ᠵᠡᠭᠦᠨ ᠦᠵᠦᠮᠦᠴᠢᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ ᠤ ᠠᠯᠪᠠᠨ ᠭᠡᠷ ᠤᠨ ᠶᠡᠷᠦᠩᠬᠡᠶᠢᠯᠡᠭᠰᠡᠨ ᠨᠢᠭᠡᠳᠦᠭᠡᠷ ᠲᠠᠰᠤᠭ
ᠨᠡᠶᠢᠲᠡᠯᠡᠭᠰᠡᠨ ᠴᠠᠭ᠄
2024/12/5
       ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ᠂ ᠪᠥᠬᠦᠳᠡ ᠬᠤᠷᠠᠯ᠂ ᠪᠠᠶᠢᠩᠭᠤ ᠶᠢᠨ ᠬᠤᠷᠠᠯ᠂ ᠬᠤᠰᠢᠭᠤ ᠳᠠᠷᠤᠭ᠎ᠠ ᠶᠢᠨ ᠠᠯᠪᠠᠨ ᠠᠵᠢᠯ ᠤᠨ ᠬᠤᠷᠠᠯ ᠤᠨ ᠪᠡᠯᠡᠳᠬᠡᠯ᠂ ᠬᠤᠷᠠᠯ ᠤᠨ ᠶᠠᠪᠤᠳᠠᠯ ᠵᠢᠴᠢ ᠲᠡᠮᠳᠡᠭᠯᠡᠯ ᠪᠠ ᠲᠣᠪᠴᠢ ᠶᠢ ᠡᠮᠬᠢᠯᠡᠬᠦ ᠠᠵᠢᠯ ᠢ ᠬᠠᠷᠢᠭᠤᠴᠠᠨ᠎ᠠ᠃ ᠵᠠᠰᠠᠭ ᠤᠨ ᠣᠷᠳᠣᠨ ᠤ ᠭᠤᠤᠯ ᠣᠳᠤᠷᠢᠳᠤᠯᠭ᠎ᠠ ᠶᠢᠨ ᠡᠬᠡ ᠪᠢᠴᠢᠭ ᠲᠤᠭᠤᠷᠪᠢᠬᠤ᠂ ᠬᠢᠨᠠᠨ ᠬᠠᠷᠭᠤᠭᠤᠯᠬᠤ ᠪᠠ ᠵᠠᠰᠠᠭ ᠤᠨ ᠶᠠᠪᠤᠳᠠᠯ ᠤᠨ ᠠᠵᠢᠯᠯᠠᠭ᠎ᠠ ᠶᠢᠨ ᠲᠣᠬᠢᠷᠠᠭᠤᠯᠤᠯᠲᠠ᠂ ᠵᠣᠬᠢᠶᠠᠨ ᠪᠠᠶᠢᠭᠤᠯᠵᠤ ᠵᠣᠬᠢᠴᠠᠭᠤᠯᠬᠤ ᠦᠢᠯᠡᠴᠢᠯᠡᠭᠡᠨ ᠤ ᠠᠵᠢᠯ ᠢ ᠬᠠᠷᠢᠭᠤᠴᠠᠨ᠎ᠠ᠃ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠡᠳᠦᠷ ᠲᠤᠲᠤᠮ ᠤᠨ ᠠᠵᠢᠯ ᠢ ᠬᠠᠷᠢᠭᠤᠴᠠᠨ᠎ᠠ᠃ ᠲᠥᠪ ᠪᠠ ᠥᠪᠡᠷᠲᠡᠭᠡᠨ ᠵᠠᠰᠠᠬᠤ ᠣᠷᠣᠨ ᠵᠢᠴᠢ ᠠᠶᠢᠮᠠᠭ ᠤᠨ ᠨᠠᠮ ᠤᠨ ᠬᠤᠷᠢᠶ᠎ᠠ᠂ ᠠᠶᠢᠮᠠᠭ ᠤᠨ ᠵᠠᠬᠢᠷᠭ᠎ᠠ ᠶᠢᠨ ᠬᠤᠯᠪᠣᠭᠳᠠᠯ ᠪᠦᠬᠦᠢ ᠴᠢᠬᠤᠯᠠ ᠶᠡᠭᠡ ᠣᠨᠣᠯ᠂ ᠲᠥᠷᠥ ᠶᠢᠨ ᠪᠣᠳᠣᠯᠭ᠎ᠠ ᠶᠢ ᠴᠤᠭᠯᠠᠭᠤᠯᠤᠨ ᠡᠮᠬᠢᠳᠬᠡᠬᠦ᠂ ᠰᠤᠳᠤᠯᠬᠤ ᠶᠢ ᠬᠠᠷᠢᠭᠤᠴᠠᠵᠤ᠂ ᠵᠠᠰᠠᠭ ᠤᠨ ᠣᠷᠳᠣᠨ ᠤ ᠭᠤᠤᠯ ᠠᠵᠢᠯ ᠤᠨ ᠲᠣᠭᠤᠷᠢᠨ ᠳᠤ ᠬᠠᠨᠳᠤᠯᠭᠠᠲᠤ ᠴᠢᠨᠠᠷᠲᠠᠶ ᠪᠠᠷ ᠪᠠᠶᠢᠴᠠᠭᠠᠨ ᠰᠤᠳᠤᠯᠤᠯᠲᠠ ᠥᠷᠨᠢᠭᠦᠯᠵᠦ᠂ ᠠᠵᠢᠯ ᠤᠨ ᠰᠠᠨᠠᠭᠤᠯᠭ᠎ᠠ ᠳᠤᠷᠠᠳᠤᠨ᠎ᠠ᠃ ᠵᠠᠰᠠᠭ ᠤᠨ ᠣᠷᠳᠣᠨ ᠤ ᠭᠤᠣᠯ ᠤᠳᠤᠷᠢᠳᠤᠯᠭ᠎ᠠ ᠶᠢᠨ ᠥᠭᠡᠷᠡᠴᠢᠯᠡᠯᠲᠡ ᠶᠢᠨ ᠬᠦᠷᠢᠶᠡᠨ ᠤ ᠠᠵᠢᠯ ᠢ ᠬᠠᠷᠢᠭᠤᠴᠠᠨ ᠡᠭᠦᠷᠭᠡᠯᠡᠨ᠎ᠡ᠃
 
ᠢᠷᠡᠯᠲᠡ᠄ ᠵᠡᠭᠦᠨ ᠦᠵᠦᠮᠦᠴᠢᠨ ᠬᠤᠰᠢᠭᠤᠨ ᠤ ᠵᠠᠰᠠᠭ ᠤᠨ ᠣᠷᠳᠣᠨ ᠤ ᠠᠯᠪᠠᠨ ᠬᠡᠷ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号