ᠵᠡᠭᠦᠨ ᠦᠵᠦᠮᠦᠴᠢᠨ ᠬᠤᠰᠢᠭᠤᠨ ᠤ ᠬᠥᠳᠡᠭᠡ ᠲᠣᠰᠬᠤᠨ ᠤ ᠵᠠᠮ ᠬᠠᠷᠢᠯᠴᠠᠭ᠎ᠠ᠂ ᠬᠤᠲᠠ ᠬᠥᠳᠡᠭᠡ ᠶᠢᠨ ᠣᠯᠠᠨ ᠨᠡᠶᠢᠲᠡ ᠶᠢᠨ ᠵᠠᠮ ᠬᠠᠷᠢᠯᠴᠠᠭᠠᠨ ᠤ ᠠᠶᠠᠨᠴᠢᠳ ᠤᠨ ᠲᠡᠭᠡᠭᠡᠪᠦᠷᠢ ᠶᠢᠨ ᠡᠭᠡᠯᠵᠢ ᠶᠢᠨ ᠵᠠᠮ ᠨᠡᠪᠲᠡᠷᠡᠭᠦᠯᠭᠡ ᠶᠢᠨ ᠨᠥᠬᠦᠴᠡᠯ ᠢ ᠬᠠᠮᠲᠤᠷᠠᠭᠤᠯᠤᠨ ᠬᠢᠨᠠᠨ ᠬᠠᠷᠭᠤᠭᠤᠯᠬᠤ ᠲᠣᠭᠲᠠᠴᠠ
ᠨᠡᠶᠢᠲᠡᠯᠡᠭᠰᠡᠨ ᠴᠠᠭ᠄
2024/12/26
      ᠨᠢᠭᠡᠳᠦᠭᠡᠷ ᠵᠦᠢᠯ   ᠮᠠᠨ ᠤ ᠬᠤᠰᠢᠭᠤᠨ ᠤ ᠬᠥᠳᠡᠭᠡ ᠲᠣᠰᠬᠤᠨ ᠤ ᠵᠠᠮ ᠲᠡᠭᠡᠭᠡᠪᠦᠷᠢ ᠶᠢᠨ ᠠᠶᠠᠨᠴᠢᠳ ᠤᠨ ᠲᠡᠭᠡᠭᠡᠪᠦᠷᠢ ︵ᠳᠣᠷᠣᠭᠰᠢ ︿ᠬᠥᠳᠡᠭᠡ ᠲᠣᠰᠬᠤᠨ ᠤ ᠠᠶᠠᠨᠴᠢᠳ ᠤᠨ ᠲᠡᠭᠡᠭᠡᠪᠦᠷᠢ﹀ ᠭᠡᠵᠦ ᠲᠣᠪᠴᠢᠯᠠᠨ᠎ᠠ︶ ᠶᠢᠨ ᠬᠥᠭᠵᠢᠯᠲᠡ ᠶᠢ ᠤᠯᠠᠮ ᠨᠢᠭᠡ ᠠᠯᠬᠤᠮ ᠵᠢᠷᠤᠮᠵᠢᠭᠤᠯᠵᠤ᠂ ᠮᠠᠯᠵᠢᠬᠤ ᠲᠠᠷᠢᠶᠠᠯᠠᠬᠤ ᠣᠷᠣᠨ ᠤ ᠠᠶᠠᠨᠴᠢᠳ ᠤᠨ ᠲᠡᠭᠡᠭᠡᠪᠦᠷᠢ ᠶᠢᠨ ᠠᠮᠤᠷ ᠲᠦᠪᠰᠢᠨ ᠢ ᠪᠠᠲᠤᠯᠠᠬᠤ ᠶᠢᠨ ᠲᠥᠯᠦᠭᠡ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠮᠠᠯ ᠵᠠᠮ ᠤᠨ ᠬᠠᠤᠯᠢ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠮ ᠬᠠᠷᠢᠯᠴᠠᠭᠠᠨ ᠤ ᠠᠮᠤᠷ ᠲᠦᠪᠰᠢᠨ ᠤ ᠬᠠᠤᠯᠢ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠮ ᠲᠡᠭᠡᠭᠡᠪᠦᠷᠢ ᠶᠢᠨ ᠲᠦᠷᠢᠮ︾᠂ ᠵᠠᠮ ᠲᠡᠭᠡᠭᠡᠪᠦᠷᠢ ᠶᠢᠨ ᠶᠠᠮᠤᠨ ᠤ ︽ᠬᠥᠳᠡᠭᠡ ᠲᠣᠰᠬᠤᠨ ᠤ ᠵᠠᠮ ᠤᠨ ᠠᠶᠠᠨᠴᠢᠳ ᠤᠨ ᠲᠡᠭᠡᠭᠡᠪᠦᠷᠢ ᠶᠢᠨ ᠡᠭᠡᠯᠵᠢ ᠶᠢᠨ ᠱᠤᠭᠤᠮ ᠤᠨ ᠠᠮᠤᠷ ᠲᠦᠪᠰᠢᠨ ᠢᠶᠠᠷ ᠨᠡᠪᠲᠡᠷᠡᠬᠦ ᠨᠥᠬᠦᠴᠡᠯ ᠢ ᠬᠢᠨᠠᠨ ᠬᠠᠷᠭᠤᠭᠤᠯᠬᠤ ᠲᠦᠷᠢᠮ︾ ︵ᠵᠠᠮ ᠲᠡᠭᠡᠭᠡᠪᠦᠷᠢ ᠲᠠᠷᠬᠠᠭᠠᠭᠰᠠᠨ ︹2014︺ 258 ᠲᠣᠭᠠᠲᠤ︶ ᠵᠢᠴᠢ ᠬᠠᠮᠢᠶ᠎ᠠ ᠪᠥᠬᠦᠶ ᠪᠠᠷᠢᠮᠵᠢᠶ᠎ᠠ ᠶᠢᠨ ᠲᠣᠭᠲᠠᠭᠠᠯ ᠢ ᠦᠨᠳᠦᠰᠦᠯᠡᠨ᠂ ᠵᠡᠭᠦᠨ ᠦᠵᠦᠮᠦᠴᠢᠨ ᠬᠤᠰᠢᠭᠤᠨ ᠤ ᠬᠥᠳᠡᠭᠡ ᠲᠣᠰᠬᠤᠨ ᠤ ᠵᠠᠮ ᠤᠨ ᠠᠶᠠᠨᠴᠢᠳ ᠤᠨ ᠲᠡᠭᠡᠭᠡᠪᠦᠷᠢ ᠶᠢᠨ ᠡᠭᠡᠯᠵᠢ ᠶᠢᠨ ᠱᠤᠭᠤᠮ ᠤᠨ ᠨᠡᠪᠲᠡᠷᠡᠬᠦ ᠨᠥᠬᠦᠴᠡᠯ ᠢ ᠬᠠᠮᠲᠤᠷᠠᠨ ᠬᠢᠨᠠᠨ ᠬᠠᠷᠭᠤᠭᠤᠯᠬᠤ ᠲᠣᠭᠲᠠᠴᠠ ᠶᠢ ᠪᠠᠶᠢᠭᠤᠯᠪᠠ᠃      ᠬᠤᠶᠠᠳᠤᠭᠠᠷ ᠵᠦᠢᠯ   ᠵᠡᠭᠦᠨ ᠦᠵᠦᠮᠦᠴᠢᠨ ᠬᠤᠰᠢᠭᠤᠨ ᠤ ᠬᠥᠳᠡᠭᠡ ᠲᠣᠰᠬᠤᠨ ᠤ ᠵᠠᠮ ᠬᠠᠷᠢᠯᠴᠠᠭᠠᠨ ᠤ ᠠᠶᠠᠨᠴᠢᠳ ᠤᠨ ᠲᠡᠭᠡᠭᠡᠪᠦᠷᠢ ᠶᠢᠨ ᠡᠭᠡᠯᠵᠢ ᠶᠢᠨ ᠱᠤᠭᠤᠮ ᠤᠨ ᠠᠮᠤᠷ ᠲᠦᠪᠰᠢᠨ ᠢᠶᠠᠷ ᠨᠡᠪᠲᠡᠷᠡᠬᠦ ᠨᠥᠬᠦᠴᠡᠯ ᠤᠨ ᠬᠠᠮᠲᠤᠷᠠᠭᠰᠠᠨ ᠠᠵᠢᠯᠯᠠᠬᠤ ᠳᠤᠭᠤᠶᠢᠯᠠᠩ ︵ᠳᠣᠷᠣᠭᠰᠢ ᠬᠠᠮᠲᠤᠷᠠᠭᠰᠠᠨ ᠳᠤᠭᠤᠶᠢᠯᠠᠩ ᠭᠡᠵᠦ ᠲᠣᠪᠴᠢᠯᠠᠨ᠎ᠠ︶ ᠢ ᠪᠠᠶᠢᠭᠤᠯᠵᠤ᠂ ᠬᠤᠰᠢᠭᠤ ᠵᠠᠮ ᠬᠠᠷᠢᠯᠴᠠᠭᠠᠨ ᠤ ᠲᠣᠪᠴᠢᠶ᠎ᠠ ᠪᠠᠷ ᠲᠦᠷᠦᠭᠦᠯᠡᠭᠦᠯᠦᠨ᠂ ᠬᠤᠰᠢᠭᠤ ᠪᠠᠴᠢᠮ ᠪᠠᠶᠢᠳᠠᠯ ᠢ ᠠᠷᠭᠠᠴᠠᠬᠤ ᠲᠣᠪᠴᠢᠶ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ᠠᠩᠭᠢ ᠪᠠ ᠡᠯ᠎ᠡ ᠰᠤᠮᠤ ᠪᠠᠯᠭᠠᠰᠤ ︵ᠲᠠᠯᠠᠪᠠᠶ︶ ᠶᠢᠨ ᠠᠷᠠᠳ ᠤᠨ ᠵᠠᠰᠠᠭ ᠤᠨ ᠣᠷᠳᠣᠨ ᠠᠴᠠ ᠬᠥᠮᠦᠨ ᠰᠣᠩᠭᠤᠨ ᠲᠣᠮᠢᠯᠠᠵᠤ᠂ ᠬᠤᠰᠢᠭᠤ ᠵᠠᠮ ᠬᠠᠷᠢᠯᠴᠠᠭᠠᠨ ᠤ ᠲᠣᠪᠴᠢᠶ᠎ᠠ ᠬᠠᠮᠲᠤᠷᠠᠨ ᠬᠢᠨᠠᠨ ᠬᠠᠷᠭᠤᠭᠤᠯᠬᠤ ᠳᠤᠭᠤᠶᠢᠯᠠᠩ ᠤᠨ ᠡᠳᠦᠷ ᠲᠤᠲᠤᠮ ᠤᠨ ᠵᠣᠬᠢᠶᠠᠨ ᠪᠠᠶᠢᠭᠤᠯᠵᠤ ᠵᠣᠬᠢᠴᠠᠭᠤᠯᠬᠤ ᠠᠵᠢᠯ ᠢ ᠬᠠᠷᠢᠭᠤᠴᠠᠨ᠎ᠠ᠃ ᠬᠥᠳᠡᠭᠡ ᠲᠣᠰᠬᠤᠨ ᠤ ᠵᠠᠰᠠᠮᠠᠯ ᠵᠠᠮ ᠤᠨ ᠠᠶᠠᠨᠴᠢᠳ ᠤᠨ ᠲᠡᠭᠡᠭᠡᠪᠦᠷᠢ ᠶᠢᠨ ᠡᠭᠡᠯᠵᠢ ᠶᠢᠨ ᠱᠤᠭᠤᠮ ᠤᠨ ᠠᠶᠤᠯ ᠦᠭᠡᠶ ᠪᠠᠷ ᠨᠡᠪᠲᠡᠷᠡᠬᠦ ᠨᠥᠬᠦᠴᠡᠯ ᠤᠨ ᠬᠠᠮᠲᠤᠷᠠᠭᠰᠠᠨ ᠠᠵᠢᠯᠯᠠᠬᠤ ᠳᠤᠭᠤᠶᠢᠯᠠᠩ ᠨᠢ ᠬᠤᠲᠠ ᠬᠥᠳᠡᠭᠡ ᠶᠢᠨ ᠣᠯᠠᠨ ᠨᠡᠶᠢᠲᠡ ᠶᠢᠨ ᠵᠠᠮ ᠬᠠᠷᠢᠯᠴᠠᠭ᠎ᠠ᠂ ᠬᠤᠲᠠ ᠬᠥᠳᠡᠭᠡ ᠶᠢᠨ ᠠᠶᠠᠨᠴᠢᠳ ᠤᠨ ᠲᠡᠭᠡᠭᠡᠪᠦᠷᠢ ᠶᠢᠨ ᠵᠣᠬᠢᠴᠠᠭᠤᠯᠭ᠎ᠠ᠂ ᠲᠥᠯᠥᠪᠵᠢᠭᠦᠯᠭᠡ᠂ ᠪᠠᠶᠢᠷᠢᠰᠢᠭᠤᠯᠤᠯ ᠪᠣᠯᠤᠨ ᠬᠢᠨᠠᠯᠲᠠ ᠲᠠᠯᠪᠢᠯᠲᠠ ᠶᠢ ᠨᠢᠭᠡᠳᠦᠯᠲᠡᠶ ᠲᠥᠯᠥᠪᠯᠡᠵᠦ᠂ ᠣᠯᠠᠨ ᠨᠡᠶᠢᠲᠡ ᠶᠢᠨ ᠵᠠᠮ ᠬᠠᠷᠢᠯᠴᠠᠭᠠᠨ ᠤ ᠵᠠᠬ᠎ᠠ ᠳᠡᠯᠭᠡᠭᠦᠷ ᠲᠤ ᠣᠷᠣᠬᠤ ᠶᠢ ᠵᠥᠪᠰᠢᠶᠡᠷᠡᠬᠦ ᠪᠠᠨ ᠴᠢᠩᠭᠠᠳᠬᠠᠵᠤ᠂ ᠣᠯᠠᠨ ᠨᠡᠶᠢᠲᠡ ᠶᠢᠨ ᠵᠠᠮ ᠬᠠᠷᠢᠯᠴᠠᠭᠠᠨ ᠤ ᠣᠨᠴᠠ ᠵᠥᠪᠰᠢᠶᠡᠷᠡᠭᠰᠡᠨ ᠡᠵᠡᠩᠨᠡᠬᠦ ᠡᠷᠬᠡ ᠪᠣᠯᠤᠨ ᠵᠠᠮ ᠱᠤᠭᠤᠮ ᠤᠨ ᠡᠵᠡᠩᠨᠡᠬᠦ ᠡᠷᠬᠡ ᠶᠢᠨ ᠬᠡᠷᠡᠭᠯᠡᠯᠲᠡ ᠶᠢ ᠵᠢᠷᠤᠮᠵᠢᠭᠤᠯᠬᠤ ᠬᠡᠷᠡᠭᠲᠡᠶ᠃      ᠭᠤᠷᠪᠠᠳᠤᠭᠠᠷ ᠵᠦᠢᠯ   ᠬᠠᠮᠲᠤᠷᠠᠭᠰᠠᠨ ᠳᠤᠭᠤᠶᠢᠯᠠᠩ ᠵᠠᠰᠠᠮᠠᠯ ᠵᠠᠮ ᠢᠶᠠᠷ ᠭᠤᠶᠤᠴᠢᠯᠠᠨ ᠮᠡᠳᠡᠭᠦᠯᠬᠦ ᠬᠠᠶᠢᠨ ᠰᠢᠯᠭᠠᠯᠲᠠ ᠶᠢ ᠬᠠᠷᠢᠭᠤᠴᠠᠵᠤ᠂ ᠬᠤᠰᠢᠭᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ  ᠶᠢᠨ     ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠶᠤᠯᠭᠦᠶ ᠦᠢᠯᠡᠳᠪᠦᠷᠢᠯᠡᠯ ᠤᠨ ᠬᠠᠤᠯᠢ︾᠂ ᠬᠤᠰᠢᠭᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ᠠᠩᠭᠢ ᠶᠢᠨ  ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠮᠠᠯ ᠵᠠᠮ ᠤᠨ ᠠᠮᠤᠷ ᠲᠦᠪᠰᠢᠨ ᠤ ᠬᠠᠤᠯᠢ︾᠂  ᠬᠤᠰᠢᠭᠤ ᠵᠠᠮ ᠬᠠᠷᠢᠯᠴᠠᠭᠠᠨ ᠤ ᠲᠤᠪᠴᠢᠶ᠎ᠠ ᠶᠢᠨ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠮᠠᠯ ᠵᠠᠮ ᠤᠨ ᠬᠠᠤᠯᠢ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠮ ᠲᠡᠭᠡᠭᠡᠪᠦᠷᠢ ᠶᠢᠨ ᠲᠦᠷᠢᠮ︾ ᠪᠣᠯᠤᠨ ᠵᠠᠮ ᠲᠡᠭᠡᠭᠡᠪᠦᠷᠢ ᠶᠢᠨ ᠶᠠᠮᠤᠨ ᠤ ︽ᠬᠥᠳᠡᠭᠡ ᠲᠣᠰᠬᠤᠨ ᠤ ᠵᠠᠮ ᠲᠡᠭᠡᠭᠡᠪᠦᠷᠢ ᠶᠢᠨ ᠡᠭᠡᠯᠵᠢ ᠶᠢᠨ ᠱᠤᠭᠤᠮ ᠤᠨ ᠠᠮᠤᠷ ᠲᠦᠪᠰᠢᠨ ᠢᠶᠠᠷ ᠨᠡᠪᠲᠡᠷᠡᠬᠦ ᠨᠥᠬᠦᠴᠡᠯ ᠢ ᠬᠢᠨᠠᠨ ᠬᠠᠷᠭᠤᠭᠤᠯᠬᠤ ᠲᠦᠷᠢᠮ︾ ᠪᠣᠯᠤᠨ ᠬᠠᠮᠢᠶ᠎ᠠ ᠪᠥᠬᠦᠶ ᠵᠠᠰᠠᠮᠠᠯ ᠵᠠᠮ ᠤᠨ ᠮᠡᠷᠭᠡᠵᠢᠯ ᠤᠨ ᠪᠠᠷᠢᠮᠵᠢᠶ᠎ᠠ ᠶᠢᠨ ᠲᠣᠭᠲᠠᠭᠠᠯ ᠢ ᠦᠨᠳᠦᠰᠦᠯᠡᠨ᠂ ᠵᠠᠮ ᠨᠡᠪᠲᠡᠷᠡᠭᠦᠯᠭᠡ ᠶᠢᠨ ᠠᠶᠠᠨᠴᠢᠳ ᠤᠨ ᠲᠡᠭᠡᠭᠡᠪᠦᠷᠢ ᠶᠢᠨ ᠡᠭᠡᠯᠵᠢ ᠶᠢᠨ ᠱᠤᠭᠤᠮ ᠢ ᠬᠢᠨᠠᠨ ᠬᠠᠷᠭᠤᠭᠤᠯᠪᠠ᠃ ᠬᠠᠶᠢᠨ ᠰᠢᠯᠭᠠᠬᠤ ᠠᠭᠤᠯᠭ᠎ᠠ ᠨᠢ ᠭᠤᠣᠯᠳᠠᠭᠤ ᠵᠠᠰᠠᠮᠠᠯ ᠵᠠᠮ ᠤᠨ ᠮᠡᠷᠭᠡᠵᠢᠯ ᠤᠨ ᠨᠥᠬᠦᠴᠡᠯ᠂ ᠠᠮᠤᠷ ᠲᠦᠪᠰᠢᠨ ᠤ ᠲᠦᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ᠂ ᠵᠠᠮ ᠤᠨ ᠳᠤᠮᠳᠡᠬᠢ ᠥᠷᠲᠡᠭᠡ ᠴᠡᠭ᠂ ᠠᠵᠢᠯᠯᠠᠭᠠᠨ ᠤ ᠬᠤᠷᠳᠤᠴᠠ ᠶᠢ ᠬᠢᠵᠠᠭᠠᠷᠯᠠᠬᠤ ᠲᠡᠮᠳᠡᠭ ᠱᠤᠭᠤᠮ ᠵᠡᠷᠭᠡ ᠬᠠᠷᠢᠯᠴᠠᠨ ᠵᠣᠬᠢᠴᠠᠯᠳᠤᠭᠰᠠᠨ ᠡᠰᠡᠬᠦ ᠪᠣᠯᠤᠨ᠎ᠠ᠃      ᠳᠥᠷᠪᠡᠳᠦᠭᠡᠷ ᠵᠦᠢᠯ   ᠬᠥᠳᠡᠭᠡ ᠲᠣᠰᠬᠤᠨ ᠤ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠪᠤᠶᠤ ᠶᠡᠭᠡ ᠳᠤᠮᠳᠠ ᠵᠠᠰᠠᠯᠲᠠ ᠶᠢ ᠰᠢᠯᠭᠠᠨ ᠠᠪᠬᠤ ᠳᠤ ᠬᠢᠷᠢ ᠲᠡᠩᠴᠡᠭᠰᠡᠨ ᠤ ᠳᠠᠷᠠᠭ᠎ᠠ᠂ ᠬᠥᠳᠡᠭᠡ ᠲᠣᠰᠬᠤᠨ ᠤ ᠠᠶᠠᠨᠴᠢᠳ ᠤᠨ ᠲᠡᠭᠡᠭᠡᠪᠦᠷᠢ ᠶᠢᠨ ᠡᠭᠡᠯᠵᠢ ᠶᠢᠨ ᠲᠡᠷᠭᠡ ᠰᠢᠨ᠎ᠡ ᠪᠠᠷ ᠨᠡᠮᠡᠭᠳᠡᠬᠦ ᠴᠢᠬᠤᠯᠠᠲᠠᠶ ᠪᠠᠶᠢᠪᠠᠯ᠂ ᠠᠶᠠᠨᠴᠢᠳ ᠤᠨ ᠲᠡᠭᠡᠭᠡᠪᠦᠷᠢ ᠶᠢᠨ ᠠᠵᠤ ᠠᠬᠤᠶᠢᠯᠠᠯ ᠠᠴᠠ ᠭᠤᠶᠤᠴᠢᠯᠠᠯ ᠭᠠᠷᠭᠠᠵᠤ ᠬᠤᠰᠢᠭᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ ᠳᠤ ᠮᠡᠳᠡᠭᠦᠯᠵᠦ᠂ ᠬᠤᠰᠢᠭᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ ᠠᠴᠠ ᠬᠠᠮᠲᠤᠷᠠᠭᠰᠠᠨ ᠳᠤᠭᠤᠶᠢᠯᠠᠩ ᠵᠣᠬᠢᠶᠠᠨ ᠪᠠᠶᠢᠭᠤᠯᠵᠤ ᠭᠤᠶᠤᠴᠢᠯᠠᠨ ᠮᠡᠳᠡᠭᠦᠯᠬᠦ ᠵᠠᠮ ᠳᠤ ᠲᠤᠬᠠᠶ ᠶᠢᠨ ᠭᠠᠵᠠᠷ ᠲᠤᠨᠢ ᠬᠠᠶᠢᠨ ᠰᠢᠯᠭᠠᠵᠤ᠂ ᠬᠢᠨᠠᠨ ᠬᠠᠷᠭᠤᠭᠤᠯᠤᠨ᠎ᠠ᠃      ᠲᠠᠪᠤᠳᠤᠭᠠᠷ ᠵᠦᠢᠯ   ᠬᠠᠮᠲᠤᠷᠠᠭᠰᠠᠨ ᠳᠤᠭᠤᠶᠢᠯᠠᠩ ᠤᠨ ᠬᠠᠶᠢᠨ ᠰᠢᠯᠭᠠᠯᠲᠠ ᠪᠠᠷ ᠳᠠᠮᠵᠢᠨ ᠵᠠᠰᠠᠮᠠᠯ ᠵᠠᠮ ᠨᠡᠪᠲᠡᠷᠡᠬᠦ ᠮᠡᠷᠭᠡᠵᠢᠯ ᠤᠨ ᠨᠥᠬᠦᠴᠡᠯ ᠵᠢᠴᠢ ᠬᠠᠷᠠᠭᠠᠯᠵᠠᠭᠰᠠᠨ ᠲᠥᠬᠦᠭᠡᠷᠦᠮᠵᠢ ᠨᠢ ᠱᠠᠭᠠᠷᠳᠠᠯᠭ᠎ᠠ ᠳᠤ ᠬᠦᠷᠬᠦ ᠦᠭᠡᠢ ᠭᠡᠵᠦ ᠰᠠᠨᠠᠯ ᠨᠢᠭᠡᠲᠡᠢ ᠦᠵᠡᠭᠰᠡᠨ ᠪᠠᠶᠢᠪᠠᠯ᠂ ᠬᠠᠮᠲᠤᠷᠠᠭᠰᠠᠨ ᠳᠤᠭᠤᠶᠢᠯᠠᠩ ᠨᠢ ᠠᠶᠠᠨᠴᠢᠳ ᠤᠨ ᠲᠡᠭᠡᠭᠡᠪᠦᠷᠢ ᠶᠢᠨ ᠠᠵᠤ ᠠᠬᠤᠶᠢᠯᠠᠯ ᠪᠤᠶᠤ ᠬᠠᠮᠢᠶ᠎ᠠ ᠪᠦᠬᠦᠢ ᠵᠣᠬᠢᠶᠠᠨ ᠪᠠᠶᠢᠭᠤᠯᠤᠯᠲᠠ ᠶᠢ ᠭᠤᠶᠤᠴᠢᠯᠠᠬᠤ ᠳᠤ ᠮᠡᠳᠡᠭᠳᠡᠵᠦ᠂ ᠬᠤᠰᠢᠭᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ ᠠᠴᠠ ᠬᠤᠯᠪᠣᠭᠳᠠᠯ ᠪᠦᠬᠦᠢ ᠰᠠᠯᠠᠭ᠎ᠠ ᠮᠥᠴᠢᠷ ᠢ ᠵᠣᠬᠢᠶᠠᠨ ᠪᠠᠶᠢᠭᠤᠯᠤᠨ ᠵᠠᠮ ᠤᠨ ᠪᠠᠶᠢᠳᠠᠯ ᠢ ᠴᠡᠭᠴᠡᠯᠡᠨ ᠰᠠᠶᠢᠵᠢᠷᠠᠭᠤᠯᠬᠤ ᠮᠡᠷᠭᠡᠵᠢᠯ ᠤᠨ ᠵᠢᠯᠣᠭᠤᠳᠤᠯᠭ᠎ᠠ ᠶᠢ ᠢᠳᠡᠪᠬᠢᠲᠡᠶ ᠰᠠᠶᠢᠲᠤᠷ ᠬᠢᠵᠦ᠂ ᠴᠡᠭᠴᠡᠯᠡᠨ ᠰᠠᠶᠢᠵᠢᠷᠠᠭᠤᠯᠵᠤ ᠳᠠᠭᠤᠰᠤᠭᠰᠠᠨ ᠤ ᠳᠠᠷᠠᠭ᠎ᠠ ᠬᠠᠮᠲᠤᠷᠠᠭᠰᠠᠨ ᠳᠤᠭᠤᠶᠢᠯᠠᠩ ᠠᠴᠠ ᠳᠠᠬᠢᠨ ᠬᠠᠶᠢᠨ ᠰᠢᠯᠭᠠᠬᠤ ᠬᠡᠷᠡᠭᠲᠡᠶ᠃      ᠵᠢᠷᠭᠤᠳᠤᠭᠠᠷ ᠵᠦᠢᠯ   ᠵᠠᠰᠠᠮᠠᠯ ᠵᠠᠮ ᠤᠨ ᠮᠡᠷᠭᠡᠵᠢᠯ ᠤᠨ ᠨᠥᠬᠦᠴᠡᠯ ᠨᠢ ᠬᠠᠮᠢᠶ᠎ᠠ ᠪᠦᠬᠦᠢ ᠲᠣᠭᠲᠠᠭᠠᠯ ᠤᠨ ᠱᠠᠭᠠᠷᠳᠠᠯᠭ᠎ᠠ ᠳᠤ ᠨᠡᠶᠢᠴᠡᠭᠰᠡᠨ ᠪᠠᠶᠢᠪᠠᠯ᠂ ᠬᠢᠨᠠᠨ ᠬᠠᠷᠭᠤᠭᠤᠯᠬᠤ ᠳᠤᠭᠤᠶᠢᠯᠠᠩ ᠲᠤᠬᠠᠶ ᠶᠢᠨ ᠭᠠᠵᠠᠷ ᠲᠤᠨᠢ ᠬᠠᠶᠢᠨ ᠰᠢᠯᠭᠠᠬᠤ ᠶᠢᠨ ᠬᠠᠮᠲᠤ ᠰᠠᠨᠠᠯ ᠨᠢᠭᠡᠲᠡᠶ ᠪᠠᠲᠤᠯᠠᠭᠰᠠᠨ ᠤ ᠳᠠᠷᠠᠭ᠎ᠠ᠂ ᠬᠤᠰᠢᠭᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ ᠴᠠᠭ ᠲᠤᠨᠢ ᠲᠤᠬᠢᠷᠠᠭᠤᠯᠤᠨ ᠠᠶᠠᠨᠴᠢᠳ ᠤᠨ ᠲᠡᠭᠡᠭᠡᠪᠦᠷᠢ ᠶᠢᠨ ᠲᠡᠷᠭᠡ ᠬᠥᠰᠬᠡ ᠶᠢ ᠰᠢᠯᠵᠢᠭᠦᠯᠦᠨ ᠵᠥᠭᠡᠭᠡᠪᠦᠷᠢᠯᠡᠵᠦ᠂ ᠣᠯᠠᠨ ᠲᠦᠮᠡᠨ ᠤ ᠶᠠᠪᠤᠵᠤ ᠰᠠᠭᠤᠬᠤ ᠳᠤ ᠲᠥᠬᠦᠮ ᠦᠵᠡᠭᠦᠯᠦᠨ᠎ᠡ᠃      ᠳᠣᠯᠣᠳᠤᠭᠠᠷ ᠵᠦᠢᠯ   ᠲᠤᠰ ᠲᠣᠭᠲᠠᠴᠠ ᠶᠢ ᠳᠠᠷᠤᠮᠠᠯᠯᠠᠨ ᠲᠠᠷᠬᠠᠭᠠᠭᠰᠠᠨ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃
 
ᠢᠷᠡᠯᠲᠡ᠄ ᠵᠡᠭᠦᠨ ᠦᠵᠦᠮᠦᠴᠢᠨ ᠬᠤᠰᠢᠭᠤᠨ ᠤ ᠵᠠᠰᠠᠭ ᠤᠨ ᠣᠷᠳᠣᠨ ᠤ ᠠᠯᠪᠠᠨ ᠬᠡᠷ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号