1 — 10 ᠰᠠᠷ᠎ᠠ ᠳᠤ᠂ ᠪᠥᠬᠦ ᠬᠤᠰᠢᠭᠤᠨ ᠤ ᠬᠡᠷᠡᠭᠯᠡᠭᠡᠨ ᠤ ᠵᠠᠬ᠎ᠠ ᠳᠡᠯᠭᠡᠭᠦᠷ ᠤᠨ ᠦᠷᠭᠦᠯᠵᠢᠯᠡᠬᠦᠶᠢᠴᠡ | ᠬᠥᠭᠵᠢᠯᠲᠡ ᠶᠢᠨ ᠪᠠᠶᠢᠳᠠᠯ ᠢ ᠦᠷᠭᠦᠯᠵᠢᠯᠡᠨ ᠪᠠᠲᠤᠯᠠᠵᠤ᠂ ᠬᠡᠷᠡᠭᠯᠡᠭᠡᠨ ᠤ ᠵᠠᠬ᠎ᠠ ᠳᠡᠯᠭᠡᠭᠦᠷ ᠢ ᠤᠯᠠᠮ ᠨᠢᠭᠡ ᠠᠯᠬᠤᠮ | ᠬᠦᠭᠵᠢᠭᠡᠪᠡ᠃ ᠪᠥᠬᠦ ᠬᠤᠰᠢᠭᠤᠨ ᠤ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠪᠥᠬᠦ | ᠲᠤᠭ᠎ᠠ 98344 ᠲᠦᠮᠡᠨ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 1. | 0% ᠪᠠᠷ ᠨᠡᠮᠡᠭᠳᠡᠨ᠂ ᠶᠡᠷᠦᠩᠬᠡᠶ ᠬᠡᠮᠵᠢᠶ᠎ᠡ ᠨᠢ ᠪᠥᠬᠦ ᠠᠶᠢᠮᠠᠭ ᠤᠨ ᠵᠢᠷᠭᠤᠳᠤᠭᠠᠷ ᠲᠤ ᠣᠷᠣᠵᠤ᠂ ᠨᠡᠮᠡᠭᠳᠡᠯ ᠤᠨ | ᠬᠤᠷᠳᠤᠴᠠ ᠨᠢ ᠪᠥᠬᠦ ᠠᠶᠢᠮᠠᠭ ᠤᠨ ᠶᠢᠰᠦᠳᠦᠭᠡᠷ ᠲᠤ ᠵᠢᠭᠰᠠᠭᠠᠭᠳᠠᠪᠠ᠃ | ᠨᠢᠭᠡ᠂ ᠬᠡᠷᠡᠭᠯᠡᠭᠡ ᠶᠢᠨ ᠵᠦᠢᠯ ᠤᠨ ᠵᠠᠬ᠎ᠠ ᠳᠡᠯᠭᠡᠭᠦᠷ ᠶᠡᠷᠦᠩᠬᠡᠢ ᠳᠡᠭᠡᠨ ᠨᠡᠮᠡᠭᠳᠡᠯ ᠢᠶᠠᠨ ᠪᠠᠲᠤᠯᠠᠵᠤ᠂ ᠢᠳᠡᠭᠡᠨ | ᠤᠮᠳᠠᠭᠠᠨ ᠤ ᠣᠷᠣᠯᠭ᠎ᠠ ᠶᠢᠨ ᠨᠡᠮᠡᠭᠳᠡᠯ ᠨᠡᠯᠢᠶᠡᠳ ᠲᠦᠷᠭᠡᠨ ᠪᠠᠶᠢᠨ᠎ᠠ | ᠡᠵᠡᠩᠨᠡᠯᠲᠡ ᠶᠢᠨ ᠨᠢᠭᠡᠴᠡ ᠶᠢᠨ ᠪᠠᠶᠢᠭ᠎ᠠ ᠭᠠᠵᠠᠷ ᠠᠴᠠ ᠦᠵᠡᠪᠡᠯ᠂ ᠪᠥᠬᠦ ᠬᠤᠰᠢᠭᠤᠨ ᠤ ᠬᠤᠲᠠ ᠪᠠᠯᠭᠠᠰᠤᠨ ᠤ | ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠲᠤᠭ᠎ᠠ 61230 ᠲᠦᠮᠡᠨ ᠲᠥᠭᠦᠷᠢᠭ ᠲᠤ ᠬᠦᠷᠴᠦ᠂ | ᠠᠳᠠᠯᠢ ᠬᠤᠭᠤᠴᠠᠭᠠᠨ ᠤ ᠬᠢ ᠠᠴᠠ 1.1% ᠪᠠᠷ ᠨᠡᠮᠡᠭᠳᠡᠨ᠂ ᠮᠠᠯᠵᠢᠬᠤ ᠣᠷᠣᠨ ᠤ ᠬᠡᠷᠡᠭᠯᠡᠭᠡᠨ ᠤ ᠵᠦᠢᠯ ᠤᠨ | ᠵᠢᠵᠢᠭᠯᠡᠨ ᠬᠤᠳᠠᠯᠳᠤᠭᠰᠠᠨ ᠲᠤᠭ᠎ᠠ 37114 ᠲᠦᠮᠡᠨ ᠲᠥᠭᠦᠷᠢᠭ ᠲᠤ ᠬᠦᠷᠴᠦ᠂ ᠠᠳᠠᠯᠢ | ᠬᠤᠭᠤᠴᠠᠭᠠᠨ ᠤ ᠬᠢ ᠠᠴᠠ 0.9% ᠪᠠᠷ ᠨᠡᠮᠡᠭᠳᠡᠨ᠂ ᠬᠡᠷᠡᠭᠯᠡᠭᠡᠨ ᠤ ᠬᠡᠯᠪᠡᠷᠢ ᠠᠴᠠ ᠠᠪᠴᠤ ᠦᠵᠡᠪᠡᠯ᠂ ᠲᠠᠸᠠᠷ ᠤᠨ | ᠵᠢᠵᠢᠭᠯᠡᠨ ᠬᠤᠳᠠᠯᠳᠤᠭᠰᠠᠨ ᠲᠤᠭ᠎ᠠ 64329 ᠲᠦᠮᠡᠨ ᠲᠥᠭᠦᠷᠢᠭ ᠲᠤ ᠬᠦᠷᠴᠦ᠂ ᠠᠳᠠᠯᠢ | ᠬᠤᠭᠤᠴᠠᠭᠠᠨ ᠤ ᠬᠢ ᠠᠴᠠ 1% ᠪᠠᠷ ᠨᠡᠮᠡᠭᠳᠡᠨ᠂ ᠢᠳᠡᠭᠡᠨ ᠤᠮᠳᠠᠭᠠᠨ ᠤ ᠣᠷᠣᠯᠭ᠎ᠠ 34015 ᠲᠦᠮᠡᠨ | ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 1.1% ᠪᠠᠷ ᠨᠡᠮᠡᠭᠳᠡᠪᠡ᠃ | ᠬᠤᠶᠠᠷ᠂ ᠬᠢᠵᠠᠭᠠᠷ ᠲᠤᠭ᠎ᠠ ᠠᠴᠠ ᠳᠡᠭᠡᠭᠰᠢᠬᠢ ᠵᠢᠵᠢᠭᠯᠡᠨ ᠬᠤᠳᠠᠯᠳᠤᠬᠤ ᠦᠢᠯᠡᠰ ᠪᠠ ᠢᠳᠡᠭᠡᠨ ᠤᠮᠳᠠᠭᠠᠨ ᠤ | ᠣᠷᠣᠯᠭ᠎ᠠ ᠶᠢᠨ ᠨᠡᠮᠡᠭᠳᠡᠯ ᠤᠨ ᠬᠠᠨᠳᠤᠰᠢ ᠨᠡᠯᠢᠶᠡᠳ ᠰᠠᠶᠢᠨ | ᠪᠥᠬᠦ ᠬᠤᠰᠢᠭᠤᠨ ᠤ 1 — 10 ᠰᠠᠷ᠎ᠠ ᠶᠢᠨ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠵᠢᠵᠢᠭᠯᠡᠨ | ᠬᠤᠳᠠᠯᠳᠤᠬᠤ ᠦᠢᠯᠡᠰ ᠤᠨ ᠵᠢᠵᠢᠭᠯᠡᠨ ᠬᠤᠳᠠᠯᠳᠤᠭᠰᠠᠨ ᠲᠤᠭ᠎ᠠ 2314 ᠲᠦᠮᠡᠨ ᠲᠥᠭᠦᠷᠢᠭ ᠲᠤ ᠬᠦᠷᠴᠦ᠂ | ᠠᠳᠠᠯᠢ ᠬᠤᠭᠤᠴᠠᠭᠠᠨ ᠤ ᠬᠢ ᠠᠴᠠ 5.1% ᠪᠠᠷ ᠪᠠᠭᠤᠷᠠᠵᠤ᠂ ᠬᠢᠵᠠᠭᠠᠷ ᠲᠤᠭ᠎ᠠ ᠠᠴᠠ ᠳᠡᠭᠡᠭᠰᠢᠬᠢ ᠬᠤᠨᠤᠭ | ᠢᠳᠡᠭᠡᠨ ᠤᠮᠳᠠᠭᠠᠨ ᠤ ᠦᠢᠯᠡᠰ 1141 ᠲᠦᠮᠡᠨ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ | 9.0% ᠪᠠᠷ ᠨᠡᠮᠡᠭᠳᠡᠪᠡ᠂ ᠡᠭᠦᠨ ᠳᠤ ᠬᠤᠨᠤᠭ ᠪᠠᠭᠤᠳᠠᠯ ᠤᠨ ᠣᠷᠣᠯᠭ᠎ᠠ 495 ᠲᠦᠮᠡᠨ ᠲᠥᠭᠦᠷᠢᠭ ᠲᠤ ᠬᠦᠷᠴᠦ᠂ | ᠠᠳᠠᠯᠢ ᠬᠤᠭᠤᠴᠠᠭᠠᠨ ᠤ ᠬᠢ ᠠᠴᠠ 7.5% ᠪᠠᠷ ᠪᠠᠭᠤᠷᠠᠵᠤ᠂ ᠢᠳᠡᠭᠡᠨ ᠤᠮᠳᠠᠭᠠᠨ ᠤ ᠣᠷᠣᠯᠭ᠎ᠠ 646 ᠲᠦᠮᠡᠨ | ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 21.2% ᠢᠶᠠᠷ ᠨᠡᠮᠡᠭᠳᠡᠨ᠂ ᠢᠳᠡᠭᠡᠨ ᠤᠮᠳᠠᠭᠠᠨ ᠤ | ᠣᠷᠣᠯᠭ᠎ᠠ ᠳᠣᠲᠣᠷᠠᠬᠢ ᠣᠯᠠᠨ ᠨᠡᠶᠢᠲᠡ ᠶᠢᠨ ᠰᠦᠯᠵᠢᠶ᠎ᠡ ᠪᠠᠷ ᠳᠠᠮᠵᠢᠭᠰᠠᠨ ᠬᠤᠭᠤᠯᠠᠨ ᠤ ᠵᠠᠷᠤᠳᠠᠯ ᠤᠨ ᠣᠷᠣᠯᠭ᠎ᠠ | 21 ᠲᠦᠮᠡᠨ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 68% ᠪᠠᠷ ᠨᠡᠮᠡᠭᠳᠡᠪᠡ᠃ | ᠦᠨᠳᠦᠰᠦᠨ ᠠᠮᠢᠳᠤᠷᠠᠯ ᠤᠨ ᠲᠥᠷᠥᠯ ᠤᠨ ᠬᠡᠷᠡᠭᠯᠡᠭᠡ ᠵᠠᠷᠢᠮ ᠨᠢ ᠨᠡᠮᠡᠭᠳᠡᠵᠦ ᠵᠠᠷᠢᠮ ᠨᠢ ᠪᠠᠭᠤᠷᠠᠪᠠ᠂ ᠬᠢᠵᠠᠭᠠᠷ | ᠲᠤᠭ᠎ᠠ ᠠᠴᠠ ᠳᠡᠭᠡᠭᠰᠢᠬᠢ ᠨᠢᠭᠡᠴᠢ ᠠᠮᠤ ᠲᠣᠰᠣ᠂ ᠢᠳᠡᠭᠡᠨ ᠤ ᠲᠥᠷᠥᠯ ᠠᠳᠠᠯᠢ ᠬᠤᠭᠤᠴᠠᠭᠠᠨ ᠤ ᠬᠢ ᠠᠴᠠ | 7.1% ᠪᠠᠷ ᠨᠡᠮᠡᠭᠳᠡᠵᠦ᠂ ᠤᠮᠳᠠᠭᠠᠨ ᠤ ᠲᠥᠷᠥᠯ ᠠᠳᠠᠯᠢ ᠬᠤᠭᠤᠴᠠᠭᠠᠨ ᠤ ᠬᠢ ᠠᠴᠠ14.3% ᠪᠠᠷ | ᠪᠠᠭᠤᠷᠠᠵᠤ᠂ ᠠᠷᠢᠬᠢ ᠲᠠᠮᠠᠬᠢ ᠠᠳᠠᠯᠢ ᠬᠤᠭᠤᠴᠠᠭᠠᠨ ᠤ ᠬᠢ ᠠᠴᠠ 18.4% ᠪᠠᠷ ᠪᠠᠭᠤᠷᠠᠵᠤ᠂ ᠡᠳᠦᠷ | ᠲᠤᠲᠤᠮ ᠤᠨ ᠬᠡᠷᠡᠭᠯᠡᠭᠡᠨ ᠤ ᠵᠦᠢᠯ ᠠᠳᠠᠯᠢ ᠬᠤᠭᠤᠴᠠᠭᠠᠨ ᠤ ᠬᠢ ᠠᠴᠠ 9.3% ᠪᠠᠷ ᠨᠡᠮᠡᠭᠳᠡᠨ᠂ ᠬᠤᠪᠴᠠᠰᠤ | ᠬᠤᠨᠠᠷ᠂ ᠮᠠᠯᠠᠭᠠᠢ ᠱᠠᠬᠠᠶ᠂ ᠨᠡᠬᠡᠮᠡᠯ ᠤᠨ ᠲᠥᠷᠥᠯ ᠠᠳᠠᠯᠢ ᠬᠤᠭᠤᠴᠠᠭᠠᠨ ᠤ ᠬᠢ ᠠᠴᠠ 51.9% ᠪᠠᠷ ᠪᠠᠭᠤᠷᠠᠪᠠ᠃ | ᠶᠡᠷᠦᠩᠬᠡᠶ ᠳᠤᠨᠢ ᠠᠪᠴᠤ ᠬᠡᠯᠡᠪᠡᠯ ᠪᠥᠬᠦ ᠬᠤᠰᠢᠭᠤᠨ ᠤ ᠬᠡᠷᠡᠭᠯᠡᠭᠡᠨ ᠤ ᠵᠦᠢᠯ ᠤᠨ ᠵᠠᠬ᠎ᠠ ᠳᠡᠯᠭᠡᠭᠦᠷ ᠤᠨ | ᠠᠵᠢᠯᠯᠠᠭᠠᠨ ᠨᠡᠯᠢᠶᠡᠳ ᠲᠣᠭᠲᠠᠭᠤᠨ ᠪᠠᠶᠢᠵᠤ᠂ ᠵᠦᠶ ᠵᠣᠬᠢᠰᠲᠠᠶ ᠣᠷᠣᠨ ᠵᠠᠶ ᠳᠤ ᠪᠠᠶᠢᠭ᠎ᠠ ᠪᠣᠯᠪᠠᠴᠤ ᠬᠡᠷᠡᠭᠯᠡᠭᠡᠨ ᠤ | ᠵᠠᠬ᠎ᠠ ᠳᠡᠯᠭᠡᠭᠦᠷ ᠪᠤᠳᠤᠯᠢᠶᠠᠨᠲᠤ ᠬᠤᠪᠢᠷᠠᠯᠲᠠ ᠶᠡᠬᠡᠲᠡᠶ ᠪᠠ ᠲᠣᠭᠲᠠᠪᠤᠷᠢ ᠥᠬᠡᠶ ᠴᠢᠨᠠᠷ ᠲᠠᠢ ᠪᠠᠶᠢᠵᠤ᠂ ᠬᠡᠷᠡᠭᠯᠡᠭᠡᠨ ᠤ | ᠵᠦᠢᠯ ᠤᠨ ᠵᠠᠬ᠎ᠠ ᠳᠡᠯᠭᠡᠭᠦᠷ ᠤᠨ ᠲᠣᠭᠲᠠᠭᠤᠨ ᠢᠶᠠᠷ ᠨᠡᠮᠡᠭᠳᠡᠬᠦ ᠶᠢ ᠪᠠᠲᠤᠯᠠᠬᠤ ᠳᠠᠷᠤᠯᠲᠠ ᠮᠥᠨ ᠬᠦ ᠣᠷᠣᠰᠢᠭᠰᠠᠭᠠᠷ | ᠪᠠᠶᠢᠨ᠎ᠠ᠃ ᠲᠠᠷᠠᠭᠠᠴᠢ ᠶᠢᠨ ᠱᠠᠲᠤᠨ ᠳᠤ᠂ ᠬᠡᠷᠡᠭᠯᠡᠭᠡ ᠶᠢ ᠠᠬᠢᠭᠤᠯᠬᠤ ᠲᠥᠷᠥ ᠶᠢᠨ ᠪᠣᠳᠣᠯᠭ᠎ᠠ ᠶᠢᠨ | ᠨᠠᠶᠢᠳᠠᠪᠤᠷᠢᠵᠢᠭᠤᠯᠤᠯᠲᠠ ᠶᠢ ᠦᠷᠭᠦᠯᠵᠢᠯᠡᠨ ᠠᠬᠢᠭᠤᠯᠵᠤ᠂ ᠬᠡᠷᠡᠭᠯᠡᠭᠡᠨ ᠤ ᠵᠠᠬ᠎ᠠ ᠳᠡᠯᠭᠡᠭᠦᠷ ᠤᠨ ᠠᠮᠢᠵᠢᠷᠠᠯ ᠤᠨ | ᠬᠦᠴᠦᠨ ᠢ ᠲᠠᠰᠤᠷᠠᠯᠲᠠ ᠥᠬᠡᠶ ᠬᠥᠭᠵᠢᠭᠡᠵᠦ᠂ ᠪᠥᠬᠦ ᠬᠤᠰᠢᠭᠤᠨ ᠤ ᠬᠡᠷᠡᠭᠯᠡᠭᠡᠨ ᠤ ᠵᠠᠬ᠎ᠠ ᠳᠡᠯᠭᠡᠭᠦᠷ ᠤᠨ | ᠦᠷᠭᠦᠯᠵᠢᠯᠡᠨ ᠨᠡᠮᠡᠭᠳᠡᠬᠦ ᠪᠠᠶᠢᠳᠠᠯ ᠢᠶᠠᠨ ᠪᠠᠲᠤᠯᠠᠬᠤ ᠶᠢ ᠪᠠᠲᠤᠯᠠᠬᠤ ᠬᠡᠷᠡᠭᠲᠡᠶ᠃ |