠᠩᠭᠠᠬᠤ | ᠦᠢᠯᠡᠴᠢᠯᠡᠭᠡᠨ ᠤ ᠠᠵᠢᠯ ᠢ ᠬᠠᠷᠢᠭᠤᠴᠠᠨ ᠵᠢᠯᠤᠭᠤᠳᠤᠨ᠎ᠠ᠃ | ᠳᠣᠯᠣᠳᠤᠭᠠᠷ ᠵᠦᠢᠯ ᠤᠯᠤᠰ ᠠᠴᠠ ᠪᠡᠯᠡ ᠣᠷᠣᠭᠤᠯᠬᠤ ᠪᠠᠷ ᠭᠤᠤᠯ ᠪᠣᠯᠭᠠᠵᠤ ᠪᠠᠶᠢᠭᠤᠯᠤᠭᠰᠠᠨ | ᠲᠥᠪᠯᠡᠷᠡᠩᠭᠦᠶ ᠮᠠᠶ᠋ᠢᠭ ᠤᠨ ᠤᠤᠭᠤᠬᠤ ᠤᠰᠤᠨ ᠤ ᠠᠶᠤᠯᠭᠦᠢ ᠶᠢᠨ ᠢᠨᠵᠧᠨᠧᠷᠢᠩ ᠤᠨ ᠥᠮᠴᠢᠯᠡᠬᠦ ᠡᠷᠬᠡ ᠨᠢ ᠰᠤᠮᠤ | ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ᠳᠤ ᠬᠠᠷᠢᠶᠠᠯᠠᠭᠳᠠᠵᠤ᠂ ᠬᠠᠮᠢᠶᠠᠷᠤᠯᠲᠠ ᠶᠢᠨ ᠠᠷᠭ᠎ᠠ ᠮᠠᠶ᠋ᠢᠭ ᠨᠢ | ᠰᠤᠮᠤ ᠪᠠᠯᠭᠠᠰᠤ ᠠᠴᠠ ᠨᠢᠭᠡᠳᠦᠯᠲᠡᠶ ᠬᠠᠮᠢᠶᠠᠷᠬᠤ ᠪᠤᠶᠤ ᠲᠣᠰ ᠬᠠᠷᠢᠶ᠎ᠠ ᠣᠷᠣᠨ ᠤ ᠪᠣᠳᠠᠲᠤ ᠪᠠᠶᠢᠳᠠᠯ ᠢ | ᠦᠨᠳᠦᠰᠦᠯᠡᠨ ᠬᠠᠮᠢᠶᠠᠷᠤᠯᠲᠠ ᠶᠢᠨ ᠵᠠᠭᠪᠤᠷ ᠢ ᠲᠣᠭᠲᠠᠭᠠᠨ᠎ᠠ᠃ | ᠨᠠᠢᠮᠠᠳᠤᠭᠠᠷ ᠵᠦᠢᠯ ᠬᠤᠰᠢᠭᠤ ᠠᠷᠠᠳ ᠤᠨ ᠵᠠᠰᠠᠭ ᠤᠨ ᠣᠷᠳᠣᠨ ᠳᠣᠤᠷᠠᠬᠢ ᠵᠠᠷᠴᠢᠮ ᠶᠣᠰᠣᠭᠠᠷ | ᠢᠨᠵᠧᠨᠧᠷᠢᠩ ᠤᠨ ᠬᠠᠮᠢᠶᠠᠷᠴᠤ ᠬᠠᠮᠠᠭᠠᠯᠠᠬᠤ ᠭᠤᠤᠯ ᠴᠣᠭᠴᠠ ᠶᠢ ᠨᠠᠶᠢᠳᠠᠪᠦᠷᠢᠵᠢᠭᠤᠯᠤᠨ᠎ᠠ᠃ | ︵ᠨᠢᠭᠡ︶ ᠤᠯᠤᠰ ᠤᠨ ᠪᠡᠯᠡ ᠣᠷᠤᠭᠤᠯᠬᠤ ᠪᠠᠷ ᠭᠤᠣᠯ ᠪᠣᠯᠭᠠᠵᠤ ᠪᠠᠶᠢᠭᠤᠯᠤᠭᠰᠠᠨ ᠲᠥᠪᠯᠡᠷᠡᠩᠭᠦᠶ | ᠮᠠᠶ᠋ᠢᠭ ᠤᠨ ᠤᠤᠭᠤᠬᠤ ᠤᠰᠤᠨ ᠤ ᠢᠨᠵᠧᠨᠧᠷᠢᠩ ᠢ ᠠᠰᠢᠭ ᠬᠦᠷᠲᠡᠬᠦ ᠰᠤᠮᠤ ᠪᠠᠯᠭᠠᠰᠤ ᠶᠢᠨ ᠵᠠᠰᠠᠭ ᠤᠨ | ᠣᠷᠳᠤᠨ ᠠᠴᠠ ᠬᠠᠷᠢᠭᠤᠴᠠᠨ ᠬᠠᠮᠢᠶᠠᠷᠤᠨ᠎ᠠ︔ ᠡᠷᠦᠬᠡ ᠳᠤ ᠣᠷᠤᠬᠤ ᠬᠤᠭᠤᠯᠠᠶ ᠶᠢ ᠤᠰᠤ ᠬᠡᠷᠡᠭᠯᠡᠬᠦ ᠡᠷᠦᠬᠡ ᠠᠴᠠ | ᠬᠠᠷᠢᠭᠤᠴᠠᠨ ᠬᠠᠮᠢᠶᠠᠷᠤᠨ᠎ᠠ᠃ | ︵ᠬᠤᠶᠠᠷ︶ ᠤᠯᠤᠰ ᠤᠨ ᠪᠡᠯᠡ ᠣᠷᠣᠭᠤᠯᠤᠯᠲᠠ ᠪᠠᠷ ᠭᠤᠤᠯ ᠪᠣᠯᠭᠠᠨ ᠪᠠᠶᠢᠭᠤᠯᠤᠭᠰᠠᠨ ᠮᠠᠯᠵᠢᠬᠤ ᠣᠷᠣᠨ ᠤ | ᠲᠠᠷᠠᠬᠠᠶ ᠬᠡᠯᠪᠡᠷᠢ ᠶᠢᠨ ᠤᠰᠤ ᠬᠠᠩᠭᠠᠬᠤ ᠢᠨᠵᠧᠨᠧᠷᠢᠩ ᠢ ᠠᠰᠢᠭ ᠬᠦᠷᠲᠡᠬᠦ ᠤᠰᠤ ᠬᠡᠷᠡᠭᠯᠡᠬᠦ ᠡᠷᠦᠬᠡ ᠬᠠᠷᠢᠭᠤᠴᠠᠨ | ᠬᠠᠮᠢᠶᠠᠷᠤᠨ᠎ᠠ᠃ | ᠶᠢᠰᠦᠳᠦᠭᠡᠷ ᠵᠦᠢᠯ ᠮᠠᠯᠵᠢᠬᠤ ᠣᠷᠣᠨ ᠤ ᠤᠤᠭᠤᠬᠤ ᠤᠰᠤᠨ ᠤ ᠠᠶᠤᠯᠭᠦᠢ ᠶᠢᠨ ᠢᠨᠵᠧᠨᠧᠷᠢᠩ ᠤᠨ | ᠥᠮᠴᠢᠯᠡᠬᠦ ᠡᠷᠬᠡᠲᠦ ᠬᠥᠮᠦᠨ ᠨᠢ ᠪᠣᠳᠠᠲᠤ ᠪᠠᠶᠢᠳᠠᠯ ᠢᠶᠠᠨ ᠦᠨᠳᠦᠰᠦᠯᠡᠨ᠂ ᠲᠤᠬᠠᠶ ᠶᠢᠨ ᠭᠠᠵᠠᠷ ᠣᠷᠣᠨ ᠤ | ᠪᠠᠶᠢᠳᠠᠯ ᠳᠤᠨᠢ ᠲᠣᠬᠢᠷᠠᠭᠤᠯᠤᠨ ᠲᠦᠷᠢᠶᠡᠰᠦᠯᠡᠬᠦ᠂ ᠳᠠᠭᠠᠭᠠᠴᠢᠯᠠᠬᠤ᠂ ᠨᠠᠶᠢᠳᠠᠬᠤ ᠵᠡᠷᠭᠡ ᠡᠵᠡᠩᠨᠡᠯᠲᠡ ᠶᠢᠨ ᠬᠡᠯᠪᠡᠷᠢ ᠶᠢ | ᠠᠪᠴᠤ ᠢᠨᠵᠧᠨᠧᠷᠢᠩ ᠤᠨ ᠬᠠᠮᠢᠶᠠᠷᠴᠤ ᠬᠠᠮᠠᠭᠠᠯᠠᠬᠤ ᠭᠤᠤᠯ ᠴᠣᠭᠴᠠ ᠪᠠ ᠬᠠᠮᠢᠶᠠᠷᠴᠤ ᠬᠠᠮᠠᠭᠠᠯᠠᠬᠤ | ᠬᠠᠷᠢᠭᠤᠴᠠᠯᠭ᠎ᠠ ᠶᠢ ᠲᠣᠳᠣᠷᠬᠠᠶᠢᠯᠠᠵᠤ ᠪᠣᠯᠤᠨ᠎ᠠ᠃ | ᠭᠤᠷᠪᠠᠳᠤᠭᠠᠷ ᠪᠦᠯᠦᠭ ᠢᠨᠵᠧᠨᠧᠷᠢᠩ ᠤᠨ ᠠᠵᠢᠯᠯᠠᠭᠠᠨ ᠤ ᠬᠠᠮᠢᠶᠠᠷᠤᠯᠲᠠ | ᠠᠷᠪᠠᠳᠤᠭᠠᠷ ᠵᠦᠢᠯ ᠮᠠᠯᠵᠢᠬᠤ ᠣᠷᠣᠨ ᠤ ᠤᠤᠭᠤᠬᠤ ᠤᠰᠤᠨ ᠤ ᠠᠶᠤᠯᠭᠦᠢ ᠶᠢᠨ ᠢᠨᠵᠧᠨᠧᠷᠢᠩ ᠤᠨ | ᠠᠵᠢᠯ ᠳᠠᠭᠤᠰᠴᠤ ᠰᠢᠯᠭᠠᠨ ᠠᠪᠬᠤ ᠳᠤ ᠬᠢᠷᠢ ᠲᠡᠩᠴᠡᠭᠰᠡᠨ ᠤ ᠳᠠᠷᠠᠭ᠎ᠠ᠂ ᠡᠯ᠎ᠡ ᠰᠤᠮᠤ ᠪᠠᠯᠭᠠᠰᠤ ᠪᠠ ᠭᠠᠴᠠᠭ᠎ᠠ | ᠢᠨᠵᠧᠨᠧᠷᠢᠩ ᠤᠨ ᠠᠵᠢᠯᠯᠠᠭᠠᠨ ᠤ ᠬᠠᠮᠢᠶᠠᠷᠤᠯᠲᠠ ᠶᠢ ᠰᠢᠭᠤᠳ ᠬᠠᠷᠢᠭᠤᠴᠠᠵᠤ᠂ ᠬᠤᠰᠢᠭᠤ ᠲᠠᠷᠢᠶᠠᠯᠠᠩ ᠮᠠᠯ ᠠᠵᠤ | ᠠᠬᠤᠶ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠠᠴᠠ ᠢᠨᠵᠧᠨᠧᠷᠢᠩ ᠤᠨ ᠠᠵᠢᠯᠯᠠᠭᠠᠨ ᠤ | ᠬᠠᠮᠢᠶᠠᠷᠤᠯᠲᠠ ᠶᠢ ᠠᠰ ᠲᠤᠨᠢ ᠬᠢᠬᠦ ᠦᠭᠡᠢ᠃ ᠡᠯ᠎ᠡ ᠰᠤᠮᠤ ᠪᠠᠯᠭᠠᠰᠤ ᠨᠢ ᠤᠤᠭᠤᠬᠤ ᠤᠰᠤᠨ ᠤ ᠠᠶᠤᠯᠭᠦᠢ ᠶᠢᠨ | ᠢᠨᠵᠧᠨᠧᠷᠢᠩ ᠤᠨ ᠠᠵᠢᠯᠯᠠᠭᠠᠨ ᠤ ᠬᠠᠮᠢᠶᠠᠷᠤᠯᠲᠠ ᠶᠢᠨ ᠤᠳᠤᠷᠢᠳᠬᠤ ᠳᠤᠭᠤᠶᠢᠯᠠᠩ ᠪᠠᠶᠢᠭᠤᠯᠵᠤ᠂ ᠲᠤᠬᠠᠶ ᠶᠢᠨ | ᠭᠠᠵᠠᠷ ᠤᠨ ᠪᠣᠳᠠᠲᠤ ᠪᠠᠶᠢᠳᠠᠯ ᠢ ᠦᠨᠳᠦᠰᠦᠯᠡᠨ᠂ ᠤᠤᠭᠤᠬᠤ ᠤᠰᠤᠨ ᠤ ᠠᠶᠤᠯᠭᠦᠢ ᠶᠢᠨ ᠢᠨᠵᠧᠨᠧᠷᠢᠩ ᠤᠨ | ᠠᠵᠢᠯᠯᠠᠭᠠᠨ ᠤ ᠬᠠᠮᠢᠶᠠᠷᠤᠯᠲᠠ ᠶᠢᠨ ᠠᠷᠭ᠎ᠠ ᠪᠠ ᠲᠦᠷᠢᠮ ᠲᠣᠭᠲᠠᠭᠠᠯ ᠢ ᠲᠣᠭᠲᠠᠭᠠᠵᠤ᠂ ᠢᠨᠵᠧᠨᠧᠷᠢᠩ ᠤᠨ ᠡᠳᠦᠷ | ᠲᠤᠲᠤᠮ ᠤᠨ ᠠᠵᠢᠯᠯᠠᠭᠠᠨ ᠤ ᠬᠠᠮᠢᠶᠠᠷᠤᠯᠲᠠ ᠪᠠ ᠬᠠᠮᠠᠭᠠᠯᠠᠯᠲᠠ ᠵᠡᠷᠭᠡ ᠠᠵᠢᠯ ᠢ ᠬᠠᠷᠢᠭᠤᠴᠠᠬᠤ ᠬᠡᠷᠡᠭᠲᠡᠶ᠃ | ᠠᠷᠪᠠᠨ ᠨᠢᠭᠡᠳᠦᠭᠡᠷ ᠵᠦᠢᠯ ᠢᠨᠵᠧᠨᠧᠷᠢᠩ ᠤᠨ ᠬᠠᠮᠢᠶᠠᠷᠴᠤ ᠬᠠᠮᠠᠭᠠᠯᠠᠬᠤ ᠭᠤᠤᠯ ᠴᠣᠭᠴᠠ ᠨᠢ ᠤᠰᠤᠨ | ᠰᠤᠷᠪᠤᠯᠵᠢ ᠶᠢᠨ ᠭᠠᠵᠠᠷ᠂ ᠳᠠᠮᠵᠢᠭᠤᠯᠬᠤ ︵ᠬᠠᠩᠭᠠᠬᠤ︶ ᠤᠰᠤᠨ ᠤ ᠬᠤᠭᠤᠯᠠᠶ ᠶᠢᠨ ᠲᠣᠤᠷ ᠪᠠ ᠬᠤᠭᠤᠯᠠᠶ ᠶᠢᠨ | ᠪᠠᠷᠢᠯᠭ᠎ᠠ ᠶᠢ ᠰᠠᠷ᠎ᠠ ᠪᠦᠷᠢ ᠨᠢᠭᠡ ᠤᠳᠠᠭ᠎ᠠ ᠲᠣᠭᠤᠷᠢᠨ ᠪᠠᠶᠢᠴᠠᠭᠠᠬᠤ ᠠᠵᠢᠯ ᠢ ᠥᠷᠨᠢᠭᠦᠯᠬᠦ ᠬᠡᠷᠡᠭᠲᠡᠶ᠃ ᠦᠶᠡᠷ ᠤᠨ | ᠬᠤᠭᠤᠴᠠᠭ᠎ᠠ᠂ ᠴᠢᠬᠤᠯᠠ ᠶᠡᠭᠡ ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠵᠡᠷᠭᠡ ᠭᠤᠤᠯᠳᠠᠯᠭ᠎ᠠ ᠲᠠᠢ ᠴᠠᠭ | ᠬᠤᠭᠤᠴᠠᠭ᠎ᠠ ᠶᠢᠨ ᠵᠠᠩᠭᠢᠯᠠᠭ᠎ᠠ ᠶᠢᠨ ᠴᠡᠭ ᠲᠤ᠂ ᠲᠣᠭᠤᠷᠢᠨ ᠪᠠᠶᠢᠴᠠᠭᠠᠬᠤ ᠤᠳᠠᠭ᠎ᠠ ᠪᠠᠨ ᠨᠡᠮᠡᠭᠳᠡᠭᠦᠯᠵᠦ᠂ | ᠠᠰᠠᠭᠤᠳᠠᠯ ᠢ ᠣᠯᠵᠤ ᠮᠡᠳᠡᠪᠡᠯ ᠴᠠᠭ ᠲᠤᠬᠠᠶ ᠳᠤᠨᠢ ᠰᠢᠢᠳᠪᠦᠷᠢᠯᠡᠬᠦ ᠬᠡᠷᠡᠭᠲᠡᠶ︔ ᠬᠡᠷᠪᠡ ᠲᠤᠬᠠᠶ ᠶᠢᠨ ᠭᠠᠵᠠᠷ ᠤᠨ | ᠤᠰᠤ ᠬᠡᠷᠡᠭᠯᠡᠬᠦ ᠠᠮᠤᠷ ᠲᠦᠪᠰᠢᠨ ᠢ ᠨᠥᠯᠥᠭᠡᠯᠡᠬᠦ ᠴᠢᠬᠤᠯᠠ ᠶᠡᠭᠡ ᠠᠰᠠᠭᠤᠳᠠᠯ ᠢ ᠣᠯᠵᠤ ᠮᠡᠳᠡᠪᠡᠯ ᠴᠠᠭ | ᠲᠤᠬᠠᠶ ᠳᠤᠨᠢ ᠳᠡᠭᠡᠭᠰᠢ ᠮᠡᠳᠡᠭᠦᠯᠬᠦ ᠬᠡᠷᠡᠭᠲᠡᠶ᠃ | ᠠᠷᠪᠠᠨ ᠬᠤᠶᠠᠳᠤᠭᠠᠷ ᠵᠦᠢᠯ ᠢᠨᠵᠧᠨᠧᠷᠢᠩ ᠤᠨ ᠬᠠᠮᠢᠶᠠᠷᠴᠤ ᠬᠠᠮᠠᠭᠠᠯᠠᠬᠤ ᠭᠤᠣᠯ ᠴᠣᠭᠴᠠ ᠨᠢ ᠮᠠᠯᠵᠢᠬᠤ | ᠣᠷᠣᠨ ᠤ ᠤᠤᠭᠤᠬᠤ ᠤᠰᠤᠨ ᠤ ᠠᠶᠦᠯᠭᠦᠢ ᠶᠢᠨ ᠢᠨᠵᠧᠨᠧᠷᠢᠩ ᠳᠤ ᠠᠶᠤᠯᠭᠦᠢ ᠶᠢᠨ ᠬᠠᠮᠠᠭᠠᠯᠠᠯᠲᠠ ᠶᠢᠨ | ᠲᠦᠬᠦᠭᠡᠷᠦᠮᠵᠢ᠂ ᠡᠯ᠎ᠡ ᠲᠥᠷᠥᠯ ᠤᠨ ᠬᠤᠳᠳᠤᠭ ᠵᠡᠷᠭᠡ ᠭᠤᠤᠯ ᠪᠣᠯᠬᠤ ᠲᠥᠬᠦᠭᠡᠷᠦᠮᠵᠢ ᠶᠢ ᠪᠠᠶᠢᠴᠠᠭᠠᠨ ᠵᠠᠰᠠᠬᠤ | ᠠᠵᠢᠯ ᠢ ᠤᠯᠠᠷᠢᠯ ᠪᠦᠷᠢ ᠨᠢᠭᠡ ᠤᠳᠠᠭ᠎ᠠ ᠵᠣᠬᠢᠶᠠᠨ ᠪᠠᠶᠢᠭᠤᠯᠤᠨ ᠥᠷᠨᠢᠭᠦᠯᠵᠦ᠂ ᠠᠰᠠᠭᠤᠳᠠᠯ ᠪᠠᠶᠢᠬᠤ ᠶᠢ ᠣᠯᠵᠤ | ᠮᠡᠳᠡᠪᠡᠯ ᠴᠠᠭ ᠲᠤᠬᠠᠶ ᠳᠤᠨᠢ ᠰᠡᠯᠪᠢᠨ ᠵᠠᠰᠠᠵᠤ᠂ ᠬᠡᠪ ᠤᠨ ᠶᠣᠰᠣᠭᠠᠷ ᠤᠰᠤ ᠬᠠᠩᠭᠠᠬᠤ ᠶᠢ ᠦᠨᠡᠨᠬᠦ ᠪᠠᠲᠤᠯᠠᠬᠤ | ᠬᠡᠷᠡᠭᠲᠡᠶ᠃ | ᠠᠷᠪᠠᠨ ᠭᠤᠷᠪᠠᠳᠤᠭᠠᠷ ᠵᠦᠢᠯ ᠢᠨᠵᠧᠨᠧᠷᠢᠩ ᠤᠨ ᠬᠠᠮᠢᠶᠠᠷᠤᠨ ᠬᠠᠮᠠᠭᠠᠯᠠᠬᠤ ᠭᠤᠤᠯ ᠴᠣᠭᠴᠠ ᠨᠢ ᠮᠠᠯᠵᠢᠬᠤ | ᠣᠷᠣᠨ ᠤ ᠤᠤᠭᠤᠬᠤ ᠤᠰᠤᠨ ᠤ ᠠᠶᠤᠯᠬᠦᠢ ᠶᠢᠨ ᠢᠨᠵᠧᠨᠧᠷᠢᠩ ᠳᠤ ᠠᠳᠠᠭ ᠲᠠᠭᠠᠨ ᠵᠢᠯ ᠪᠦᠷᠢ ᠨᠢᠭᠡ ᠤᠳᠠᠭ᠎ᠠ | ᠪᠠᠷᠢᠯᠭ᠎ᠠ ᠶᠢ ᠰᠡᠯᠪᠢᠨ ᠵᠠᠰᠠᠵᠤ ᠠᠷᠠᠴᠢᠯᠠᠨ ᠬᠠᠮᠠᠭᠠᠯᠠᠵᠤ᠂ ᠮᠠᠰᠢᠨ ᠬᠤᠳᠳᠤᠭ ᠤᠨ ᠤᠰᠤᠨ ᠬᠥᠭᠡᠷᠭᠡ᠂ ᠤᠰᠤ | ᠬᠠᠩᠭᠠᠬᠤ ᠬᠤᠭᠤᠯᠠᠶ ᠶᠢᠨ ᠲᠣᠤᠷ᠂ ᠬᠠᠮᠢᠶᠠᠷᠤᠯᠲᠠ ᠶᠢᠨ ᠭᠡᠷ᠂ ᠬᠤᠭᠤᠯᠠᠶ ᠶᠢᠨ ᠪᠠᠷᠢᠯᠭ᠎ᠠ ᠵᠡᠷᠭᠡ ᠶᠢ ᠰᠡᠯᠪᠢᠨ | ᠵᠠᠰᠠᠬᠤ ᠬᠡᠷᠡᠭᠲᠡᠶ᠃ | ᠠᠷᠪᠠᠨ ᠳᠥᠷᠪᠡᠳᠦᠭᠡᠷ ᠵᠦᠢᠯ ᠰᠤᠮᠤ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠨᠢ ᠮᠠᠯᠵᠢᠬᠤ | ᠣᠷᠣᠨ ᠤ ᠤᠤᠭᠤᠬᠤ ᠤᠰᠤᠨ ᠤ ᠠᠶᠤᠯᠭᠦᠢ ᠶᠢᠨ ᠢᠨᠵᠧᠨᠧᠷᠢᠩ ᠤᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ | ᠲᠥᠰᠦᠯ ᠢ ᠲᠣᠭᠲᠠᠭᠠᠵᠤ᠂ ᠣᠯᠠᠨ ᠨᠡᠶᠢᠲᠡ ᠶᠢᠨ ᠭᠡᠨᠡᠳᠲᠡ ᠶᠢᠨ ᠬᠡᠷᠡᠭ ᠤᠨ ᠬᠤᠬᠢᠷᠠᠯ ᠢ ᠰᠡᠷᠭᠡᠶᠢᠯᠡᠬᠦ ᠪᠠ | ᠪᠠᠭᠠᠰᠬᠠᠵᠤ᠂ ᠮᠠᠯᠴᠢᠳ ᠤᠨ ᠤᠤᠭᠤᠬᠤ ᠤᠰᠤᠨ ᠤ ᠠᠮᠤᠷ ᠲᠦᠪᠰᠢᠨ ᠢ ᠪᠦᠲᠦᠮᠵᠢᠲᠡᠶ ᠪᠠᠲᠤᠯᠠᠬᠤ ᠬᠡᠷᠡᠭᠲᠡᠶ᠃ | ᠠᠷᠪᠠᠨ ᠲᠠᠪᠤᠳᠤᠭᠠᠷ ᠵᠦᠢᠯ ᠬᠤᠰᠢᠭᠤ ᠠᠷᠠᠳ ᠤᠨ ᠵᠠᠰᠠᠭ ᠤᠨ ᠣᠷᠳᠣᠨ ᠨᠢ ᠮᠠᠯᠵᠢᠬᠤ ᠣᠷᠣᠨ ᠤ | ᠤᠤᠭᠤᠬᠤ ᠤᠰᠤᠨ ᠤ ᠠᠶᠤᠯᠭᠦᠢ ᠶᠢᠨ ᠢᠨᠵᠧᠨᠧᠷᠢᠩ ᠤᠨ ᠬᠠᠮᠢᠶᠠᠷᠤᠯᠲᠠ ᠪᠠ ᠬᠠᠮᠠᠭᠠᠯᠠᠯᠲᠠ ᠶᠢᠨ ᠬᠡᠪᠴᠢᠶ᠎ᠡ ᠶᠢ | ᠬᠠᠤᠯᠢ ᠶᠣᠰᠣᠭᠠᠷ ᠵᠠᠭᠠᠭᠯᠠᠨ ᠲᠣᠭᠲᠠᠭᠠᠬᠤ ᠬᠡᠷᠡᠭᠲᠡᠶ᠃ ᠶᠠᠮᠠᠷᠪᠠ ᠨᠢᠭᠡᠴᠡ ᠪᠣᠯᠤᠨ ᠬᠤᠪᠢ ᠬᠥᠮᠦᠨ ᠮᠠᠯᠵᠢᠬᠤ | ᠣᠷᠣᠨ ᠤ ᠤᠤᠭᠤᠬᠤ ᠤᠰᠤᠨ ᠤ ᠠᠶᠦᠯᠭᠦᠢ ᠶᠢᠨ ᠢᠨᠵᠧᠨᠧᠷᠢᠩ ᠤᠨ ᠬᠠᠮᠢᠶᠠᠷᠤᠯᠲᠠ ᠶᠢᠨ ᠬᠡᠪᠴᠢᠶᠡᠨ ᠳᠣᠲᠣᠷᠠᠬᠢ | ᠭᠠᠵᠠᠷ ᠰᠢᠷᠣᠶ ᠪᠤᠶᠤ ᠤᠰᠤᠨ ᠣᠷᠣᠨ ᠢ ᠡᠵᠡᠯᠡᠵᠦ ᠪᠣᠯᠬᠤ ᠦᠭᠡᠶ᠃ | ᠠᠷᠪᠠᠨ ᠵᠢᠷᠭᠤᠳᠤᠭᠠᠷ ᠵᠦᠢᠯ ᠮᠠᠯᠵᠢᠬᠤ ᠣᠷᠣᠨ ᠤ ᠤᠤᠭᠤᠬᠤ ᠤᠰᠤᠨ ᠤ ᠠᠶᠤᠯᠭᠦᠢ ᠶᠢᠨ | ᠢᠨᠵᠧᠨᠧᠷᠢᠩ ᠤᠨ ᠬᠠᠮᠢᠶᠠᠷᠤᠯᠲᠠ ᠶᠢᠨ ᠬᠡᠪᠴᠢᠶᠡᠨ ᠳᠣᠲᠣᠷ᠎ᠠ ᠪᠤᠰᠤᠳ ᠪᠠᠷᠢᠯᠭ᠎ᠠ ᠪᠠᠶᠢᠭᠤᠯᠬᠤ ᠦᠨᠡᠨᠬᠦ | ᠴᠢᠬᠤᠯᠠ ᠲᠠᠢ ᠪᠣᠯ ᠪᠦᠲᠦᠭᠡᠨ ᠪᠠᠶᠢᠭᠤᠯᠬᠤ ᠲᠥᠰᠦᠯ ᠢ ᠨᠢ ᠬᠤᠰᠢᠭᠤ ᠤᠰᠤᠨ ᠠᠰᠢᠭᠯᠠᠯᠲᠠ ᠶᠢᠨ ᠭᠤᠤᠯᠴᠢᠯᠠᠨ | ᠬᠠᠮᠢᠶᠠᠷᠬᠤ ᠰᠠᠯᠠᠭ᠎ᠠ ᠮᠥᠴᠢᠷ ᠢᠶᠠᠷ ᠬᠢᠨᠠᠨ ᠪᠠᠶᠢᠴᠠᠭᠠᠯᠭᠠᠬᠤ ᠶᠢᠨ ᠬᠠᠮᠲᠤ ᠢᠨᠵᠧᠨᠧᠷᠢᠩ ᠤᠨ ᠥᠮᠴᠢᠯᠡᠭᠴᠢ ᠪᠠᠷ | ᠵᠥᠪᠰᠢᠶᠡᠷᠡᠭᠦᠯᠦᠭᠰᠡᠨ ᠤ ᠳᠠᠷᠠᠭ᠎ᠠ ᠰᠠᠶ᠋ᠢ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠬᠢᠵᠦ ᠪᠣᠯᠤᠨ᠎ᠠ᠃ | ᠬᠤᠰᠢᠭᠤ ᠤᠰᠤᠨ ᠠᠰᠢᠭᠯᠠᠯᠲᠠ ᠶᠢᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠪᠦᠲᠦᠭᠡᠨ ᠪᠠᠶᠢᠭᠤᠯᠤᠯᠲᠠ ᠶᠢᠨ | ᠲᠥᠰᠦᠯ ᠤᠨ ᠭᠤᠶᠤᠴᠢᠯᠠᠯ ᠢ ᠭᠥᠯᠢᠶᠡᠨ ᠠᠪᠴᠤ ᠰᠢᠢᠳᠪᠦᠷᠢᠯᠡᠭᠰᠡᠨ ᠡᠳᠦᠷ ᠠᠴᠠ ᠡᠬᠢᠯᠡᠨ ᠬᠤᠷᠢᠨ ᠠᠵᠢᠯᠯᠠᠬᠤ | ᠡᠳᠦᠷ ᠤᠨ ᠳᠣᠲᠣᠷ᠎ᠠ ᠪᠢᠴᠢᠭ ᠤᠨ ᠬᠡᠯᠪᠡᠷᠢ ᠶᠢᠨ ᠲᠣᠭᠲᠠᠭᠠᠯ ᠭᠠᠷᠭᠠᠬᠤ ᠬᠡᠷᠡᠭᠲᠡᠶ᠃ | ᠠᠷᠪᠠᠨ ᠳᠣᠯᠣᠳᠤᠭᠠᠷ ᠵᠦᠢᠯ ᠨᠢᠭᠡᠴᠡ ᠪᠠ ᠬᠤᠪᠢ ᠬᠥᠮᠦᠨ ᠤᠰᠤ ᠬᠠᠩᠭᠠᠬᠤ ᠲᠦᠬᠦᠭᠡᠷᠦᠮᠵᠢ ᠶᠢ | ᠥᠭᠡᠷᠡᠴᠢᠯᠡᠨ ᠤᠭᠰᠠᠷᠠᠬᠤ᠂ ᠰᠢᠯᠵᠢᠭᠦᠯᠦᠨ ᠨᠡᠭᠦᠯᠭᠡᠬᠦ᠂ ᠨᠤᠷᠠᠭᠠᠬᠤ ᠦᠨᠡᠨᠬᠦ ᠴᠢᠬᠤᠯᠠᠲᠠᠶ ᠪᠠᠶᠢᠪᠠᠯ᠂ ᠪᠠᠷᠢᠯᠭ᠎ᠠ | ᠪᠠᠷᠢᠬᠤ ᠠᠴᠠ ᠡᠮᠦᠨ᠎ᠡ ᠤᠰᠤ ᠤᠮᠳᠠ ᠶᠢᠨ ᠪᠠᠷᠢᠯᠭ᠎ᠠ ᠶᠢ ᠬᠠᠮᠢᠶᠠᠷᠴᠤ ᠬᠠᠮᠠᠭᠠᠯᠠᠬᠤ ᠭᠤᠤᠯ ᠴᠣᠭᠴᠠ ᠲᠠᠢ | ᠵᠥᠪᠳᠡᠯᠴᠡᠨ ᠨᠢᠭᠡᠳᠴᠦ᠂ ᠬᠠᠷᠠᠭᠠᠯᠵᠠᠭᠰᠠᠨ ᠨᠦᠬᠦᠪᠦᠷᠢ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ᠂ ᠤᠰᠤ | ᠬᠠᠩᠭᠠᠬᠤ ᠭᠤᠤᠯ ᠴᠣᠭᠴᠠ ᠶᠢᠨ ᠢᠨᠵᠧᠨᠧᠷᠢᠩ ᠳᠤ ᠬᠤᠯᠪᠣᠭᠳᠠᠭᠰᠠᠨ ᠪᠠᠶᠢᠪᠠᠯ᠂ ᠡᠷᠬᠡᠪᠰᠢ ᠬᠤᠰᠢᠭᠤ ᠱᠠᠲᠤᠨ ᠤ | ᠤᠰᠤᠨ ᠠᠰᠢᠭᠯᠠᠯᠲᠠ ᠶᠢᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠢᠶᠠᠷ ᠵᠥᠪᠰᠢᠶᠡᠷᠡᠭᠦᠯᠬᠦ ᠬᠡᠷᠡᠭᠲᠡᠶ᠃ ᠤᠰᠤ | ᠬᠠᠩᠭᠠᠬᠤ ᠲᠥᠬᠦᠭᠡᠷᠦᠮᠵᠢ ᠶᠢ ᠡᠪᠳᠡᠭᠰᠡᠨ ᠪᠠᠶᠢᠪᠠᠯ᠂ ᠬᠠᠷᠢᠭᠤᠴᠠᠯᠭ᠎ᠠ ᠲᠠᠢ ᠨᠢᠭᠡᠴᠡ ᠪᠤᠶᠤ ᠬᠤᠪᠢ ᠬᠥᠮᠦᠨ ᠬᠠᠤᠯᠢ | ᠶᠣᠰᠣᠭᠠᠷ ᠲᠥᠯᠥᠬᠦ ᠬᠡᠷᠡᠭᠲᠡᠶ᠃ | ᠠᠷᠪᠠᠨ ᠨᠠᠢᠮᠠᠳᠤᠭᠠᠷ ᠵᠦᠢᠯ ᠵᠡᠭᠦᠨ ᠦᠵᠦᠮᠦᠴᠢᠨ ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠪᠠ | ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠶᠢᠨ ᠮᠠᠯᠵᠢᠬᠤ ᠣᠷᠣᠨ ᠤ ᠲᠥᠪᠯᠡᠷᠡᠭᠦᠯᠦᠨ ᠤᠰᠤ ᠬᠠᠩᠭᠠᠬᠤ | ᠢᠨᠵᠧᠨᠧᠷᠢᠩ ᠢ ᠰᠡᠯᠪᠢᠨ ᠵᠠᠰᠠᠵᠤ ᠠᠷᠠᠴᠢᠯᠠᠨ ᠬᠠᠮᠠᠭᠠᠯᠠᠬᠤ ᠰᠠᠭᠤᠷᠢ ᠮᠥᠩᠭᠦ ᠵᠢᠴᠢ ᠲᠠᠩᠰᠨ ᠶᠢ ᠪᠠᠶᠢᠭᠤᠯᠵᠤ᠂ | ᠰᠡᠯᠪᠢᠨ ᠵᠠᠰᠠᠵᠤ ᠠᠷᠠᠴᠢᠯᠠᠨ ᠬᠠᠮᠠᠭᠠᠯᠠᠬᠤ ᠰᠠᠭᠤᠷᠢ ᠮᠥᠩᠭᠦ ᠶᠢᠨ ᠭᠤᠤᠯ ᠢᠷᠡᠯᠲᠡ ᠶᠢ ᠬᠤᠰᠢᠭᠤ ᠱᠠᠲᠤᠨ ᠤ | ᠡᠳ᠋ ᠤᠨ ᠵᠠᠰᠠᠭ᠂ ᠤᠰᠤ ᠬᠠᠩᠭᠠᠬᠤ ᠢᠨᠵᠧᠨᠧᠷᠢᠩ ᠤᠨ ᠠᠰᠢᠭ ᠣᠯᠵᠠᠪᠤᠷᠢ ᠵᠢᠴᠢ ᠨᠡᠶᠢᠭᠡᠮ ᠤᠨ ᠬᠠᠨᠳᠢᠪᠯᠠᠨ | ᠬᠦᠷᠭᠡᠬᠦ ᠵᠡᠷᠭᠡ ᠬᠡᠯᠪᠡᠷᠢ ᠪᠠᠷ ᠴᠤᠭᠯᠠᠭᠤᠯᠵᠤ᠂ ᠠᠵᠢᠯᠯᠠᠭᠠᠨ ᠤ ᠬᠠᠮᠢᠶᠠᠷᠤᠯᠲᠠ ᠶᠢᠨ ᠰᠠᠭᠤᠷᠢ ᠮᠥᠩᠭᠦ ᠶᠢ ᠲᠤᠰᠠᠭᠠᠷ | ᠳᠡᠩᠰᠡᠯᠡᠵᠦ ᠬᠠᠳᠠᠭᠠᠯᠠᠨ᠂ ᠲᠤᠰᠬᠠᠶ ᠵᠣᠭᠤᠰ ᠢ ᠲᠤᠰᠬᠠᠶ ᠬᠡᠷᠡᠭᠯᠡᠵᠦ᠂ ᠪᠥᠬᠦ ᠬᠤᠰᠢᠭᠤᠨ ᠤ ᠤᠤᠭᠤᠬᠤ ᠤᠰᠤᠨ ᠤ | ᠠᠶᠤᠯᠭᠦᠢ ᠶᠢᠨ ᠢᠨᠵᠧᠨᠧᠷᠢᠩ ᠤᠨ ᠡᠳᠦᠷ ᠲᠤᠲᠤᠮ ᠤᠨ ᠠᠵᠢᠯᠯᠠᠭᠠᠨ ᠤ ᠬᠠᠮᠠᠭᠠᠯᠠᠯᠲᠠ ᠪᠠ ᠲᠣᠭᠲᠠᠮᠠᠯ | ᠬᠤᠭᠤᠴᠠᠭ᠎ᠠ ᠲᠠᠢ ᠪᠠᠷ ᠠᠷᠠᠴᠢᠯᠠᠨ ᠬᠠᠮᠠᠭᠠᠯᠠᠬᠤ ᠵᠠᠷᠤᠳᠠᠯ ︵ᠰᠡᠯᠪᠢᠨ ᠵᠠᠰᠠᠵᠤ ᠠᠷᠠᠴᠢᠯᠠᠨ ᠬᠠᠮᠠᠭᠠᠯᠠᠬᠤ ᠰᠠᠭᠤᠷᠢ | ᠮᠥᠩᠭᠦ ᠶᠢᠨ ᠪᠣᠳᠠᠲᠠᠶ ᠵᠠᠷᠤᠯᠭ᠎ᠠ ᠶᠢᠨ ᠬᠦᠷᠢᠶ᠎ᠡ ᠬᠡᠪᠴᠢᠶ᠎ᠡ ᠶᠢ ᠵᠡᠭᠦᠨ ᠦᠵᠦᠮᠦᠴᠢᠨ ᠬᠤᠰᠢᠭᠤᠨ ᠤ ᠮᠠᠯᠵᠢᠬᠤ | ᠣᠷᠣᠨ ᠤ ᠲᠥᠪᠯᠡᠷᠡᠭᠦᠯᠦᠨ ᠤᠰᠤ ᠬᠠᠩᠭᠠᠬᠤ ᠢᠨᠵᠧᠨᠧᠷᠢᠩ ᠢ ᠰᠡᠯᠪᠢᠨ ᠵᠠᠰᠠᠵᠤ ᠠᠷᠠᠴᠢᠯᠠᠨ ᠬᠠᠮᠠᠭᠠᠯᠠᠬᠤ ᠰᠠᠭᠤᠷᠢ | ᠮᠥᠩᠭᠦ ᠶᠢᠨ ᠬᠠᠮᠢᠶᠠᠷᠤᠯᠲᠠ ᠶᠢᠨ ᠠᠷᠭ᠎ᠠ ᠳᠤ ᠦᠵᠡ︶ ᠪᠤᠯᠭᠠᠨ᠎ᠠ᠃ | ᠳᠥᠷᠪᠡᠳᠦᠭᠡᠷ ᠪᠦᠯᠦᠭ ᠤᠰᠤᠨ ᠰᠤᠷᠪᠤᠯᠵᠢ᠂ ᠤᠰᠤᠨ ᠤ ᠴᠢᠨᠠᠷ ᠤᠨ ᠬᠠᠮᠢᠶᠠᠷᠤᠯᠲᠠ | ᠠᠷᠪᠠ ᠶᠢᠰᠦᠳᠦᠭᠡᠷ ᠵᠦᠢᠯ ᠢᠨᠵᠧᠨᠧᠷᠢᠩ ᠤᠨ ᠬᠠᠮᠢᠶᠠᠷᠤᠯᠲᠠ ᠶᠢᠨ ᠨᠢᠭᠡᠴᠡ ︵ᠠᠵᠢᠯᠲᠠᠨ︶ ᠵᠢᠴᠢ ᠠᠰᠢᠭ | ᠬᠦᠷᠲᠡᠬᠦ ᠣᠯᠠᠨ ᠲᠦᠮᠡᠨ ᠴᠥᠮ ᠤᠤᠭᠤᠬᠤ ᠤᠰᠤᠨ ᠤ ᠡᠬᠢ ᠰᠤᠷᠪᠤᠯᠵᠢ ᠶᠢ ᠪᠣᠬᠢᠷᠲᠤᠭᠤᠯᠬᠤ ᠦᠭᠡᠶ ᠪᠠ ᠡᠪᠳᠡᠬᠦ | ᠦᠭᠡᠶ ᠪᠠᠶᠢᠬᠤ ᠶᠢ ᠬᠠᠤᠯᠢ ᠶᠣᠰᠣᠭᠠᠷ ᠬᠠᠮᠠᠭᠠᠯᠠᠬᠤ ᠡᠭᠦᠷᠭᠡ ᠲᠠᠢ᠃ | ᠬᠤᠷᠢᠳᠤᠭᠠᠷ ᠵᠦᠢᠯ ᠮᠠᠯᠵᠢᠬᠤ ᠣᠷᠣᠨ ᠤ ᠤᠤᠭᠤᠬᠤ ᠤᠰᠤᠨ ᠤ ᠠᠶᠤᠯᠭᠦᠢ ᠶᠢᠨ ᠢᠨᠵᠧᠨᠧᠷᠢᠩ ᠤᠨ | ᠤᠰᠤᠨ ᠰᠤᠷᠪᠤᠯᠵᠢ ᠶᠢᠨ ᠬᠠᠮᠠᠭᠠᠯᠠᠯᠲᠠ ᠶᠢᠨ ᠣᠷᠣᠨ ᠪᠤᠶᠤ ᠬᠠᠮᠠᠭᠠᠯᠠᠬᠤ ᠬᠡᠪᠴᠢᠶᠡᠨ ᠳᠣᠲᠣᠷ᠎ᠠ ᠮᠠᠯ ᠵᠢᠭᠦᠷᠲᠡᠨ | ᠲᠡᠵᠢᠭᠡᠨ ᠦᠷᠡᠵᠢᠭᠦᠯᠬᠦ ᠲᠠᠯᠠᠪᠠᠶ᠂ ᠵᠣᠷᠯᠣᠩ᠂ ᠤᠰᠤ ᠨᠡᠪᠴᠢᠬᠦ ᠨᠦᠬᠡ᠂ ᠪᠣᠬᠢᠷ ᠤᠰᠤᠨ ᠤ ᠰᠤᠪᠠᠭ | ᠪᠠᠶᠢᠭᠤᠯᠬᠤ ᠶᠢ ᠴᠠᠭᠠᠵᠠᠯᠠᠨ᠂ ᠬᠤᠤᠷ ᠲᠠᠢ ᠬᠥᠨᠥᠭᠡᠯ ᠲᠠᠢ ᠪᠣᠳᠠᠰ ᠭᠠᠳᠠᠭᠰᠢᠯᠠᠭᠤᠯᠬᠤ ᠪᠤᠶᠤ ᠬᠤᠭ ᠨᠣᠪᠰᠢ᠂ | ᠢᠯᠭᠠᠳᠠᠰᠤ ᠵᠡᠷᠭᠡ ᠪᠣᠬᠢᠷ ᠪᠣᠳᠠᠰ ᠣᠪᠣᠭᠠᠯᠠᠬᠤ ᠶᠢ ᠴᠠᠭᠠᠵᠠᠯᠠᠵᠤ᠂ ᠤᠰᠤ ᠬᠠᠩᠭᠠᠬᠤ ᠲᠦᠬᠦᠭᠡᠷᠦᠮᠵᠢ ᠲᠠᠢ | ᠬᠤᠯᠪᠣᠭᠳᠠᠯ ᠦᠭᠡᠶ ᠪᠠᠷᠢᠯᠭ᠎ᠠ ᠶᠢ ᠳᠤᠷ᠎ᠠ ᠪᠠᠷ ᠢᠶᠠᠨ ᠰᠡᠯᠪᠢᠨ ᠪᠠᠶᠢᠭᠤᠯᠵᠤ ᠪᠣᠯᠬᠤ ᠦᠭᠡᠶ᠂ ᠨᠦᠬᠡ ᠮᠠᠯᠲᠠᠬᠤ | ︵ᠰᠤᠪᠠᠭ᠂ ᠬᠤᠳᠳᠤᠭ︶᠂ ᠰᠢᠷᠣᠶ ᠠᠪᠬᠤ᠂ ᠬᠤᠭ ᠨᠣᠪᠰᠢ ᠣᠪᠣᠭᠠᠯᠠᠬᠤ᠂ ᠳᠡᠯᠪᠡᠴᠢᠬᠦ ᠵᠡᠷᠭᠡ ᠮᠠᠯᠵᠢᠬᠤ | ᠣᠷᠣᠨ ᠤ ᠤᠤᠭᠤᠬᠤ ᠤᠰᠤᠨ ᠤ ᠠᠶᠤᠯᠭᠦᠢ ᠶᠢᠨ ᠢᠨᠵᠧᠨᠧᠷᠢᠩ ᠵᠢᠴᠢ ᠲᠦᠬᠦᠭᠡᠷᠦᠮᠵᠢ ᠶᠢᠨ ᠠᠶᠤᠯ ᠦᠭᠡᠶ᠂ | ᠤᠰᠤᠨ ᠤ ᠬᠡᠮᠵᠢᠶ᠎ᠡ ᠪᠠ ᠤᠰᠤᠨ ᠤ ᠴᠢᠨᠠᠷ ᠤᠨ ᠠᠶᠤᠯ ᠦᠭᠡᠶ ᠪᠠᠶᠢᠬᠤ ᠠᠵᠢᠯᠯᠠᠭ᠎ᠠ ᠶᠢ ᠳᠤᠷ᠎ᠠ ᠪᠠᠷ ᠢᠶᠠᠨ ᠬᠢᠵᠦ | ᠪᠣᠯᠬᠤ ᠦᠭᠡᠶ᠃ | ᠬᠤᠷᠢᠨ ᠨᠢᠭᠡᠳᠦᠭᠡᠷ ᠵᠣᠷᠪᠤᠰ ᠤᠰᠤᠨ ᠤ ᠵᠠᠭᠤᠴᠢ ᠶᠢᠨ ᠬᠠᠯᠳᠠᠪᠤᠷᠢᠲᠤ ᠡᠪᠡᠳᠴᠢᠨ ᠡᠭᠦᠰᠬᠦ ᠶᠢ | ᠪᠠᠭᠠᠰᠬᠠᠬᠤ ᠶᠢᠨ ᠲᠥᠯᠥᠭᠡ᠂ ᠲᠥᠪᠯᠡᠷᠡᠭᠦᠯᠦᠨ ᠤᠰᠤ ᠬᠠᠩᠭᠠᠬᠤ ᠢᠨᠵᠧᠨᠧᠷᠢᠩ ᠨᠢ ᠪᠣᠬᠢᠷᠲᠤᠯ ᠢ ᠰᠡᠷᠭᠡᠶᠢᠯᠡᠬᠦ᠂ | ᠠᠷᠢᠭᠤᠳᠬᠠᠬᠤ ᠲᠥᠬᠦᠭᠡᠷᠦᠮᠵᠢ ᠶᠢ ᠲᠣᠬᠢᠷᠠᠭᠤᠯᠪᠠᠯ ᠵᠣᠬᠢᠨ᠎ᠠ︔ ᠲᠠᠷᠠᠬᠠᠶ ᠤᠰᠤ ᠬᠠᠩᠭᠠᠬᠤ ᠢᠨᠵᠧᠨᠧᠷᠢᠩ ᠨᠢ | ᠪᠣᠬᠢᠷᠲᠤᠯ ᠢ ᠰᠡᠷᠭᠡᠶᠢᠯᠡᠬᠦ ᠲᠥᠬᠦᠭᠡᠷᠦᠮᠵᠢ ᠲᠠᠢ ᠪᠠᠶᠢᠬᠤ ᠬᠡᠷᠡᠭᠲᠡᠶ᠂ ᠨᠥᠬᠦᠴᠡᠯ ᠲᠠᠢ ᠭᠠᠵᠠᠷ ᠣᠷᠣᠨ ᠤᠤᠭᠤᠬᠤ | ᠤᠰᠤ ᠶᠢ ᠠᠷᠢᠭᠤᠳᠬᠠᠬᠤ ᠬᠡᠷᠡᠭᠲᠡᠶ᠃ | ᠬᠤᠷᠢᠨ ᠬᠤᠶᠠᠳᠤᠭᠠᠷ ᠵᠦᠢᠯ ᠠᠭᠤᠷᠬᠠᠶ ᠨᠡᠭᠡᠭᠡᠬᠦ᠂ ᠦᠢᠯᠡᠳᠪᠦᠷᠢ ᠪᠠᠶᠢᠭᠤᠯᠬᠤ ᠪᠤᠶᠤ ᠪᠤᠰᠤᠳ | ᠦᠢᠯᠡᠳᠪᠦᠷᠢᠯᠡᠯ ᠤᠨ ᠪᠦᠲᠦᠭᠡᠨ ᠪᠠᠶᠢᠭᠤᠯᠤᠯᠲᠠ ᠶᠢᠨ ᠠᠵᠢᠯᠯᠠᠭ᠎ᠠ ᠬᠢᠭᠰᠡᠨ ᠠᠴᠠ ᠪᠣᠯᠵᠤ ᠤᠰᠤᠨ ᠤ ᠡᠬᠢ ᠪᠠᠶᠠᠯᠢᠭ | ᠬᠤᠪᠢᠷᠠᠨ᠂ ᠤᠰᠤᠨ ᠤ ᠴᠢᠨᠠᠷ ᠤᠨ ᠪᠣᠬᠢᠷᠲᠤᠯ ᠡᠭᠦᠰᠴᠦ ᠪᠠᠷᠢᠯᠭ᠎ᠠ ᠡᠪᠳᠡᠭᠳᠡᠵᠦ᠂ ᠬᠥᠮᠦᠨ ᠮᠠᠯ ᠤᠨ ᠤᠤᠭᠤᠬᠤ | ᠤᠰᠤ ᠳᠤ ᠬᠦᠴᠢᠷᠳᠡᠯ ᠤᠴᠠᠷᠠᠭᠤᠯᠤᠭᠰᠠᠨ ᠪᠦᠬᠦᠨ ᠢ ︽ᠬᠡᠨ ᠪᠣᠬᠢᠷᠲᠤᠭᠤᠯᠪᠠᠯ ᠲᠡᠷᠡ ᠬᠠᠷᠢᠭᠤᠴᠠᠬᠤ᠂ ᠬᠡᠨ | ᠡᠪᠳᠡᠭᠰᠡᠨ ᠪᠣᠯ ᠲᠡᠷᠡ ᠨᠥᠬᠦᠪᠥᠷᠢᠯᠡᠬᠦ︾ ᠵᠠᠷᠴᠢᠮ ᠤᠨ ᠶᠣᠰᠣᠭᠠᠷ᠂ ᠡᠪᠳᠡᠭᠰᠡᠨ ᠨᠢᠭᠡᠴᠡ ᠪᠤᠶᠤ ᠬᠤᠪᠢ ᠬᠥᠮᠦᠨ ᠨᠢ | ᠴᠠᠭ ᠲᠤᠬᠠᠶ ᠳᠤᠨᠢ ᠰᠢᠢᠳᠪᠦᠷᠢᠯᠡᠵᠦ᠂ ᠡᠪᠳᠡᠭᠰᠡᠨ ᠨᠢᠭᠡᠴᠡ ᠪᠤᠶᠤ ᠬᠤᠪᠢ ᠬᠥᠮᠦᠨ ᠨᠢ ᠲᠥᠯᠥᠪᠦᠷᠢ ᠥᠭᠬᠦ | ᠬᠡᠷᠡᠭᠲᠡᠶ᠃ | ᠲᠠᠪᠤᠳᠤᠭᠠᠷ ᠪᠦᠯᠦᠭ ᠤᠰᠤ ᠬᠠᠩᠭᠠᠬᠤ ᠬᠠᠮᠢᠶᠠᠷᠤᠯᠲᠠ | ᠬᠤᠷᠢᠨ ᠭᠤᠷᠪᠠᠳᠤᠭᠠᠷ ᠵᠦᠢᠯ ᠤᠰᠤ ᠬᠠᠩᠭᠠᠬᠤ ᠢᠨᠵᠧᠨᠧᠷᠢᠩ ᠨᠢ ᠢᠨᠵᠧᠨᠧᠷᠢᠩ ᠤᠨ ᠵᠢᠷᠤᠭ | ᠲᠥᠯᠥᠪᠯᠡᠭᠡ ᠶᠢᠨ ᠬᠡᠪᠴᠢᠶᠡᠨ ᠳᠣᠲᠣᠷᠠᠬᠢ ᠮᠠᠯᠵᠢᠬᠤ ᠣᠷᠣᠨ ᠤ ᠣᠯᠠᠨ ᠲᠦᠮᠡᠨ ᠤ ᠤᠤᠭᠤᠬᠤ ᠤᠰᠤᠨ ᠤ | ᠬᠡᠷᠡᠭᠴᠡᠭᠡ ᠶᠢ ᠡᠩ ᠲᠡᠷᠢᠭᠦᠨ ᠳᠤ ᠪᠠᠲᠤᠯᠠᠬᠤ ᠬᠡᠷᠡᠭᠲᠡᠶ᠃ | ᠬᠤᠷᠢᠨ ᠳᠥᠷᠪᠡᠳᠦᠭᠡᠷ ᠵᠦᠢᠯ ᠮᠠᠯᠵᠢᠬᠤ ᠣᠷᠣᠨ ᠤ ᠤᠤᠭᠤᠬᠤ ᠤᠰᠤᠨ ᠤ ᠠᠶᠤᠯᠭᠦᠢ ᠶᠢᠨ | ᠢᠨᠵᠧᠨᠧᠷᠢᠩ ᠤᠨ ᠬᠠᠮᠢᠶᠠᠷᠴᠤ ᠬᠠᠮᠠᠭᠠᠯᠠᠬᠤ ᠭᠤᠣᠯ ᠴᠣᠭᠴᠠ ᠨᠢ ᠳᠣᠤᠷᠠᠬᠢ ᠲᠣᠭᠲᠠᠭᠠᠯ ᠢ ᠵᠢᠷᠤᠮᠯᠠᠬᠤ ᠬᠡᠷᠡᠭᠲᠡᠶ᠄ | ︵ᠨᠢᠭᠡ︶ ᠤᠰᠤ ᠬᠠᠩᠭᠠᠬᠤ ᠠᠮᠤᠷ ᠲᠦᠪᠰᠢᠨ ᠲᠣᠭᠲᠠᠭᠤᠨ ᠪᠠᠶᠢᠬᠤ ᠶᠢ ᠪᠠᠲᠤᠯᠠᠬᠤ ᠬᠡᠷᠡᠭᠲᠡᠢ︔ | ︵ᠬᠤᠶᠠᠷ︶ ᠤᠰᠤ ᠬᠡᠷᠡᠭᠯᠡᠬᠦ ᠡᠷᠦᠬᠡ ᠤᠰᠤ ᠠᠪᠬᠤ ᠳᠤ ᠳᠠᠩᠰᠠᠯᠠᠬᠤ ᠬᠡᠷᠡᠭᠲᠡᠢ︔ | ︵ᠭᠤᠷᠪᠠ︶ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠤᠰᠤᠨ ᠤ ᠰᠦᠢᠳᠬᠡᠯ ᠢ ᠭᠦᠢᠴᠡᠳ ᠲᠤᠭ᠎ᠠ ᠪᠠᠷ | ᠬᠤᠷᠢᠶᠠᠬᠤ ᠬᠡᠷᠡᠭᠲᠡᠢ︔ | ︵ᠲᠦᠷᠪᠡ︶ ᠲᠣᠭᠲᠠᠮᠠᠯ ᠬᠤᠭᠤᠴᠠᠭ᠎ᠠ ᠲᠠᠢ ᠪᠠᠷ ᠤᠰᠤ ᠬᠠᠩᠭᠠᠬᠤ ᠲᠥᠬᠦᠭᠡᠷᠦᠮᠵᠢ ᠶᠢ ᠪᠠᠶᠢᠴᠠᠭᠠᠵᠤ᠂ | ᠠᠷᠠᠴᠢᠯᠠᠨ ᠬᠠᠮᠠᠭᠠᠯᠠᠬᠤ ᠬᠡᠷᠡᠭᠲᠡᠢ︔ ᠤᠰᠤ ᠬᠠᠩᠭᠠᠬᠤ ᠠᠳᠡᠯ ᠢ ᠵᠠᠪᠳᠤᠨ ᠵᠠᠰᠠᠬᠤ ᠤᠲᠠᠰᠤ ᠪᠠ ᠬᠠᠯᠠᠮᠰᠢᠯ | ᠤᠲᠠᠰᠤ ᠭᠠᠷᠭᠠᠬᠤ ᠶᠢᠨ ᠬᠠᠮᠲᠤ ᠨᠡᠶᠢᠭᠡᠮ ᠳᠤ ᠨᠡᠶᠢᠲᠡᠯᠡᠬᠦ ᠬᠡᠷᠡᠭᠲᠡᠢ︔ ᠤᠰᠤᠨ ᠠᠰᠢᠭᠯᠠᠯᠲᠠ᠂ ᠡᠷᠡᠭᠦᠯ ᠬᠠᠮᠠᠭᠠᠯᠠᠯ᠂ | ᠣᠷᠴᠢᠨ ᠲᠣᠭᠤᠷᠢᠨ ᠤ ᠬᠠᠮᠠᠭᠠᠯᠠᠯᠲᠠ᠂ ᠬᠥᠭᠵᠢᠭᠦᠯᠦᠯᠲᠡ ᠥᠭᠡᠷᠡᠴᠢᠯᠡᠯᠲᠡ ᠵᠡᠷᠭᠡ ᠬᠤᠯᠪᠣᠭᠳᠠᠯ ᠪᠦᠬᠦᠢ ᠰᠠᠯᠠᠭ᠎ᠠ | ᠮᠥᠴᠢᠷ ᠤᠨ ᠬᠢᠨᠠᠯᠲᠠ ᠪᠠᠶᠢᠴᠠᠭᠠᠯᠲᠠ ᠶᠢ ᠬᠦᠯᠢᠶᠡᠬᠦ ᠬᠡᠷᠡᠭᠲᠡᠢ᠃ | ︵ᠲᠠᠪᠤ︶ ᠬᠠᠤᠯᠢ ᠴᠠᠭᠠᠵᠠ᠂ ᠬᠠᠤᠯᠢ ᠲᠣᠭᠲᠠᠭᠠᠯ ᠳᠤ ᠲᠣᠭᠲᠠᠭᠠᠭᠰᠠᠨ ᠪᠤᠰᠤᠳ ᠡᠭᠦᠷᠭᠡ᠃ | ᠬᠤᠷᠢᠨ ᠲᠠᠪᠤᠳᠤᠭᠠᠷ ᠵᠦᠢᠯ ᠤᠰᠤ ᠬᠡᠷᠡᠭᠯᠡᠬᠦ ᠡᠷᠦᠬᠡ ᠳᠣᠤᠷᠠᠬᠢ ᠲᠣᠭᠲᠠᠭᠠᠯ ᠢ ᠵᠢᠷᠤᠮᠯᠠᠬᠤ ᠬᠡᠷᠡᠭᠲᠡᠶ᠄ | ︵ᠨᠢᠭᠡ︶ ᠤᠰᠤᠨ ᠤ ᠰᠦᠢᠳᠬᠡᠯ ᠢ ᠴᠠᠭ ᠲᠤᠨᠢ ᠲᠤᠰᠢᠶᠠᠬᠤ ᠬᠡᠷᠡᠭᠲᠡᠢ᠃ | ︵ᠬᠤᠶᠠᠷ︶ ᠤᠰᠤ ᠬᠡᠷᠡᠭᠯᠡᠬᠦ ᠰᠢᠨᠵᠢ ᠴᠢᠨᠠᠷ ᠢ ᠳᠤᠷ᠎ᠠ ᠪᠠᠷ ᠢᠶᠠᠨ ᠬᠤᠪᠢᠷᠠᠭᠤᠯᠵᠤ ᠪᠣᠯᠬᠤ ᠦᠭᠡᠢ︔ | ︵ᠭᠤᠷᠪᠠ︶ ᠪᠤᠰᠤᠳ ᠨᠢᠭᠡᠴᠡ ᠪᠠ ᠬᠤᠪᠢ ᠬᠥᠮᠦᠨ ᠬᠤᠯᠠᠭᠠᠶᠢᠯᠠᠨ ᠬᠡᠷᠡᠭᠯᠡᠬᠦ ᠪᠤᠶᠤ ᠳᠤᠷ᠎ᠠ ᠪᠠᠷ ᠢᠶᠠᠨ | ᠰᠢᠯᠵᠢᠭᠦᠯᠦᠨ ᠤᠰᠤ ᠬᠠᠩᠭᠠᠵᠤ ᠪᠣᠯᠬᠤ ᠦᠭᠡᠶ︔ | ︵ᠲᠦᠷᠪᠡ︶ ᠣᠯᠠᠨ ᠨᠡᠶᠢᠲᠡ ᠶᠢᠨ ᠤᠰᠤ ᠬᠠᠩᠭᠠᠬᠤ ᠲᠦᠬᠦᠭᠡᠷᠦᠮᠵᠢ ᠶᠢ ᠳᠤᠷ᠎ᠠ ᠪᠠᠷ ᠢᠶᠠᠨ ᠥᠭᠡᠷᠡᠴᠢᠯᠡᠵᠦ᠂ | ᠠᠪᠴᠤ ᠬᠠᠶᠠᠬᠤ ᠪᠤᠶᠤ ᠣᠯᠠᠨ ᠨᠡᠶᠢᠲᠡ ᠶᠢᠨ ᠤᠰᠤ ᠬᠠᠩᠭᠠᠬᠤ ᠬᠤᠭᠤᠯᠠᠶ ᠶᠢᠨ ᠲᠣᠤᠷ ᠳᠡᠭᠡᠷ᠎ᠡ ᠳᠤᠷ᠎ᠠ ᠪᠠᠷ ᠢᠶᠠᠨ | ᠤᠰᠤ ᠵᠠᠯᠭᠠᠵᠤ ᠪᠣᠯᠬᠤ ᠦᠭᠡᠶ︔ | ︵ᠲᠠᠪᠤ︶ ᠬᠠᠤᠯᠢ ᠴᠠᠭᠠᠵᠠ᠂ ᠬᠠᠤᠯᠢ ᠲᠣᠭᠲᠠᠭᠠᠯ ᠳᠤ ᠲᠣᠭᠲᠠᠭᠠᠭᠰᠠᠨ ᠪᠤᠰᠤᠳ ᠡᠭᠦᠷᠭᠡ᠃ | ᠬᠤᠷᠢᠨ ᠵᠢᠷᠭᠤᠳᠤᠭᠠᠷ ᠵᠦᠢᠯ ᠤᠰᠤ ᠬᠠᠩᠭᠠᠬᠤ ᠨᠢᠭᠡᠴᠡ ᠨᠢ ᠤᠰᠤ ᠬᠡᠷᠡᠭᠯᠡᠬᠦ ᠡᠷᠦᠬᠡ ᠲᠠᠢ ᠤᠰᠤ | ᠬᠠᠩᠭᠠᠬᠤ ᠬᠡᠯᠡᠯᠴᠡᠭᠡᠷ ᠲᠣᠭᠲᠠᠵᠤ᠂ ᠵᠥᠪᠳᠡᠯᠴᠡᠬᠡᠷ ᠲᠤ ᠲᠣᠭᠲᠠᠭᠰᠠᠨ ᠶᠣᠰᠣᠭᠠᠷ ᠤᠰᠤ ᠬᠠᠩᠭᠠᠬᠤ ᠬᠡᠷᠡᠭᠲᠡᠶ᠃ | ᠪᠠᠷᠢᠯᠭ᠎ᠠ ᠪᠠᠷᠢᠬᠤ᠂ ᠰᠡᠯᠪᠢᠨ ᠵᠠᠰᠠᠬᠤ ᠵᠡᠷᠭᠡ ᠰᠢᠯᠲᠠᠭᠠᠨ ᠠᠴᠠ ᠪᠣᠯᠵᠤ ᠤᠰᠤ ᠬᠠᠩᠭᠠᠬᠤ ᠪᠠᠨ ᠦᠨᠡᠨᠬᠦ ᠵᠣᠭᠰᠣᠭᠠᠬᠤ | ᠴᠢᠬᠤᠯᠠᠲᠠᠶ ᠪᠣᠯ᠂ ᠤᠰᠤ ᠬᠠᠩᠭᠠᠬᠤ ᠨᠢᠭᠡᠴᠡ ᠠᠯᠪᠠᠨ ᠵᠠᠷᠯᠠᠯ ᠨᠠᠭᠠᠬᠤ᠂ ᠭᠠᠷ ᠤᠲᠠᠰᠤᠨ ᠤ ᠣᠬᠤᠷ ᠮᠡᠳᠡᠭᠡ ᠵᠡᠷᠭᠡ | ᠠᠷᠭ᠎ᠠ ᠮᠠᠶ᠋ᠢᠭ ᠢᠶᠠᠷ ᠳᠠᠮᠵᠢᠭᠤᠯᠤᠨ ᠤᠰᠤ ᠬᠡᠷᠡᠭᠯᠡᠬᠦ ᠡᠷᠦᠬᠡ ᠳᠤ ᠤᠷᠢᠳᠴᠢᠯᠠᠨ ᠮᠡᠳᠡᠭᠳᠡᠬᠦ ᠬᠡᠷᠡᠭᠲᠡᠶ︔ | ᠪᠠᠶᠢᠭᠠᠯᠢ ᠶᠢᠨ ᠭᠠᠮᠰᠢᠭ ᠭᠠᠷᠤᠭᠰᠠᠨ ᠪᠤᠶᠤ ᠤᠰᠤ ᠬᠠᠩᠭᠠᠬᠤ ᠪᠠᠷᠢᠯᠭ᠎ᠠ ᠨᠢ ᠲᠥᠰᠦᠭᠡᠯᠡᠵᠦ ᠳᠡᠶᠢᠯᠬᠦ ᠦᠭᠡᠶ ᠠᠳᠡᠯ | ᠭᠠᠷᠤᠭᠰᠠᠨ ᠠᠴᠠ ᠪᠣᠯᠵᠤ ᠬᠡᠷᠡᠭᠯᠡᠭᠴᠢ ᠳᠤ ᠤᠷᠢᠳᠴᠢᠯᠠᠨ ᠮᠡᠳᠡᠭᠳᠡᠵᠦ ᠳᠡᠶᠢᠯᠬᠦ ᠦᠭᠡᠶ ᠪᠣᠯ ᠤᠰᠤ ᠬᠠᠩᠭᠠᠬᠤ | ᠨᠢᠭᠡᠴᠡ ᠠᠴᠠ ᠢᠳᠡᠪᠬᠢᠲᠡᠶ ᠵᠠᠪᠳᠤᠨ ᠵᠠᠰᠠᠬᠤ ᠶᠢᠨ ᠬᠠᠮᠲᠤ ᠴᠠᠭ ᠲᠤᠬᠠᠶ ᠳᠤᠨᠢ ᠤᠰᠤ ᠬᠡᠷᠡᠭᠯᠡᠬᠦ ᠡᠷᠦᠬᠡ ᠳᠤ | ᠮᠡᠳᠡᠭᠳᠡᠬᠦ ᠶᠢᠨ ᠬᠠᠮᠲᠤ ᠳᠡᠭᠡᠷ᠎ᠡ ᠱᠠᠲᠤᠨ ᠤ ᠤᠰᠤᠨ ᠤ ᠵᠠᠰᠠᠭ ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ | ᠮᠥᠴᠢᠷ ᠲᠤ ᠮᠡᠳᠡᠭᠦᠯᠬᠦ ᠬᠡᠷᠡᠭᠲᠡᠶ᠃ | ᠬᠤᠷᠢᠨ ᠳᠣᠯᠣᠳᠤᠭᠠᠷ ᠵᠦᠢᠯ ᠲᠥᠪᠯᠡᠷᠡᠭᠦᠯᠦᠨ ᠤᠰᠤ ᠬᠠᠩᠭᠠᠬᠤ ᠢᠨᠵᠧᠨᠧᠷᠢᠩ ᠤᠨ ᠰᠢᠨ᠎ᠡ ᠪᠠᠷ | ᠨᠡᠮᠡᠭᠳᠡᠭᠰᠡᠨ ᠤᠰᠤ ᠬᠡᠷᠡᠭᠯᠡᠬᠦ ᠡᠷᠦᠬᠡ ᠨᠢ ᠤᠰᠤ ᠬᠠᠩᠭᠠᠬᠤ ᠨᠢᠭᠡᠴᠡ ᠳᠤ ᠭᠤᠶᠤᠴᠢᠯᠠᠯ ᠢᠶᠠᠨ ᠳᠤᠷᠠᠳᠴᠤ᠂ ᠤᠰᠤ | ᠬᠠᠩᠭᠠᠬᠤ ᠨᠢᠭᠡᠴᠡ ᠠᠴᠠ ᠬᠠᠶᠢᠨ ᠪᠠᠶᠢᠴᠠᠭᠠᠬᠤ᠂ ᠲᠥᠯᠥᠪᠵᠢᠭᠦᠯᠬᠦ᠂ ᠵᠢᠷᠤᠵᠤ ᠲᠥᠯᠥᠪᠯᠡᠬᠦ ᠪᠠ ᠤᠭᠰᠠᠷᠠᠬᠤ ᠶᠢ | ᠬᠠᠷᠢᠭᠤᠴᠠᠵᠤ᠂ ᠲᠤᠰ ᠵᠠᠷᠤᠳᠠᠯ ᠢ ᠰᠢᠨ᠎ᠡ ᠪᠠᠷ ᠨᠡᠮᠡᠭᠳᠡᠭᠰᠡᠨ ᠤᠰᠤ ᠬᠡᠷᠡᠭᠯᠡᠬᠦ ᠡᠷᠦᠬᠡ ᠠᠴᠠ ᠡᠭᠦᠷᠭᠡᠯᠡᠬᠦ ᠬᠡᠷᠡᠭᠲᠡᠶ᠃ | ᠤᠰᠤ ᠬᠠᠩᠭᠠᠬᠤ ᠲᠦᠬᠦᠭᠡᠷᠦᠮᠵᠢ ᠶᠢ ᠳᠤᠷ᠎ᠠ ᠪᠠᠷ ᠢᠶᠠᠨ ᠬᠤᠪᠢᠷᠠᠭᠤᠯᠵᠤ᠂ ᠨᠤᠷᠠᠭᠠᠬᠤ ᠪᠠ ᠬᠤᠭᠤᠯᠠᠶ ᠭᠤᠤᠷᠰᠤ ᠪᠠᠷ | ᠤᠰᠤ ᠲᠠᠲᠠᠬᠤ ᠶᠢ ᠴᠢᠩᠭ᠎ᠠ ᠴᠠᠭᠠᠵᠠᠯᠠᠬᠤ ᠬᠡᠷᠡᠭᠲᠡᠶ᠃ | ᠬᠤᠷᠢᠨ ᠨᠠᠢᠮᠠᠳᠤᠭᠠᠷ ᠵᠦᠢᠯ ᠮᠠᠯᠵᠢᠬᠤ ᠣᠷᠣᠨ ᠤ ᠤᠤᠭᠤᠬᠤ ᠤᠰᠤᠨ ᠤ ᠠᠶᠤᠯᠭᠦᠢ ᠶᠢᠨ | ᠢᠨᠵᠧᠨᠧᠷᠢᠩ ᠤᠨ ᠬᠠᠮᠢᠶᠠᠷᠴᠤ ᠬᠠᠮᠠᠭᠠᠯᠠᠬᠤ ᠠᠵᠢᠯ ᠢ ᠬᠢᠵᠦ ᠪᠠᠶᠢᠭ᠎ᠠ ᠠᠵᠢᠯᠲᠠᠳ ᠬᠠᠷᠠᠭᠠᠯᠵᠠᠭᠰᠠᠨ ᠮᠡᠷᠭᠡᠵᠢᠯ ᠤᠨ | ᠲᠤᠬᠠᠶᠢᠯᠠᠭᠰᠠᠨ ᠠᠵᠢᠯ ᠤᠨ ᠴᠢᠳᠠᠪᠤᠷᠢ ᠶᠢ ᠪᠦᠷᠢᠯᠳᠦᠭᠦᠯᠬᠦ ᠶᠢᠨ ᠬᠠᠮᠲᠤ ᠲᠤᠰᠬᠠᠶ ᠮᠡᠷᠭᠡᠵᠢᠯ ᠤᠨ | ᠪᠣᠯᠪᠠᠰᠤᠷᠠᠭᠤᠯᠤᠯ ᠢᠶᠠᠷ ᠳᠠᠮᠵᠢᠨ᠂ ᠬᠢᠨᠠᠨ ᠰᠢᠯᠭᠠᠭᠠᠳ ᠬᠢᠷᠢ ᠲᠡᠩᠴᠡᠭᠰᠡᠨ ᠤ ᠳᠠᠷᠠᠭ᠎ᠠ ᠠᠵᠢᠯ ᠤᠨ ᠪᠠᠶᠢᠷᠢ ᠳᠤ | ᠭᠠᠷᠬᠤ ᠬᠡᠷᠡᠭᠲᠡᠶ᠃ | ᠬᠤᠷᠢ ᠶᠢᠰᠦᠳᠦᠭᠡᠷ ᠵᠦᠢᠯ ᠮᠠᠯᠵᠢᠬᠤ ᠣᠷᠣᠨ ᠤ ᠲᠥᠪᠯᠡᠷᠡᠭᠰᠡᠨ ᠬᠡᠯᠪᠡᠷᠢ ᠶᠢᠨ ᠤᠤᠭᠤᠬᠤ ᠤᠰᠤᠨ ᠤ | ᠠᠶᠤᠯᠭᠦᠢ ᠶᠢᠨ ᠪᠠᠷᠢᠯᠭ᠎ᠠ ᠳᠤ ᠤᠰᠤ ᠬᠠᠩᠭᠠᠬᠤ ᠭᠡᠨᠡᠳᠲᠡ ᠶᠢᠨ ᠬᠡᠷᠡᠭ ᠭᠠᠷᠬᠤ ᠦᠶ᠎ᠡ ᠳᠤ᠂ ᠢᠨᠵᠧᠨᠧᠷᠢᠩ ᠤᠨ | ᠬᠠᠮᠢᠶᠠᠷᠤᠨ ᠬᠠᠮᠠᠭᠠᠯᠠᠬᠤ ᠭᠤᠤᠯ ᠴᠣᠭᠴᠠ ᠨᠢ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠦᠯ ᠢᠶᠠᠨ | ᠳᠠᠷᠦ᠋ᠢᠬᠠᠨ ᠡᠬᠢᠯᠡᠭᠦᠯᠬᠦ ᠶᠢᠨ ᠬᠠᠮᠲᠤ ᠴᠠᠭ ᠲᠤᠬᠠᠶ ᠳᠤᠨᠢ ᠬᠤᠰᠢᠭᠤ ᠠᠷᠠᠳ ᠤᠨ ᠵᠠᠰᠠᠭ ᠤᠨ ᠣᠷᠳᠣᠨ ᠵᠢᠴᠢ | ᠡᠷᠡᠭᠦᠯ ᠬᠠᠮᠠᠭᠠᠯᠠᠯ᠂ ᠤᠰᠤᠨ ᠠᠰᠢᠭᠯᠠᠯᠲᠠ᠂ ᠣᠷᠴᠢᠨ ᠲᠣᠭᠤᠷᠢᠨ ᠤ ᠬᠠᠮᠠᠭᠠᠯᠠᠯᠲᠠ ᠵᠡᠷᠭᠡ ᠵᠠᠰᠠᠭ ᠵᠠᠬᠢᠷᠭᠠᠨ ᠤ | ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠮᠡᠳᠡᠭᠦᠯᠬᠦ ᠶᠢᠨ ᠬᠠᠮᠲᠤ ᠴᠠᠭ ᠲᠤᠬᠠᠶ ᠳᠤᠨᠢ ᠬᠠᠷᠠᠭᠠᠯᠵᠠᠭᠰᠠᠨ | ᠰᠢᠢᠳᠪᠦᠷᠢᠯᠡᠬᠦ ᠠᠷᠭ᠎ᠠ ᠬᠡᠮᠵᠢᠶ᠎ᠡ ᠠᠪᠬᠤ ᠬᠡᠷᠡᠭᠲᠡᠶ᠃ | ᠭᠤᠴᠢᠳᠤᠭᠠᠷ ᠵᠦᠢᠯ ᠮᠠᠯᠵᠢᠬᠤ ᠣᠷᠣᠨ ᠤ ᠤᠤᠭᠤᠬᠤ ᠤᠰᠤᠨ ᠤ ᠠᠶᠤᠯᠭᠦᠢ ᠶᠢᠨ ᠢᠨᠵᠧᠨᠧᠷᠢᠩ ᠤᠨ | ᠬᠠᠮᠢᠶᠠᠷᠴᠤ ᠬᠠᠮᠠᠭᠠᠯᠠᠬᠤ ᠭᠤᠤᠯ ᠴᠣᠭᠴᠠ ᠨᠢ ᠤᠰᠤ ᠬᠠᠩᠭᠠᠬᠤ᠂ ᠤᠰᠤ ᠬᠡᠷᠡᠭᠯᠡᠵᠦ ᠪᠠᠶᠢᠭ᠎ᠠ ᠪᠠᠶᠢᠳᠠᠯ ᠢᠶᠠᠨ | ᠤᠯᠠᠷᠢᠯ ᠪᠦᠷᠢ ᠨᠡᠶᠢᠲᠡᠯᠡᠵᠦ᠂ ᠤᠰᠤ ᠬᠡᠷᠡᠭᠯᠡᠬᠦ ᠡᠷᠦᠬᠡ ᠶᠢᠨ ᠰᠠᠨᠠᠯ ᠢ ᠰᠣᠨᠣᠰᠴᠤ᠂ ᠤᠰᠤ ᠬᠠᠩᠭᠠᠬᠤ | ᠲᠥᠯᠥᠪᠯᠡᠭᠡ ᠳᠡᠭᠡᠨ ᠴᠠᠭ ᠲᠤᠬᠠᠶ ᠳᠤᠨᠢ ᠲᠣᠬᠢᠷᠠᠭᠤᠯᠤᠯᠲᠠ ᠬᠢᠬᠦ ᠬᠡᠷᠡᠭᠲᠡᠶ᠃ | ᠵᠢᠷᠭᠤᠳᠤᠭᠠᠷ ᠪᠦᠯᠦᠭ ᠤᠰᠤᠨ ᠤ ᠦᠨ᠎ᠡ ᠶᠢ ᠬᠢᠨᠠᠨ ᠲᠣᠭᠲᠠᠭᠠᠬᠤ᠂ ᠤᠰᠤᠨ ᠤ ᠰᠦᠢᠳᠬᠡᠯ ᠢ ᠪᠣᠳᠣᠵᠤ | ᠬᠤᠷᠢᠶᠠᠬᠤ ᠵᠢᠴᠢ ᠡᠳ᠋ ᠤᠨ ᠶᠠᠪᠤᠳᠠᠯ ᠤᠨ ᠬᠠᠮᠢᠶᠠᠷᠤᠯᠲᠠ | ᠭᠤᠴᠢᠨ ᠨᠢᠭᠡᠳᠦᠭᠡᠷ ᠵᠦᠢᠯ ᠮᠠᠯᠵᠢᠬᠤ ᠣᠷᠣᠨ ᠤ ᠤᠤᠭᠤᠬᠤ ᠤᠰᠤᠨ ᠤ ᠠᠶᠤᠯᠭᠦᠢ ᠶᠢᠨ | ᠢᠨᠵᠧᠨᠧᠷᠢᠩ ᠤᠨ ᠤᠰᠤ ᠬᠠᠩᠭᠠᠬᠤ ᠦᠨ᠎ᠡ ᠬᠠᠩᠰᠢ ᠶᠢ ᠨᠢᠭᠡᠳᠦᠯᠲᠡᠶ ᠲᠥᠷᠥ ᠶᠢᠨ ᠪᠣᠳᠣᠯᠭ᠎ᠠ᠂ ᠱᠠᠲᠤ ᠬᠤᠪᠢᠶᠠᠨ | ᠬᠠᠮᠢᠶᠠᠷᠬᠤ ᠠᠷᠭ᠎ᠠ ᠮᠠᠶ᠋ᠢᠭ ᠢ ᠠᠪᠴᠤ᠂ ᠤᠰᠤ ᠬᠠᠩᠭᠠᠬᠤ ᠦᠨ᠎ᠡ ᠬᠠᠩᠰᠢ ᠶᠢᠨ ᠬᠠᠮᠢᠶᠠᠷᠤᠯᠲᠠ ᠶᠢ ᠵᠢᠷᠤᠮᠵᠢᠭᠤᠯᠬᠤ | ᠬᠡᠷᠡᠭᠲᠡᠶ᠃ | ᠭᠤᠴᠢᠨ ᠬᠤᠶᠠᠳᠤᠭᠠᠷ ᠵᠦᠢᠯ ᠮᠠᠯᠵᠢᠬᠤ ᠣᠷᠣᠨ ᠤ ᠤᠤᠭᠤᠬᠤ ᠤᠰᠤᠨ ᠤ ᠠᠶᠤᠯᠭᠦᠢ ᠶᠢᠨ | ᠢᠨᠵᠧᠨᠧᠷᠢᠩ ᠤᠨ ᠤᠰᠤ ᠬᠠᠩᠭᠠᠬᠤ ᠦᠨ᠎ᠡ ᠬᠠᠩᠰᠢ ᠶᠢ ᠥᠪᠡᠷ ᠤᠨ ᠥᠷᠲᠡᠭ ᠢ ᠡᠵᠡᠮᠳᠡᠬᠦ᠂ ᠵᠦᠢ ᠵᠣᠬᠢᠰᠲᠠᠶ | ᠠᠰᠢᠭ ᠣᠯᠬᠤ᠂ ᠴᠢᠨᠠᠷ ᠰᠠᠶᠢᠲᠠᠶ ᠳᠤᠨᠢ ᠰᠠᠶᠢᠨ ᠦᠨ᠎ᠡ ᠥᠭᠬᠦ᠂ ᠭᠤᠤᠯᠴᠢ ᠪᠠᠷ ᠡᠭᠦᠷᠭᠡᠯᠡᠬᠦ ᠵᠠᠷᠴᠢᠮ ᠤᠨ ᠶᠣᠰᠣᠭᠠᠷ | ᠬᠢᠨᠠᠨ ᠲᠣᠭᠲᠠᠭᠠᠬᠤ ᠶᠢᠨ ᠬᠠᠮᠲᠤ ᠤᠰᠤ ᠬᠠᠩᠭᠠᠬᠤ ᠥᠪᠡᠷ ᠤᠨ ᠥᠷᠲᠡᠭ᠂ ᠬᠠᠮᠢᠶ᠎ᠠ ᠪᠦᠬᠦᠢ ᠵᠠᠷᠤᠳᠠᠯ ᠵᠢᠴᠢ ᠵᠠᠬ᠎ᠠ | ᠳᠡᠯᠭᠡᠭᠦᠷ ᠤᠨ ᠬᠠᠩᠭᠠᠯᠭ᠎ᠠ ᠬᠡᠷᠡᠭᠴᠡᠭᠡ ᠶᠢᠨ ᠬᠤᠪᠢᠷᠠᠯᠲᠠ ᠶᠢ ᠦᠨᠳᠦᠰᠦᠯᠡᠨ ᠴᠠᠭ ᠲᠤᠨᠢ ᠲᠣᠬᠢᠷᠠᠭᠤᠯᠤᠯᠲᠠ ᠬᠢᠬᠦ | ᠬᠡᠷᠡᠭᠲᠡᠶ᠃ ᠲᠣᠭᠲᠠᠭᠰᠠᠨ ᠨᠤᠷᠮ᠎ᠠ ᠠᠴᠠ ᠬᠡᠲᠦᠷᠡᠭᠰᠡᠨ ᠢ ᠠᠬᠢᠭᠤᠯᠤᠨ ᠪᠣᠳᠣᠵᠤ ᠦᠨ᠎ᠡ ᠨᠡᠮᠡᠬᠦ ᠳᠦᠷᠢᠮ ᠢ | ᠬᠡᠷᠡᠭᠵᠢᠭᠦᠯᠬᠦ ᠬᠡᠷᠡᠭᠲᠡᠶ᠃ | ᠭᠤᠴᠢᠨ ᠭᠤᠷᠪᠠᠳᠤᠭᠠᠷ ᠵᠦᠢᠯ ᠤᠰᠤ ᠬᠠᠩᠭᠠᠬᠤ ᠢᠨᠵᠧᠨᠧᠷᠢᠩ ᠤᠨ ᠤᠰᠤᠨ ᠤ ᠵᠠᠷᠤᠳᠠᠯ ᠨᠢ | ᠡᠵᠡᠩᠨᠡᠯᠲᠡ ᠶᠢᠨ ᠴᠢᠨᠠᠷᠲᠠᠶ ᠣᠷᠣᠯᠭ᠎ᠠ ᠳᠤ ᠬᠠᠷᠢᠶᠠᠯᠠᠭᠳᠠᠪᠠᠯ᠂ ᠭᠤᠤᠯᠳᠠᠭᠤ ᠤᠤᠭᠤᠬᠤ ᠤᠰᠤᠨ ᠤ | ᠢᠨᠵᠧᠨᠧᠷᠢᠩ ᠤᠨ ᠲᠦᠬᠦᠭᠡᠷᠦᠮᠵᠢ ᠶᠢ ᠬᠠᠮᠢᠶᠠᠷᠬᠤ᠂ ᠰᠡᠯᠪᠢᠨ ᠵᠠᠰᠠᠬᠤ᠂ ᠰᠢᠨᠡᠳᠬᠡᠬᠦ᠂ ᠥᠭᠡᠷᠡᠴᠢᠯᠡᠬᠦ ᠵᠢᠴᠢ | ᠬᠠᠮᠢᠶᠠᠷᠬᠤ ᠠᠵᠢᠯᠲᠠᠨ ᠤ ᠴᠠᠯᠢᠩ ᠵᠡᠷᠭᠡ ᠡᠯ᠎ᠡ ᠵᠦᠢᠯ ᠤᠨ ᠵᠠᠷᠤᠯᠭ᠎ᠠ ᠳᠤ ᠬᠡᠷᠡᠭᠯᠡᠬᠦ ᠬᠡᠷᠡᠭᠲᠡᠶ᠂ ᠶᠠᠮᠠᠷᠪᠠ ᠨᠢᠭᠡᠴᠡ | ᠪᠣᠯᠤᠨ ᠬᠤᠪᠢ ᠬᠥᠮᠦᠨ ᠲᠡᠰᠬᠡᠨ ᠨᠣᠭᠳᠠᠭᠤᠯᠬᠤ᠂ ᠳᠤᠮᠳᠠ ᠠᠴᠠ ᠨᠢ ᠦᠯᠡᠳᠡᠭᠡᠬᠦ ᠪᠠ ᠨᠡᠭᠦᠯᠭᠡᠨ ᠬᠡᠷᠡᠭᠯᠡᠵᠦ ᠪᠣᠯᠬᠤ | ᠦᠭᠡᠶ᠃ | ᠭᠤᠴᠢᠨ ᠳᠥᠷᠪᠡᠳᠦᠭᠡᠷ ᠵᠦᠢᠯ ᠤᠰᠤ ᠬᠡᠷᠡᠭᠯᠡᠬᠦ ᠡᠷᠦᠬᠡ ᠤᠰᠤᠨ ᠤ ᠰᠦᠢᠳᠬᠡᠯ ᠢᠶᠠᠨ ᠴᠠᠭ ᠬᠤᠭᠤᠴᠠᠭ᠎ᠠ | ᠶᠣᠰᠣᠭᠠᠷ ᠭᠦᠢᠴᠡᠳ ᠲᠤᠭ᠎ᠠ ᠪᠠᠷ ᠲᠤᠰᠢᠶᠠᠬᠤ ᠬᠡᠷᠡᠭᠲᠡᠶ᠂ ᠬᠤᠭᠤᠴᠠᠭ᠎ᠠ ᠶᠢ ᠥᠩᠭᠡᠷᠡᠲᠡᠯ᠎ᠡ ᠲᠤᠰᠢᠶᠠᠬᠤ ᠦᠭᠡᠶ ᠪᠣᠯ | ᠤᠰᠤ ᠬᠠᠩᠭᠠᠬᠤ ᠵᠥᠪᠳᠡᠯᠴᠡᠬᠡᠷ ᠤᠨ ᠶᠣᠰᠣᠭᠠᠷ ᠪᠣᠯᠵᠤᠭ᠎ᠠ ᠠᠴᠠ ᠵᠥᠷᠢᠴᠡᠭᠰᠡᠨ ᠮᠥᠩᠭᠦ ᠥᠭᠬᠦ ᠬᠡᠷᠡᠭᠲᠡᠶ᠃ | ᠱᠠᠯᠠᠪᠳᠠᠭᠤᠯᠤᠨ ᠱᠠᠭᠠᠷᠳᠠᠭᠠᠳ ᠤᠰᠤ ᠬᠡᠷᠡᠭᠯᠡᠬᠦ ᠡᠷᠦᠬᠡ ᠵᠢᠷᠠᠨ ᠡᠳᠦᠷ ᠤᠨ ᠳᠣᠲᠣᠷ᠎ᠠ ᠤᠰᠤᠨ ᠤ ᠰᠦᠢᠳᠬᠡᠯ ᠪᠠ | ᠭᠡᠷ᠎ᠡ ᠶᠢ ᠵᠥᠷᠢᠴᠡᠭᠰᠡᠨ ᠮᠥᠩᠭᠦ ᠪᠠᠨ ᠮᠥᠨ ᠲᠤᠰᠢᠶᠠᠭᠰᠠᠨ ᠦᠭᠡᠢ ᠪᠠᠶᠢᠪᠠᠯ ᠢᠨᠵᠧᠨᠧᠷᠢᠩ ᠢ ᠬᠠᠮᠢᠶᠠᠷᠴᠤ | ᠬᠠᠮᠠᠭᠠᠯᠠᠬᠤ ᠭᠤᠣᠯ ᠴᠣᠭᠴᠠ ᠠᠴᠠ ᠤᠰᠤ ᠬᠠᠩᠭᠠᠬᠤ ᠶᠢ ᠵᠣᠭᠰᠣᠭᠠᠵᠤ ᠪᠣᠯᠤᠨ᠎ᠠ᠃ ᠤᠰᠤ ᠬᠠᠩᠭᠠᠬᠤ ᠪᠠᠨ | ᠵᠣᠭᠰᠣᠭᠠᠭᠰᠠᠨ ᠤᠰᠤ ᠬᠡᠷᠡᠭᠯᠡᠬᠦ ᠡᠷᠦᠬᠡ ᠤᠰᠤᠨ ᠤ ᠵᠠᠷᠤᠳᠠᠯ ᠪᠣᠯᠤᠨ ᠪᠣᠯᠵᠤᠭ᠎ᠠ ᠠᠴᠠ ᠵᠥᠷᠢᠴᠡᠭᠰᠡᠨ ᠮᠥᠩᠭᠦ ᠪᠠᠨ | ᠲᠤᠰᠢᠶᠠᠭᠰᠠᠨ ᠤ ᠳᠠᠷᠠᠭ᠎ᠠ᠂ ᠢᠨᠵᠧᠨᠧᠷᠢᠩ ᠤᠨ ᠬᠠᠮᠢᠶᠠᠷᠤᠨ ᠬᠠᠮᠠᠭᠠᠯᠠᠬᠤ ᠭᠤᠤᠯ ᠴᠣᠭᠴᠠ ᠨᠢ ᠬᠤᠶᠠᠷ ᠠᠵᠢᠯᠯᠠᠬᠤ | ᠡᠳᠦᠷ ᠤᠨ ᠳᠣᠲᠣᠷ᠎ᠠ ᠤᠰᠤ ᠬᠠᠩᠭᠠᠬᠤ ᠪᠠᠨ ᠰᠡᠷᠭᠦᠭᠡᠬᠦ ᠬᠡᠷᠡᠭᠲᠡᠶ᠃ | ᠭᠤᠴᠢᠨ ᠲᠠᠪᠤᠳᠤᠭᠠᠷ ᠵᠦᠢᠯ ᠤᠰᠤ ᠬᠠᠩᠭᠠᠬᠤ ᠨᠢᠭᠡᠴᠡ ᠨᠢ ᠡᠳ᠋ ᠤᠨ ᠶᠠᠪᠤᠳᠠᠯ ᠤᠨ ᠳᠦᠷᠢᠮ ᠢᠶᠠᠨ | ᠲᠡᠭᠦᠯᠳᠡᠷᠵᠢᠭᠦᠯᠵᠦ᠂ ᠡᠳ᠋ ᠤᠨ ᠶᠠᠪᠤᠳᠠᠯ ᠤᠨ ᠬᠠᠮᠢᠶᠠᠷᠤᠯᠲᠠ ᠪᠠᠨ ᠴᠢᠩᠭᠠᠳᠬᠠᠬᠤ ᠬᠡᠷᠡᠭᠲᠡᠶ᠃ ᠤᠰᠤ ᠬᠠᠩᠭᠠᠬᠤ | ᠢᠨᠵᠧᠨᠧᠷᠢᠩ ᠤᠨ ᠤᠰᠤᠨ ᠤ ᠦᠨ᠎ᠡ᠂ ᠬᠠᠩᠭᠠᠬᠤ ᠤᠰᠤᠨ ᠤ ᠬᠡᠮᠵᠢᠶ᠎ᠡ᠂ ᠤᠰᠤᠨ ᠤ ᠵᠠᠷᠤᠳᠠᠯ ᠲᠠᠲᠠᠪᠤᠷᠢᠯᠠᠬᠤ ᠪᠠ | ᠬᠡᠷᠡᠭᠯᠡᠬᠦ ᠵᠡᠷᠭᠡ ᠪᠠᠶᠢᠳᠠᠯ ᠳᠤ ᠲᠣᠭᠲᠠᠮᠠᠯ ᠬᠤᠭᠤᠴᠠᠭ᠎ᠠ ᠲᠠᠢ ᠪᠠᠷ ᠢᠯᠡ ᠨᠡᠶᠢᠲᠡᠯᠡᠬᠦ ᠳᠦᠷᠢᠮ ᠢ ᠬᠡᠷᠡᠭᠵᠢᠭᠦᠯᠵᠦ᠂ | ᠬᠠᠮᠢᠶᠠᠷᠤᠯᠲᠠ ᠶᠢ ᠢᠯᠡ ᠪᠠᠶᠢᠯᠭᠠᠬᠤ ᠶᠢ ᠨᠡᠮᠡᠭᠳᠡᠭᠦᠯᠦᠨ᠂ ᠳᠡᠭᠡᠷ᠎ᠡ ᠱᠠᠲᠤᠨ ᠤ ᠦᠨ᠎ᠡ ᠬᠠᠩᠰᠢ᠂ ᠡᠳ᠋ ᠤᠨ ᠵᠠᠰᠠᠭ᠂ | ᠬᠢᠨᠠᠨ ᠪᠣᠳᠣᠬᠤ᠂ ᠤᠰᠤᠨ ᠤ ᠵᠠᠰᠠᠭ ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠵᠢᠴᠢ ᠤᠰᠤ | ᠬᠡᠷᠡᠭᠯᠡᠬᠦ ᠡᠷᠦᠬᠡ ᠳᠤ ᠬᠢᠨᠠᠯᠲᠠ ᠲᠠᠯᠪᠢᠬᠤ ᠶᠢ ᠬᠦᠯᠢᠶᠡᠬᠦ ᠬᠡᠷᠡᠭᠲᠡᠶ᠃ | ᠳᠤᠯᠤᠳᠤᠭᠠᠷ ᠪᠦᠯᠦᠭ ᠱᠠᠩᠨᠠᠵᠤ ᠲᠤᠷᠭᠠᠬᠤ | ᠭᠤᠴᠢᠨ ᠵᠢᠷᠭᠤᠳᠤᠭᠠᠷ ᠵᠦᠢᠯ ᠬᠤᠰᠢᠭᠤ ᠠᠷᠠᠳ ᠤᠨ ᠵᠠᠰᠠᠭ ᠤᠨ ᠣᠷᠳᠣᠨ ᠮᠠᠯᠵᠢᠬᠤ ᠣᠷᠣᠨ ᠤ | ᠤᠤᠭᠤᠬᠤ ᠤᠰᠤᠨ ᠤ ᠠᠶᠤᠯᠭᠦᠢ ᠶᠢᠨ ᠢᠨᠵᠧᠨᠧᠷᠢᠩ ᠤᠨ ᠠᠵᠢᠯᠯᠠᠭᠠᠨ ᠤ ᠬᠠᠮᠢᠶᠠᠷᠤᠯᠲᠠ ᠶᠢᠨ ᠠᠵᠢᠯ ᠤᠨ ᠳᠤᠮᠳᠠ | ᠢᠯᠡᠳᠲᠡ ᠠᠮᠵᠢᠯᠲᠠ ᠭᠠᠷᠭᠠᠭᠰᠠᠨ ᠨᠢᠭᠡᠴᠡ ᠪᠠ ᠬᠤᠪᠢ ᠬᠥᠮᠦᠨ ᠢ ᠬᠥᠬᠢᠭᠦᠯᠦᠨ ᠱᠠᠩᠨᠠᠬᠤ ᠬᠡᠷᠡᠭᠲᠡᠶ︔ | ᠢᠨᠵᠧᠨᠧᠷᠢᠩ ᠤᠨ ᠬᠠᠮᠢᠶᠠᠷᠤᠯᠲᠠ ᠠᠨᠠᠶ᠂ ᠬᠡᠪ ᠤᠨ ᠪᠠᠶᠢᠳᠠᠯ ᠢᠶᠠᠷ ᠤᠰᠤ ᠬᠠᠩᠭᠠᠵᠤ ᠳᠡᠶᠢᠯᠬᠦ ᠥᠬᠡᠶ ᠨᠢᠭᠡᠴᠡ ᠪᠠ | ᠬᠤᠪᠢ ᠬᠥᠮᠦᠨ ᠢ ᠪᠠᠶᠢᠳᠠᠯ ᠢ ᠨᠢ ᠦᠵᠡᠵᠦ ᠪᠠᠶᠢᠭᠠᠳ ᠬᠠᠤᠯᠢ ᠶᠣᠰᠣᠭᠠᠷ ᠰᠢᠢᠳᠬᠡᠨ᠎ᠡ᠃ | ᠭᠤᠴᠢᠨ ᠳᠣᠯᠣᠳᠤᠭᠠᠷ ᠵᠦᠢᠯ ᠶᠠᠮᠠᠷᠪᠠ ᠨᠢᠭᠡᠴᠡ ᠪᠣᠯᠤᠨ ᠬᠤᠪᠢ ᠬᠥᠮᠦᠨ ᠭᠡᠳ ᠮᠠᠯᠵᠢᠬᠤ ᠣᠷᠣᠨ ᠤ | ᠤᠤᠭᠤᠬᠤ ᠤᠰᠤᠨ ᠤ ᠠᠶᠤᠯᠭᠦᠢ ᠶᠢᠨ ᠢᠨᠵᠧᠨᠧᠷᠢᠩ ᠤᠨ ᠲᠦᠬᠦᠭᠡᠷᠦᠮᠵᠢ ᠶᠢ ᠳᠤᠷ᠎ᠠ ᠪᠠᠷ ᠢᠶᠠᠨ ᠥᠭᠡᠷᠡᠴᠢᠯᠡᠨ | ᠤᠭᠰᠠᠷᠠᠵᠤ᠂ ᠨᠡᠭᠦᠯᠭᠡᠵᠦ᠂ ᠰᠠᠯᠭᠠᠨ ᠰᠢᠯᠵᠢᠭᠦᠯᠬᠦ᠂ ᠢᠨᠵᠧᠨᠧᠷᠢᠩ ᠤᠨ ᠲᠦᠬᠦᠭᠡᠷᠦᠮᠵᠢ ᠶᠢᠨ ᠠᠵᠢᠯᠯᠠᠭᠠᠨ ᠤ ᠠᠶᠤᠯ | ᠦᠭᠡᠶ ᠶᠢ ᠨᠥᠯᠥᠭᠡᠯᠡᠬᠦ ᠪᠦᠲᠦᠭᠡᠨ ᠪᠠᠶᠢᠭᠤᠯᠤᠯᠲᠠ ᠶᠢᠨ ᠠᠵᠢᠯᠯᠠᠭ᠎ᠠ ᠬᠢᠵᠦ ᠪᠣᠯᠬᠤ ᠦᠭᠡᠶ᠃ ᠤᠰᠤ ᠲᠤᠰᠬᠤ᠂ | ᠤᠰᠤ ᠬᠤᠯᠠᠭᠠᠶᠢᠯᠠᠬᠤ᠂ ᠨᠤᠷᠠᠭᠠᠵᠤ ᠨᠡᠭᠦᠯᠭᠡᠬᠦ᠂ ᠤᠰᠤ ᠬᠠᠩᠭᠠᠬᠤ ᠲᠦᠬᠦᠭᠡᠷᠦᠮᠵᠢ ᠶᠢ ᠡᠪᠳᠡᠬᠦ ᠶᠢ | ᠢᠨᠵᠧᠨᠧᠷᠢᠩ ᠤᠨ ᠬᠠᠮᠢᠶᠠᠷᠴᠤ ᠬᠠᠮᠠᠭᠠᠯᠠᠬᠤ ᠭᠤᠤᠯ ᠴᠣᠭᠴᠠ ᠨᠢ ᠵᠠᠷᠯᠢᠭᠳᠠᠵᠤ ᠪᠠᠶᠢᠭᠠᠳ ᠬᠠᠤᠯᠢ ᠠᠴᠠ | ᠵᠥᠷᠢᠴᠡᠭᠰᠡᠨ ᠦᠢᠯᠡ ᠠᠵᠢᠯᠯᠠᠭ᠎ᠠ ᠶᠢ ᠨᠢ ᠵᠣᠭᠰᠣᠭᠠᠬᠤ ᠶᠢᠨ ᠬᠠᠮᠲᠤ ᠠᠵᠤ ᠠᠬᠤᠶ ᠶᠢᠨ ᠬᠤᠬᠢᠷᠠᠯ ᠢ ᠲᠥᠯᠥᠬᠦ | ᠡᠷᠬᠡ ᠲᠠᠢ᠂ ᠦᠢᠯᠡ ᠪᠠᠶᠢᠳᠠᠯ ᠨᠢ ᠬᠦᠨᠳᠦ ᠨᠣᠴᠢᠲᠠᠶ ᠪᠣᠯ ᠬᠠᠤᠯᠢ ᠴᠠᠭᠠᠵᠠ ᠶᠢᠨ ᠬᠠᠷᠢᠭᠤᠴᠠᠯᠭ᠎ᠠ ᠶᠢ ᠨᠢ ᠬᠠᠤᠯᠢ | ᠶᠣᠰᠣᠭᠠᠷ ᠨᠡᠬᠡᠮᠵᠢᠯᠡᠵᠦ ᠪᠣᠯᠤᠨ᠎ᠠ᠃ | ᠭᠤᠴᠢᠨ ᠨᠠᠢᠮᠠᠳᠤᠭᠠᠷ ᠵᠦᠢᠯ ᠤᠰᠤ ᠬᠠᠩᠭᠠᠬᠤ ᠬᠠᠮᠢᠶᠠᠷᠤᠯᠲᠠ ᠶᠢᠨ ᠠᠵᠢᠯᠲᠠᠨ ᠠᠯᠪᠠᠨ ᠲᠤᠰᠢᠶᠠᠯ ᠳᠠᠭᠠᠨ | ᠠᠯᠮᠠᠶᠢᠷᠠᠨ ᠣᠰᠣᠯᠳᠠᠵᠤ᠂ ᠳᠦᠷᠢᠮ ᠠᠴᠠ ᠵᠥᠷᠢᠴᠡᠨ ᠠᠵᠢᠯᠯᠠᠭᠠᠳ ᠠᠵᠤ ᠠᠬᠤᠶ ᠶᠢᠨ ᠬᠤᠬᠢᠷᠠᠯ ᠤᠴᠠᠷᠠᠭᠤᠯᠵᠤ᠂ | ᠤᠰᠤᠨ ᠤ ᠰᠦᠢᠳᠬᠡᠯ ᠢ ᠱᠠᠮᠰᠢᠨ᠂ ᠨᠡᠭᠦᠯᠭᠡᠨ ᠬᠡᠷᠡᠭᠯᠡᠵᠦ᠂ ᠤᠰᠤ ᠬᠡᠷᠡᠭᠯᠡᠬᠦ ᠡᠷᠦᠬᠡ ᠲᠠᠢ ᠬᠠᠮᠵᠢᠵᠤ ᠤᠰᠤ | ᠬᠤᠯᠠᠭᠠᠶᠢᠯᠠᠵᠤ᠂ ᠣᠯᠠᠨ ᠨᠡᠶᠢᠲᠡ ᠶᠢᠨ ᠡᠳ᠋ ᠬᠥᠷᠥᠩᠭᠡ ᠪᠣᠯᠤᠨ ᠣᠯᠠᠨ ᠲᠦᠮᠡᠨ ᠤ ᠠᠰᠢᠭ ᠲᠤᠰᠠ ᠳᠤ ᠬᠦᠨᠳᠦ | ᠶᠡᠭᠡ ᠬᠤᠬᠢᠷᠠᠯ ᠤᠴᠠᠷᠠᠭᠤᠯᠵᠤ᠂ ᠬᠤᠯᠪᠣᠭᠳᠠᠯ ᠪᠦᠬᠦᠢ ᠬᠠᠤᠯᠢ ᠴᠠᠭᠠᠵᠠ ᠪᠣᠯᠤᠨ ᠲᠣᠭᠲᠠᠭᠠᠯ ᠶᠣᠰᠣᠭᠠᠷ | ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠶ᠃ | ᠨᠠᠢᠮᠠᠳᠤᠭᠠᠷ ᠪᠦᠯᠦᠭ ᠳᠠᠭᠠᠯᠳᠤᠭᠤᠯᠤᠯ ᠳᠦᠷᠢᠮ | ᠭᠤᠴᠢ ᠶᠢᠰᠦᠳᠦᠭᠡᠷ ᠵᠦᠢᠯ ᠲᠣᠰ ᠠᠷᠭ᠎ᠠ ᠶᠢ ᠬᠤᠰᠢᠭᠤ ᠲᠠᠷᠢᠶᠠᠯᠠᠩ ᠮᠠᠯ ᠠᠵᠤ ᠠᠬᠤᠶ ᠪᠠ ᠰᠢᠨᠵᠢᠯᠡᠬᠦ | ᠤᠬᠠᠭᠠᠨ ᠮᠡᠷᠭᠡᠵᠢᠯ ᠤᠨ ᠲᠣᠪᠴᠢᠶ᠎ᠠ ᠠᠴᠠ ᠬᠠᠷᠢᠭᠤᠴᠠᠨ ᠲᠠᠶᠢᠯᠪᠤᠷᠢᠯᠠᠨ᠎ᠠ᠃ | ᠳᠥᠴᠢᠳᠦᠭᠡᠷ ᠵᠦᠢᠯ ᠲᠤᠰ ᠠᠷᠭ᠎ᠠ ᠶᠢ ᠳᠠᠷᠤᠮᠠᠯᠯᠠᠨ ᠶᠠᠪᠤᠭᠤᠯᠤᠭᠰᠠᠨ ᠡᠳᠦᠷ ᠠᠴᠠ ᠡᠬᠢᠯᠡᠨ | ᠬᠡᠷᠡᠭᠵᠢᠭᠦᠯᠦᠨ᠎ᠡ᠃ |