︽2024 ᠣᠨ ᠤ ᠨᠠᠮᠤᠷ ᠤᠨ ᠤᠯᠠᠷᠢᠯ ᠤᠨ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠴᠢᠩᠭ᠎ᠠ ᠰᠡᠷᠭᠡᠶᠢᠯᠡᠯᠲᠡ ᠶᠢᠨ ᠲᠤᠬᠠᠶ ᠵᠡᠭᠦᠨ ᠦᠵᠦᠮᠦᠴᠢᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠵᠠᠷᠯᠢᠭ︾
ᠨᠡᠶᠢᠲᠡᠯᠡᠭᠰᠡᠨ ᠴᠠᠭ᠄
2024/12/5
      ᠨᠢᠭᠡ᠂ ᠲᠣᠭᠲᠠᠭᠠᠬᠤ ᠶᠢᠨ ᠴᠢᠬᠤᠯᠠ ᠴᠢᠨᠠᠷ      ᠡᠨᠡ ᠵᠢᠯ ᠤᠨ ᠵᠤᠨ ᠠᠴᠠ ᠨᠠᠰᠢ᠂ ᠪᠦᠭᠦ ᠬᠤᠰᠢᠭᠤᠨ ᠤ ᠬᠤᠷ᠎ᠠ ᠲᠣᠨᠣᠳᠠᠰᠤ ᠢᠯᠡᠳᠲᠡ ᠠᠷᠪᠢᠨ᠂ ᠤᠷᠭᠤᠮᠠᠯ ᠤᠨ ᠬᠤᠴᠢᠯᠭ᠎ᠠ ᠢᠭᠴᠤ ᠰᠠᠬᠤᠯᠢᠭ ᠪᠠᠶᠢᠵᠤ᠂ ᠨᠠᠮᠤᠷ ᠤᠨ ᠤᠯᠠᠷᠢᠯ ᠳᠤ ᠤᠷᠤᠭᠰᠠᠨ ᠤ ᠳᠠᠷᠠᠭ᠎ᠠ᠂ ᠰᠢᠲᠠᠮᠠᠬᠠᠶ ᠪᠣᠳᠠᠰ ᠤᠨ ᠳᠠᠭᠠᠭᠠᠴᠠ ᠦᠷᠭᠦᠯᠵᠢᠯᠡᠨ ᠨᠡᠮᠡᠭᠳᠡᠵᠦ᠂ ᠭᠠᠩ ᠬᠠᠭᠤᠷᠠᠶ ᠪᠣᠯᠵᠤ᠂ ᠭᠠᠯ ᠤᠨ ᠭᠠᠮᠰᠢᠭ ᠤᠨ ᠳᠠᠯᠳᠠ ᠭᠡᠮ ᠶᠡᠭᠡ ᠪᠠᠷ ᠨᠡᠮᠡᠭᠳᠡᠨ᠂ ᠭᠠᠯ ᠰᠡᠷᠭᠡᠶᠢᠯᠡᠨ ᠤᠨᠲᠠᠷᠠᠭᠠᠬᠤ ᠪᠠᠶᠢᠳᠠᠯ ᠲᠡᠶᠢᠮᠦ ᠰᠠᠶᠢᠨ ᠪᠢᠰᠢ ᠪᠠᠶᠢᠵᠤ᠂ ᠭᠠᠯ ᠰᠡᠷᠭᠡᠶᠢᠯᠡᠨ ᠤᠨᠲᠠᠷᠠᠭᠠᠬᠤ ᠡᠭᠦᠷᠭᠡ ᠲᠦᠢᠯ ᠤᠨ ᠬᠠᠲᠠᠭᠤ ᠪᠡᠷᠬᠡ ᠪᠠᠶᠢᠨ᠎ᠠ᠃ ᠪᠥᠬᠦ ᠬᠤᠰᠢᠭᠤᠨ ᠤ ᠨᠠᠮᠤᠷ ᠤᠨ ᠤᠯᠠᠷᠢᠯ ᠤᠨ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠵᠦ᠂ ᠣᠶ ᠰᠢᠭᠤᠶ ᠨᠤᠲᠤᠭ ᠪᠡᠯᠴᠢᠭᠡᠷ ᠤᠨ ᠭᠠᠯ ᠤᠨ ᠭᠠᠮᠰᠢᠭ ᠡᠭᠦᠰᠬᠦ ᠶᠢ ᠡᠷᠡᠰ ᠬᠤᠷᠢᠭᠯᠠᠨ᠂ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠪᠠ ᠣᠶ ᠰᠢᠭᠤᠶ ᠨᠤᠲᠤᠭ ᠪᠡᠯᠴᠢᠭᠡᠷ ᠤᠨ ᠡᠬᠢ ᠪᠠᠶᠠᠯᠢᠭ ᠤᠨ ᠠᠮᠤᠷ ᠲᠦᠪᠰᠢᠨ ᠢ ᠪᠠᠲᠤᠯᠠᠬᠤ ᠶᠢᠨ ᠲᠥᠯᠥᠭᠡ᠂ ᠲᠤᠰ ᠵᠠᠷᠯᠢᠭ ᠢ ᠲᠤᠭᠲᠠᠭᠠᠪᠠ᠃      ᠬᠤᠶᠠᠷ᠂ ᠲᠣᠭᠲᠠᠭᠠᠭᠰᠠᠨ ᠦᠨᠳᠦᠰᠦᠯᠡᠯ      ︽ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠲᠦᠷᠢᠮ︾ ︽ᠣᠶ ᠰᠢᠭᠤᠶ ᠶᠢᠨ ᠭᠠᠯ ᠰᠡᠷᠭᠡᠶᠢᠯᠡᠬᠦ ᠲᠦᠷᠢᠮ︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠲᠦᠷᠢᠮ︾᠎ ᠤᠨ ᠬᠤᠯᠪᠣᠭᠳᠠᠯ ᠪᠥᠬᠦᠶ ᠲᠣᠭᠲᠠᠭᠠᠯ ᠢ ᠦᠨᠳᠦᠰᠦᠯᠡᠨ᠂ ᠮᠠᠨ ᠤ ᠬᠤᠰᠢᠭᠤᠨ ᠤ ᠪᠣᠳᠠᠲᠠᠶ ᠲᠠᠢ ᠪᠠᠨ ᠤᠶᠠᠯᠳᠤᠭᠤᠯᠤᠨ᠂ 2024 ᠣᠨ ᠤ ᠨᠠᠮᠤᠷ ᠤᠨ ᠤᠯᠠᠷᠢᠯ ᠤᠨ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠴᠢᠩᠭ᠎ᠠ ᠰᠡᠷᠭᠡᠶᠢᠯᠡᠯᠲᠡ ᠶᠢᠨ ᠵᠠᠷᠯᠢᠭ ᠢ ᠲᠣᠭᠲᠠᠭᠠᠪᠠ᠃      ᠭᠤᠷᠪᠠ᠂ ᠭᠤᠣᠯ ᠠᠭᠤᠯᠭ᠎ᠠ      ︵ᠨᠢᠭᠡ︶ ᠭᠠᠯ ᠰᠡᠷᠭᠡᠶᠢᠯᠡᠬᠦ ᠬᠤᠭᠤᠴᠠᠭ᠎ᠠ ᠄ 2024 ᠣᠨ ᠤ 9 ᠰᠠᠷ᠎ᠠ ᠶᠢᠨ 15᠎ ᠤ ᠡᠳᠦᠷ ᠠᠴᠠ 11 ᠰᠠᠷ᠎ᠠ ᠶᠢᠨ 15᠎ ᠤ ᠡᠳᠦᠷ ᠪᠣᠯᠲᠠᠯ᠎ᠠ᠃      ︵ᠬᠤᠶᠠᠷ︶ ᠭᠠᠯ ᠰᠡᠷᠭᠡᠶᠢᠯᠡᠬᠦ ᠣᠷᠤᠨ᠄ ᠡᠯ᠎ᠡ ᠰᠣᠮᠣ ᠪᠠᠯᠭᠠᠰᠤᠨ ᠤ ᠰᠠᠭᠤᠭ᠎ᠠ ᠭᠠᠵᠠᠷ ᠠᠴᠠ ᠭᠠᠳᠠᠨ᠎ᠠ᠂ ᠵᠡᠭᠦᠨ ᠦᠵᠦᠮᠦᠴᠢᠨ ᠬᠤᠰᠢᠭᠤᠨ ᠤ ᠪᠥᠬᠦ ᠬᠢᠵᠠᠭᠠᠷ ᠨᠢ ᠴᠥᠮ ᠭᠠᠯ ᠰᠡᠷᠭᠡᠶᠢᠯᠡᠬᠦ ᠴᠢᠩᠭ᠎ᠠ ᠬᠠᠮᠢᠶᠠᠷᠤᠯᠲᠠ ᠶᠢᠨ ᠲᠣᠭᠤᠷᠢᠭ ᠪᠣᠯᠤᠨ᠎ᠠ᠃      ︵ᠭᠤᠷᠪᠠ︶ ᠭᠤᠣᠯ ᠠᠭᠤᠯᠭ᠎ᠠ      ⒈ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠴᠢᠩᠭ᠎ᠠ ᠰᠡᠷᠭᠡᠶᠢᠯᠡᠯᠲᠡ ᠶᠢᠨ ᠬᠤᠭᠤᠴᠠᠭᠠᠨ ᠳᠤ᠂ ᠶᠠᠮᠠᠷᠪᠠ ᠨᠡᠭᠡᠴᠡ ᠵᠢᠴᠢ ᠬᠤᠪᠢ ᠬᠥᠮᠦᠨ ᠰᠢᠭᠤᠶᠢᠲᠤ ᠣᠷᠣᠨ᠂ ᠨᠤᠲᠤᠭ ᠪᠡᠯᠴᠢᠭᠡᠷ ᠤᠨ ᠳᠣᠲᠣᠷ᠎ᠠ ᠬᠡᠭᠡᠷ᠎ᠡ ᠭᠠᠳᠠᠨ᠎ᠠ ᠲᠣᠭᠲᠠᠭᠠᠯ ᠠᠴᠠ ᠵᠥᠷᠢᠴᠡᠨ ᠭᠠᠯ ᠬᠡᠷᠡᠭᠯᠡᠬᠦ ᠶᠢ ᠴᠠᠭᠠᠵᠠᠯᠠᠨ᠂ ᠭᠠᠯ ᠬᠡᠷᠡᠭᠯᠡᠬᠦ ᠪᠣᠶ ᠪᠥᠬᠦᠶ ᠨᠡᠭᠡᠴᠡ ᠪᠠ ᠰᠠᠭᠤᠭᠠᠯᠢ ᠠᠷᠠᠳ ᠴᠢᠩᠭ᠎ᠠ ᠰᠡᠷᠭᠡᠶᠢᠯᠡᠯᠲᠡ ᠶᠢᠨ ᠵᠠᠷᠯᠢᠭ ᠤᠨ ᠲᠣᠭᠲᠠᠭᠠᠯ ᠢ ᠴᠢᠩᠭ᠎ᠠ ᠵᠢᠷᠤᠮᠯᠠᠨ ᠬᠡᠷᠡᠭᠵᠢᠭᠦᠯᠵᠦ᠂ ᠲᠠᠪᠤᠳᠤᠭᠠᠷ ᠳᠡᠰ ᠠᠴᠠ ᠳᠡᠭᠡᠭᠰᠢᠬᠢ ᠰᠠᠯᠬᠢᠨ ᠳᠤ ᠬᠡᠭᠡᠷ᠎ᠡ ᠭᠠᠳᠠᠨ᠎ᠠ ᠭᠠᠯ ᠬᠡᠷᠡᠭᠯᠡᠬᠦ ᠶᠢ ᠡᠷᠡᠰ ᠴᠠᠭᠠᠵᠠᠯᠠᠨ᠎ᠠ᠃      ⒉ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠴᠢᠩᠭ᠎ᠠ ᠰᠡᠷᠭᠡᠶᠢᠯᠡᠯᠲᠡ ᠶᠢᠨ ᠬᠤᠭᠤᠴᠠᠭᠠᠨ ᠳᠤ᠂ ᠰᠢᠭᠤᠶᠢᠲᠤ ᠣᠷᠣᠨ᠂ ᠨᠤᠲᠤᠭ ᠪᠡᠯᠴᠢᠭᠡᠷ ᠤᠨ ᠬᠤᠭ ᠨᠣᠪᠰᠢ ᠰᠢᠲᠠᠭᠠᠬᠤ᠂ ᠡᠪᠡᠰᠦ   ᠰᠢᠲᠠᠭᠠᠬᠤ᠂ ᠲᠠᠮᠠᠬᠢ ᠲᠠᠲᠠᠬᠤ᠂ ᠭᠠᠯ ᠢᠶᠠᠷ ᠡᠭᠡᠭᠡᠬᠦ᠂ ᠬᠡᠭᠡᠷ᠎ᠡ ᠬᠤᠭᠤᠯᠠᠯᠠᠬᠤ ᠵᠡᠷᠭᠡ ᠬᠡᠭᠡᠷ᠎ᠡ ᠭᠠᠳᠠᠨ᠎ᠠ ᠭᠠᠯ ᠬᠡᠷᠡᠭᠯᠡᠬᠦ ᠶᠢ ᠴᠠᠭᠠᠵᠠᠯᠠᠵᠤ᠂ ᠡᠯ᠎ᠡ ᠰᠤᠮᠤ ᠪᠠᠯᠭᠠᠰᠤ ︵ᠲᠠᠯᠠᠪᠠᠶ︶᠎ ᠨᠢ ᠲᠣᠭᠤᠷᠢᠨ ᠬᠠᠮᠠᠭᠠᠯᠠᠬᠤ ᠨᠢᠭᠲᠠᠴᠠ ᠪᠠ ᠤᠳᠠᠭ᠎ᠠ ᠪᠠᠨ ᠨᠡᠮᠡᠭᠳᠡᠭᠦᠯᠦᠨ᠂ ᠲᠣᠭᠲᠠᠭᠠᠯ ᠠᠴᠠ ᠵᠥᠷᠢᠴᠡᠨ ᠬᠡᠭᠡᠷ᠎ᠡ ᠭᠠᠳᠠᠨ᠎ᠠ ᠭᠠᠯ ᠬᠡᠷᠡᠭᠯᠡᠬᠦ ᠳᠤ ᠴᠣᠬᠢᠯᠲᠠ ᠥᠭᠬᠦ ᠡᠷᠴᠢᠮ ᠢᠶᠠᠨ         ᠴᠢᠩᠭᠠᠷᠠᠭᠤᠯᠵᠤ᠂ ᠰᠢᠭᠤᠶᠢᠲᠤ ᠣᠷᠣᠨ ᠤ ᠨᠤᠲᠤᠭ ᠪᠡᠯᠴᠢᠭᠡᠷ ᠲᠤ ᠭᠠᠯ ᠬᠡᠷᠡᠭᠯᠡᠬᠦ ᠶᠢ ᠴᠢᠩᠭ᠎ᠠ ᠴᠠᠭᠠᠵᠠᠯᠠᠨ᠎ᠠ︔ ᠭᠠᠯ ᠰᠡᠷᠭᠡᠶᠢᠯᠡᠬᠦ ᠲᠦᠬᠦᠭᠡᠷᠦᠮᠵᠢ ᠤᠭᠰᠠᠷᠠᠭᠰᠠᠨ ᠥᠬᠡᠶ ᠬᠦᠳᠡᠯᠭᠡᠭᠦᠷᠲᠦ ᠮᠠᠰᠢᠨ ᠲᠡᠷᠭᠡ ᠶᠢᠨ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠴᠢᠩᠭ᠎ᠠ ᠰᠡᠷᠭᠡᠶᠢᠯᠡᠯᠲᠡ ᠶᠢᠨ ᠬᠤᠭᠤᠴᠠᠭᠠᠨ ᠳᠤ ᠠᠵᠢᠯᠯᠠᠬᠤ ᠶᠢ ᠴᠢᠩᠭ᠎ᠠ ᠴᠠᠭᠠᠵᠠᠯᠠᠵᠤ᠂ ᠭᠠᠯ ᠤᠨ ᠠᠶᠤᠯ ᠤᠨ ᠳᠠᠯᠳᠠ ᠬᠡᠮ ᠢ ᠡᠷᠡᠰ ᠠᠷᠢᠯᠭᠠᠨ᠎ᠠ᠃      ⒊ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠴᠢᠩᠭ᠎ᠠ ᠰᠡᠷᠭᠡᠶᠢᠯᠡᠯᠲᠡ ᠶᠢᠨ ᠬᠤᠭᠤᠴᠠᠭᠠᠨ ᠳᠤ᠂ ᠲᠡᠮᠦᠷ ᠵᠠᠮ᠂ ᠵᠠᠰᠠᠮᠠᠯ ᠵᠠᠮ᠂ ᠴᠠᠬᠢᠯᠭᠠᠨ ᠬᠦᠴᠦᠨ᠂ ᠰᠢᠯᠵᠢᠮᠡᠯ ᠴᠢᠮᠡᠭᠡ ᠬᠤᠯᠪᠣᠭ᠎ᠠ᠂ ᠴᠢᠯᠠᠭᠤᠨ ᠲᠣᠰᠣ᠂ ᠰᠢᠲᠠᠮᠠᠬᠠᠶ ᠬᠡᠶ᠂ ᠬᠢᠮᠢ ᠶᠢᠨ ᠠᠵᠤ ᠦᠢᠯᠡᠳᠪᠦᠷᠢ ᠶᠢᠨ ᠬᠤᠭᠤᠯᠠᠶ ᠶᠢᠨ ᠬᠠᠮᠢᠶᠠᠷᠤᠯᠲᠠ ᠶᠢᠨ ᠨᠢᠭᠡᠴᠡ ᠪᠠ ᠦᠢᠯᠡᠳᠪᠦᠷᠢ ᠠᠭᠤᠷᠬᠠᠶ ᠶᠢᠨ ᠠᠵᠤ ᠠᠬᠤᠶᠢᠯᠠᠯ ᠤᠳ ᠬᠡᠭᠡᠷ᠎ᠡ ᠭᠠᠳᠠᠨ᠎ᠠ ᠪᠠᠷᠢᠯᠭ᠎ᠠ ᠶᠢᠨ ᠠᠵᠢᠯ ᠬᠢᠵᠦ᠂ ᠭᠠᠯ ᠤᠨ ᠠᠶᠤᠯ ᠠᠮᠠᠷᠬᠠᠨ ᠡᠭᠦᠰᠬᠦ ᠭᠠᠵᠠᠷ ᠲᠤ ᠭᠠᠯ ᠰᠡᠷᠭᠡᠶᠢᠯᠡᠬᠦ ᠲᠤᠰᠠᠭᠠᠷᠯᠠᠬᠤ ᠪᠦᠰᠡ ᠭᠠᠷᠭᠠᠭᠰᠠᠨ ᠥᠬᠡᠶ ᠪᠠᠶᠢᠪᠠᠯ᠂ ᠡᠯ᠎ᠡ ᠰᠤᠮᠤ ᠪᠠᠯᠭᠠᠰᠤ ︵ᠲᠠᠯᠠᠪᠠᠶ︶᠎ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ ᠠᠴᠠ ᠵᠠᠷᠯᠢᠭᠳᠠᠵᠤ ᠴᠡᠭᠴᠡᠯᠡᠨ᠂ ᠲᠣᠭᠲᠠᠭᠰᠠᠨ ᠬᠤᠭᠤᠴᠠᠭᠠᠨ ᠳᠤ ᠴᠡᠭᠴᠡᠯᠡᠨ ᠰᠠᠶᠢᠵᠢᠷᠠᠭᠤᠯᠬᠤ ᠶᠢ ᠪᠡᠶᠡᠯᠡᠭᠦᠯᠦᠭᠰᠡᠨ ᠥᠬᠡᠶ ᠦᠢᠯᠡ ᠪᠠᠶᠢᠳᠠᠯ ᠳᠤ ᠰᠡᠷᠡᠮᠵᠢ ᠥᠭᠬᠦ᠂ ᠵᠣᠭᠤᠰ ᠢᠶᠠᠷ ᠲᠣᠷᠭᠠᠬᠤ᠂ ᠵᠠᠰᠠᠭ ᠵᠠᠬᠢᠷᠭᠠᠨ ᠤ ᠲᠦᠷ ᠬᠤᠷᠢᠬᠤ ᠵᠡᠷᠭᠡ ᠪᠠᠷ ᠰᠢᠳᠬᠡᠵᠦ᠂ ᠣᠶ ᠰᠢᠭᠤᠶ ᠨᠤᠲᠤᠭ ᠪᠡᠯᠴᠢᠭᠡᠷ ᠤᠨ ᠭᠠᠯ ᠤᠨ ᠠᠶᠤᠯ ᠭᠠᠷᠭᠠᠭᠰᠠᠨ ᠪᠠᠶᠢᠪᠠᠯ ᠬᠠᠤᠯᠢ ᠶᠣᠰᠣᠭᠠᠷ ᠲᠦᠯᠦᠵᠦ᠂ ᠭᠠᠯ ᠤᠨᠲᠠᠷᠠᠭᠠᠬᠤ ᠰᠦᠢᠳᠬᠡᠯ ᠢ ᠡᠭᠦᠷᠭᠡᠯᠡᠵᠦ᠂ ᠶᠠᠯ᠎ᠠ ᠳᠤ ᠬᠦᠷᠦᠭᠰᠡᠨ ᠪᠠᠶᠢᠪᠠᠯ᠂ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃      ⒋ ᠡᠯ᠎ᠡ ᠰᠤᠮᠤ ᠪᠠᠯᠭᠠᠰᠤ ︵ᠲᠠᠯᠠᠪᠠᠶ︶ ᠵᠢᠴᠢ ᠰᠠᠯᠠᠭ᠎ᠠ ᠮᠥᠴᠢᠷ ᠲᠤ ᠪᠣᠳᠠᠲᠠᠶ ᠠᠵᠢᠯ ᠤᠨ ᠱᠠᠭᠠᠷᠳᠠᠯᠭ᠎ᠠ ᠳᠤᠷᠠᠳᠪᠠ᠃      ⒌ᠴᠢᠩᠭ᠎ᠠ ᠰᠡᠷᠭᠡᠶᠢᠯᠡᠯᠲᠡ ᠶᠢᠨ ᠵᠠᠷᠯᠢᠭ ᠠᠴᠠ ᠵᠥᠷᠢᠴᠡᠭᠰᠡᠳ ᠢ ︽ᠣᠶ ᠰᠢᠭᠤᠶ ᠶᠢᠨ ᠭᠠᠯ ᠰᠡᠷᠭᠡᠶᠢᠯᠡᠬᠦ ᠲᠦᠷᠢᠮ︾᠂ ︽ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠲᠦᠷᠢᠮ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠲᠦᠷᠢᠮ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠮᠤᠷ ᠢ ᠬᠠᠮᠠᠭᠠᠯᠠᠬᠤ ᠬᠠᠮᠢᠶᠠᠷᠤᠯᠲᠠ ᠶᠢᠨ ᠰᠢᠳᠬᠡᠯ ᠤᠨ ᠬᠠᠤᠯᠢ︾ ᠵᠡᠷᠭᠡ ᠬᠤᠯᠪᠣᠭᠳᠠᠯ ᠪᠥᠬᠦᠶ ᠲᠣᠭᠲᠠᠭᠠᠯ ᠶᠣᠰᠣᠭᠠᠷ᠂ ᠦᠢᠯᠡ ᠪᠠᠶᠢᠳᠠᠯ ᠢ ᠨᠢ ᠦᠵᠡᠵᠦ ᠪᠠᠶᠢᠭᠠᠳ ᠰᠡᠷᠡᠮᠵᠢ ᠥᠭᠬᠦ᠂ ᠵᠣᠭᠤᠰ ᠢᠶᠠᠷ ᠲᠣᠷᠭᠠᠬᠤ᠂ ᠵᠠᠰᠠᠭ ᠵᠠᠬᠢᠷᠭᠠᠨ ᠤ ᠲᠦᠷ ᠬᠤᠷᠢᠬᠤ ᠵᠡᠷᠭᠡ ᠰᠢᠢᠳᠬᠡᠯ ᠥᠭᠭᠦᠨ᠎ᠡ︔ ᠣᠶ ᠰᠢᠭᠤᠶ ᠨᠤᠲᠤᠭ ᠪᠡᠯᠴᠢᠭᠡᠷ ᠤᠨ ᠭᠠᠯ ᠤᠨ ᠠᠶᠤᠯ ᠭᠠᠷᠭᠠᠭᠰᠠᠨ ᠪᠠᠶᠢᠪᠠᠯ᠂ ᠣᠶ ᠰᠢᠭᠤᠶ ᠨᠤᠲᠤᠭ ᠪᠡᠯᠴᠢᠭᠡᠷ ᠤᠨ ᠬᠤᠬᠢᠷᠠᠯ ᠢ ᠬᠠᠤᠯᠢ ᠶᠣᠰᠣᠭᠠᠷ ᠲᠥᠯᠥᠵᠦ᠂ ᠭᠠᠯ ᠤᠨᠲᠠᠷᠠᠭᠠᠬᠤ ᠵᠠᠷᠤᠳᠠᠯ ᠢ ᠡᠭᠦᠷᠭᠡᠯᠡᠵᠦ᠂ ᠶᠠᠯ᠎ᠠ ᠳᠤ ᠬᠦᠷᠦᠭᠰᠡᠨ ᠪᠠᠶᠢᠪᠠᠯ᠂ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃    ⒍ ᠬᠢᠨᠠᠯᠲᠠ ᠲᠠᠯᠪᠢᠵᠤ ᠢᠯᠡᠴᠢᠯᠡᠨ ᠮᠡᠳᠡᠭᠦᠯᠬᠦ ᠤᠲᠠᠰᠤ᠄ 6709688 ︵ᠬᠤᠰᠢᠭᠤ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ︶︔ 3221814 ︵ᠬᠤᠰᠢᠭᠤ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠦᠢᠯᠡᠴᠢᠯᠡᠭᠡᠨ ᠤ ᠲᠥᠪ︶︔ 12119 ︵ᠬᠤᠰᠢᠭᠤ ᠣᠶ ᠰᠢᠭᠤᠶ ᠶᠢᠨ ᠭᠠᠯ ᠤᠨᠲᠠᠷᠠᠭᠠᠬᠤ ᠶᠡᠭᠡ ᠠᠩᠭᠢ︶ 3226882 ︵ᠬᠤᠰᠢᠭᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ︶
 
ᠢᠷᠡᠯᠲᠡ᠄ ᠵᠡᠭᠦᠨ ᠦᠵᠦᠮᠦᠴᠢᠨ ᠬᠤᠰᠢᠭᠤᠨ ᠤ ᠵᠠᠰᠠᠭ ᠤᠨ ᠣᠷᠳᠣᠨ ᠤ ᠠᠯᠪᠠᠨ ᠬᠡᠷ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号