ᠮᠠᠨ ᠤ ᠬᠤᠰᠢᠭᠤ ᠰᠣᠨᠢᠨ ᠮᠡᠳᠡᠭᠡ ᠶᠠᠷᠢᠶ᠎ᠠ ᠬᠡᠯᠡᠯᠴᠡᠭᠡᠨ ᠤ ᠠᠵᠢᠯ ᠤᠨ ᠴᠢᠳᠠᠪᠤᠷᠢ ᠶᠢ ᠳᠡᠭᠡᠭᠰᠢᠯᠡᠭᠦᠯᠬᠦ ᠪᠣᠯᠪᠠᠰᠤᠷᠠᠯ ᠡᠷᠬᠢᠯᠡᠪᠡ
ᠨᠡᠶᠢᠲᠡᠯᠡᠭᠰᠡᠨ ᠴᠠᠭ᠄
2024/12/4
      11 ᠰᠠᠷ᠎ᠠ ᠶᠢᠨ 19 ᠤ ᠡᠳᠦᠷ᠂ ᠮᠠᠨ ᠤ ᠬᠤᠰᠢᠭᠤ ᠰᠣᠨᠢᠨ ᠮᠡᠳᠡᠭᠡ ᠶᠠᠷᠢᠶ᠎ᠠ ᠬᠡᠯᠡᠯᠴᠡᠭᠡᠨ ᠤ ᠠᠵᠢᠯ ᠤᠨ ᠴᠢᠳᠠᠪᠤᠷᠢ ᠶᠢ ᠳᠡᠭᠡᠭᠰᠢᠯᠡᠭᠦᠯᠬᠦ ᠪᠣᠯᠪᠠᠰᠤᠷᠠᠯ ᠡᠷᠬᠢᠯᠡᠪᠡ᠃      ᠪᠣᠯᠪᠠᠰᠤᠷᠠᠯ ᠳᠤ᠂ ᠠᠷᠠᠳ ᠤᠨ ᠡᠳᠦᠷ ᠤᠨ ᠰᠣᠨᠢᠨ ᠤ ᠬᠤᠷᠢᠶᠠᠨ ᠤ ᠥᠪᠥᠷ ᠮᠣᠩᠭᠤᠯ ᠤᠨ ᠬᠤᠪᠢᠶᠠᠷᠢ ᠬᠤᠷᠢᠶᠠᠨ ᠤ ᠰᠤᠷᠪᠤᠯᠵᠢᠯᠠᠬᠤ ᠬᠡᠯᠲᠡᠰ ᠤᠨ ᠳᠡᠳ᠋ ᠡᠷᠬᠢᠯᠡᠭᠴᠢ ᠡᠦ ᠶᠦᠩ᠂ ᠥᠪᠥᠷ ᠮᠣᠩᠭᠤᠯ ᠤᠨ ᠡᠳᠦᠷ ᠤᠨ ᠰᠣᠨᠢᠨ ᠤ ᠬᠤᠷᠢᠶᠠᠨ ᠤ ᠰᠢᠯᠢ ᠶᠢᠨ ᠭᠤᠣᠯ ᠠᠶᠢᠮᠠᠭ ᠲᠤ ᠰᠠᠭᠤᠭ᠎ᠠ ᠰᠤᠷᠪᠤᠯᠵᠢᠯᠠᠭᠴᠢ ᠶᠢᠨ ᠥᠷᠲᠡᠭᠡ ᠶᠢᠨ ᠳᠠᠷᠤᠭ᠎ᠠ ᠪᠠᠶᠠᠰᠬᠤᠯᠠᠩ ᠠᠴᠠ ᠲᠣᠰ ᠲᠣᠰ ︿︿ᠰᠣᠨᠢᠨ ᠮᠡᠳᠡᠭᠡᠨ ᠤ ᠰᠡᠳᠦᠪ﹀﹀᠂ ︿︿ᠮᠡᠳᠡᠭᠡ ᠪᠢᠴᠢᠬᠦ ᠶᠢᠨ ᠴᠢᠬᠤᠯᠠ ᠴᠢᠨᠠᠷ ᠵᠢᠴᠢ ᠲᠥᠷᠥᠭᠳᠡᠯ﹀﹀ ᠵᠡᠷᠭᠡ ᠠᠭᠤᠯᠭ᠎ᠠ ᠶᠢᠨ ᠲᠣᠭᠤᠷᠢᠨ ᠳᠤ ᠲᠤᠰᠬᠠᠶ ᠰᠡᠳᠦᠪ ᠢᠶᠠᠷ ᠬᠢᠴᠢᠶᠡᠯ ᠣᠷᠤᠪᠠ᠃ ᠪᠠᠭᠰᠢ ᠨᠠᠷ ᠥᠪᠡᠷ ᠥᠪᠡᠷ ᠤᠨ ᠥᠩᠭᠡᠷᠡᠯᠲᠡ ᠲᠠᠢ ᠪᠠᠨ ᠤᠶᠠᠯᠳᠤᠭᠤᠯᠤᠨ᠂ ᠶᠡᠭᠡ ᠬᠡᠮᠵᠢᠶᠡᠨ ᠤ ᠠᠮᠵᠢᠯᠲᠠ ᠲᠠᠢ ᠬᠡᠷᠡᠭ ᠤᠨ ᠵᠢᠱᠢᠶ᠎ᠡ ᠶᠢ ᠵᠠᠳᠠᠯᠬᠤ ᠪᠠᠷ ᠳᠠᠮᠵᠢᠭᠤᠯᠤᠨ᠂ ᠰᠣᠨᠢᠨ ᠮᠡᠳᠡᠭᠡᠨ ᠤ ᠠᠵᠢᠯᠲᠠᠳ ᠭᠢᠷᠠᠬᠠᠶ ᠠᠵᠢᠭᠯᠠᠬᠤ ᠴᠢᠳᠠᠪᠤᠷᠢ ᠲᠠᠢ ᠪᠠᠶᠢᠵᠤ᠂ ᠡᠳᠦᠷ ᠲᠤᠲᠤᠮ ᠤᠨ ᠠᠮᠢᠳᠤᠷᠠᠯ ᠳᠤᠮᠳᠠᠬᠢ ᠥᠪᠡᠷᠮᠢᠴᠡ ᠬᠠᠷᠠᠭᠠᠰᠤ ᠠᠴᠠ ᠭᠥᠯᠢᠶᠡᠨ ᠠᠪᠤᠭᠴᠢᠳ ᠤᠨ ᠰᠣᠨᠢᠨ ᠮᠡᠳᠡᠭᠡᠨ ᠤ ᠮᠡᠳᠡᠭᠡ ᠵᠠᠩᠭᠢ ᠶᠢᠨ ᠣᠯᠠᠨ ᠡᠰᠢᠲᠦ ᠬᠡᠷᠡᠭᠴᠡᠭᠡ ᠶᠢ ᠬᠠᠩᠭᠠᠬᠤ  ᠳᠤ ᠴᠢᠳᠠᠮᠠᠭᠠᠶ ᠪᠠᠶᠢᠬᠤ ᠬᠡᠷᠡᠭᠲᠡᠶ᠂ ᠡᠭᠦᠨ ᠤ ᠬᠠᠮᠲᠤ ᠮᠡᠳᠡᠭᠡ ᠪᠢᠴᠢᠬᠦ ᠶᠠᠪᠤᠴᠠ ᠳᠤ ᠰᠣᠨᠢᠨ ᠮᠡᠳᠡᠭᠡᠨ ᠤ ᠭᠤᠤᠯ ᠡᠯᠧᠮᠧᠨ᠋ᠲ ᠢ ᠳᠣᠪᠣᠶᠢᠯᠭᠠᠵᠤ᠂ ᠤᠩᠰᠢᠭᠴᠢᠳ ᠤᠨ ᠠᠩᠬᠠᠷᠤᠯ ᠢ ᠲᠦᠷᠭᠡᠨ ᠲᠠᠲᠠᠵᠤ᠂ ᠥᠰᠥᠭ ᠪᠢᠴᠢᠭ ᠢ ᠨᠠᠷᠢᠯᠢᠭ ᠪᠣᠯᠪᠠᠰᠤᠷᠠᠭᠤᠯᠬᠤ ᠪᠠᠷ ᠰᠣᠨᠢᠨ ᠮᠡᠳᠡᠭᠡᠨ ᠤ ᠭᠤᠤᠯᠳᠠᠯᠭ᠎ᠠ ᠶᠢ ᠬᠤᠷᠢᠶᠠᠩᠭᠤᠶᠢᠯᠠᠵᠤ᠂ ᠠᠷᠠᠳ ᠤᠨ ᠠᠮᠢᠳᠤᠷᠠᠯ ᠲᠠᠢ ᠨᠢᠭᠲᠠ ᠣᠶᠢᠷᠠᠲᠤᠵᠤ᠂ ᠨᠡᠶᠢᠭᠡᠮ ᠤᠨ ᠬᠠᠯᠠᠮᠰᠢᠯ ᠴᠡᠭ ᠪᠣᠯᠤᠨ ᠴᠠᠭ ᠦᠶ᠎ᠡ ᠶᠢᠨ ᠪᠠᠶᠢᠳᠠᠯ ᠢ ᠠᠩᠬᠠᠷᠴᠤ᠂ ᠬᠠᠯᠠᠭᠤᠨ ᠳᠤᠯᠠᠭᠠᠨ᠂ ᠭᠦᠨ ᠭᠦᠨᠵᠡᠭᠡᠶ ᠰᠣᠨᠢᠨ ᠮᠡᠳᠡᠭᠡ ᠪᠢᠴᠢᠬᠦ ᠬᠡᠷᠡᠭᠲᠡᠶ ᠭᠡᠵᠦ ᠵᠢᠭᠠᠭᠰᠠᠨ ᠪᠠᠶᠢᠨ᠎ᠠ᠃      ᠪᠣᠯᠪᠠᠰᠤᠷᠠᠯ ᠤᠨ ᠠᠭᠤᠯᠭ᠎ᠠ ᠨᠢ ᠮᠠᠰᠢ ᠴᠢᠩᠭ᠎ᠠ ᠬᠡᠷᠡᠭᠯᠡᠭᠡᠨ ᠤ ᠴᠢᠨᠠᠷ ᠪᠠ ᠬᠠᠨᠳᠤᠯᠭᠠᠲᠤ ᠴᠢᠨᠠᠷ ᠲᠠᠢ         ᠪᠠᠶᠢᠵᠤ᠂ ᠡᠳᠦᠷ ᠲᠤᠲᠤᠮ ᠤᠨ ᠠᠵᠢᠯ ᠤᠨ ᠳᠤᠮᠳᠠ ᠲᠤᠯᠭᠠᠷᠠᠭᠰᠠᠨ ᠪᠣᠳᠠᠲᠠᠶ ᠠᠰᠠᠭᠤᠳᠠᠯ ᠢ ᠰᠢᠶᠳᠪᠦᠷᠢᠯᠡᠬᠦ ᠳᠤ ᠠᠰᠢᠭᠲᠠᠶ ᠪᠠᠶᠢᠵᠤ᠂ ᠰᠣᠨᠢᠨ ᠮᠡᠳᠡᠭᠡᠨ ᠤ ᠰᠡᠳᠦᠪ ᠰᠣᠩᠭᠤᠬᠤ ᠪᠠ ᠮᠡᠳᠡᠭᠡ ᠪᠢᠴᠢᠬᠦ ᠵᠡᠷᠭᠡ ᠭᠤᠤᠯ ᠮᠡᠷᠭᠡᠵᠢᠯ ᠢ ᠰᠢᠰᠲ᠋ᠧᠮ ᠲᠠᠢ ᠰᠤᠷᠤᠯᠴᠠᠬᠤ ᠪᠠᠷ ᠳᠡᠮᠵᠢᠨ᠂ ᠪᠥᠬᠦ ᠬᠤᠰᠢᠭᠤᠨ ᠤ ᠰᠣᠨᠢᠨ ᠮᠡᠳᠡᠭᠡ ᠶᠠᠷᠢᠶ᠎ᠠ ᠬᠡᠯᠡᠯᠴᠡᠭᠡᠨ ᠤ ᠠᠵᠢᠯ  ᠤᠨ ᠪᠦᠬᠦᠯᠢ ᠴᠣᠭᠴᠠ ᠶᠢᠨ ᠶᠠᠰᠤ ᠴᠢᠨᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠵᠡᠭᠦᠨ ᠦᠵᠦᠮᠦᠴᠢᠨ ᠬᠤᠰᠢᠭᠤᠨ ᠤ ᠠᠵᠤ ᠠᠬᠤᠶ ᠨᠡᠶᠢᠭᠡᠮ ᠤᠨ ᠬᠥᠭᠵᠢᠯᠲᠡ ᠳᠤ ᠨᠠᠩ ᠰᠠᠶᠢᠲᠤᠷ ᠦᠶᠯᠡᠴᠢᠯᠡᠬᠦ᠂ ᠢᠳᠡᠪᠬᠢ ᠬᠦᠴᠦᠨ ᠢ ᠤᠯᠠᠮᠵᠢᠯᠠᠬᠤ ᠳᠤ ᠪᠠᠲᠤ ᠪᠠᠬᠢ ᠰᠠᠭᠤᠷᠢ ᠶᠢ ᠲᠠᠯᠪᠢᠵᠤ ᠥᠭᠴᠡᠶ᠃      ᠬᠤᠰᠢᠭᠤ ᠬᠠᠮ ᠵᠠᠭᠤᠴᠢᠯᠠᠭᠤᠷ ᠤᠨ ᠲᠥᠪ ᠤᠨ ᠪᠦᠬᠦ ᠰᠤᠷᠪᠤᠯᠵᠢᠯᠠᠨ ᠨᠠᠶᠢᠷᠠᠭᠤᠯᠬᠤ ᠠᠵᠢᠯᠲᠠᠨ᠂ ᠡᠯ᠎ᠡ ᠭᠠᠵᠠᠷ ᠡᠯ᠎ᠡ ᠰᠠᠯᠠᠭ᠎ᠠ ᠮᠥᠴᠢᠷ ᠤᠨ ᠴᠢᠮᠡᠭᠡᠯᠡᠭᠴᠢ ᠪᠣᠯᠪᠠᠰᠤᠷᠠᠯ ᠳᠤ ᠣᠷᠣᠯᠴᠠᠪᠠ᠃
 
ᠢᠷᠡᠯᠲᠡ᠄ ᠵᠡᠬᠦᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号