7 ᠳ᠋ᠤᠭᠠᠷ ᠰᠠᠷ᠎ᠠ ᠶᠢᠨ ᠵᠡᠭᠦᠨ ᠦᠵᠦᠮᠦᠴᠢᠨ ᠬᠤᠰᠢᠭᠤᠨ ᠤ ᠪᠥᠬᠦ ᠬᠤᠰᠢᠭᠤᠨ ᠤ ᠴᠢᠬᠤᠯᠠ ᠵᠠᠰᠠᠭ ᠤᠨ ᠶᠠᠪᠤᠳᠠᠯ ᠤᠨ ᠠᠵᠢᠯᠯᠠᠭ᠎ᠠ
ᠨᠡᠶᠢᠲᠡᠯᠡᠭᠰᠡᠨ ᠴᠠᠭ᠄
2024/12/5
      7 ᠰᠠᠷ᠎ᠠ ᠶᠢᠨ 2 ᠤᠨ ᠡᠳᠦᠷ   ᠪᠦᠬᠦ ᠬᠤᠰᠢᠭᠤᠨ ᠤ ᠤᠳᠤᠷᠢᠳᠬᠤ ᠺᠠᠳ᠋ᠷ ᠤᠨ ᠰᠡᠷᠡᠮᠵᠢᠯᠡᠭᠦᠯᠬᠦ ᠬᠥᠮᠦᠵᠢᠯ ᠤᠨ ᠬᠤᠷᠠᠯ ᠬᠢᠪᠡ᠃ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤ ᠳᠠᠷᠤᠭ᠎ᠠ ᠵᠧᠤ ᠢᠦᠶ ᠯᠦᠩ ᠬᠤᠷᠠᠯ ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠶ᠃ ᠬᠤᠷᠠᠯ ᠠᠴᠠ ᠴᠢᠬᠤᠯᠠᠴᠢᠯᠠᠭᠰᠠᠨ ᠨᠢ᠂ ᠪᠥᠬᠦ ᠬᠤᠰᠢᠭᠤᠨ ᠤ ᠥᠷᠭᠡᠨ ᠣᠯᠠᠨ ᠨᠠᠮ ᠤᠨ ᠭᠡᠰᠢᠭᠦᠨ ᠤᠳᠤᠷᠢᠳᠬᠤ ᠺᠠᠳ᠋ᠷ ᠤᠯᠤᠰ ᠲᠥᠷᠥ ᠶᠢ ᠡᠷᠬᠢᠮᠯᠡᠬᠦ ᠡᠨᠡ ᠬᠦ ᠬᠥᠪᠴᠢ ᠶᠢ ᠴᠠᠭ ᠢᠮᠠᠭᠲᠠ ᠴᠢᠩᠭᠠᠯᠠᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠲᠠᠷᠢᠬᠢ ᠲᠣᠯᠣᠭᠠᠶ ᠪᠠᠨ ᠵᠡᠪᠰᠡᠭᠯᠡᠬᠦ ᠶᠢ ᠢᠮᠠᠭᠲᠠ ᠪᠠᠷᠢᠮᠲᠠᠯᠠᠵᠤ᠂ ︽ᠳᠥᠷᠪᠡᠨ ᠤᠬᠠᠮᠰᠠᠷ︾ ᠢᠶᠠᠨ ᠴᠢᠩᠭᠠᠳᠬᠠᠵᠤ᠂ ︽ᠳᠥᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠬᠦ ᠦᠵᠡᠯ ᠰᠠᠨᠠᠭᠠᠨ ᠤ ᠰᠠᠭᠤᠷᠢ ᠪᠠᠨ ᠪᠠᠲᠤᠳᠬᠠᠬᠤ ᠶᠢᠨ ᠬᠠᠮᠲᠤ ᠲᠡᠭᠦᠨ ᠢ ᠬᠦᠰᠡᠯᠡᠩ ᠢᠲᠡᠭᠡᠯ ᠪᠢᠰᠢᠷᠡᠯ ᠪᠣᠯᠭᠠᠨ ᠬᠤᠪᠢᠷᠠᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ᠬᠤᠶᠠᠷ ᠶᠡᠭᠡ ᠶᠠᠪᠤᠳᠠᠯ ᠢ ᠪᠥᠬᠦ ᠬᠦᠴᠦᠨ ᠢᠶᠠᠷ ᠢᠶᠠᠨ ᠰᠠᠶᠢᠲᠤᠷ ᠪᠡᠶᠡᠯᠡᠭᠦᠯᠬᠦ ᠬᠡᠷᠡᠭᠲᠡᠶ᠃ ᠡᠯ᠎ᠡ ᠱᠠᠲᠤᠨ ᠤ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠡᠷᠡᠰ ᠡᠭᠦᠷᠭᠡᠯᠡᠵᠦ᠂ ᠨᠠᠮ ᠤᠨ ᠵᠣᠬᠢᠶᠠᠨ ᠪᠠᠶᠢᠭᠤᠯᠤᠯᠲᠠ ᠶᠢᠨ ᠭᠤᠣᠯ ᠬᠠᠷᠢᠭᠤᠴᠠᠯᠭᠠᠲᠠᠨ ᠨᠢᠭᠡᠳᠦᠭᠡᠷ ᠬᠠᠷᠢᠭᠤᠴᠠᠯᠭᠠᠲᠠᠨ ᠤ ᠬᠠᠷᠢᠭᠤᠴᠠᠯᠭ᠎ᠠ ᠶᠢ ᠦᠨᠡᠨᠬᠦ ᠡᠭᠦᠷᠭᠡᠯᠡᠬᠦ ᠬᠡᠷᠡᠭᠲᠡᠢ᠃ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠶᠢ ᠲᠤᠰ ᠭᠠᠵᠠᠷ ᠣᠷᠣᠨ᠂ ᠲᠤᠰ ᠰᠠᠯᠠᠭ᠎ᠠ ᠮᠥᠴᠢᠷ ᠤᠨ ᠢᠶᠠᠨ ᠭᠤᠣᠯᠳᠠᠯᠭ᠎ᠠ ᠲᠠᠢ ᠠᠵᠢᠯ ᠢ ᠪᠡᠶᠡᠯᠡᠭᠦᠯᠬᠦ ᠲᠠᠢ ᠨᠢᠭᠲᠠ ᠤᠶᠠᠯᠳᠤᠭᠤᠯᠵᠤ᠂ ᠰᠤᠷᠤᠯᠴᠠᠵᠤ ᠰᠤᠳᠤᠯᠤᠨ ᠶᠠᠷᠢᠯᠴᠠᠬᠤ᠂ ᠰᠡᠷᠡᠮᠵᠢᠯᠡᠭᠦᠯᠬᠦ ᠬᠥᠮᠦᠵᠢᠯ᠂ ᠲᠠᠶᠢᠯᠤᠮᠵᠢ ᠬᠢᠵᠦ ᠪᠣᠯᠪᠠᠰᠤᠷᠠᠭᠤᠯᠬᠤ᠂ ᠪᠠᠶᠢᠴᠠᠭᠠᠨ ᠦᠵᠡᠵᠦ ᠴᠡᠭᠴᠡᠯᠡᠨ ᠰᠠᠶᠢᠵᠢᠷᠠᠭᠤᠯᠬᠤ ᠶᠢ ᠨᠠᠷᠢᠨ ᠬᠢᠨᠠᠮᠠᠭᠠᠢ ᠰᠠᠶᠢᠲᠤᠷ ᠠᠳᠬᠤᠵᠤ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠰᠢᠨ᠎ᠡ ᠦᠷ᠎ᠡ ᠪᠦᠲᠦᠮᠵᠢ ᠶᠢ ᠭᠤᠣᠯ ᠠᠵᠢᠯ ᠢ ᠠᠬᠢᠭᠤᠯᠬᠤ ᠬᠦᠴᠦᠷᠬᠡᠭ ᠶᠡᠭᠡ ᠬᠥᠳᠡᠯᠭᠡᠬᠦ ᠬᠦᠴᠦᠨ ᠪᠣᠯᠭᠠᠨ ᠬᠤᠪᠢᠷᠠᠭᠤᠯᠬᠤ ᠬᠡᠷᠡᠭᠲᠡᠢ ᠭᠡᠪᠡ᠃      7 ᠰᠠᠷ᠎ᠠ ᠶᠢᠨ 4 ᠤ ᠡᠳᠦᠷ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤ ᠳᠠᠷᠤᠭ᠎ᠠ ᠵᠧᠤ ᠢᠦᠶ ᠯᠦᠩ ᠡᠩ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠬᠤᠪᠢ ᠪᠠᠷ         ︽ᠠᠷᠠᠳ ᠤᠨ ᠰᠠᠨᠠᠯ᠂ ᠲᠦᠯᠦᠭᠡᠯᠡᠭᠴᠢᠳ ᠤᠨ ᠪᠣᠯᠵᠤᠭ᠎ᠠ︾ ᠬᠠᠲᠠᠪᠴᠢ ᠪᠠᠯᠭᠠᠰᠤᠨ ᠤ ᠰᠣᠩᠭᠤᠭᠤᠯᠢ ᠶᠢᠨ ᠲᠣᠭᠤᠷᠢᠭ ᠤᠨ ᠬᠤᠰᠢᠭᠤ ᠳᠡᠰ ᠤᠨ ᠠᠷᠠᠳ ᠤᠨ ᠲᠥᠯᠥᠭᠡᠯᠡᠭᠴᠢᠳ ᠤᠨ ︽ᠬᠤᠤᠰ ᠬᠠᠷᠢᠯᠴᠠᠬᠤ︾ ᠠᠵᠢᠯᠯᠠᠭ᠎ᠠ ᠳᠤ ᠣᠷᠣᠯᠴᠠᠪᠠ᠃ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠪᠦᠦ ᠸᠠᠨ ᠬᠤᠸᠠ ᠠᠵᠢᠯᠯᠠᠭ᠎ᠠ ᠳᠤ ᠣᠷᠣᠯᠴᠠᠵᠠᠶ᠃ ᠬᠠᠳᠠᠪᠴᠢ ᠪᠠᠯᠭᠠᠰᠤᠨ ᠤ ᠰᠣᠩᠭᠤᠭᠤᠯᠢ ᠶᠢᠨ ᠲᠣᠭᠤᠷᠢᠭ ᠤᠨ ᠬᠤᠰᠢᠭᠤ ᠳᠡᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠡᠰᠡᠭ ᠲᠥᠯᠥᠭᠡᠯᠡᠭᠴᠢ ᠪᠠ ᠰᠣᠩᠭᠤᠭᠤᠯᠢ ᠶᠢᠨ ᠠᠷᠠᠳ ᠠᠵᠢᠯᠯᠠᠭ᠎ᠠ ᠳᠤ ᠣᠷᠣᠯᠴᠠᠵᠠᠶ᠃ ᠵᠧᠦ ᠢᠦᠢ ᠯᠦᠩ ᠢᠯᠡᠷᠬᠡᠶᠢᠯᠡᠬᠦ ᠳᠡᠭᠡᠨ᠂ ︽ᠠᠷᠠᠳ ᠤᠨ ᠰᠠᠨᠠᠯ᠂ ᠲᠦᠯᠦᠭᠡᠯᠡᠭᠴᠢᠳ ᠤᠨ ᠪᠣᠯᠵᠤᠭ᠎ᠠ︾ ᠬᠤᠰᠢᠭᠤ ᠳᠡᠰ ᠤᠨ ᠠᠷᠠᠳ ᠤᠨ ᠲᠥᠯᠥᠭᠡᠯᠡᠭᠴᠢᠳ ᠤᠨ ︽ᠬᠤᠤᠰ ᠬᠠᠷᠢᠯᠴᠠᠬᠤ︾ ᠠᠵᠢᠯᠯᠠᠭ᠎ᠠ ᠪᠣᠯ ᠪᠥᠬᠦ ᠶᠠᠪᠤᠴᠠ ᠶᠢᠨ ᠠᠷᠠᠳ ᠤᠨ ᠠᠷᠠᠳᠴᠢᠯᠠᠯ ᠢ ᠦᠢᠯᠡᠳᠦᠯᠭᠡᠵᠢᠭᠦᠯᠬᠦ ᠴᠢᠬᠤᠯᠠ ᠭᠠᠷᠳᠠᠴᠠ ᠮᠥᠨ᠂ ᠠᠷᠠᠳ ᠤᠨ ᠲᠥᠯᠥᠭᠡᠯᠡᠭᠴᠢ ᠬᠢᠭᠡᠳ ᠠᠷᠠᠳ ᠣᠯᠠᠨ ᠤ ᠬᠠᠷᠢᠯᠴᠠᠭ᠎ᠠ ᠶᠢ ᠴᠢᠩᠭᠠᠳᠬᠠᠬᠤ ᠴᠢᠬᠤᠯᠠ ᠠᠷᠭ᠎ᠠ ᠬᠡᠮᠵᠢᠶ᠎ᠡ ᠮᠥᠨ᠂ ᠦᠨᠳᠦᠰᠦᠨ ᠱᠠᠲᠤᠨ ᠤ ᠵᠠᠰᠠᠯᠲᠠ ᠶᠢᠨ ᠲᠦᠪᠰᠢᠨ ᠢ ᠳᠡᠭᠡᠭᠰᠢᠯᠡᠭᠦᠯᠬᠦ ᠴᠢᠬᠤᠯᠠ ᠠᠴᠢᠶᠠᠯᠠᠪᠤᠷᠢ ᠮᠥᠨ᠃ ᠡᠯ᠎ᠡ ᠱᠠᠲᠤᠨ ᠤ ᠠᠷᠠᠳ ᠤᠨ ᠲᠥᠯᠥᠭᠡᠯᠡᠭᠴᠢ ᠲᠠᠨᠢᠯᠲᠠ ᠪᠠᠨ ᠳᠡᠭᠡᠭᠰᠢᠯᠡᠭᠦᠯᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠪᠣᠯᠬᠤ ᠬᠠᠷᠢᠭᠤᠴᠠᠯᠭᠠᠲᠤ ᠰᠡᠳᠬᠢᠯᠭᠡ ᠪᠠᠨ ᠴᠢᠩᠭᠠᠳᠬᠠᠨ᠂ ᠰᠢᠢᠳᠪᠦᠷᠢᠲᠦ ᠪᠣᠳᠣᠯᠭ᠎ᠠ ᠲᠣᠭᠲᠠᠭᠠᠬᠤ ᠳᠤ ᠣᠷᠣᠯᠴᠠᠬᠤ᠂ ᠬᠢᠨᠠᠯᠲᠠ ᠲᠠᠯᠪᠢᠵᠤ ᠠᠬᠢᠭᠤᠯᠬᠤ ᠪᠠ ᠬᠥᠭᠦᠷᠭᠡ ᠬᠤᠯᠪᠣᠭᠠᠰᠤ ᠶᠢᠨ ᠦᠢᠯᠡᠳᠦᠯ ᠢᠶᠠᠨ ᠭᠦᠢᠴᠡᠳ ᠪᠠᠳᠠᠷᠠᠭᠤᠯᠵᠤ᠂ ᠣᠯᠠᠨ ᠲᠦᠮᠡᠨ ᠤ ᠪᠣᠳᠤᠵᠤ ᠪᠠᠶᠢᠭ᠎ᠠ᠂ ᠬᠦᠰᠡᠵᠦ ᠪᠠᠶᠢᠭ᠎ᠠ᠂  ᠪᠣᠳᠤᠯᠬᠢᠯᠠᠵᠤ ᠪᠠᠶᠢᠭ᠎ᠠ ᠵᠦᠢᠯᠡᠰ ᠢ ᠴᠠᠭ ᠲᠤᠬᠠᠶ ᠳᠤᠨᠢ ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠳᠤ ᠲᠤᠰᠬᠠᠵᠤ᠂ ᠨᠠᠮ ᠪᠣᠯᠤᠨ ᠠᠷᠠᠳ ᠣᠯᠠᠨ ᠤ ᠬᠤᠭᠤᠷᠣᠨᠳᠣᠬᠢ ︽ᠰᠡᠳᠬᠢᠯ ᠢ ᠮᠡᠳᠡᠭᠴᠢ︾᠂ ︽ᠰᠡᠳᠬᠢᠯ ᠢ ᠳᠤᠯᠠᠭᠠᠴᠠᠭᠤᠯᠤᠭᠴᠢ︾ ᠪᠠ ︽ᠣᠷᠣᠯᠠᠨ ᠥᠭᠦᠯᠡᠭᠴᠢ︾ ᠪᠣᠯᠬᠤ ᠬᠡᠷᠡᠭᠲᠡᠶ ᠭᠡᠪᠡ᠃      7 ᠰᠠᠷ᠎ᠠ ᠶᠢᠨ 10 ᠤ ᠡᠳᠦᠷ   ᠬᠠᠤᠯᠢ ᠪᠠᠷ ᠵᠠᠰᠠᠬᠤ ᠪᠠᠶᠢᠭᠤᠯᠤᠯᠲᠠ ᠵᠢᠴᠢ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠤᠨ ᠲᠤᠰᠬᠠᠶ ᠰᠡᠳᠦᠪᠲᠦ ᠪᠣᠯᠪᠠᠰᠤᠷᠠᠭᠤᠯᠤᠯ ᠤᠨ ᠬᠤᠷᠠᠯ ᠡᠷᠭᠢᠯᠡᠪᠡ᠃ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠰᠠᠷᠠᠭᠤᠯᠲᠤᠶᠠᠭ᠎ᠠ ᠬᠤᠷᠠᠯ ᠢ ᠡᠷᠭᠢᠯᠡᠵᠦ᠂ ᠡᠯ᠎ᠡ ᠰᠤᠮᠤ ᠪᠠᠯᠭᠠᠰᠤ ︵ᠲᠠᠯᠠᠪᠠᠶ︶᠂ ᠬᠤᠰᠢᠭᠤ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ ᠨᠡᠶᠢᠲᠡ 80 ᠭᠠᠷᠤᠶ ᠬᠥᠮᠦᠨ ᠬᠤᠷᠠᠯ ᠳᠤ ᠣᠷᠣᠯᠴᠠᠵᠠᠶ᠃ ᠠᠶᠢᠮᠠᠭ ᠤᠨ ᠨᠠᠮ ᠤᠨ ᠬᠤᠷᠢᠶᠠᠨ ᠤ ᠬᠠᠤᠯᠢ ᠪᠠᠷ ᠠᠶᠢᠮᠠᠭ ᠢᠶᠠᠨ ᠵᠠᠰᠠᠬᠤ ᠠᠯᠪᠠᠨ ᠬᠡᠷ ᠤᠨ ᠨᠠᠷᠢᠨ ᠪᠢᠴᠢᠭ ᠤᠨ ᠰᠠᠯᠠᠭᠠᠨ ᠳᠠᠷᠤᠭ᠎ᠠ ᠰᠢᠤᠢ ᠶᠠᠨ ᠢ ᠤᠷᠢᠵᠤ ︽ᠰᠢ ᠶᠢᠨ ᠫᠢᠩ ᠤᠨ ᠬᠠᠤᠯᠢ ᠪᠠᠷ ᠵᠠᠰᠠᠬᠤ ᠦᠵᠡᠯ ᠰᠠᠨᠠᠭ᠎ᠠ︾᠂ ︽ᠪᠥᠬᠦ ᠠᠶᠢᠮᠠᠭ ᠤᠨ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠠᠵᠢᠯ ᠵᠢᠴᠢ ᠰᠢᠯᠢ ᠶᠢᠨ ᠭᠤᠤᠯ ᠠᠶᠢᠮᠠᠭ ᠤᠨ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠲᠥᠰᠦᠯ ᠤᠨ ᠠᠷᠭ᠎ᠠ ᠬᠡᠮᠵᠢᠶ᠎ᠡ︾ ᠵᠡᠷᠭᠡ ᠠᠭᠤᠯᠭ᠎ᠠ ᠶᠢᠨ ᠲᠣᠭᠤᠷᠢᠨ ᠳᠤ ᠰᠢᠰᠲ᠋ᠧᠮ ᠲᠠᠢ ᠲᠠᠶᠢᠯᠤᠮᠵᠢ ᠪᠠ ᠪᠣᠯᠪᠠᠰᠤᠷᠠᠭᠤᠯᠤᠯ ᠬᠢᠪᠠ᠃      ᠲᠣᠰ ᠡᠳᠦᠷ   ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ ᠠᠯᠮᠠᠰ ᠪᠥᠬᠦ ᠬᠤᠰᠢᠭᠤᠨ ᠤ ᠵᠠᠬᠢᠳᠠᠯ ᠰᠤᠷᠪᠤᠯᠵᠢᠯᠠᠭ᠎ᠠ ᠶᠢᠨ ᠠᠵᠢᠯ ᠢ ᠬᠠᠤᠯᠢ ᠪᠠᠷ ᠵᠠᠰᠠᠬᠤ ᠵᠢᠴᠢ ᠬᠤᠰᠢᠭᠤ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠬᠠᠮᠲᠤᠷᠠᠭᠰᠠᠨ ᠬᠤᠷᠠᠯ ᠢ ᠡᠷᠭᠢᠯᠡᠨ ᠬᠤᠷᠠᠯᠳᠤᠭᠤᠯᠪᠠ᠃ ᠬᠤᠷᠠᠯ ᠠᠴᠠ ᠪᠥᠬᠦ ᠬᠤᠰᠢᠭᠤᠨ ᠤ ᠵᠠᠬᠢᠳᠠᠯ ᠰᠤᠷᠪᠤᠯᠵᠢᠯᠠᠭ᠎ᠠ ᠶᠢᠨ ᠠᠵᠢᠯ ᠢ ᠬᠠᠤᠯᠢ ᠪᠠᠷ ᠵᠠᠰᠠᠬᠤ ᠶᠢ ᠠᠬᠢᠭᠤᠯᠤᠭᠰᠠᠨ ᠪᠠᠶᠢᠳᠠᠯ ᠪᠠ ᠳᠡᠭᠡᠷ᠎ᠡ ᠬᠠᠭᠠᠰ ᠵᠢᠯ ᠤᠨ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠪᠠᠶᠢᠳᠠᠯ ᠢ ᠵᠠᠷᠯᠠᠨ ᠮᠡᠳᠡᠭᠳᠡᠵᠦ᠂ ᠣᠳᠣᠬᠠᠨ ᠤ ᠪᠥᠬᠦ ᠬᠤᠰᠢᠭᠤᠨ ᠤ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠪᠠᠶᠢᠳᠠᠯ ᠢ ᠵᠠᠳᠠᠯᠤᠨ ᠰᠤᠳᠤᠯᠵᠤ ᠮᠠᠭᠠᠳᠯᠠᠭᠰᠠᠨ ᠪᠥᠭᠡᠳ ᠲᠠᠷᠠᠭᠠᠴᠢ ᠶᠢᠨ ᠠᠯᠬᠤᠮ ᠤᠨ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃ ᠬᠤᠷᠠᠯ ᠠᠴᠠ᠂ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠬᠠᠷᠢᠭᠤᠴᠠᠯᠭ᠎ᠠ ᠡᠭᠦᠷᠭᠡᠯᠡᠯ ᠢᠶᠠᠨ ᠴᠢᠩᠭᠠᠳᠬᠠᠵᠤ᠂ ᠶᠡᠷᠦᠩᠬᠡᠶ ᠱᠦᠵᠢ ᠰᠢ ᠶᠢᠨ ᠫᠢᠩ ᠤᠨ ᠠᠷᠠᠳ ᠤᠨ ᠵᠠᠬᠢᠳᠠᠯ ᠰᠤᠷᠪᠤᠯᠵᠢᠯᠠᠯ ᠤᠨ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠶ ᠴᠢᠬᠤᠯᠠ ᠦᠵᠡᠯ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ︽ᠵᠠᠬᠢᠳᠠᠯ ᠰᠤᠷᠪᠤᠯᠵᠢᠯᠠᠯ ᠤᠨ ᠠᠵᠢᠯ ᠤᠨ ᠲᠦᠷᠢᠮ︾ ᠢᠶᠠᠷ ᠵᠢᠷᠤᠮᠯᠠᠯ ᠪᠣᠯᠭᠠᠵᠤ᠂ ᠰᠢᠨ᠎ᠡ ᠴᠠᠭ ᠦᠶ᠎ᠡ ᠶᠢᠨ ︽ᠹᠧᠩ ᠴᠢᠶᠣᠤ ᠶᠢᠨ ᠲᠤᠷᠰᠢᠯᠭ᠎ᠠ︾ ᠶᠢ ᠪᠠᠷᠢᠮᠲᠠᠯᠠᠨ ᠬᠥᠭᠵᠢᠭᠦᠯᠵᠦ᠂ ᠬᠠᠤᠯᠢ ᠶᠣᠰᠣᠭᠠᠷ᠂ ᠲᠦᠷᠢᠮ ᠲᠣᠭᠲᠠᠭᠠᠯ ᠶᠣᠰᠣᠭᠠᠷ ᠣᠯᠠᠨ ᠲᠦᠮᠡᠨ ᠤ ᠵᠦᠶ ᠵᠣᠬᠢᠰᠲᠠᠶ ᠬᠦᠰᠡᠯ ᠱᠠᠭᠠᠷᠳᠠᠯᠭ᠎ᠠ ᠶᠢ ᠰᠢᠢᠳᠪᠦᠷᠢᠯᠡᠵᠦ᠂ ᠬᠠᠤᠯᠢ ᠪᠠᠷ ᠵᠠᠰᠠᠬᠤ ᠪᠣᠭᠤᠮᠲᠠ ᠶᠢ ᠰᠠᠶᠢᠲᠤᠷ ᠡᠵᠡᠮᠳᠡᠵᠦ᠂ ᠬᠠᠤᠯᠢ ᠪᠠᠷ ᠵᠠᠰᠠᠬᠤ ᠠᠷᠭ᠎ᠠ ᠵᠠᠮ ᠢ ᠰᠠᠭᠠᠳ ᠥᠬᠡᠶ ᠨᠡᠪᠲᠡᠷᠡᠭᠦᠯᠵᠦ᠂ ᠬᠠᠤᠯᠢ ᠪᠠᠷ ᠵᠠᠰᠠᠬᠤ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠬᠢᠨᠠᠯᠲᠠ ᠲᠠᠯᠪᠢᠵᠤ ᠬᠠᠷᠢᠭᠤᠴᠠᠯᠭ᠎ᠠ ᠨᠡᠬᠡᠮᠵᠢᠯᠡᠬᠦ ᠬᠠᠤᠯᠢ ᠪᠠᠷ ᠵᠠᠰᠠᠬᠤ ᠠᠷᠭ᠎ᠠ ᠬᠡᠮᠵᠢᠶ᠎ᠡ ᠶᠢ ᠴᠢᠩᠭᠠᠳᠬᠠᠵᠤ᠂ ᠡᠮᠬᠢ ᠵᠢᠷᠤᠮ ᠢ ᠬᠠᠮᠠᠭᠠᠯᠠᠬᠤ ᠬᠠᠤᠯᠢ ᠪᠠᠷ ᠵᠠᠰᠠᠬᠤ ᠬᠤᠷᠢᠭ᠎ᠠ ᠱᠤᠭᠤᠮ ᠢ ᠰᠠᠶᠢᠲᠤᠷ ᠰᠠᠬᠢᠵᠤ᠂ ᠵᠠᠬᠢᠳᠠᠯ ᠰᠤᠷᠪᠤᠯᠵᠢᠯᠠᠯ ᠤᠨ ᠠᠵᠢᠯ ᠤᠨ ᠬᠠᠤᠯᠢ ᠪᠠᠷ ᠵᠠᠰᠠᠬᠤ ᠶᠠᠰᠤ ᠴᠢᠨᠠᠷ ᠦᠷ᠎ᠡ ᠪᠦᠲᠦᠮᠵᠢ ᠶᠢ ᠲᠠᠰᠤᠷᠠᠯᠲᠠ ᠥᠬᠡᠶ ᠳᠡᠭᠡᠭᠰᠢᠯᠡᠭᠦᠯᠬᠦ ᠬᠡᠷᠡᠭᠲᠡᠶ ᠭᠡᠪᠡ᠃      7 ᠰᠠᠷ᠎ᠠ ᠶᠢᠨ 17 ᠤ ᠡᠳᠦᠷ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤ ᠳᠠᠷᠤᠭ᠎ᠠ ᠵᠧᠤ ᠢᠦᠶ ᠯᠦᠩ ᠪᠥᠬᠦ ᠬᠤᠰᠢᠭᠤᠨ ᠤ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠵᠥᠪᠯᠡᠯ ᠤᠨ 2024 ᠣᠨ ᠤ ᠠᠩᠬᠠᠳᠤᠭᠠᠷ ᠪᠥᠬᠦᠳᠡ ᠬᠤᠷᠠᠯ ᠢ ᠡᠷᠭᠢᠯᠡᠨ ᠬᠤᠷᠠᠯᠳᠤᠭᠤᠯᠪᠠ᠃ ᠬᠤᠷᠠᠯ ᠠᠴᠠ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢ ᠱᠠᠭᠠᠷᠳᠠᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠤᠭᠰᠠᠨ ᠵᠢᠴᠢ ᠣᠯᠠᠨ ᠲᠦᠮᠡᠨ ᠤ ᠵᠠᠬᠢᠳᠠᠯ ᠰᠤᠷᠪᠤᠯᠵᠢᠯᠠᠭ᠎ᠠ ᠪᠠᠷ ᠢᠯᠡᠴᠢᠯᠡᠨ ᠮᠡᠳᠡᠭᠦᠯᠦᠭᠰᠡᠨ ᠠᠰᠠᠭᠤᠳᠠᠯ ᠢ ᠨᠠᠶᠢᠳᠠᠪᠤᠷᠢᠵᠢᠭᠤᠯᠤᠭᠰᠠᠨ ᠪᠠᠶᠢᠳᠠᠯ᠂ ᠪᠥᠬᠦ ᠬᠤᠰᠢᠭᠤᠨ ᠤ ᠠᠮᠢ ᠠᠬᠤᠶ ᠣᠷᠴᠢᠨ ᠲᠣᠭᠤᠷᠢᠨ ᠤ ᠬᠦᠷᠢᠶᠡᠨ ᠳᠠᠬᠢ ᠲᠣᠪᠤᠶᠢᠮ᠎ᠠ ᠠᠰᠠᠭᠤᠳᠠᠯ ᠪᠠ ᠠᠶᠤᠯ ᠲᠦᠭᠰᠢᠭᠦᠷᠢ ᠶᠢᠨ ᠬᠡᠮ ᠰᠣᠭᠤᠭ ᠢ ᠪᠠᠶᠢᠴᠠᠭᠠᠵᠤ ᠴᠡᠭᠴᠡᠯᠡᠨ ᠵᠠᠰᠠᠭᠰᠠᠨ ᠠᠵᠢᠯ ᠤᠨ ᠥᠪᠡᠷ ᠤᠨ ᠪᠠᠶᠢᠴᠠᠭᠠᠯᠲᠠ ᠶᠢᠨ ᠬᠠᠷᠢᠭᠤ ᠮᠡᠳᠡᠭᠦᠯᠦᠯᠲᠡ ᠶᠢ ᠰᠣᠨᠣᠰᠪᠠ᠃ ᠬᠤᠷᠠᠯ ᠠᠴᠠ᠂ ᠡᠯ᠎ᠡ ᠱᠠᠳᠤ ᠡᠯ᠎ᠡ ᠰᠠᠯᠠᠭ᠎ᠠ ᠮᠥᠴᠢᠷ ᠤᠨ ᠬᠢᠨ ᠪᠠᠶᠢᠳᠠᠯ ᠢ ᠲᠣᠳᠣᠷᠬᠠᠢ ᠲᠠᠨᠢᠵᠤ᠂ ᠵᠣᠭᠰᠣᠴᠠ ᠪᠠᠨ ᠳᠡᠭᠡᠭᠰᠢᠯᠡᠭᠦᠯᠵᠦ᠂ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠢ ᠰᠠᠶᠢᠲᠤᠷ ᠠᠳᠬᠤᠬᠤ ᠬᠠᠷᠢᠭᠤᠴᠠᠯᠭᠠᠲᠤ ᠰᠡᠳᠬᠢᠯᠭᠡ ᠪᠣᠯᠤᠨ ᠲᠤᠯᠭᠠᠮ᠎ᠠ ᠰᠡᠳᠬᠢᠯᠭᠡ ᠪᠠᠨ ᠦᠨᠡᠨᠬᠦ ᠴᠢᠩᠭᠠᠳᠬᠠᠵᠤ᠂ ᠥᠩᠭᠡᠷᠡᠭᠰᠡᠨ ᠵᠢᠯ ᠤᠳ ᠤᠨ ᠤᠳᠠᠭ᠎ᠠ ᠪᠦᠷᠢ ᠶᠢᠨ ᠲᠣᠭᠤᠷᠢᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ᠂ ᠦᠨᠳᠦᠰᠦᠨ ᠨᠤᠲᠤᠭ ᠪᠡᠯᠴᠢᠭᠡᠷ ᠢ ᠲᠣᠭᠲᠠᠭᠠᠯ ᠠᠴᠠ ᠵᠥᠷᠢᠴᠡᠨ ᠡᠵᠡᠯᠡᠨ ᠬᠡᠷᠡᠭᠯᠡᠭᠰᠡᠨ ᠠᠰᠠᠭᠤᠳᠠᠯ᠂ ᠠᠭᠤᠷᠬᠠᠢ ᠶᠢᠨ ᠵᠠᠰᠠᠯᠲᠠ ᠶᠢᠨ ᠠᠰᠠᠭᠤᠳᠠᠯ᠂ ᠬᠤᠯᠠᠨ ᠰᠢᠷᠭ᠎ᠠ ᠲᠠᠭ᠎ᠠ ᠶᠢᠨ ᠡᠯᠡᠰᠦ ᠶᠢ ᠵᠠᠰᠠᠬᠤ ᠵᠡᠷᠭᠡ ᠭᠤᠣᠯᠳᠠᠯᠭ᠎ᠠ ᠲᠠᠢ ᠬᠦᠷᠢᠶᠡᠨ ᠤ ᠭᠤᠣᠯᠳᠠᠯᠭ᠎ᠠ ᠲᠠᠢ ᠠᠰᠠᠭᠤᠳᠠᠯ ᠢ ᠴᠢᠩᠭ᠎ᠠ ᠠᠩᠬᠠᠷᠴᠤ᠂ ᠠᠶᠤᠯ ᠲᠦᠭᠰᠢᠭᠦᠷᠢ ᠶᠢᠨ ᠭᠡᠮ ᠰᠣᠭᠤᠭ ᠢ ᠪᠠᠶᠢᠴᠠᠭᠠᠵᠤ ᠴᠡᠭᠴᠡᠯᠡᠨ ᠵᠠᠰᠠᠬᠤ ᠶᠢ ᠪᠦᠬᠦ ᠲᠠᠯ᠎ᠠ ᠪᠠᠷ ᠭᠦᠨᠵᠡᠭᠡᠢ ᠥᠷᠨᠢᠭᠦᠯᠵᠦ᠂ ᠭᠡᠮ ᠰᠣᠭᠤᠭ ᠢ ᠪᠦᠷᠢᠨ ᠡᠷᠢᠵᠦ ᠣᠨᠣᠪᠴᠢᠲᠠᠢ ᠡᠷᠢᠬᠦ᠂ ᠠᠰᠠᠭᠤᠳᠠᠯ ᠢ ︽ᠪᠦᠬᠦᠨ ᠢ ᠰᠢᠢᠳᠪᠦᠷᠢᠯᠡᠬᠦ︾ ᠶᠢ ᠪᠠᠲᠤᠯᠠᠬᠤ ᠬᠡᠷᠡᠭᠲᠡᠢ ᠭᠡᠪᠡ᠃      ᠲᠤᠰ ᠡᠳᠦᠷ   2024 ᠣᠨ ᠤ ᠵᠢᠷᠭᠤᠳᠤᠭᠠᠷ ᠤᠳᠠᠭ᠎ᠠ ᠶᠢᠨ ᠠᠶᠤᠯᠭᠦᠢ ᠦᠢᠯᠡᠳᠪᠦᠷᠢᠯᠡᠯ ᠤᠨ ᠠᠵᠢᠯ ᠤᠨ ᠡᠭᠡᠯᠵᠢᠲᠦ ᠬᠤᠷᠠᠯ ᠵᠢᠴᠢ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠬᠦᠳᠡ ᠬᠤᠷᠠᠯ ᠤᠨ ᠬᠤᠭᠤᠴᠠᠭᠠᠨ ᠳᠠᠬᠢ ᠠᠮᠤᠷ ᠲᠦᠪᠰᠢᠨ ᠤ ᠰᠡᠷᠭᠡᠶᠢᠯᠡᠯᠲᠡ ᠪᠣᠯᠤᠨ ᠦᠶᠡᠷ ᠢ ᠰᠡᠷᠭᠡᠶᠢᠯᠡᠵᠦ ᠭᠠᠩ ᠲᠠᠢ ᠲᠡᠮᠡᠴᠡᠬᠦ ᠠᠵᠢᠯ ᠤᠨ ᠬᠤᠷᠠᠯ ᠢ ᠬᠤᠷᠠᠯᠳᠤᠭᠤᠯᠪᠠ᠃ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤ ᠳᠠᠷᠤᠭ᠎ᠠ ᠵᠧᠦ ᠢᠦᠢ ᠯᠦᠩ ᠬᠤᠷᠠᠯ ᠢ ᠡᠷᠬᠢᠯᠡᠨ ᠶᠠᠷᠢᠶ᠎ᠠ ᠲᠠᠯᠪᠢᠵᠤ᠂ ᠳᠡᠳ᠋ ᠬᠤᠰᠢᠭᠤ ᠳᠠᠷᠤᠭ᠎ᠠ ᠴᠠᠩ ᠵᠧᠩ᠂ ᠶᠣᠣ ᠬᠠᠢ ᠰᠢᠶᠠ᠂ ᠰᠡᠴᠡᠨ᠂ ᠺᠧ ᠰᠢᠶᠣᠤ ᠮᠢᠩ ᠬᠤᠷᠠᠯ ᠳᠤ ᠣᠷᠣᠯᠴᠠᠪᠠ᠃ ᠬᠤᠷᠠᠯ ᠳᠡᠭᠡᠷ᠎ᠡ᠂ ᠬᠤᠰᠢᠭᠤ ᠠᠶᠤᠯᠭᠦᠶ ᠦᠢᠯᠡᠳᠪᠦᠷᠢᠯᠡᠯ ᠤᠨ ᠵᠥᠪᠯᠡᠯ ᠤᠨ ᠠᠯᠪᠠᠨ ᠬᠡᠷ᠂ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ ᠶᠢᠨ ᠬᠢᠨ ᠣᠶᠢᠷ᠎ᠠ ᠶᠢᠨ ᠬᠤᠭᠤᠴᠠᠭᠠᠨ ᠤ ᠭᠤᠤᠯᠳᠠᠯᠭ᠎ᠠ ᠲᠠᠢ ᠠᠵᠢᠯ ᠥᠷᠨᠢᠭᠦᠯᠦᠭᠰᠡᠨ ᠪᠠᠶᠢᠳᠠᠯ ᠢ ᠮᠡᠳᠡᠭᠳᠡᠵᠦ᠂ ᠴᠠᠩ ᠵᠧᠩ᠂ ᠶᠣᠣ ᠬᠠᠶ ᠰᠢᠶᠠ᠂ ᠰᠡᠴᠡᠨ᠂ ᠺᠧ ᠰᠢᠶᠤᠤ ᠮᠢᠩ ᠬᠤᠪᠢᠳᠠᠨ ᠬᠠᠮᠢᠶᠠᠷᠴᠤ ᠪᠠᠶᠢᠭ᠎ᠠ ᠬᠦᠷᠢᠶᠡᠨ ᠳᠠᠬᠢ ᠠᠶᠤᠯᠭᠦᠶ ᠦᠢᠯᠡᠳᠪᠦᠷᠢᠯᠡᠯ ᠤᠨ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃ ᠬᠤᠷᠠᠯ ᠠᠴᠠ ᠵᠢᠭᠠᠵᠤ ᠭᠠᠷᠭᠠᠭᠰᠠᠨ ᠨᠢ᠂ ᠣᠶᠢᠷ᠎ᠠ ᠶᠢᠨ ᠬᠤᠭᠤᠴᠠᠭᠠᠨ ᠳᠤ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠭᠦᠳᠡ ᠬᠤᠷᠠᠯ ᠪᠡᠭᠡᠵᠢᠩ ᠳᠤ ᠬᠤᠷᠠᠯᠳᠤᠵᠤ᠂ ᠠᠷᠪᠠᠨ ᠬᠤᠶᠠᠳᠤᠭᠠᠷ ᠬᠤᠭᠤᠴᠠᠭᠠᠨ ᠤ ᠪᠦᠬᠦ ᠤᠯᠤᠰ ᠤᠨ ᠴᠥᠭᠡᠨ ᠲᠣᠭᠠᠲᠤ ᠦᠨᠳᠦᠰᠦᠲᠡᠨ ᠤ ᠤᠯᠠᠮᠵᠢᠯᠠᠯᠲᠤ ᠪᠡᠶ᠎ᠡ ᠶᠢᠨ ᠲᠠᠮᠢᠷ ᠤᠨ ᠴᠤᠭᠯᠠᠭᠠᠨ ᠤ ︽ᠰᠡᠳᠬᠢᠯ ᠨᠢᠭᠡᠳᠦᠨ ᠬᠠᠮᠲᠤ ᠪᠠᠷ ᠡᠳ᠋ᠯᠡᠬᠦ︾ ᠰᠢᠷᠢᠰ ᠠᠵᠢᠯᠯᠠᠭ᠎ᠠ —— ︽ᠦᠨᠳᠦᠰᠦᠲᠡᠨ ᠤ ᠪᠦᠯᠬᠦᠮᠳᠡᠯ ᠬᠤᠨᠳᠠᠭᠠᠲᠤ︾ ᠪᠦᠬᠦ ᠤᠯᠤᠰ ᠤᠨ ᠦᠨᠳᠦᠰᠦᠲᠡᠨ ᠤ ᠮᠠᠶ᠋ᠢᠭ ᠤᠨ ᠪᠥᠬᠡ ᠪᠠᠷᠢᠯᠳᠤᠬᠤ ᠤᠷᠤᠯᠳᠤᠭᠠᠨ ᠵᠢᠴᠢ ︽ᠮᠢᠩᠭᠠᠨ ᠭᠠᠵᠠᠷ ᠤᠨ ᠬᠢᠯᠢ   ᠳᠥᠷᠪᠡᠨ ᠴᠠᠭ ᠤᠨ ᠦᠵᠦᠮᠦᠴᠢᠨ︾ ᠰᠣᠶᠣᠯ ᠵᠢᠭᠤᠯᠴᠢᠯᠠᠯ ᠤᠨ ᠨᠠᠶᠢᠷ ᠤᠨ ᠰᠢᠷᠢᠰ ᠠᠵᠢᠯᠯᠠᠭ᠎ᠠ ᠤᠳᠠᠯ ᠦᠭᠡᠢ ᠡᠬᠢᠯᠡᠬᠦ ᠭᠡᠵᠦ ᠪᠠᠶᠢᠨ᠎ᠠ᠂ ᠭᠤᠣᠯᠳᠠᠯᠭ᠎ᠠ ᠲᠠᠢ ᠴᠠᠭ ᠦᠶ᠎ᠡ ᠶᠢᠨ ᠪᠠᠴᠢᠮ ᠪᠠᠶᠢᠳᠠᠯ ᠢ ᠠᠷᠭᠠᠴᠠᠬᠤ ᠪᠠᠲᠤᠯᠠᠭ᠎ᠠ ᠪᠠ ᠠᠮᠤᠷ ᠲᠦᠪᠰᠢᠨ ᠤ ᠰᠡᠷᠭᠡᠶᠢᠯᠡᠯᠲᠡ ᠶᠢᠨ ᠠᠵᠢᠯ ᠢ ᠰᠠᠶᠢᠲᠤᠷ ᠬᠢᠬᠦ ᠬᠡᠷᠡᠭᠲᠡᠢ᠃ ᠣᠳᠣᠬᠠᠨ ᠤ ᠠᠮᠤᠷ ᠲᠦᠪᠰᠢᠨ ᠲᠣᠭᠲᠠᠭᠤᠨ ᠤ ᠠᠵᠢᠯ ᠤᠨ ᠲᠦᠢᠯ ᠤᠨ ᠴᠢᠬᠤᠯᠠ ᠴᠢᠨᠠᠷ ᠢ ᠭᠦᠨᠵᠡᠭᠡᠢ ᠲᠠᠨᠢᠵᠤ᠂ ᠶᠡᠷᠦᠩᠬᠡᠢ ᠱᠦᠵᠢ ᠰᠢ ᠶᠢᠨ ᠫᠢᠩ ᠤᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠪᠣᠯᠤᠨ ᠠᠶᠤᠯᠭᠦᠢ ᠦᠢᠯᠡᠳᠪᠦᠷᠢᠯᠡᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠡᠷᠡᠰ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠠᠳᠡᠯ ᠠᠴᠠ ᠭᠦᠨᠵᠡᠭᠡᠢ ᠰᠤᠷᠭᠠᠮᠵᠢ ᠠᠪᠴᠤ᠂ ᠠᠶᠤᠯᠭᠦᠢ ᠦᠢᠯᠡᠳᠪᠦᠷᠢᠯᠡᠯ᠂ ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ ᠪᠠ ᠴᠢᠬᠤᠯᠠ ᠶᠡᠭᠡ ᠠᠵᠢᠯᠯᠠᠭ᠎ᠠ ᠰᠣᠯᠪᠢᠴᠠᠨ ᠳᠠᠪᠬᠤᠴᠠᠬᠤ ᠠᠶᠤᠯ ᠲᠦᠭᠰᠢᠭᠦᠷᠢ ᠶᠢᠨ ᠣᠨᠴᠠᠯᠢᠭ ᠢ ᠨᠠᠷᠢᠨ ᠬᠢᠨᠠᠮᠠᠭᠠᠢ ᠰᠤᠳᠤᠯᠤᠨ ᠮᠠᠭᠠᠳᠯᠠᠵᠤ᠂ ᠠᠶᠤᠯᠭᠦᠢ ᠦᠢᠯᠡᠳᠪᠦᠷᠢᠯᠡᠯ ᠪᠣᠯᠤᠨ ᠨᠡᠶᠢᠭᠡᠮ ᠤᠨ ᠲᠣᠭᠲᠠᠭᠤᠨ ᠤ ᠡᠯ᠎ᠡ ᠵᠦᠢᠯ ᠤᠨ ᠠᠵᠢᠯ ᠢ ᠨᠠᠷᠢᠨ ᠬᠢᠨᠠᠮᠠᠭᠠᠢ ᠰᠠᠶᠢᠲᠤᠷ ᠬᠢᠬᠦ ᠬᠡᠷᠡᠭᠲᠡᠢ ᠭᠡᠪᠡ᠃      7 ᠰᠠᠷ᠎ᠠ ᠶᠢᠨ 23 ᠤ ᠡᠳᠦᠷ   ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ᠂ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠵᠢᠴᠢ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠭᠤᠤᠯᠳᠠᠯᠭ᠎ᠠ ᠲᠠᠢ ᠠᠵᠢᠯ ᠢ ᠠᠬᠢᠭᠤᠯᠬᠤ ᠬᠤᠷᠠᠯ ᠬᠤᠷᠠᠯᠳᠤᠭᠤᠯᠪᠠ᠃ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤ ᠳᠠᠷᠤᠭ᠎ᠠ ᠵᠧᠤ ᠢᠦᠶ ᠯᠦᠩ ᠬᠤᠷᠠᠯ ᠳᠤ ᠣᠷᠣᠯᠴᠠᠵᠤ᠂ ᠳᠡᠳ᠋ ᠬᠤᠰᠢᠭᠤ ᠳᠠᠷᠤᠭ᠎ᠠ ᠠᠯᠲᠠᠨᠪᠠᠭᠠᠨ᠎ᠠ ᠬᠤᠷᠠᠯ ᠢ ᠡᠷᠭᠢᠯᠡᠪᠡ᠃ ᠬᠤᠷᠠᠯ ᠠᠴᠠ᠂ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ ᠤᠨ ᠬᠢᠨ ᠲᠤᠰ ᠤᠳᠠᠭ᠎ᠠ ᠶᠢᠨ ᠬᠤᠷᠠᠯ ᠢᠶᠠᠷ ᠵᠠᠩᠭᠢᠯᠠᠭ᠎ᠠ ᠶᠢᠨ ᠴᠡᠭ ᠪᠣᠯᠭᠠᠵᠤ᠂ ᠬᠠᠷᠠᠯᠲᠠ ᠶᠢᠨ ᠴᠢᠭᠯᠡᠯ ᠢ ᠣᠨᠣᠪᠴᠢᠲᠠᠢ ᠡᠵᠡᠮᠳᠡᠨ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ᠂ ᠦᠷ᠎ᠡ ᠳ᠋ᠦᠩ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠠᠰᠠᠭᠤᠳᠠᠯ ᠤᠨ ᠡᠬᠡ ᠲᠠᠩᠰᠠ ᠪᠣᠯᠤᠨ ᠴᠡᠭᠴᠡᠯᠡᠨ ᠰᠠᠶᠢᠵᠢᠷᠠᠭᠤᠯᠬᠤ ᠡᠭᠦᠷᠭᠡ ᠶᠢᠨ ᠨᠠᠷᠢᠨ ᠲᠠᠩᠰᠠ ᠲᠠᠢ ᠬᠠᠷᠭᠤᠭᠤᠯᠤᠨ᠂ ᠵᠤᠷᠪᠤᠰ ᠳᠠᠷᠠᠭᠠᠯᠠᠨ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠶᠢ ᠰᠤᠳᠤᠯᠤᠨ ᠲᠣᠭᠲᠠᠭᠠᠵᠤ᠂ ᠬᠠᠳᠠᠭᠠᠰᠤ ᠬᠠᠳᠠᠬᠤ ᠵᠣᠷᠢᠭ ᠰᠠᠨᠠᠭ᠎ᠠ ᠪᠠᠷ ᠠᠰᠠᠭᠤᠳᠠᠯ ᠢ ᠪᠣᠳᠠᠲᠠᠢ ᠴᠡᠭᠴᠡᠯᠡᠨ ᠰᠠᠶᠢᠵᠢᠷᠠᠭᠤᠯᠬᠤ ᠶᠢ ᠠᠬᠢᠭᠤᠯᠬᠤ ᠬᠡᠷᠡᠭᠲᠡᠢ᠃ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠯᠠᠪᠤᠷ ᠭᠠᠵᠠᠷ ᠤᠨ ᠪᠠᠷᠢᠮᠵᠢᠶᠠᠵᠢᠭᠤᠯᠤᠭᠰᠠᠨ ᠬᠠᠮᠢᠶᠠᠷᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠲᠢᠩᠬᠢᠮ ᠳᠤ ᠰᠠᠭᠤᠭ᠎ᠠ ᠠᠵᠢᠯᠲᠠᠨ ᠤ ᠰᠢᠯᠢᠳᠡᠭ ᠢ ᠨᠢ ᠰᠣᠩᠭᠤᠨ ᠲᠣᠮᠢᠯᠠᠬᠤ᠂ ᠲᠤᠬᠠᠶᠢᠯᠠᠭᠰᠠᠨ ᠠᠵᠢᠯ ᠤᠨ ᠪᠣᠯᠪᠠᠰᠤᠷᠠᠭᠤᠯᠤᠯ ᠬᠢᠬᠦ ᠵᠡᠷᠭᠡ ᠠᠵᠢᠯ ᠢ ᠰᠠᠶᠢᠲᠤᠷ ᠠᠳᠬᠤᠵᠤ᠂ ᠰᠦᠯᠵᠢᠶᠡᠨ ᠭᠠᠳᠠᠨᠠᠬᠢ ᠦᠢᠯᠡᠴᠢᠯᠡᠭᠡᠨ ᠤ ᠶᠠᠰᠤ ᠴᠢᠨᠠᠷ ᠢ ᠲᠠᠰᠤᠷᠠᠯᠲᠠ ᠥᠬᠡᠶ ᠳᠡᠭᠡᠭᠰᠢᠯᠡᠭᠦᠯᠦᠨ᠂ ᠲᠥᠬᠦᠮ ︽ᠵᠠᠰᠠᠭ ᠤᠨ ᠶᠠᠪᠤᠳᠠᠯ ᠤᠨ ᠣᠷᠴᠢᠨ ᠨᠥᠬᠦᠴᠡᠯ︾ ︽ᠪᠠᠯᠠ ᠣᠷᠣᠭᠤᠯᠤᠯᠲᠠ ᠶᠢᠨ ᠣᠷᠴᠢᠨ ᠨᠥᠬᠦᠴᠡᠯ︾ ᠢ ᠪᠣᠶ ᠪᠣᠯᠭᠠᠬᠤ ᠬᠡᠷᠡᠭᠲᠡᠶ᠃ ︽ᠠᠮᠢᠳᠤᠯᠢᠭ ᠪᠣᠯᠭᠠᠬᠤ︾ ᠳᠡᠭᠡᠷ᠎ᠡ ᠦᠷᠭᠦᠯᠵᠢᠯᠡᠨ ᠬᠦᠴᠦ ᠣᠷᠣᠭᠤᠯᠵᠤ᠂ ︽ᠰᠠᠶᠢᠲᠤᠷ ᠬᠠᠮᠢᠶᠠᠷᠬᠤ︾ ᠳᠡᠭᠡᠷ᠎ᠡ ᠬᠦᠴᠦ ᠲᠠᠯᠪᠢᠨ᠂ ᠵᠠᠬ᠎ᠠ ᠳᠡᠯᠭᠡᠭᠦᠷ ᠲᠤ ᠣᠷᠣᠬᠤ ᠵᠥᠪᠰᠢᠶᠡᠷᠡᠯ ᠤᠨ ᠨᠠᠵᠠᠭᠠᠶ ᠲᠠᠯ᠎ᠠ ᠶᠢᠨ ᠨᠠᠷᠢᠨ ᠲᠠᠩᠰᠠ ᠶᠢᠨ ᠲᠦᠷᠢᠮ ᠢ ᠪᠥᠬᠦ ᠲᠠᠯ᠎ᠠ ᠪᠠᠷ ᠬᠡᠷᠡᠭᠵᠢᠭᠦᠯᠵᠦ᠂ ᠬᠡᠨ ᠬᠢᠨᠠᠨ ᠵᠥᠪᠰᠢᠶᠡᠷᠡᠪᠡᠯ ᠬᠡᠨ ᠬᠢᠨᠠᠨ ᠬᠠᠮᠢᠶᠠᠷᠬᠤ᠂ ᠬᠡᠨ ᠭᠤᠤᠯᠯᠠᠨ ᠬᠠᠮᠢᠶᠠᠷᠪᠠᠯ ᠬᠡᠨ ᠬᠢᠨᠠᠨ ᠬᠠᠮᠢᠶᠠᠷᠬᠤ ᠶᠢ ᠪᠠᠷᠢᠮᠲᠠᠯᠠᠨ᠂ ︽ᠬᠤᠶᠠᠷ ᠢ ᠰᠤᠭᠤᠴᠢᠵᠤ᠂ ᠨᠢᠭᠡ ᠶᠢ ᠢᠯᠡ ᠪᠣᠯᠭᠠᠬᠤ︾ ᠪᠠ ︽ᠢᠨᠲ᠋ᠧᠷ ᠰᠦᠯᠵᠢᠶᠡᠨ ᠤ ᠬᠢᠨᠠᠯᠲᠠ ᠬᠠᠮᠢᠶᠠᠷᠤᠯᠲᠠ︾ ᠶᠢ ᠰᠠᠶᠢᠲᠤᠷ ᠨᠠᠶᠢᠳᠠᠪᠤᠷᠢᠵᠢᠭᠤᠯᠵᠤ᠂ ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢ ᠪᠥᠬᠦ ᠲᠠᠯ᠎ᠠ ᠪᠠᠷ ᠴᠢᠩᠭᠠᠳᠬᠠᠨ᠂ ᠵᠠᠰᠠᠭ ᠤᠨ ᠣᠷᠳᠣᠨ ᠤ ᠢᠲᠡᠭᠡᠮᠵᠢ ᠲᠠᠢ ᠪᠠᠶᠢᠵᠤ ᠠᠮᠠᠯᠠᠯᠲᠠ ᠪᠠᠨ ᠭᠦᠢᠴᠡᠳᠬᠡᠬᠦ ᠲᠣᠭᠲᠠᠴᠠ ᠶᠢ ᠪᠦᠷᠢᠨᠰᠢᠭᠦᠯᠵᠦ᠂ 12345 ᠵᠠᠰᠠᠭ ᠤᠨ ᠶᠠᠪᠤᠳᠠᠯ ᠤᠨ ᠬᠠᠯᠠᠮᠰᠢᠯ ᠤᠲᠠᠰᠤᠨ ᠤ ᠲᠠᠪᠴᠠᠩ ᠤᠨ ᠴᠢᠳᠠᠮᠵᠢ ᠶᠢ ᠤᠯᠠᠮ ᠨᠢᠭᠡ ᠠᠯᠬᠤᠮ ᠥᠷᠭᠡᠳᠬᠡᠨ᠂ ᠬᠤᠳᠠᠯᠳᠤᠭ᠎ᠠ ᠡᠷᠭᠢᠯᠡᠬᠦ ᠣᠷᠴᠢᠨ ᠲᠣᠭᠤᠷᠢᠨ ᠤ ᠲᠤᠰᠬᠠᠶ ᠴᠡᠭᠴᠡᠯᠡᠨ ᠵᠠᠰᠠᠯᠲᠠ ᠶᠢ ᠦᠷᠭᠦᠯᠵᠢᠯᠡᠨ ᠥᠷᠨᠢᠭᠦᠯᠵᠦ᠂ ︽ᠬᠦᠯᠢᠶᠡᠵᠦ ᠳᠡᠶᠢᠯᠬᠦ ᠥᠬᠡᠶ︾ ᠲᠤᠯᠭᠠᠮ᠎ᠠ ᠰᠡᠳᠬᠢᠯᠭᠡ᠂ ︽ᠰᠠᠭᠤᠵᠤ ᠳᠡᠶᠢᠯᠬᠦ ᠥᠬᠡᠶ︾ ᠲᠦᠭᠰᠢᠭᠦᠷᠢᠲᠦ ᠰᠡᠳᠬᠢᠯᠭᠡ᠂ ︽ᠰᠠᠭᠤᠵᠤ ᠳᠡᠶᠢᠯᠬᠦ ᠥᠬᠡᠶ︾ ᠬᠠᠷᠢᠭᠤᠴᠠᠯᠭᠠᠲᠤ ᠰᠡᠳᠬᠢᠯᠭᠡ ᠪᠠᠷ ᠰᠤᠷᠲᠠᠯ ᠴᠢᠬᠡᠴᠢ ᠣᠪᠣᠷ ᠲᠥᠪ ᠰᠠᠶᠢᠨ ᠰᠠᠶᠢᠬᠠᠨ ᠬᠤᠳᠠᠯᠳᠤᠭ᠎ᠠ ᠡᠷᠭᠢᠯᠡᠬᠦ ᠣᠷᠴᠢᠨ ᠲᠣᠭᠤᠷᠢᠨ ᠢ ᠪᠣᠶ ᠪᠣᠯᠭᠠᠨ᠂ ᠵᠡᠭᠦᠨ ᠦᠵᠦᠮᠦᠴᠢᠨ ᠬᠤᠰᠢᠭᠤᠨ ᠤ ᠴᠢᠨᠠᠷ ᠰᠠᠶᠢᠲᠠᠶ ᠬᠥᠭᠵᠢᠯᠲᠡ ᠳᠤ ᠪᠠᠲᠤ ᠪᠠᠬᠢ ᠰᠠᠭᠤᠷᠢ ᠲᠠᠯᠪᠢᠬᠤ ᠬᠡᠷᠡᠭᠲᠡᠶ ᠭᠡᠪᠡ᠃      7 ᠰᠠᠷ᠎ᠠ ᠶᠢᠨ 23 ᠤ ᠡᠳᠦᠷ᠂ ᠪᠥᠬᠦ ᠠᠶᠢᠮᠠᠭ ᠤᠨ ︽ᠤᠮᠠᠷᠠᠲᠤ ᠬᠢᠯᠢ ᠶᠢᠨ ᠬᠠᠤᠯᠢ ᠲᠦᠭᠡᠮᠡᠯᠵᠢᠭᠦᠯᠬᠦ ᠲᠦᠮᠡᠨ ᠭᠠᠵᠠᠷ ᠤᠨ ᠠᠶᠠᠯᠠᠯ︾ ᠤᠨ ᠠᠵᠢᠯᠯᠠᠭ᠎ᠠ ᠶᠢᠨ ᠡᠬᠢᠯᠡᠯᠲᠡ ᠶᠢᠨ ᠶᠣᠰᠣᠯᠠᠯ ᠵᠡᠭᠦᠨ ᠦᠵᠦᠮᠦᠴᠢᠨ ᠬᠤᠰᠢᠭᠤᠨ ᠤ ᠬᠠᠳᠠᠪᠴᠢ ᠪᠠᠯᠭᠠᠰᠤᠨ ᠳᠤ ᠶᠠᠪᠤᠭᠳᠠᠪᠠ᠃ ᠲᠣᠰ ᠤᠳᠠᠭᠠᠨ ᠤ ︽ᠤᠮᠠᠷᠠᠲᠤ ᠬᠢᠯᠢ ᠶᠢᠨ ᠬᠠᠤᠯᠢ ᠲᠦᠭᠡᠮᠡᠯᠵᠢᠭᠦᠯᠬᠦ ᠲᠦᠮᠡᠨ ᠭᠠᠵᠠᠷ ᠤᠨ ᠠᠶᠠᠯᠠᠯ︾ ᠤᠨ ᠠᠵᠢᠯᠯᠠᠭ᠎ᠠ ᠶᠢ ᠥᠷᠨᠢᠭᠦᠯᠬᠦ ᠪᠣᠯ ᠬᠠᠤᠯᠢ ᠪᠠᠷ ᠵᠠᠰᠠᠬᠤ ᠣᠶᠢᠯᠠᠭᠠᠭᠳᠠᠬᠤᠨ ᠢ ᠨᠢᠭᠡᠳᠦᠭᠡᠷ ᠹᠷᠣᠨᠲ ᠲᠤ ᠭᠦᠨᠵᠡᠭᠡᠶᠢᠷᠡᠭᠦᠯᠬᠦ᠂ ᠣᠯᠠᠨ ᠲᠦᠮᠡᠨ ᠤ ᠰᠡᠳᠬᠢᠯ ᠳᠤ ᠬᠠᠳᠠᠩᠰᠢᠭᠤᠯᠬᠤ ᠶᠢ ᠠᠬᠢᠭᠤᠯᠬᠤ ᠴᠢᠬᠤᠯᠠ ᠠᠷᠭ᠎ᠠ ᠵᠠᠮ ᠮᠥᠨ᠂ ᠥᠷᠭᠡᠨ ᠣᠯᠠᠨ ᠨᠠᠮ ᠤᠨ ᠭᠡᠰᠢᠭᠦᠨ ᠺᠠᠳ᠋ᠷ ᠣᠯᠠᠨ ᠲᠦᠮᠡᠨ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠠᠮᠤᠷ ᠲᠦᠪᠰᠢᠨ ᠲᠣᠭᠲᠠᠭᠤᠨ᠂ ᠠᠵᠤ ᠠᠬᠤᠶ ᠨᠡᠶᠢᠭᠡᠮ ᠤᠨ ᠬᠥᠭᠵᠢᠯᠲᠡ᠂ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ᠂ ᠭᠠᠳᠠᠭᠠᠳᠤ ᠳᠤ ᠬᠤᠯᠪᠣᠭᠳᠠᠬᠤ ᠬᠠᠤᠯᠢ ᠪᠠᠷ ᠵᠠᠰᠠᠬᠤ ᠤᠬᠠᠭᠤᠯᠭ᠎ᠠ ᠵᠡᠷᠭᠡ ᠶᠢ ︽ᠤᠮᠠᠷᠠᠲᠤ ᠬᠢᠯᠢ ᠶᠢᠨ ᠬᠠᠤᠯᠢ ᠲᠦᠭᠡᠮᠡᠯᠵᠢᠭᠦᠯᠬᠦ ᠲᠦᠮᠡᠨ ᠭᠠᠵᠠᠷ ᠤᠨ ᠠᠶᠠᠯᠠᠯ︾ ᠤᠨ ᠤᠬᠠᠭᠤᠯᠭ᠎ᠠ ᠶᠢᠨ ᠠᠵᠢᠯᠯᠠᠭ᠎ᠠ ᠶᠢᠨ ᠭᠤᠤᠯᠳᠠᠯᠭ᠎ᠠ ᠪᠣᠯᠭᠠᠵᠤ᠂ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠬᠠᠤᠯᠢ ᠴᠠᠭᠠᠵᠠ ᠶᠢᠨ ᠮᠡᠳᠡᠯᠭᠡ ᠶᠢ ᠠᠷᠠᠳ ᠣᠯᠠᠨ ᠤ ᠳᠡᠷᠭᠡᠳᠡ ᠬᠦᠷᠭᠡᠬᠦ ᠬᠡᠷᠡᠭᠲᠡᠶ ᠃ ᠵᠣᠬᠢᠶᠠᠨ ᠪᠠᠶᠢᠭᠤᠯᠤᠨ ᠬᠡᠷᠡᠭᠵᠢᠭᠦᠯᠬᠦ ᠶᠢ ᠴᠢᠩᠭᠠᠳᠬᠠᠵᠤ᠂ ᠪᠠᠶᠢᠭᠤᠯᠤᠯ ᠲᠣᠭᠲᠠᠴᠠ ᠶᠢ ᠪᠦᠷᠢᠨᠰᠢᠬᠦᠯᠦᠨ᠂ ︽ᠬᠡᠨ ᠬᠠᠤᠯᠢ ᠬᠡᠷᠡᠭᠵᠢᠭᠦᠯᠪᠡᠯ ᠬᠡᠨ ᠬᠠᠤᠯᠢ ᠲᠦᠭᠡᠮᠡᠯᠵᠢᠭᠦᠯᠬᠦ︾ ︽ᠬᠡᠨ ᠬᠠᠮᠢᠶᠠᠷᠪᠠᠯ ᠬᠡᠨ ᠬᠠᠤᠯᠢ ᠲᠦᠭᠡᠮᠡᠯᠵᠢᠭᠦᠯᠬᠦ︾ ︽ᠬᠡᠨ ᠦᠢᠯᠡᠴᠢᠯᠡᠬᠦ ᠪᠣᠯ ᠬᠡᠨ ᠬᠠᠤᠯᠢ ᠲᠦᠭᠡᠮᠡᠯᠵᠢᠭᠦᠯᠬᠦ︾ ᠬᠠᠷᠢᠭᠤᠴᠠᠯᠭ᠎ᠠ ᠶᠢᠨ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠤᠬᠠᠭᠤᠯᠭ᠎ᠠ ᠶᠢᠨ ︽ᠡᠴᠦᠰ ᠤᠨ ᠨᠢᠭᠡ ᠺᠢᠯᠣᠮᠧᠲᠷ︾ ᠢ ᠨᠡᠪᠲᠡᠷᠡᠭᠦᠯᠬᠦ ᠬᠡᠷᠡᠭᠲᠡᠶ᠃ ︽ᠬᠠᠤᠯᠢ ᠲᠦᠭᠡᠮᠡᠯᠵᠢᠭᠦᠯᠬᠦ︾ ᠵᠠᠭᠪᠤᠷ ᠤᠨ ᠰᠢᠨ᠎ᠡ ᠶᠢ ᠡᠭᠦᠳᠴᠦ᠂ ᠪᠥᠬᠦ ᠠᠶᠢᠮᠠᠭ ᠤᠨ ᠬᠠᠤᠯᠢ ᠪᠠᠷ ᠵᠠᠰᠠᠬᠤ ᠤᠬᠠᠭᠤᠯᠭ᠎ᠠ ᠶᠢᠨ ᠬᠢᠯᠠᠰ ᠴᠡᠭ ᠤᠨ ᠨᠠᠷᠠᠲᠤ ᠲᠡᠮᠳᠡᠭᠲᠦ ᠶᠢ ᠪᠣᠶ ᠪᠣᠯᠭᠠᠨ᠂ ᠬᠠᠤᠯᠢ ᠪᠠᠷ ᠵᠠᠰᠠᠬᠤ ᠪᠠᠶᠢᠭᠤᠯᠤᠯᠲᠠ ᠪᠠᠷ ᠪᠥᠬᠦ ᠠᠶᠢᠮᠠᠭ ᠤᠨ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠳᠤ ᠬᠦᠴᠦᠨ ᠨᠡᠮᠡᠷᠢᠯᠡᠵᠦ᠂ ᠬᠠᠤᠯᠢ ᠪᠠᠷ ᠵᠠᠰᠠᠬᠤ ᠬᠦᠴᠦᠨ ᠢᠶᠠᠷ ᠡᠬᠡ ᠤᠯᠤᠰ ᠤᠨ ᠤᠮᠠᠷᠠᠲᠤ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠪᠠᠬᠢᠵᠢᠭᠦᠯᠬᠦ ᠳᠤ ᠬᠦᠴᠦᠨ ᠨᠡᠮᠡᠷᠢᠯᠡᠬᠦ ᠬᠡᠷᠡᠭᠲᠡᠶ ᠭᠡᠪᠡ᠃      7 ᠰᠠᠷ᠎ᠠ ᠶᠢᠨ 28 ᠤ ᠡᠳᠦᠷ ᠠᠴᠠ 29 ᠤ ᠡᠳᠦᠷ ᠪᠣᠯᠲᠠᠯ᠎ᠠ᠂ ︽ᠴᠡᠷᠢᠭ ᠢᠶᠠᠨ ᠬᠦᠷᠢᠶᠡᠯᠡᠨ ᠴᠡᠷᠢᠭ ᠤᠨ ᠬᠡᠷ ᠪᠦᠯᠢ ᠶᠢ ᠬᠠᠷᠠᠭᠠᠯᠵᠠᠬᠤ᠂ ᠵᠠᠰᠠᠭ ᠢᠶᠠᠨ ᠬᠦᠷᠢᠶᠡᠯᠡᠨ ᠠᠷᠠᠳ ᠢᠶᠠᠨ ᠬᠠᠶᠢᠷᠠᠯᠠᠬᠤ︾ ᠢᠷᠠᠭᠤ ᠠᠯᠳᠠᠷᠲᠤ ᠤᠯᠠᠮᠵᠢᠯᠠᠯ ᠢᠶᠠᠨ ᠤᠯᠠᠮ ᠨᠢᠭᠡ ᠠᠯᠬᠤᠮ ᠪᠠᠳᠠᠷᠠᠭᠤᠯᠬᠤ ᠶᠢᠨ ᠲᠥᠯᠥᠭᠡ᠂ ᠣᠶᠢᠷ᠎ᠠ ᠳᠤ᠂ ᠵᠡᠭᠦᠨ ᠦᠵᠦᠮᠦᠴᠢᠨ ᠬᠤᠰᠢᠭᠤᠨ ᠤ ᠳᠥᠷᠪᠡᠨ ᠶᠡᠭᠡ ᠤᠳᠤᠷᠢᠳᠬᠤ ᠪᠠᠭ ᠤᠨ ᠤᠳᠤᠷᠢᠳᠤᠯᠭ᠎ᠠ ᠵᠧᠤ ᠢᠦᠶ ᠯᠦᠩ᠂ ᠪᠠᠭᠠᠲᠤᠷ᠂ ᠪᠠᠲᠤᠮᠥ᠋ᠩᠬᠡ ᠨᠠᠷ ᠤᠷᠢᠳ ᠬᠤᠵᠢᠳ ᠰᠠᠭᠤᠭ᠎ᠠ ᠭᠠᠵᠠᠷ ᠤᠨ ᠴᠡᠷᠢᠭ ᠠᠩᠭᠢ᠂ ᠬᠤᠰᠢᠭᠤ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ᠂ ᠬᠤᠰᠢᠭᠤ ᠠᠷᠠᠳ ᠤᠨ ᠵᠡᠪᠰᠡᠭᠲᠦ ᠬᠦᠴᠦᠨ ᠤ ᠬᠡᠯᠲᠡᠰ᠂ ᠣᠶ ᠰᠢᠭᠤᠶ ᠶᠢᠨ ᠭᠠᠯ ᠤᠨᠲᠠᠷᠠᠭᠠᠬᠤ ᠶᠡᠭᠡ ᠠᠩᠭᠢ ᠶᠢᠨ ᠥᠷᠭᠡᠨ ᠣᠯᠠᠨ ᠳᠠᠷᠤᠭ᠎ᠠ ᠪᠠᠶᠢᠯᠳᠤᠭᠴᠢ ᠵᠢᠴᠢ ᠬᠡᠰᠡᠭ ᠴᠡᠷᠢᠭ ᠠᠴᠠ ᠬᠠᠯᠠᠭᠳᠠᠭᠰᠠᠳ ᠪᠠ ᠴᠡᠷᠢᠭ ᠤᠨ ᠬᠡᠷ ᠪᠦᠯᠢ ᠶᠢ ᠲᠣᠬᠤᠨᠢᠭᠤᠯᠵᠤ᠂ ᠲᠡᠳᠡᠨ ᠳᠤ ᠪᠠᠶᠠᠷ ᠤᠨ ᠡᠳᠦᠷ ᠤᠨ ᠵᠥᠩᠨᠡᠯ ᠪᠠ ᠴᠢᠩ ᠰᠡᠳᠬᠢᠯ ᠤᠨ ᠮᠡᠨᠳᠦᠴᠢᠯᠡᠯ ᠬᠦᠷᠭᠡᠵᠦ᠂ ᠨᠠᠮ ᠪᠠ ᠵᠠᠰᠠᠭ ᠤᠨ ᠣᠷᠳᠣᠨ ᠤ ᠬᠠᠶᠢᠷ᠎ᠠ ᠬᠠᠯᠠᠮᠵᠢ ᠶᠢ ᠬᠦᠷᠭᠡᠪᠡ᠃      7 ᠰᠠᠷ᠎ᠠ ᠶᠢᠨ 28 ᠤ ᠡᠳᠦᠷ    ︽ᠮᠢᠩᠭᠠᠨ ᠭᠠᠵᠠᠷ ᠤᠨ ᠬᠢᠯᠢ   ᠳᠥᠷᠪᠡᠨ ᠴᠠᠭ ᠤᠨ ᠦᠵᠦᠮᠦᠴᠢᠨ︾ ᠵᠡᠭᠦᠨ ᠦᠵᠦᠮᠦᠴᠢᠨ ᠬᠤᠰᠢᠭᠤᠨ ᠤ ᠰᠣᠶᠣᠯ ᠵᠢᠭᠤᠯᠴᠢᠯᠠᠯ ᠤᠨ ᠨᠠᠶᠢᠷ ᠤᠨ ᠰᠢᠷᠢᠰ ᠠᠵᠢᠯᠯᠠᠭ᠎ᠠ ᠶᠢᠨ ᠴᠠᠭᠠᠨ ᠢᠳᠡᠭᠡᠨ ᠤ ᠪᠠᠶᠠᠷ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠲᠥᠪ ᠤᠨ ᠡᠮᠦᠨ᠎ᠡ ᠡᠬᠢᠯᠡᠵᠦ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤ ᠳᠠᠷᠤᠭ᠎ᠠ ᠵᠧᠦ ᠢᠦᠢ ᠯᠦᠩ᠂ ᠬᠤᠰᠢᠭᠤ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠪᠠᠲᠤᠮᠥ᠋ᠩᠬᠡ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ ᠠᠯᠮᠠᠰ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠰᠠᠷᠠᠭᠤᠯᠲᠤᠶᠠᠭ᠎ᠠ᠂ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠯᠢᠦ ᠶᠠᠨ᠂ ᠬᠤᠰᠢᠭᠤ ᠳᠡᠳ᠋ ᠳᠠᠷᠤᠭ᠎ᠠ ᠠᠯᠲᠠᠨᠪᠠᠭᠠᠨ᠎ᠠ᠂ ᠰᠡᠴᠡᠨ ᠵᠡᠷᠭᠡ ᠤᠳᠤᠷᠢᠳᠤᠯᠭ᠎ᠠ ᠡᠬᠢᠯᠡᠯᠲᠡ ᠶᠢᠨ ᠶᠣᠰᠣᠯᠠᠯ ᠳᠤ ᠣᠷᠣᠯᠴᠠᠪᠠ᠃ ᠣᠶᠢᠷ᠎ᠠ ᠶᠢᠨ ᠵᠢᠯ ᠤᠳ ᠲᠤ ᠮᠠᠨ ᠤ ᠬᠤᠰᠢᠭᠤ ᠤᠯᠤᠰ ᠤᠨ ᠪᠣᠬᠢᠷᠲᠤᠯ ᠥᠬᠡᠶ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠦᠢᠯᠡᠳᠪᠦᠷᠢᠯᠡᠯ ᠤᠨ ᠴᠢᠬᠤᠯᠠ ᠰᠠᠭᠤᠷᠢᠨ ᠭᠠᠵᠠᠷ ᠢ ᠪᠥᠲᠥᠭᠡᠨ ᠪᠠᠶᠢᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠥᠪᠡᠷᠲᠡᠭᠡᠨ ᠵᠠᠰᠠᠬᠤ ᠣᠷᠣᠨ ᠪᠠ ᠠᠶᠢᠮᠠᠭ ᠤᠨ ᠨᠠᠮ ᠤᠨ ᠬᠤᠷᠢᠶ᠎ᠠ᠂ ᠵᠠᠬᠢᠷᠭ᠎ᠠ ᠶᠢᠨ ︽ᠰᠦ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ︾ ᠲᠥᠷᠥ ᠶᠢᠨ ᠪᠣᠳᠣᠯᠭ᠎ᠠ ᠶᠢᠨ ᠵᠢᠯᠣᠭᠤᠳᠣᠯᠭ᠎ᠠ ᠪᠠ ᠳᠡᠮᠵᠢᠯᠭᠡ ᠳᠣᠤᠷ᠎ᠠ᠂ ᠣᠷᠣᠨ ᠪᠠᠶᠢᠷᠢ ᠶᠢᠨ ᠳᠠᠪᠠᠭᠤᠯᠢᠭ ᠪᠠ ᠠᠵᠤ ᠦᠢᠯᠡᠰ ᠤᠨ ᠳᠠᠪᠠᠭᠤᠯᠢᠭ ᠲᠠᠭᠠᠨ ᠲᠦᠰᠢᠭᠯᠡᠨ᠂ ᠤᠯᠠᠮᠵᠢᠯᠠᠯᠲᠤ ᠴᠠᠭᠠᠨ ᠢᠳᠡᠭᠡᠨ ᠤ ᠠᠵᠤ ᠦᠢᠯᠡᠰ ᠢ ᠮᠠᠯ ᠠᠵᠤ ᠠᠬᠤᠶ ᠶᠢᠨ ᠦᠷ᠎ᠡ ᠠᠰᠢᠭ ᠢ ᠨᠡᠮᠡᠭᠳᠡᠭᠦᠯᠬᠦ᠂ ᠮᠠᠯᠴᠢᠳ ᠤᠨ ᠣᠷᠣᠯᠭ᠎ᠠ ᠶᠢ ᠨᠡᠮᠡᠭᠳᠡᠭᠦᠯᠬᠦ ᠴᠢᠬᠤᠯᠠ ᠭᠠᠷᠳᠠᠴᠠ ᠪᠣᠯᠭᠠᠵᠤ᠂ ᠣᠷᠣᠨ ᠨᠤᠲᠤᠭ ᠤᠨ ᠤᠯᠠᠮᠵᠢᠯᠠᠯᠲᠤ ᠴᠠᠭᠠᠨ ᠢᠳᠡᠭᠡᠨ ᠤ ᠠᠵᠤ ᠦᠢᠯᠡᠰ ᠢ ᠰᠢᠯᠢᠳᠡᠭᠵᠢᠭᠦᠯᠦᠨ ᠬᠦᠴᠦᠷᠬᠡᠭᠵᠢᠭᠦᠯᠵᠦ᠂ ᠰᠢᠯᠢ ᠶᠢᠨ ᠭᠤᠤᠯ ᠴᠠᠭᠠᠨ ᠢᠳᠡᠭᠡᠨ ᠤ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠠᠷᠠᠲᠤ ᠲᠥᠷᠥᠯ ᠲᠡᠮᠳᠡᠭᠲᠦ ᠶᠢᠨ ᠪᠠᠶᠢᠭᠤᠯᠤᠯᠲᠠ ᠶᠢ ᠪᠥᠬᠦ ᠬᠦᠴᠦᠨ ᠢᠶᠠᠷ ᠢᠶᠠᠨ ᠠᠬᠢᠭᠤᠯᠵᠤ᠂ ᠨᠠᠷᠠᠲᠤ ᠲᠥᠷᠥᠯ ᠲᠡᠮᠳᠡᠭᠲᠦ ᠶᠢᠨ ᠠᠯᠳᠠᠷᠰᠢᠯ ᠪᠠ ᠨᠥᠯᠥᠭᠡᠯᠡᠬᠦ ᠬᠦᠴᠦᠨ ᠢ ᠲᠠᠰᠤᠷᠠᠯᠲᠠ ᠥᠬᠡᠶ ᠳᠡᠭᠡᠭᠰᠢᠯᠡᠭᠦᠯᠪᠡ᠃ ᠣᠳᠣᠬᠠᠨ ᠳᠤ᠂ ᠪᠥᠬᠦ ᠬᠤᠰᠢᠭᠤᠨ ᠳᠤ ᠨᠢᠭᠡᠨᠲᠡ 2 ᠭᠠᠷ ᠦᠢᠯᠡᠳᠬᠡᠯ ᠤᠨ ᠭᠠᠵᠠᠷ ᠲᠠᠰ ᠳᠡᠪᠰᠢᠭᠦᠯᠵᠦ᠂ 7 ᠡᠵᠡᠩᠨᠡᠯᠲᠡ ᠶᠢᠨ ᠭᠤᠤᠯ ᠴᠣᠭᠴᠠ ᠰᠢᠯᠢ ᠶᠢᠨ ᠭᠤᠤᠯ ᠴᠠᠭᠠᠨ ᠢᠳᠡᠭᠡᠨ ᠤ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠠᠷᠠᠲᠤ ᠲᠥᠷᠥᠯ ᠲᠡᠮᠳᠡᠭᠲᠦ ᠶᠢᠨ ᠡᠷᠬᠡ ᠣᠯᠭᠤᠯᠲᠠ ᠶᠢ ᠭᠥᠷᠳᠡᠵᠦ᠂ 91 ᠴᠠᠭᠠᠨ ᠢᠳᠡᠭᠡᠨ ᠤ ᠦᠢᠯᠡᠳᠪᠦᠷᠢᠯᠡᠯ ᠤᠨ ᠵᠢᠵᠢᠭ ᠦᠢᠯᠡᠳᠬᠡᠯ ᠤᠨ ᠭᠠᠵᠠᠷ ᠢ ᠪᠤᠶᠢᠵᠢᠭᠤᠯᠵᠤ᠂ ᠵᠢᠯ ᠳᠤ 4.2 ᠲᠦᠮᠡᠨ ᠲᠣᠨ ᠠᠴᠠ ᠳᠡᠭᠡᠭᠰᠢ ᠴᠢᠨᠠᠷ ᠰᠠᠶᠢᠲᠠᠶ ᠰᠦ ᠦᠢᠯᠡᠳᠪᠦᠷᠢᠯᠡᠵᠦ᠂ ᠡᠳᠦᠷ ᠲᠤ 2.6 ᠲᠦᠮᠡᠨ ᠺᠢᠯᠣᠭ᠍ᠷᠠᠮ ᠲᠦᠭᠦᠬᠡᠶ ᠰᠦ ᠪᠣᠯᠪᠠᠰᠤᠷᠠᠭᠤᠯᠵᠤ ᠪᠠᠶᠢᠨ᠎ᠠ᠃      7 ᠰᠠᠷ᠎ᠠ ᠶᠢᠨ 29 ᠤ ᠡᠳᠦᠷ   ᠠᠷᠪᠠᠨ ᠬᠤᠶᠠᠳᠤᠭᠠᠷ ᠬᠤᠭᠤᠴᠠᠭᠠᠨ ᠤ ᠪᠥᠬᠦ ᠤᠯᠤᠰ ᠤᠨ ᠴᠥᠭᠡᠨ ᠲᠣᠭᠠᠲᠤ ᠦᠨᠳᠦᠰᠦᠲᠡᠨ ᠤ ᠤᠯᠠᠮᠵᠢᠯᠠᠯᠲᠤ ᠪᠡᠶ᠎ᠡ ᠶᠢᠨ ᠲᠠᠮᠢᠷ ᠤᠨ ᠴᠤᠭᠯᠠᠭᠠᠨ ᠤ ︽ᠰᠡᠳᠬᠢᠯ ᠨᠢᠭᠡᠳᠦᠨ ᠬᠠᠮᠳᠤ ᠪᠠᠷ ᠡᠳ᠋ᠯᠡᠬᠦ︾ ᠭᠡᠬᠦ ᠰᠢᠷᠢᠰ ᠠᠵᠢᠯᠯᠠᠭ᠎ᠠ —— ︽ᠦᠨᠳᠦᠰᠦᠲᠡᠨ ᠤ ᠪᠦᠯᠬᠦᠮᠳᠡᠯ ᠬᠤᠨᠳᠠᠭᠠᠲᠤ︾ ᠪᠥᠬᠦ ᠤᠯᠤᠰ ᠤᠨ ᠦᠨᠳᠦᠰᠦᠲᠡᠨ ᠤ ᠮᠠᠶ᠋ᠢᠭ ᠤᠨ ᠪᠥᠬᠡ ᠶᠢᠨ ᠤᠷᠤᠯᠳᠤᠭᠠᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠯᠢ ᠶᠢᠨ ᠭᠤᠤᠯ ᠠᠶᠢᠮᠠᠭ ᠤᠨ ᠵᠡᠭᠦᠨ ᠦᠵᠦᠮᠦᠴᠢᠨ ᠬᠤᠰᠢᠭᠤᠨ ᠳᠤ ᠵᠢᠩᠬᠢᠨᠢ ᠪᠠᠷ ᠡᠬᠢᠯᠡᠵᠦ᠂ ᠪᠥᠬᠦ ᠤᠯᠤᠰ ᠤᠨ ᠡᠯ᠎ᠡ ᠭᠠᠵᠠᠷ ᠠᠴᠠ ᠢᠷᠡᠭᠰᠡᠨ ᠪᠥᠬᠡ ᠶᠢᠨ ᠲᠠᠮᠢᠷᠴᠢᠳ ᠲᠠᠯ᠎ᠠ ᠨᠤᠲᠤᠭ ᠤᠨ ᠤᠷᠤᠯᠳᠤᠭᠠᠨ ᠤ ᠲᠠᠪᠴᠠᠩ ᠳᠤ ᠴᠤᠭᠯᠠᠷᠠᠵᠤ᠂ ᠪᠥᠬᠡ ᠶᠢᠨ ᠮᠡᠷᠭᠡᠵᠢᠯ ᠢᠶᠠᠷ ᠨᠠᠶᠢᠵᠠ ᠪᠤᠯᠤᠯᠴᠠᠨ᠂ ᠦᠨᠳᠦᠰᠦᠲᠡᠨ ᠤ ᠪᠦᠯᠬᠦᠮᠳᠡᠯ ᠢ ᠬᠠᠮᠲᠤ ᠪᠠᠷ ᠠᠬᠢᠭᠤᠯᠪᠠ᠃ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ ᠤᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠳᠡᠳ᠋ ᠡᠷᠬᠢᠯᠡᠭᠴᠢ ᠺᠠᠩ ᠢᠦᠶ ᠹᠧᠩ ᠡᠬᠢᠯᠡᠯᠲᠡ ᠶᠢᠨ ᠦᠭᠡ ᠬᠡᠯᠡᠭᠰᠡᠨ ᠪᠥᠭᠡᠳ ᠤᠷᠤᠯᠳᠤᠭᠠᠨ ᠡᠬᠢᠯᠡᠭᠰᠡᠨ ᠢ ᠵᠠᠷᠯᠠᠪᠠ᠃ ᠲᠡᠷᠡ᠂ ︽ᠦᠨᠳᠤᠰᠦᠳᠡᠨ ᠤ ᠪᠦᠯᠭᠦᠮᠳᠡᠯ ᠬᠤᠨᠳᠠᠭᠠᠳᠦ︾ ᠪᠦᠬᠦ ᠤᠯᠤᠰ ᠤᠨ ᠦᠨᠳᠤᠰᠦᠳᠡᠨ ᠤ ᠮᠠᠶ᠋ᠢᠭ ᠤᠨ ᠪᠦᠬᠡ ᠶᠢᠨ ᠤᠷᠤᠯᠳᠤᠭᠠᠨ ᠪᠤᠯ ᠠᠷᠪᠠᠨ ᠬᠤᠶᠠᠳᠤᠭᠠᠷ ᠬᠤᠭᠤᠴᠠᠭᠠᠨ ᠤ ᠪᠦᠬᠦ ᠤᠯᠤᠰ ᠤᠨ ᠴᠦᠬᠡᠨ ᠲᠤᠭᠠᠳᠤ ᠦᠨᠳᠦᠰᠦᠳᠡᠨ ᠤ ᠤᠯᠠᠮᠵᠢᠯᠠᠯᠳᠤ ᠪᠡᠶ᠎ᠠ ᠶᠢᠨ ᠲᠠᠮᠢᠷ ᠤᠨ ᠴᠤᠬᠯᠠᠭᠠᠨ ᠤ ︽ᠰᠡᠳᠬᠢᠯ ᠨᠢᠭᠡᠳᠦᠨ ᠬᠠᠮᠳᠤ ᠪᠠᠷ ᠡᠳ᠋ᠯᠡᠬᠦ︾ ᠰᠢᠷᠢᠰ ᠠᠵᠢᠯᠯᠠᠭ᠎ᠠ ᠶᠢᠨ ᠨᠢᠭᠡ ᠪᠤᠯᠤᠨ᠎ᠠ᠂ ᠤᠷᠤᠯᠳᠤᠭᠠᠨ ᠤ ᠠᠵᠢᠯᠯᠠᠭ᠎ᠠ ᠨᠢ ᠲᠤᠮᠳᠠᠳᠤ ᠶᠢᠨ ᠦᠨᠳᠤᠰᠦᠳᠡᠨ ᠤ ᠬᠠᠮᠳᠤ ᠶᠢᠨ ᠴᠤᠬᠴᠠ ᠶᠢᠨ ᠤᠬᠠᠮᠰᠠᠷ ᠢ ᠪᠠᠳᠤ ᠴᠤᠬᠴᠠᠯᠠᠬᠤ ᠭᠤᠤᠯ ᠱᠤᠭᠤᠮ ᠤᠨ ᠲᠤᠭᠤᠷᠢᠨ ᠳᠤ ᠲᠤᠮᠳᠠᠳᠤ ᠶᠢᠨ ᠦᠨᠳᠤᠰᠦᠳᠡᠨ ᠤ ᠰᠢᠯᠢᠳᠡᠭ ᠤᠯᠠᠮᠵᠢᠯᠠᠯᠳᠤ ᠰᠤᠶᠤᠯ ᠢ ᠵᠠᠯᠭᠠᠮᠵᠢᠯᠠᠵᠤ᠂ ᠲᠤᠮᠳᠠᠳᠤ ᠶᠢᠨ ᠪᠡᠶ᠎ᠠ ᠶᠢᠨ ᠲᠠᠮᠢᠷ ᠤᠨ ᠵᠤᠷᠢᠭ ᠰᠠᠨᠠᠭ᠎ᠠ ᠶᠢ ᠪᠠᠳᠠᠷᠠᠭᠤᠯᠤᠨ᠂ ᠦᠨᠳᠦᠰᠦᠳᠡᠨ ᠨᠦᠭᠦᠳ ᠤᠨ ᠶᠠᠪᠤᠯᠴᠠᠭ᠎ᠠ ᠰᠤᠯᠢᠯᠴᠠᠭ᠎ᠠ ᠠᠭᠤᠰᠤᠯᠴᠠᠯ ᠤᠨ ᠲᠠᠪᠴᠠᠩ ᠢ ᠢᠳᠡᠪᠬᠢᠳᠠᠢ ᠪᠠᠶᠢᠭᠤᠯᠵᠤ᠂ ᠲᠤᠮᠳᠠᠳᠤ ᠶᠢᠨ ᠦᠨᠳᠤᠰᠦᠳᠡᠨ ᠤ ᠬᠠᠮᠳᠤ ᠶᠢᠨ ᠤᠶᠤᠨ ᠰᠠᠨᠠᠭᠠᠨ ᠤ ᠭᠡᠷ ᠤᠷᠤᠨ ᠤ ᠪᠦᠳᠦᠭᠡᠨ ᠪᠠᠶᠢᠭᠤᠯᠤᠯᠳᠠ ᠳᠤ ᠬᠦᠴᠦᠨ ᠨᠡᠮᠡᠷᠢᠯᠡᠵᠦ᠂ ᠪᠡᠶ᠎ᠠ ᠶᠢᠨ ᠲᠠᠮᠢᠷ ᠤᠨ ᠴᠤᠬᠯᠠᠭᠠᠨ ᠤ ︽ᠦᠨᠳᠤᠰᠦᠳᠡᠨ ᠤ ᠪᠦᠯᠭᠦᠮᠳᠡᠯ ᠤᠨ ᠦᠪᠡᠳᠡᠭᠰᠢ ᠴᠤᠭᠯᠠᠭᠠᠨ᠂ ᠤᠯᠠᠨ ᠲᠦᠮᠡᠨ ᠤ ᠪᠡᠶ᠎ᠠ ᠶᠢᠨ ᠲᠠᠮᠢᠷ ᠤᠨ ᠦᠪᠡᠳᠡᠭᠰᠢ ᠴᠤᠬᠯᠠᠭᠠᠨ︾ ᠤ ᠦᠨᠳᠦᠰᠦᠨ ᠪᠠᠶᠢᠷᠢ ᠲᠤᠭᠳᠠᠭᠠᠯᠳᠠ ᠳᠤ ᠬᠦᠢᠴᠡᠳ ᠨᠡᠶᠢᠴᠡᠨ᠎ᠡ᠃ ᠡᠭᠦᠨ ᠤ ᠬᠠᠮᠲᠤ᠂ ᠥᠪᠥᠷ ᠮᠣᠩᠭᠤᠯ ᠤᠨ ᠦᠨᠳᠦᠰᠦᠲᠡᠨ ᠨᠦᠭᠦᠳ ᠤᠨ ᠬᠥᠪᠡᠭᠦᠳ ᠥᠬᠢᠳ ᠤᠨ ᠨᠠᠮ ᠤᠨ ᠠᠴᠢ ᠶᠢ ᠮᠡᠳᠡᠷᠡᠵᠦ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠵᠤ᠂ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠬᠤ ᠣᠶᠢᠯᠠᠭᠠᠭᠳᠠᠬᠤᠨ ᠢ ᠦᠢᠯᠡᠳᠦᠯᠭᠡᠵᠢᠭᠦᠯᠵᠦ᠂ ᠦᠨᠳᠦᠰᠦᠲᠡᠨ ᠨᠦᠭᠦᠳ ᠤᠨ ᠠᠷᠠᠳ ᠲᠦᠮᠡᠨ ᠢ ᠨᠠᠮ ᠤᠨ ᠲᠣᠭᠤᠷᠢᠨ ᠳᠤ ᠨᠢᠭᠲᠠᠷᠠᠨ ᠪᠦᠯᠬᠦᠮᠳᠡᠵᠦ᠂ ᠡᠬᠡ ᠤᠯᠤᠰ ᠤᠨ ᠬᠢᠯᠢ ᠬᠢᠵᠠᠭᠠᠷ ᠢ ᠬᠠᠮᠲᠤ ᠪᠠᠷ ᠰᠠᠬᠢᠨ ᠬᠠᠮᠠᠭᠠᠯᠠᠵᠤ᠂ ᠰᠠᠶᠢᠨ ᠰᠠᠶᠢᠬᠠᠨ ᠠᠮᠢᠳᠤᠷᠠᠯ ᠢ ᠬᠠᠮᠲᠤ ᠪᠠᠷ ᠴᠣᠭᠴᠠᠯᠠᠵᠤ᠂ ᠵᠢᠱᠢᠶᠡᠴᠢ ᠥᠪᠡᠷᠲᠡᠭᠡᠨ ᠵᠠᠰᠠᠬᠤ ᠣᠷᠣᠨ ᠤ ᠡᠷᠬᠢᠮ ᠳᠡᠭᠡᠳᠦ ᠢᠷᠠᠭᠤ ᠠᠯᠳᠠᠷ ᠤᠨ ᠰᠢᠨ᠎ᠡ ᠴᠠᠭ ᠦᠶ᠎ᠡ ᠶᠢᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠠᠮᠢᠳᠤᠯᠢᠭ ᠦᠢᠯᠡᠳᠦᠯᠭᠡ ᠪᠠ ᠣᠶᠤᠨ ᠰᠠᠨᠠᠭᠠᠨ ᠤ ᠳᠦᠷᠰᠦ ᠪᠠᠶᠢᠳᠠᠯ ᠢᠶᠠᠨ ᠦᠷᠭᠦᠯᠵᠢᠯᠡᠨ ᠪᠠᠲᠤᠯᠠᠪᠠ᠃ ᠰᠢᠯᠢ ᠶᠢᠨ ᠭᠤᠣᠯ ᠠᠶᠢᠮᠠᠭ ᠤᠨ ᠵᠠᠬᠢᠷᠭ᠎ᠠ ᠶᠢᠨ ᠳᠡᠳ᠋ ᠳᠠᠷᠤᠭ᠎ᠠ ᠰᠦᠨ ᠵᠧᠨ ᠵᠢᠶᠠᠩ ᠤᠭᠲᠤᠬᠤ ᠦᠭᠡ ᠬᠡᠯᠡᠪᠡ᠃ ᠲᠡᠷᠡ᠂ ᠦᠨᠳᠦᠰᠦᠲᠡᠨ ᠤ ᠤᠯᠠᠮᠵᠢᠯᠠᠯᠲᠤ ᠪᠡᠶ᠎ᠡ ᠶᠢᠨ ᠲᠠᠮᠢᠷ ᠨᠢ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠤᠨ ᠴᠢᠬᠤᠯᠠ ᠪᠦᠷᠢᠯᠳᠦᠬᠦᠨ ᠬᠡᠰᠡᠭ ᠪᠣᠯᠤᠭᠰᠠᠨ ᠤ ᠬᠤᠪᠢ ᠳᠤ᠂ ᠦᠨᠳᠦᠰᠦᠲᠡᠨ ᠨᠦᠭᠦᠳ ᠤᠨ ᠬᠠᠮᠲᠤ ᠪᠠᠷ ᠣᠷᠣᠯᠴᠠᠬᠤ᠂ ᠬᠠᠮᠲᠤ ᠪᠠᠷ ᠤᠯᠠᠮᠵᠢᠯᠠᠬᠤ᠂ ᠬᠠᠮᠲᠤ ᠪᠠᠷ ᠬᠥᠭᠵᠢᠬᠦ ᠤᠶᠤᠨ ᠰᠠᠨᠠᠭᠠᠨ ᠤ ᠠᠭᠤᠯᠤᠭᠳᠠᠬᠤᠨ ᠠᠭᠤᠯᠤᠭᠳᠠᠵᠤ ᠪᠠᠶᠢᠨ᠎ᠠ᠂ ᠡᠨᠡ ᠪᠣᠯ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠤᠶᠤᠨ ᠰᠠᠨᠠᠭᠠᠨ ᠤ ᠭᠡᠷ ᠣᠷᠣᠨ ᠤ ᠪᠦᠳᠦᠭᠡᠨ ᠪᠠᠶᠢᠭᠤᠯᠤᠯᠲᠠ ᠶᠢ ᠠᠬᠢᠭᠤᠯᠬᠤ ᠴᠢᠬᠤᠯᠠ ᠠᠴᠢᠶᠠᠯᠠᠪᠤᠷᠢ ᠪᠣᠯᠤᠨ᠎ᠠ᠃ ᠰᠢᠯᠢ ᠶᠢᠨ ᠭᠤᠤᠯ ᠠᠶᠢᠮᠠᠭ ᠤᠨ ᠦᠨᠳᠦᠰᠦᠲᠡᠨ ᠤ ᠤᠯᠠᠮᠵᠢᠯᠠᠯᠲᠤ ᠪᠡᠶ᠎ᠡ ᠶᠢᠨ ᠲᠠᠮᠢᠷ ᠥᠨᠢ ᠤᠳᠠᠭᠠᠨ ᠲᠡᠦᠬᠡ ᠲᠠᠢ᠂ ᠶᠡᠷᠦ ᠠᠴᠠ ︽ᠪᠥᠬᠡ ᠶᠢᠨ ᠨᠤᠲᠤᠭ︾ ᠭᠡᠰᠡᠨ ᠰᠠᠶᠢᠬᠠᠨ ᠠᠯᠳᠠᠷ ᠲᠠᠢ᠃ ᠲᠣᠰ ᠤᠳᠠᠭᠠᠨ ᠤ ᠤᠷᠤᠯᠳᠤᠭᠠᠨ ᠢ ᠠᠮᠵᠢᠯᠲᠠ ᠲᠠᠢ ᠡᠷᠬᠢᠯᠡᠭᠰᠡᠨ ᠨᠢ ᠰᠢᠯᠢ ᠶᠢᠨ ᠭᠤᠤᠯ ᠠᠶᠢᠮᠠᠭ ᠤᠨ ᠣᠯᠠᠨ ᠲᠦᠮᠡᠨ ᠤ ᠪᠡᠶ᠎ᠡ ᠶᠢᠨ ᠲᠠᠮᠢᠷ ᠬᠢᠭᠡᠳ ᠦᠨᠳᠦᠰᠦᠲᠡᠨ ᠤ ᠤᠯᠠᠮᠵᠢᠯᠠᠯᠲᠤ ᠪᠡᠶ᠎ᠡ ᠶᠢᠨ ᠲᠠᠮᠢᠷ ᠤᠨ ᠠᠭᠤᠯᠭ᠎ᠠ ᠶᠢ ᠤᠯᠠᠮ ᠨᠢᠭᠡ ᠠᠯᠬᠤᠮ ᠪᠠᠶᠠᠯᠢᠭᠵᠢᠭᠤᠯᠵᠤ᠂ ᠪᠥᠬᠦ ᠠᠶᠢᠮᠠᠭ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠢ ᠦᠷᠭᠦᠯᠵᠢᠯᠡᠨ ᠭᠦᠨᠵᠡᠭᠡᠶ ᠥᠷᠨᠢᠭᠦᠯᠬᠦ ᠶᠢ ᠢᠳᠡᠪᠬᠢᠲᠡᠶ ᠠᠬᠢᠭᠤᠯᠵᠤ᠂ ᠨᠡᠶᠢᠭᠡᠮ ᠵᠢᠷᠤᠮ ᠤᠨ ᠣᠳᠣᠬᠢᠴᠢᠯᠠᠭᠰᠠᠨ ᠰᠢᠯᠢ ᠶᠢᠨ ᠭᠤᠤᠯ ᠢ ᠪᠥᠬᠦ ᠲᠠᠯ᠎ᠠ ᠪᠠᠷ ᠪᠥᠲᠥᠭᠡᠨ ᠪᠠᠶᠢᠭᠤᠯᠬᠤ ᠰᠢᠨ᠎ᠡ ᠠᠶᠠᠨ ᠢ ᠲᠦᠷᠭᠡᠳᠬᠡᠨ ᠠᠬᠢᠭᠤᠯᠬᠤ ᠳᠤ ᠠᠤᠭ᠎ᠠ ᠶᠡᠭᠡ ᠬᠦᠴᠦᠨ ᠴᠢᠳᠠᠯ ᠢ ᠨᠢᠭᠲᠠᠷᠠᠭᠤᠯᠬᠤ ᠪᠣᠯᠤᠨ᠎ᠠ᠃
 
ᠢᠷᠡᠯᠲᠡ᠄ ᠵᠡᠭᠦᠨ ᠦᠵᠦᠮᠦᠴᠢᠨ ᠬᠤᠰᠢᠭᠤᠨ ᠤ ᠵᠠᠰᠠᠭ ᠤᠨ ᠣᠷᠳᠣᠨ ᠤ ᠠᠯᠪᠠᠨ ᠬᠡᠷ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号