11 ᠰᠠᠷ᠎ᠠ ᠶᠢᠨ 18 ᠤ ᠡᠳᠦᠷ᠂ ᠵᠠᠷᠯᠢᠭ ᠤᠨ ᠳᠤᠬᠢᠶ᠎ᠠ ᠳᠤᠤᠭᠠᠷᠬᠤ ᠶᠢ ᠳᠠᠭᠠᠯᠳᠤᠨ᠂ ᠨᠡᠭᠦᠷᠡᠰᠦ | ᠳᠦᠭᠦᠷᠲᠡᠯ᠎ᠡ ᠲᠡᠭᠡᠭᠡᠭᠰᠡᠨ ᠮᠣᠩᠭᠤᠯ ᠤᠯᠤᠰ ᠤᠨ ᠪᠠᠷᠠᠭᠠᠨ ᠤ ᠲᠡᠷᠭᠡ ᠪᠣᠭᠤᠮᠲᠠ ᠪᠠᠷ ᠠᠮᠵᠢᠯᠲᠠ ᠲᠠᠢ ᠪᠠᠷ | ᠦᠩᠭᠡᠷᠡᠵᠦ᠂ ᠵᠡᠭᠦᠨ ᠬᠠᠲᠠᠪᠴᠢ ᠵᠠᠭᠤᠨ ᠲᠦᠮᠡᠨ ᠲᠣᠨ ᠨᠡᠭᠦᠷᠡᠰᠦ ᠬᠠᠳᠠᠭᠠᠯᠠᠬᠤ ᠰᠠᠭᠤᠷᠢᠨ ᠭᠠᠵᠠᠷ ᠤᠨ ᠨᠢᠭᠡᠳᠦᠭᠡᠷ | ᠨᠣᠮᠧᠷᠲᠤ ᠨᠡᠭᠦᠷᠡᠰᠦ ᠬᠠᠳᠠᠭᠠᠯᠠᠬᠤ ᠬᠢᠨᠠᠨ ᠬᠠᠮᠢᠶᠠᠷᠤᠯᠲᠠ ᠶᠢᠨ ᠬᠥᠮᠥᠷᠭᠡ ᠳᠤ ᠤᠷᠤᠵᠤ ᠢᠷᠡᠪᠡ᠃ ᠡᠨᠡ ᠪᠣᠯ | ᠠᠩᠬᠠᠳᠠᠭᠴᠢ ᠪᠦᠯᠦᠭ ᠨᠡᠭᠦᠷᠡᠰᠦ ᠬᠠᠳᠠᠭᠠᠯᠠᠬᠤ ᠰᠠᠭᠤᠷᠢᠨ ᠭᠠᠵᠠᠷ ᠲᠤ ᠣᠷᠣᠭᠰᠠᠨ ᠮᠣᠩᠭᠤᠯ ᠤᠯᠤᠰ ᠤᠨ | ᠨᠡᠭᠦᠷᠡᠰᠦ ᠪᠣᠯᠤᠨ᠎ᠠ᠂ ᠡᠨᠡ ᠨᠢ ᠵᠡᠭᠦᠨ ᠬᠠᠲᠠᠪᠴᠢ ᠶᠢᠨ ᠵᠠᠭᠤᠨ ᠲᠦᠮᠡᠨ ᠲᠣᠨ ᠨᠡᠭᠦᠷᠡᠰᠦ ᠬᠠᠳᠠᠭᠠᠯᠠᠬᠤ ᠰᠠᠭᠤᠷᠢᠨ | ᠭᠠᠵᠠᠷ ᠤᠨ ᠨᠢᠭᠡᠳᠦᠭᠡᠷ ᠬᠤᠭᠤᠴᠠᠭᠠᠨ ᠤ ᠲᠥᠷᠥᠯ ᠵᠦᠢᠯ ᠵᠢᠩᠬᠢᠨᠢ ᠪᠠᠷ ᠠᠰᠢᠭᠯᠠᠯᠲᠠ ᠳᠤ ᠤᠷᠤᠭᠰᠠᠨ ᠪᠥᠭᠡᠳ | ᠬᠡᠪᠴᠢᠶᠡᠵᠢᠭᠰᠡᠨ ᠴᠢᠨᠠᠷᠲᠠᠶ ᠨᠡᠭᠦᠷᠡᠰᠦ ᠬᠠᠳᠠᠭᠠᠯᠠᠬᠤ ᠲᠤᠬᠠᠶᠢᠯᠠᠭᠰᠠᠨ ᠠᠵᠢᠯ ᠥᠷᠨᠢᠭᠦᠯᠦᠭᠰᠡᠨ ᠢ ᠬᠠᠷᠠᠭᠤᠯᠵᠤ | ᠪᠠᠶᠢᠨ᠎ᠠ᠃ | ᠵᠡᠭᠦᠨ ᠦᠵᠦᠮᠦᠴᠢᠨ ᠬᠤᠰᠢᠭᠤᠨ ᠤ ᠵᠢᠢ ᠳ᠋ᠢᠶᠠᠨ ᠭᠥᠸᠧ ᠡᠨᠧᠷᠭᠢ ᠬᠠᠳᠠᠭᠠᠯᠠᠬᠤ ᠬᠢᠵᠠᠭᠠᠷᠲᠤ ᠺᠣᠮᠫᠠᠨᠢ | ᠵᠡᠭᠦᠨ ᠦᠵᠦᠮᠦᠴᠢᠨ ᠬᠤᠰᠢᠭᠤᠨ ᠤ ᠬᠢᠯᠢ ᠶᠢᠨ ᠪᠣᠭᠤᠮᠲᠠ ᠶᠢᠨ ᠪᠠᠶᠢᠭᠤᠯᠵᠤ ᠪᠠᠶᠢᠭ᠎ᠠ ᠬᠠᠮᠤᠭ ᠤᠨ ᠶᠡᠭᠡ ᠬᠢᠯᠢ ᠶᠢᠨ | ᠪᠣᠭᠤᠮᠲᠠ ᠶᠢᠨ ᠨᠡᠭᠦᠷᠡᠰᠦ ᠬᠠᠳᠠᠭᠠᠯᠠᠬᠤ ᠬᠢᠨᠠᠨ ᠬᠠᠮᠢᠶᠠᠷᠤᠯᠲᠠ ᠶᠢᠨ ᠬᠥᠮᠥᠷᠭᠡ ᠪᠣᠯᠣᠨ᠎ᠠ᠃ ᠨᠡᠭᠦᠷᠡᠰᠦ ᠬᠠᠳᠠᠭᠠᠯᠠᠬᠤ | ᠰᠠᠭᠤᠷᠢᠨ ᠭᠠᠵᠠᠷ ᠤᠨ ᠲᠠᠯᠠᠪᠠᠶ ᠨᠢ 36 ᠲᠦᠮᠡᠨ ᠲᠡᠭᠰᠢ ᠳᠥᠷᠪᠡᠯᠵᠢᠨ ᠮᠧᠲᠷ ᠪᠠᠶᠢᠵᠤ᠂ ᠨᠡᠭᠦᠷᠡᠰᠦ ᠬᠠᠳᠠᠭᠠᠯᠠᠬᠤ | ᠴᠢᠳᠠᠪᠤᠷᠢ ᠨᠢ 100 ᠲᠦᠮᠡᠨ ᠲᠣᠨ ᠪᠣᠯᠬᠤ 4 ᠰᠠᠭᠤᠷᠢ 25 ᠲᠦᠮᠡᠨ ᠲᠣᠨ ᠪᠦᠬᠦᠨ ᠢ ᠪᠢᠲᠡᠭᠦᠮᠵᠢᠯᠡᠭᠰᠡᠨ | ᠪᠣᠭᠤᠮᠲᠠ ᠶᠢᠨ ᠬᠢᠨᠠᠯᠲᠠ ᠬᠠᠮᠢᠶᠠᠷᠤᠯᠲᠠ ᠶᠢᠨ ᠬᠥᠮᠥᠷᠭᠡ ᠵᠢᠴᠢ 600 ᠴᠢᠩᠭᠡᠯᠢᠭ ᠢ ᠪᠠᠭᠲᠠᠭᠠᠵᠤ ᠪᠣᠯᠬᠤ ᠬᠢᠨᠠᠯᠲᠠ | ᠬᠠᠮᠢᠶᠠᠷᠤᠯᠲᠠ ᠶᠢᠨ ᠲᠠᠯᠠᠪᠤᠷ ᠵᠢᠴᠢ ᠳᠠᠭᠠᠯᠲᠠ ᠲᠦᠬᠦᠭᠡᠷᠦᠮᠵᠢ ᠶᠢ ᠪᠥᠲᠥᠭᠡᠨ ᠪᠠᠶᠢᠭᠤᠯᠪᠠ᠃ ᠲᠣᠰ ᠤᠳᠠᠭ᠎ᠠ | ᠠᠰᠢᠭᠯᠠᠯᠲᠠ ᠳᠤ ᠣᠷᠣᠭᠤᠯᠤᠭᠰᠠᠨ ᠨᠢ ᠲᠥᠷᠥᠯ ᠵᠦᠢᠯ ᠤᠨ ᠨᠢᠭᠡᠳᠦᠭᠡᠷ ᠬᠤᠭᠤᠴᠠᠭᠠᠨ ᠤ 2 ᠨᠡᠭᠦᠷᠡᠰᠦ | ᠬᠠᠳᠠᠭᠠᠯᠠᠬᠤ ᠴᠢᠳᠠᠪᠤᠷᠢ ᠨᠢ 25 ᠲᠦᠮᠡᠨ ᠲᠣᠨ ᠪᠦᠬᠦᠨ ᠢ ᠪᠢᠲᠡᠭᠦᠮᠵᠢᠯᠡᠭᠰᠡᠨ ᠪᠣᠭᠤᠮᠲᠠ ᠶᠢᠨ ᠨᠡᠭᠦᠷᠡᠰᠦ | ᠬᠠᠳᠠᠭᠠᠯᠠᠬᠤ ᠶᠢ ᠬᠢᠨᠠᠨ ᠬᠠᠮᠢᠶᠠᠷᠬᠤ ᠬᠥᠮᠥᠷᠭᠡ ᠵᠢᠴᠢ ᠬᠢᠨᠠᠨ ᠬᠠᠮᠢᠶᠠᠷᠬᠤ ᠣᠪᠣᠭᠠᠯᠠᠬᠤ ᠲᠠᠯᠠᠪᠠᠶ ᠪᠣᠯᠤᠨ᠎ᠠ᠃ | ᠵᠢᠢ ᠳ᠋ᠢᠶᠠᠨ ᠤᠯᠤᠰ ᠤᠨ ᠴᠠᠬᠢᠯᠭᠠᠨ ᠬᠦᠴᠦᠨ ᠤ ᠺᠣᠮᠫᠠᠨᠢ ᠨᠢ ᠤᠯᠤᠰ ᠤᠨ ᠴᠠᠬᠢᠯᠭᠠᠨ ᠬᠦᠴᠦᠨ ᠤ ᠪᠡᠯᠡ | ᠣᠷᠣᠭᠤᠯᠤᠯᠲᠠ ᠶᠢᠨ ᠭᠢᠷᠢᠨ ᠤ ᠴᠠᠬᠢᠯᠭᠠᠨ ᠬᠦᠴᠦᠨ ᠤ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠳᠤ | ᠬᠠᠷᠢᠶᠠᠯᠠᠭᠳᠠᠨ᠎ᠠ᠃ ᠲᠥᠪ ᠤᠨ ᠠᠵᠤ ᠠᠬᠤᠶᠢᠯᠠᠯ ᠪᠣᠯᠤᠭᠰᠠᠨ ᠤ ᠬᠤᠪᠢ ᠳᠤ᠂ ᠵᠢᠢ ᠳ᠋ᠢᠶᠠᠨ ᠤᠯᠤᠰ ᠤᠨ ᠴᠠᠬᠢᠯᠭᠠᠨ | ᠬᠦᠴᠦᠨ ᠤ ᠨᠥᠭᠡᠴᠡᠯᠡᠯᠲᠡ ᠨᠢ ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠵᠠᠭᠤᠨ ᠲᠦᠮᠡᠨ | ᠲᠣᠨ ᠨᠡᠭᠦᠷᠡᠰᠦ ᠬᠠᠳᠠᠭᠠᠯᠠᠬᠤ ᠰᠠᠭᠤᠷᠢᠨ ᠭᠠᠵᠠᠷ ᠤᠨ ᠪᠦᠳᠦᠭᠡᠨ ᠪᠠᠶᠢᠭᠤᠯᠤᠯᠲᠠ ᠶᠢᠨ ᠡᠭᠦᠷᠭᠡ ᠶᠢ ᠬᠦᠯᠢᠶᠡᠨ | ᠠᠪᠴᠤ᠂ ︽ᠨᠡᠭᠦᠷᠡᠰᠦ ᠨᠥᠭᠡᠴᠡᠯᠡᠬᠦ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠡᠨᠧᠷᠭᠢ ᠶᠢᠨ ᠬᠠᠩᠭᠠᠯᠭ᠎ᠠ ᠶᠢ | ᠪᠠᠲᠤᠯᠠᠬᠤ ᠦᠢᠯᠡᠳᠦᠯ ᠢ ᠪᠠᠳᠠᠷᠠᠭᠤᠯᠬᠤ︾ ᠪᠠᠷ ᠪᠠᠶᠢᠷᠢ ᠲᠣᠭᠲᠠᠭᠠᠯᠲᠠ ᠪᠣᠯᠭᠠᠵᠤ᠂ ᠵᠠᠭᠤᠨ ᠲᠦᠮᠡᠨ ᠲᠣᠨ | ᠨᠡᠭᠦᠷᠡᠰᠦ ᠬᠠᠳᠠᠭᠠᠯᠠᠬᠤ ᠰᠠᠭᠤᠷᠢᠨ ᠢ ᠪᠦᠳᠦᠭᠡᠨ ᠪᠠᠶᠢᠭᠤᠯᠪᠠ᠃ ᠨᠡᠭᠦᠷᠡᠰᠦ ᠬᠠᠳᠠᠭᠠᠯᠠᠬᠤ ᠰᠠᠭᠤᠷᠢᠨ ᠭᠠᠵᠠᠷ ᠤᠨ | ᠨᠢᠭᠡᠳᠦᠭᠡᠷ ᠬᠤᠭᠤᠴᠠᠭᠠᠨ ᠤ ᠲᠥᠷᠥᠯ ᠵᠦᠢᠯ ᠠᠵᠢᠯᠯᠠᠭᠰᠠᠨ ᠤ ᠳᠠᠷᠠᠭ᠎ᠠ᠂ ᠮᠣᠩᠭᠤᠯ ᠤᠯᠤᠰ ᠤᠨ ᠨᠡᠭᠦᠷᠡᠰᠦ ᠶᠢ | ᠶᠡᠭᠡ ᠬᠡᠮᠵᠢᠶ᠎ᠡ ᠪᠠᠷ ᠬᠠᠳᠠᠭᠠᠯᠠᠵᠤ᠂ ᠴᠠᠬᠢᠯᠭᠠᠨ ᠨᠡᠭᠦᠷᠡᠰᠦᠨ ᠤ ︽ᠬᠥᠮᠥᠷᠭᠡ︾ ᠪᠣᠯᠭᠠᠨ᠎ᠠ᠃ ᠵᠢᠢ ᠳ᠋ᠢᠶᠠᠨ ᠺᠣᠮᠫᠠᠨᠢ | ᠨᠢ ᠴᠢᠨᠠᠭᠰᠢᠯᠠᠪᠠᠯ ᠵᠡᠭᠦᠨ ᠬᠤᠶᠢᠲᠤ ᠣᠷᠣᠨ ᠤ ᠴᠠᠬᠢᠯᠭᠠᠨ ᠨᠡᠭᠦᠷᠡᠰᠦᠨ ᠤ ᠵᠠᠬ᠎ᠠ ᠳᠡᠯᠭᠡᠭᠦᠷ ᠬᠡᠯᠪᠡᠯᠵᠡᠵᠦ ᠪᠠᠶᠢᠬᠤ | ᠦᠶ᠎ᠡ ᠳᠤ᠂ ᠬᠥᠮᠥᠷᠭᠡ ᠨᠡᠭᠡᠭᠡᠵᠦ᠂ ᠢᠯᠴᠢ ᠶᠢᠨ ᠴᠠᠬᠢᠯᠭᠠᠨ ᠤ ᠠᠵᠤ ᠠᠬᠤᠶᠢᠯᠠᠯ ᠳᠤ ᠡᠨᠧᠷᠭᠢ ᠶᠢᠨ ᠪᠠᠲᠤᠯᠠᠭ᠎ᠠ ᠶᠢ | ᠬᠦᠷᠭᠡᠨ᠂ ᠲᠣᠭᠲᠠᠪᠤᠷᠢᠵᠢᠭᠤᠯᠤᠭᠴᠢ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠵᠡᠭᠦᠨ ᠬᠤᠶᠢᠲᠤ ᠣᠷᠣᠨ ᠤ | ᠡᠨᠧᠷᠭᠢ ᠶᠢᠨ ᠬᠠᠩᠭᠠᠯᠭ᠎ᠠ ᠪᠠ ᠠᠷᠠᠳ ᠤᠨ ᠠᠮᠢᠳᠤᠷᠠᠯ ᠤᠨ ᠪᠠᠲᠤᠯᠠᠭ᠎ᠠ ᠶᠢ ᠬᠠᠮᠠᠭᠠᠯᠠᠬᠤ ᠪᠤᠯᠤᠨ᠎ᠠ᠃ | ᠣᠶᠢᠯᠠᠭᠠᠭᠰᠠᠨ ᠢᠶᠠᠷ᠂ ᠵᠡᠭᠦᠨ ᠬᠠᠲᠠᠪᠴᠢ ᠶᠢᠨ ᠵᠠᠭᠤᠨ ᠲᠦᠮᠡᠨ ᠲᠣᠨ ᠨᠡᠭᠦᠷᠡᠰᠦ ᠬᠠᠳᠠᠭᠠᠯᠠᠬᠤ ᠰᠠᠭᠤᠷᠢᠨ | ᠭᠠᠵᠠᠷ ᠤᠨ ᠨᠢᠭᠡᠳᠦᠭᠡᠷ ᠬᠤᠭᠤᠴᠠᠭᠠᠨ ᠤ ᠲᠥᠷᠥᠯ ᠵᠦᠢᠯ ᠤᠨ ᠢᠨᠵᠧᠨᠧᠷᠢᠩ ᠢ 2023 ᠣᠨ ᠤ 9 ᠰᠠᠷ᠎ᠠ ᠶᠢᠨ | 26 ᠤ ᠡᠳᠦᠷ ᠡᠬᠢᠯᠡᠭᠦᠯᠵᠦ᠂ 2024 ᠣᠨ ᠤ 11 ᠰᠠᠷ᠎ᠠ ᠶᠢᠨ 15 ᠤ ᠡᠳᠦᠷ ᠪᠣᠭᠤᠮᠲᠠ ᠶᠢᠨ ᠪᠠᠷᠠᠭ᠎ᠠ | ᠨᠥᠭᠡᠴᠡᠯᠡᠬᠦ ᠠᠵᠤ ᠠᠬᠤᠶᠢᠯᠠᠯ ᠤᠨ ᠳᠠᠩᠰᠠᠯᠠᠭᠤᠯᠤᠯᠲᠠ ᠶᠢ ᠪᠡᠶᠡᠯᠡᠭᠦᠯᠪᠡ᠃ ᠬᠤᠶᠠᠳᠤᠭᠠᠷ ᠬᠤᠭᠤᠴᠠᠭᠠᠨ ᠤ ᠲᠥᠷᠥᠯ | ᠵᠦᠢᠯ ᠤᠨ ᠢᠨᠵᠧᠨᠧᠷᠢᠩ ᠢ 2024 ᠣᠨ ᠤ 8 ᠰᠠᠷ᠎ᠠ ᠶᠢᠨ 30 ᠤ ᠡᠳᠦᠷ ᠠᠴᠠ ᠡᠬᠢᠯᠡᠨ ᠪᠠᠶᠢᠭᠤᠯᠵᠤ᠂ | ᠣᠳᠣᠬᠠᠨ ᠳᠤ ᠭᠤᠤᠯ ᠴᠣᠭᠴᠠ ᠶᠢᠨ ᠢᠨᠵᠧᠨᠧᠷᠢᠩ ᠢ ᠨᠢᠭᠡᠨᠲᠡ 80% ᠶᠢ ᠪᠡᠶᠡᠯᠡᠭᠦᠯᠵᠦ᠂ ᠵᠢᠱᠢᠯᠲᠡ ᠪᠠᠷ | 2025 ᠣᠨ ᠤ 6 ᠰᠠᠷ᠎ᠠ ᠳᠤ ᠠᠰᠢᠭᠯᠠᠯᠲᠠ ᠳᠤ ᠣᠷᠣᠭᠤᠯᠤᠨ᠎ᠠ᠃ ᠢᠷᠡᠭᠡᠳᠦᠶ ᠳᠤ᠂ ᠵᠢᠢ ᠳ᠋ᠢᠶᠠᠨ ᠤᠯᠤᠰ ᠤᠨ | ᠨᠡᠭᠦᠷᠡᠰᠦ ᠬᠠᠳᠠᠭᠠᠯᠠᠬᠤ ᠬᠥᠮᠥᠷᠭᠡ ᠨᠢ ᠵᠡᠭᠦᠨ ᠬᠠᠲᠠᠪᠴᠢ ᠪᠣᠭᠤᠮᠲᠠ ᠶᠢᠨ ᠣᠷᠣᠨ ᠪᠠᠶᠢᠷᠢ ᠶᠢᠨ ᠳᠠᠪᠠᠭᠤᠯᠢᠭ ᠪᠠ | ᠮᠣᠩᠭᠤᠯ ᠤᠯᠤᠰ ᠤᠨ ᠨᠡᠭᠦᠷᠡᠰᠦᠨ ᠤ ᠡᠬᠢ ᠪᠠᠶᠠᠯᠢᠭ ᠤᠨ ᠳᠠᠪᠠᠭᠤᠯᠢᠭ ᠲᠤ ᠲᠦᠰᠢᠭᠯᠡᠨ᠂ ᠪᠣᠭᠤᠮᠲᠠ ᠶᠢᠨ | ᠰᠢᠨ᠎ᠡ ᠪᠠᠷ ᠪᠠᠶᠢᠭᠤᠯᠤᠭᠰᠠᠨ ᠵᠠᠮ ᠵᠢᠴᠢ ᠵᠠᠰᠠᠮᠠᠯ ᠵᠠᠮ ᠲᠡᠮᠦᠷ ᠵᠠᠮ ᠤᠨ ᠪᠠᠷᠠᠭᠠᠨ ᠤ ᠭᠦᠢᠯᠭᠡᠭᠡᠨ ᠤ ᠰᠠᠶᠢᠨ ᠨᠡᠪᠲᠡᠷᠡᠬᠦ | ᠵᠠᠮ ᠢ ᠠᠰᠢᠭᠯᠠᠨ᠂ ᠨᠡᠭᠦᠷᠡᠰᠦᠨ ᠤ ᠬᠠᠩᠭᠠᠯᠭ᠎ᠠ ᠶᠢ ᠪᠠᠲᠤᠯᠠᠬᠤ᠂ ᠠᠷᠠᠳ ᠤᠨ ᠠᠮᠢᠳᠤᠷᠠᠯ ᠳᠤ ᠦᠢᠯᠡᠴᠢᠯᠡᠬᠦ ᠪᠠᠷ | ᠲᠡᠷᠢᠭᠦᠨ ᠴᠢᠬᠤᠯᠠ ᠡᠭᠦᠷᠭᠡ ᠪᠣᠯᠭᠠᠵᠤ᠂ ᠴᠢᠨᠠᠷ ᠰᠠᠶᠢᠲᠠᠶ᠂ ᠥᠨᠳᠥᠷ ᠪᠦᠲᠦᠮᠵᠢᠲᠡᠶ ᠨᠡᠭᠦᠷᠡᠰᠦᠨ ᠤ ᠬᠥᠮᠥᠷᠭᠡᠯᠡᠨ | ᠬᠠᠳᠠᠭᠠᠯᠠᠬᠤ ᠰᠠᠭᠤᠷᠢᠨ ᠭᠠᠵᠠᠷ ᠢ ᠦᠷᠭᠦᠯᠵᠢᠯᠡᠨ ᠪᠠᠶᠢᠭᠤᠯᠵᠤ᠂ ᠪᠣᠭᠤᠮᠲᠠ ᠶᠢᠨ ᠵᠡᠭᠦᠨ ᠬᠤᠶᠢᠲᠤ ᠣᠷᠣᠨ ᠤ | ᠡᠨᠧᠷᠭᠢ ᠶᠢᠨ ᠰᠢᠨ᠎ᠡ ᠲᠤᠯᠬᠤ ᠴᠡᠭ ᠪᠣᠯᠭᠠᠨ ᠪᠥᠲᠥᠭᠡᠨ ᠪᠠᠶᠢᠭᠤᠯᠬᠤ ᠳᠤ ᠬᠦᠴᠦᠨ ᠨᠡᠮᠡᠷᠢᠯᠡᠨ᠎ᠡ᠃ |