ᠨᠢᠭᠡ ᠳᠤ᠂ ᠣᠶᠤᠨᠴᠢ ᠬᠢᠨᠠᠯᠲᠠ ᠬᠠᠮᠢᠶᠠᠷᠤᠯᠲᠠ ᠨᠢ ᠥᠨᠳᠥᠷ ᠪᠦᠲᠦᠮᠵᠢᠲᠡᠶ ᠪᠣᠭᠤᠮᠲᠠ ᠪᠠᠷ ᠥᠩᠭᠡᠷᠡᠬᠦ ᠳᠤ | ᠬᠦᠴᠦᠨ ᠨᠡᠮᠡᠷᠢᠯᠡᠪᠡ᠃ ᠣᠶᠤᠨᠴᠢ ᠪᠣᠭᠤᠮᠲᠠ ᠶᠢᠨ ᠪᠥᠲᠥᠭᠡᠨ ᠪᠠᠶᠢᠭᠤᠯᠤᠯᠲᠠ ᠪᠠ ︽ᠣᠶᠤᠨᠴᠢ ᠪᠣᠭᠤᠮᠲᠠ ᠶᠢᠨ | ᠬᠦᠴᠦᠷᠬᠡᠭ ᠤᠯᠤᠰ︾ ᠤᠨ ᠠᠵᠢᠯᠯᠠᠭ᠎ᠠ ᠶᠢ ᠦᠷᠭᠦᠯᠵᠢᠯᠡᠨ ᠠᠬᠢᠭᠤᠯᠵᠤ᠂ ︽ᠨᠢᠭᠡ ᠲᠥᠪ+ᠣᠶᠤᠨᠴᠢ ᠬᠢᠨᠠᠯᠲᠠ | ᠬᠠᠮᠢᠶᠠᠷᠤᠯᠲᠠ ᠶᠢᠨ ᠠᠵᠢᠯ ᠤᠨ ᠲᠠᠪᠴᠠᠩ +N ᠬᠥᠳᠡᠯᠦᠩᠭᠦᠶ ᠳᠤᠭᠤᠶᠢᠯᠠᠩ︾ ᠤᠨ ᠣᠶᠤᠨᠴᠢ ᠬᠢᠨᠠᠯᠲᠠ | ᠬᠠᠮᠢᠶᠠᠷᠤᠯᠲᠠ ᠶᠢᠨ ᠰᠢᠰᠲ᠋ᠧᠮ ᠢ ᠪᠠᠶᠢᠭᠤᠯᠵᠤ᠂ ᠭᠤᠯᠳᠤ ᠪᠠᠷ ᠬᠤᠯᠪᠣᠭᠠᠯᠠᠨ ᠬᠥᠳᠡᠯᠦᠯᠴᠡᠬᠦ᠂ ᠬᠥᠨᠳᠡᠯᠡᠨ ᠢᠶᠠᠷ | ᠬᠠᠮᠵᠢᠯᠴᠠᠨ ᠬᠢᠨᠠᠨ ᠬᠠᠮᠢᠶᠠᠷᠬᠤ ᠲᠣᠭᠲᠠᠴᠠ ᠶᠢ ᠪᠣᠶ ᠪᠣᠯᠭᠠᠪᠠ︔ ᠪᠣᠭᠤᠮᠲᠠ ᠶᠢᠨ ᠣᠶᠤᠨᠴᠢ ᠬᠢᠨᠠᠯᠲᠠ | ᠬᠠᠮᠢᠶᠠᠷᠤᠯᠲᠠ ᠶᠢᠨ ᠠᠵᠢᠯᠯᠠᠭᠠᠨ ᠤ ᠲᠠᠪᠴᠠᠩ ᠢ ᠪᠠᠶᠢᠭᠤᠯᠵᠤ᠂ ᠣᠶᠤᠨᠴᠢ ᠪᠣᠭᠤᠮᠲᠠ ᠶᠢᠨ ᠦᠵᠡᠭᠳᠡᠬᠦ᠋ᠢᠴᠡ | ᠬᠠᠮᠢᠶᠠᠷᠤᠯᠲᠠ ᠶᠢᠨ ᠴᠢᠳᠠᠮᠵᠢ ᠶᠢ ᠴᠢᠩᠭᠠᠷᠠᠭᠤᠯᠤᠨ᠂ APP᠂ ᠬᠢᠨᠠᠨ ᠬᠠᠮᠢᠶᠠᠷᠬᠤ ᠠᠵᠢᠯ ᠤᠨ ᠲᠠᠯᠠᠪᠤᠷ | ᠭᠠᠵᠠᠷ ᠤᠨ ᠰᠦᠯᠵᠢᠶᠡᠨ ᠳᠡᠭᠡᠷ᠎ᠡ 24 ᠴᠠᠭ ᠤᠨ ᠠᠯᠤᠰ ᠠᠴᠠ ᠬᠢᠨᠠᠨ ᠡᠵᠡᠮᠳᠡᠬᠦ ᠬᠠᠮᠢᠶᠠᠷᠤᠯᠲᠠ ᠶᠢ ᠪᠡᠶᠡᠯᠡᠭᠦᠯᠵᠦ᠂ | ᠬᠥᠳᠡᠯᠦᠩᠭᠦᠶ ᠲᠤᠭ᠎ᠠ ᠪᠠᠷᠢᠮᠲᠠ ᠶᠢ ᠴᠠᠭ ᠲᠤᠬᠠᠶ ᠳᠤᠨᠢ ᠬᠢᠨᠠᠨ ᠡᠵᠡᠮᠳᠡᠬᠦ᠂ ᠪᠠᠶᠢᠴᠠᠭᠠᠨ ᠰᠢᠯᠭᠠᠬᠤ᠂ ᠬᠢᠨᠠᠨ | ᠬᠠᠷᠭᠤᠭᠤᠯᠵᠤ ᠠᠳᠠᠯᠢᠳᠬᠠᠬᠤ ᠶᠢ ᠪᠡᠶᠡᠯᠡᠬᠦᠯᠦᠨ᠂ ᠲᠠᠯᠪᠢᠵᠤ ᠶᠠᠪᠤᠭᠤᠯᠤᠭᠰᠠᠨ ᠦᠬᠡᠢ ᠪᠠᠷᠠᠭ᠎ᠠ ᠶᠢ ᠠᠪᠴᠤ | ᠭᠠᠷᠭᠠᠬᠤ ᠲᠠᠯᠠᠪᠤᠷ ᠭᠠᠵᠠᠷ ᠤᠨ ᠲᠦᠭᠰᠢᠭᠦᠷᠢ ᠠᠴᠠ ᠪᠦᠲᠦᠮᠵᠢᠲᠡᠶ ᠵᠠᠶᠢᠯᠠᠪᠠ︔ ᠪᠣᠭᠤᠮᠲᠠ ᠶᠢᠨ ᠰᠢᠯᠭᠠᠨ | ᠪᠠᠶᠢᠴᠠᠭᠠᠵᠤ ᠶᠠᠪᠤᠭᠤᠯᠬᠤ ᠬᠡᠪ ᠤᠨ ᠪᠤᠰᠤ ᠪᠠᠶᠢᠳᠠᠯ ᠳᠤ ᠴᠢᠭᠯᠡᠭᠦᠯᠦᠨ 986 ᠮᠠᠰᠢᠨ ᠤ ᠰᠢᠯᠭᠠᠨ ᠪᠠᠶᠢᠴᠠᠭᠠᠯᠲᠠ | ᠰᠢᠷᠪᠢᠯᠲᠡ ᠶᠢ ᠥᠷᠨᠢᠭᠦᠯᠵᠦ᠂ ᠣᠶᠤᠨᠴᠢ ᠵᠢᠷᠤᠭ ᠬᠢᠨᠠᠬᠤ ᠰᠢᠰᠲ᠋ᠧᠮ ᠤᠨ ᠬᠡᠷᠡᠭᠯᠡᠯᠲᠡ ᠶᠢ ᠰᠢᠯᠢᠳᠡᠭᠵᠢᠭᠦᠯᠵᠦ᠂ | ︽ᠲᠤᠬᠠᠶ ᠶᠢᠨ ᠲᠠᠯᠠᠪᠤᠷ ᠲᠤ ᠲᠣᠭᠤᠷᠢᠨ ᠪᠠᠶᠢᠴᠠᠭᠠᠬᠤ+ ᠬᠠᠷᠠᠭᠠᠨ ᠳᠠᠪᠲᠠᠮᠵᠢ ᠪᠠᠷ ᠪᠦᠬᠦᠨ ᠢ ᠬᠠᠮᠤᠷᠤᠨ | ᠬᠢᠨᠠᠨ ᠡᠵᠡᠮᠳᠡᠬᠦ︾ ᠠᠷᠭ᠎ᠠ ᠮᠠᠶ᠋ᠢᠭ ᠢᠶᠠᠷ ᠲᠤᠬᠠᠶ ᠶᠢᠨ ᠲᠠᠯᠠᠪᠤᠷ ᠤᠨ ᠬᠢᠨᠠᠯᠲᠠ ᠬᠠᠮᠢᠶᠠᠷᠤᠯᠲᠠ ᠪᠠ ᠪᠢᠲᠡᠭᠦᠮᠵᠢᠯᠡᠭᠰᠡᠨ | ᠵᠠᠮ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠬᠢᠨᠠᠨ ᠬᠠᠮᠢᠶᠠᠷᠬᠤ ᠣᠷᠣᠨ ᠪᠦᠰᠡ ᠳᠤ ᠥᠨᠴᠥᠭ ᠪᠤᠯᠤᠩ | ᠥᠬᠡᠶ ᠪᠠᠶᠢᠬᠤ ᠶᠢ ᠪᠡᠶᠡᠯᠡᠭᠦᠯᠪᠡ᠃ ᠡᠨᠡ ᠵᠢᠯ ᠤᠷᠢᠳᠴᠢᠯᠠᠨ 54 ᠨᠢᠳᠤᠨᠤᠨ ᠤ ᠪᠥᠬᠦ ᠵᠢᠯ ᠤᠨ ᠪᠠᠷᠠᠭᠠᠨ ᠤ | ᠬᠡᠮᠵᠢᠶ᠎ᠡ ᠠᠴᠠ ᠳᠠᠪᠠᠪᠠ᠃ | ᠬᠤᠶᠠᠷ ᠲᠤ᠂ ᠦᠢᠯᠡᠴᠢᠯᠡᠭᠡ ᠶᠢ ᠰᠢᠯᠢᠳᠡᠭᠵᠢᠭᠦᠯᠵᠦ ᠥᠪᠡᠷ ᠤᠨ ᠥᠷᠲᠡᠭ ᠢ ᠪᠠᠭᠤᠷᠠᠭᠤᠯᠤᠨ ᠦᠷ᠎ᠡ ᠠᠰᠢᠭ ᠢ | ᠨᠡᠮᠡᠭᠳᠡᠭᠦᠯᠬᠦ ᠶᠢ ᠠᠬᠢᠭᠤᠯᠪᠠ᠃ ᠪᠣᠭᠤᠮᠲᠠ ᠶᠢᠨ ᠠᠵᠤ ᠠᠬᠤᠶᠢᠯᠠᠯ ᠤᠨ ︽ᠨᠢᠭᠡ ᠶᠢ ᠨᠢᠭᠡ ᠲᠠᠢ ᠨᠢᠭᠤᠷᠯᠠᠭᠤᠯᠬᠤ︾ | ᠲᠥᠷᠥ ᠶᠢᠨ ᠪᠣᠳᠣᠯᠭ᠎ᠠ ᠶᠢ ᠤᠬᠠᠭᠤᠯᠤᠨ ᠲᠠᠶᠢᠯᠪᠤᠷᠢᠯᠠᠬᠤ ᠦᠢᠯᠡᠴᠢᠯᠡᠭᠡᠨ ᠤ ᠠᠵᠤ ᠠᠬᠤᠶᠢᠯᠠᠯ ᠤᠨ ᠪᠠᠶᠢᠩᠭᠤ ᠶᠢᠨ | ᠪᠦᠲᠦᠮᠵᠢᠲᠡᠶ ᠲᠣᠭᠲᠠᠴᠠ ᠶᠢ ᠪᠠᠷᠢᠮᠲᠠᠯᠠᠨ ᠨᠠᠶᠢᠳᠠᠪᠤᠷᠢᠵᠢᠭᠤᠯᠵᠤ᠂ ᠪᠠᠷᠠᠭᠠᠨ ᠤ ᠲᠡᠭᠡᠭᠡᠪᠦᠷᠢ ᠶᠢᠨ ᠠᠵᠤ | ᠠᠬᠤᠶᠢᠯᠠᠯ ᠤᠨ ︽ᠥᠪᠡᠷ ᠤᠨ ᠪᠠᠶᠢᠳᠠᠯ ᠳᠤ ᠲᠣᠬᠢᠷᠠᠭᠤᠯᠤᠨ ᠲᠣᠭᠲᠠᠭᠠᠬᠤ︾ ᠲᠥᠷᠥ ᠶᠢᠨ ᠪᠣᠳᠣᠯᠭ᠎ᠠ ᠶᠢᠨ | ᠵᠢᠯᠣᠭᠤᠳᠬᠤ ᠠᠭᠤᠯᠭ᠎ᠠ ᠳᠤ ᠴᠢᠭᠯᠡᠭᠦᠯᠦᠨ᠂ ᠬᠦᠴᠢᠷ ᠲᠦᠪᠡᠭᠲᠡᠶ ᠠᠰᠠᠭᠤᠳᠠᠯ ᠢ ᠲᠣᠰ ᠡᠳᠦᠷ ᠲᠤᠨᠢ ᠬᠠᠷᠢᠭᠤᠯᠵᠤ᠂ | ᠴᠢᠬᠤᠯᠠ ᠶᠡᠭᠡ ᠤᠴᠢᠷ ᠶᠠᠪᠤᠳᠠᠯ ᠢ ᠮᠦᠷᠳᠡᠨ ᠭᠦᠢᠴᠡᠳᠭᠡᠵᠦ᠂ ᠲᠥᠷᠥ ᠶᠢᠨ ᠪᠣᠳᠣᠯᠭ᠎ᠠ ᠶᠢᠨ ᠠᠰᠢᠭ ᠲᠤᠰᠠ ᠶᠢ | ᠣᠨᠣᠪᠴᠢᠲᠠᠶ ᠰᠤᠯᠠᠯᠠᠨ᠂ ᠪᠣᠭᠤᠮᠲᠠ ᠶᠢᠨ ᠪᠣᠭᠤᠮᠲᠠ ᠪᠠᠷ ᠥᠩᠭᠡᠷᠡᠬᠦ ᠳᠡᠰ ᠳᠠᠷᠠᠭᠠᠯᠠᠯ ᠢ ᠰᠢᠯᠢᠳᠡᠭᠵᠢᠭᠦᠯᠦᠨ᠂ 18 | ᠠᠵᠤ ᠠᠬᠤᠶᠢᠯᠠᠯ ᠤᠨ ︽ᠨᠢᠭᠡ ᠶᠢ ᠨᠢᠭᠡ ᠲᠠᠢ ᠨᠢᠭᠤᠷᠯᠠᠭᠤᠯᠬᠤ︾ ᠪᠠᠷᠠᠭᠠᠨ ᠤ ᠲᠡᠭᠡᠭᠡᠪᠦᠷᠢ ᠶᠢᠨ ᠵᠠᠮ ᠤᠨ ᠪᠥᠲᠥᠭᠡᠨ | ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠵᠤ᠂ ᠡᠨᠧᠷᠭᠢ ᠶᠢᠨ ᠡᠬᠢ ᠪᠠᠶᠠᠯᠢᠭ ᠤᠨ ᠲᠥᠷᠥᠯ ᠤᠨ ᠡᠳ᠋ ᠪᠠᠷᠠᠭ᠎ᠠ ᠶᠢ | ᠭᠠᠳᠠᠭᠠᠳᠤ ᠠᠴᠠ ᠣᠷᠣᠭᠤᠯᠬᠤ ᠨᠡᠮᠡᠭᠳᠡᠯ ᠤᠨ ᠬᠡᠮᠵᠢᠶ᠎ᠡ ᠶᠢ ᠪᠥᠬᠦ ᠬᠦᠴᠦᠨ ᠢᠶᠠᠷ ᠢᠶᠠᠨ ᠠᠬᠢᠭᠤᠯᠤᠨ᠂ ᠨᠡᠭᠦᠷᠡᠰᠦ | ᠲᠡᠭᠡᠭᠡᠪᠦᠷᠢᠯᠡᠬᠦ ᠵᠠᠭᠪᠤᠷ ᠢ ᠰᠢᠯᠢᠳᠡᠭᠵᠢᠭᠦᠯᠵᠦ᠂ ᠬᠤᠣᠰ ᠴᠢᠷᠦᠭᠦᠯ ᠲᠡᠷᠭᠡ ᠪᠠᠷ ᠲᠡᠭᠡᠭᠡᠪᠦᠷᠢᠯᠡᠬᠦ ᠵᠠᠭᠪᠣᠷ ᠢ ᠬᠡᠷᠡᠭᠯᠡᠨ᠂ | ᠲᠡᠭᠡᠭᠡᠪᠦᠷᠢ ᠶᠢᠨ ᠥᠪᠡᠷ ᠤᠨ ᠥᠷᠲᠡᠭ ᠢ ᠠᠷᠪᠢᠯᠠᠨ᠂ ᠪᠠᠷᠠᠭᠠᠨ ᠤ ᠭᠦᠢᠯᠭᠡᠭᠡᠨ ᠤ ᠲᠡᠭᠡᠭᠡᠪᠦᠷᠢ ᠶᠢᠨ ᠬᠦᠴᠦᠨ ᠢ | ᠥᠷᠭᠡᠳᠬᠡᠵᠦ᠂ ᠬᠢᠯᠢ ᠠᠯᠤᠰᠯᠠᠭᠰᠠᠨ ᠲᠡᠭᠡᠭᠡᠪᠦᠷᠢ ᠶᠢᠨ ᠠᠴᠢᠶᠠᠯᠠᠬᠤ ᠴᠢᠳᠠᠪᠤᠷᠢ ᠶᠢ ᠳᠠᠬᠢᠨ ᠨᠡᠮᠡᠭᠳᠡᠭᠦᠯᠬᠦ ᠶᠢ | ᠪᠡᠶᠡᠯᠡᠭᠦᠯᠪᠡ︔ ︽ᠨᠢᠭᠡ ᠥᠷᠲᠡᠭᠡᠨ ᠤ ᠮᠠᠶ᠋ᠢᠭ︾ ᠤᠨ ᠦᠢᠯᠡᠴᠢᠯᠡᠭᠡ ᠶᠢ ᠨᠠᠶᠢᠳᠠᠪᠤᠷᠢᠵᠢᠭᠤᠯᠵᠤ᠂ 6 ᠲᠤᠰᠬᠠᠶ | ᠬᠥᠮᠦᠨ ᠲᠤᠰᠬᠠᠶ ᠠᠵᠢᠯ ᠤᠨ ᠪᠠᠶᠢᠷᠢ ᠲᠣᠬᠢᠷᠠᠭᠤᠯᠵᠤ ᠢᠲᠡᠭᠡᠮᠵᠢ ᠠᠪᠤᠭᠰᠠᠨ ᠨᠡᠭᠦᠷᠡᠰᠦ ᠶᠢ ᠲᠡᠷᠡ ᠳᠠᠷᠤᠶ ᠳᠤᠨᠢ | ᠰᠢᠯᠭᠠᠨ ᠪᠠᠶᠢᠴᠠᠭᠠᠵᠤ᠂ ᠲᠦᠷᠭᠡᠨ ᠰᠢᠯᠭᠠᠨ ᠪᠠᠶᠢᠴᠠᠭᠠᠵᠤ ᠶᠠᠪᠤᠭᠤᠯᠬᠤ᠂ ᠳᠠᠷᠤᠶ ᠲᠦᠷᠭᠡᠨ ᠪᠠᠶᠢᠴᠠᠭᠠᠵᠤ ᠭᠠᠷᠭᠠᠬᠤ | ᠵᠡᠷᠭᠡ ᠠᠷᠭ᠎ᠠ ᠮᠠᠶ᠋ᠢᠭ ᠢ ᠠᠪᠴᠤ᠂ ᠭᠠᠳᠠᠭᠠᠳᠤ ᠠᠴᠠ ᠣᠷᠣᠭᠤᠯᠬᠤ ᠨᠡᠭᠦᠷᠡᠰᠦ ᠶᠢ ᠪᠠᠭᠤᠯᠭᠠᠵᠤ ᠲᠡᠭᠡᠭᠡᠪᠦᠷᠢᠯᠡᠬᠦ | ᠬᠤᠷᠳᠤᠴᠠ ᠶᠢ ᠲᠦᠷᠭᠡᠳᠬᠡᠨ᠂ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠶᠠᠰᠤ ᠴᠢᠨᠠᠷ ᠪᠠ | ᠪᠣᠭᠤᠮᠲᠠ ᠪᠠᠷ ᠥᠩᠭᠡᠷᠡᠬᠦ ᠬᠦᠴᠦᠨ ᠴᠢᠳᠠᠪᠤᠷᠢ ᠶᠢ ᠦᠨᠡᠨᠬᠦ ᠪᠠᠲᠤᠯᠠᠪᠠ᠃ 12 ᠰᠠᠷ᠎ᠠ ᠶᠢᠨ 24 ᠤ ᠡᠳᠦᠷ | ᠪᠣᠯᠲᠠᠯ᠎ᠠ᠂ ᠵᠡᠭᠦᠨ ᠦᠵᠦᠮᠦᠴᠢᠨ ᠪᠣᠭᠤᠮᠲᠠ ᠶᠢᠨ ᠬᠢᠨᠠᠨ ᠬᠠᠮᠢᠶᠠᠷᠤᠯᠲᠠ ᠶᠢᠨ ᠮᠡᠳᠡᠭᠡ ᠵᠠᠩᠭᠢ ᠶᠢ ᠭᠠᠳᠠᠭᠠᠳᠤ ᠠᠴᠠ | ᠣᠷᠣᠭᠤᠯᠬᠤ ᠨᠡᠭᠦᠷᠡᠰᠦᠨ ᠤ ᠶᠡᠷᠦᠩᠬᠡᠶ ᠲᠤᠭ᠎ᠠ 686 ᠪᠦᠯᠦᠭ ᠤᠳᠠᠭ᠎ᠠ ᠳᠤ 253.92 ᠲᠦᠮᠡᠨ ᠲᠣᠨ ᠬᠦᠷᠪᠠ᠃ | | ᠭᠤᠷᠪᠠ ᠳᠤ᠂ ᠪᠠᠷᠠᠭᠠᠨ ᠤ ᠨᠡᠮᠡᠭᠳᠡᠯ ᠤᠨ ᠬᠡᠮᠵᠢᠶ᠎ᠡ ᠶᠢ ᠪᠥᠬᠦ ᠲᠠᠯ᠎ᠠ ᠪᠠᠷ ᠬᠥᠲᠥᠯᠥᠨ ᠵᠢᠯᠣᠭᠤᠳᠴᠤ | ᠰᠢᠯᠢᠳᠡᠭᠵᠢᠭᠦᠯᠦᠨ ᠣᠷᠣᠭᠤᠯᠬᠤ ᠶᠢ ᠪᠥᠬᠦ ᠲᠠᠯ᠎ᠠ ᠪᠠᠷ ᠠᠬᠢᠭᠤᠯᠪᠠ᠃ ︽ᠰᠢᠰᠲ᠋ᠧᠮ ᠤᠨ ᠲᠤᠭ᠎ᠠ ᠪᠠᠷᠢᠮᠲᠠ ᠳᠤ | ᠵᠠᠳᠠᠯᠤᠯᠲᠠ+ᠬᠠᠷᠠᠭᠠᠨ ᠳᠠᠪᠲᠠᠮᠵᠢ ᠪᠠᠷ ᠪᠥᠬᠦ ᠴᠠᠭ ᠬᠤᠭᠤᠴᠠᠭᠠᠨ ᠳᠤ ᠬᠢᠨᠠᠨ ᠡᠵᠡᠮᠳᠡᠬᠦ︾ ᠠᠷᠭ᠎ᠠ ᠮᠠᠶ᠋ᠢᠭ ᠢᠶᠠᠷ | ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠪᠠᠷᠠᠭ᠎ᠠ ᠶᠢ ᠬᠢᠨᠠᠨ ᠬᠡᠮᠵᠢᠬᠦ ᠶᠢ ᠴᠢᠩᠭᠠᠳᠬᠠᠵᠤ᠂ | ᠰᠡᠵᠢᠭᠲᠡᠶ ᠲᠦᠭᠰᠢᠭᠦᠷᠢ ᠶᠢ ᠲᠡᠷᠡ ᠳᠠᠷᠤᠶ ᠳᠤᠨᠢ ᠬᠤᠷᠢᠭᠯᠠᠨ ᠡᠵᠡᠮᠳᠡᠬᠦ ᠶᠢ ᠬᠡᠷᠡᠭᠵᠢᠭᠦᠯᠦᠨ᠂ ᠪᠥᠬᠦ ᠡᠯᠧᠮᠧᠨ᠋ᠲ᠂ | ᠪᠥᠬᠦ ᠬᠦᠷᠢᠶ᠎ᠡ ᠴᠠᠷᠠᠭ᠎ᠠ᠂ ᠪᠥᠬᠦ ᠬᠡᠯᠬᠢᠶᠡᠨ ᠤ ᠬᠢᠨᠠᠨ ᠬᠠᠮᠢᠶᠠᠷᠬᠤ ᠰᠢᠰᠲ᠋ᠧᠮ ᠢ ᠪᠠᠶᠢᠭᠤᠯᠵᠤ᠂ ᠲᠦᠭᠰᠢᠭᠦᠷᠢ ᠶᠢ | ᠡᠵᠡᠮᠳᠡᠬᠦ ᠴᠢᠳᠠᠪᠤᠷᠢ ᠶᠢ ᠪᠥᠬᠦ ᠬᠦᠴᠦᠨ ᠢᠶᠠᠷ ᠢᠶᠠᠨ ᠳᠡᠭᠡᠭᠰᠢᠯᠡᠭᠦᠯᠪᠠ︔ ᠲᠤᠰᠬᠠᠶ ᠬᠥᠮᠦᠨ ᠲᠤᠰᠬᠠᠶ ᠠᠵᠢᠯ ᠤᠨ | ᠪᠠᠶᠢᠷᠢ ᠳᠤ ᠲᠤᠬᠠᠶᠢᠯᠠᠭᠰᠠᠨ ᠠᠵᠢᠯ ᠤᠨ ᠵᠣᠯᠭᠠᠯᠴᠠᠭ᠎ᠠ ᠪᠠ ᠰᠢᠰᠲ᠋ᠧᠮ ᠤᠨ ᠬᠠᠮᠢᠶᠠᠷᠤᠯᠲᠠ ᠶᠢ ᠴᠢᠩᠭ᠎ᠠ ᠠᠩᠬᠠᠷᠴᠤ᠂ | ᠭᠠᠳᠠᠭᠠᠳᠤ ᠠᠴᠠ ᠣᠷᠣᠭᠤᠯᠬᠤ ᠨᠡᠭᠦᠷᠡᠰᠦᠨ ᠤ ᠬᠢᠨᠠᠨ ᠬᠠᠮᠢᠶᠠᠷᠤᠯᠲᠠ ᠶᠢᠨ ᠪᠠᠶᠢᠳᠠᠯ ᠢ ᠡᠮᠬᠢᠯᠡᠨ ᠳᠢᠭᠯᠡᠵᠦ᠂ | ᠸᠢᠴᠠᠲ ᠤᠨ ᠬᠤᠯᠪᠤᠭ᠎ᠠ᠂ ᠠᠯᠤᠰ ᠠᠴᠠ ᠬᠠᠮᠵᠢᠯᠴᠠᠬᠤ᠂ ᠤᠲᠠᠰᠤ ᠪᠠᠷ ᠨᠡᠪᠲᠡᠷᠡᠯᠴᠡᠬᠦ ᠵᠡᠷᠭᠡ ᠠᠷᠭ᠎ᠠ ᠮᠠᠶ᠋ᠢᠭ ᠢᠶᠠᠷ | ᠠᠵᠤ ᠠᠬᠤᠶᠢᠯᠠᠯ ᠤᠨ ᠲᠤᠬᠠᠶᠢᠯᠠᠭᠰᠠᠨ ᠠᠵᠢᠯ ᠤᠨ ᠬᠡᠷᠡᠭᠴᠡᠭᠡ ᠱᠠᠭᠠᠷᠳᠠᠯᠭ᠎ᠠ ᠶᠢ ᠴᠠᠭ ᠲᠤᠬᠠᠶ ᠳᠤᠨᠢ ᠭᠥᠯᠢᠶᠡᠨ | ᠠᠪᠴᠤ᠂ ᠲᠤᠬᠠᠶᠢᠯᠠᠭᠰᠠᠨ ᠠᠵᠢᠯ ᠤᠨ ᠮᠠᠳᠠᠭ ᠲᠠᠢ ᠠᠰᠠᠭᠤᠳᠠᠯ ᠳᠤ ᠬᠠᠷᠢᠭᠤᠯᠲᠠ ᠥᠭᠴᠦ᠂ ︽ᠠᠵᠤ | ᠠᠬᠤᠶᠢᠯᠠᠯ ᠤᠨ ᠬᠡᠷᠡᠭᠴᠡᠭᠡ ᠱᠠᠭᠠᠷᠳᠠᠯᠭ᠎ᠠ ᠲᠠᠢ ᠪᠣᠯ ᠪᠣᠭᠤᠮᠲᠠ ᠳᠤ ᠲᠥᠰᠦᠯ ᠲᠠᠢ ᠪᠠᠶᠢᠬᠤ︾ ᠶᠢ ᠦᠨᠡᠨᠬᠦ | ᠪᠠᠲᠤᠯᠠᠪᠠ︔ ᠡᠯ᠎ᠡ ᠬᠠᠮᠲᠤᠷᠠᠨ ᠪᠠᠶᠢᠴᠠᠭᠠᠬᠤ ᠨᠢᠭᠡᠴᠡ ᠶᠢ ᠵᠣᠬᠢᠴᠠᠭᠤᠯᠤᠨ ᠴᠠᠭ ᠲᠤᠬᠠᠶ ᠳᠤᠨᠢ ᠬᠠᠷᠢᠯᠴᠠᠵᠤ᠂ | ᠨᠢᠭᠡᠳᠦᠯᠲᠡᠶ ᠬᠥᠳᠡᠯᠦᠯᠴᠡᠵᠦ᠂ ᠴᠠᠭ ᠲᠤᠬᠠᠶ ᠳᠤᠨᠢ ᠬᠠᠷᠢᠭᠤ ᠲᠤᠰᠬᠠᠵᠤ᠂ ᠬᠠᠮᠵᠢᠯᠴᠠᠨ ᠵᠢᠯᠣᠭᠤᠳᠬᠤ ᠲᠣᠭᠲᠠᠴᠠ᠂ | ᠬᠠᠷᠢᠭᠤ ᠰᠢᠢᠳᠪᠦᠷᠢᠯᠡᠬᠦ ᠲᠣᠭᠲᠠᠴᠠ ᠪᠠ ᠮᠡᠳᠡᠭᠡ ᠵᠠᠩᠭᠢ ᠶᠢᠨ ᠬᠠᠷᠢᠯᠴᠠᠬᠤ ᠲᠣᠭᠲᠠᠴᠠ ᠶᠢ ᠴᠢᠩᠭ᠎ᠠ ᠨᠢᠮᠪᠠᠶ | ᠰᠠᠶᠢᠲᠤᠷ ᠬᠢᠵᠦ᠂ ᠭᠠᠳᠠᠭᠠᠳᠤ ᠠᠴᠠ ᠣᠷᠣᠭᠤᠯᠬᠤ ᠪᠠᠷᠠᠭᠠᠨ ᠤ ᠠᠵᠢᠯ ᠤᠨ ᠬᠡᠯᠬᠢᠶ᠎ᠡ ᠶᠢᠨ ᠠᠮᠤᠷ ᠲᠦᠪᠰᠢᠨ | ᠲᠣᠭᠲᠠᠭᠤᠨ ᠪᠠᠶᠢᠬᠤ ᠶᠢ ᠪᠠᠲᠤᠯᠠᠪᠠ᠃ 12 ᠰᠠᠷ᠎ᠠ ᠶᠢᠨ 24 ᠤ ᠡᠳᠦᠷ ᠪᠣᠯᠲᠠᠯ᠎ᠠ᠂ ᠭᠠᠳᠠᠭᠠᠳᠤ ᠠᠴᠠ ᠣᠷᠣᠭᠤᠯᠵᠤ | ᠭᠠᠳᠠᠭᠠᠳᠤ ᠳᠤ ᠭᠠᠷᠭᠠᠬᠤ ᠪᠠᠷᠠᠭᠠᠨ ᠤ ᠲᠡᠭᠡᠭᠡᠪᠦᠷᠢ ᠶᠢᠨ ᠬᠡᠮᠵᠢᠶ᠎ᠡ 381.23 ᠲᠦᠮᠡᠨ ᠲᠣᠨ ᠳᠤ ᠬᠦᠷᠴᠦ᠂ | ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 48% ᠪᠠᠷ ᠨᠡᠮᠡᠭᠳᠡᠪᠡ᠃ |