ᠮᠠᠨ ᠤ ᠬᠤᠰᠢᠭᠤ 2023 ᠣᠨ ᠤ ᠮᠠᠯ ᠠᠵᠤ ᠠᠬᠤᠢ ᠶᠢᠨ ᠭᠤᠣᠯᠳᠠᠯᠭ᠎ᠠ ᠲᠠᠢ ᠠᠵᠢᠯ ᠤᠨ ᠲᠤᠬᠠᠢ ᠰᠣᠨᠢᠨ ᠮᠡᠳᠡᠭᠡ ᠨᠡᠶᠢᠲᠡᠯᠡᠬᠦ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/2/1
      12 ᠰᠠᠷ᠎ᠠ ᠶᠢᠨ19 ᠤ ᠡᠳᠦᠷ᠂ ᠮᠠᠨ ᠤ ᠬᠤᠰᠢᠭᠤ 2023 ᠤᠨ ᠤ ᠮᠠᠯ ᠠᠵᠤ ᠠᠬᠤᠢ ᠶᠢᠨ ᠭᠤᠣᠯᠳᠠᠯᠭ᠎ᠠ ᠲᠠᠢ ᠠᠵᠢᠯ ᠤᠨ ᠲᠤᠬᠠᠢ ᠰᠣᠨᠢᠨ ᠮᠡᠳᠡᠭᠡ ᠨᠡᠶᠢᠲᠡᠯᠡᠬᠦ ᠬᠤᠷᠠᠯᠳᠤᠭᠤᠯᠵᠤ᠂ ᠬᠤᠰᠢᠭᠤ ᠲᠠᠷᠢᠶᠠᠯᠠᠩ ᠮᠠᠯ ᠠᠵᠤ ᠠᠬᠤᠢ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠣᠪᠴᠢᠶ᠎ᠠ ᠶᠢᠨ ᠰᠣᠨᠢᠨ ᠮᠡᠳᠡᠭᠡᠨ ᠤ ᠥᠭᠦᠯᠡᠭᠴᠢ ᠠᠴᠠ 2023 ᠣᠨ ᠤ ᠪᠥᠬᠦ ᠬᠤᠰᠢᠭᠤᠨ ᠤ ᠮᠠᠯ ᠠᠵᠤ ᠠᠬᠤᠢ ᠶᠢᠨ ᠭᠤᠣᠯᠳᠠᠯᠭ᠎ᠠ ᠲᠠᠢ ᠠᠵᠢᠯ ᠪᠠ ᠲᠠᠷᠠᠭᠠᠴᠢ ᠶᠢᠨ ᠠᠯᠬᠤᠮ ᠤᠨ ᠠᠵᠢᠯ ᠤᠨ ᠲᠥᠯᠥᠪᠯᠡᠭᠡ ᠶᠢ ᠮᠡᠳᠡᠭᠳᠡᠭᠰᠡᠨ ᠪᠥᠭᠡᠳ ᠰᠤᠷᠪᠤᠯᠵᠢᠯᠠᠭᠴᠢ ᠶᠢᠨ ᠠᠰᠠᠭᠤᠯᠲᠠ ᠶᠢ ᠬᠠᠷᠢᠭᠤᠯᠪᠠ᠃      2023 ᠣᠨ ᠳᠤ ᠮᠠᠨ ᠤ ᠬᠤᠰᠢᠭᠤᠨ ᠤ ᠮᠠᠯ ᠠᠵᠤ ᠠᠬᠤᠢ ᠶᠢᠨ ᠠᠵᠢᠯ ᠨᠢ ᠭᠤᠣᠯᠳᠠᠭᠤ ᠠᠯᠠᠰᠢᠨ        ᠬᠤᠨᠢ᠂ ᠠᠯᠠᠰᠢᠨ ᠦᠬᠡᠷ᠂ ᠲᠡᠵᠢᠭᠡᠯ ᠡᠪᠡᠰᠦ᠂ ᠠᠳᠤᠭᠤᠨ ᠦᠢᠯᠡᠰ᠂ ᠰᠦ ᠶᠢᠨ ᠦᠢᠯᠡᠰ ᠵᠡᠷᠭᠡ ᠮᠠᠯ ᠠᠵᠤ ᠠᠬᠤᠢ ᠶᠢᠨ ︽3+2︾ ᠤᠨ ᠠᠵᠤ ᠦᠢᠯᠡᠰ ᠤᠨ ᠲᠣᠭᠤᠷᠢᠨ ᠳᠤ᠂ ᠡᠭᠦᠯᠳᠡᠷ ᠰᠠᠶᠢᠵᠢᠷᠠᠭᠤᠯᠬᠤ᠂ ᠶᠠᠰᠤ ᠴᠢᠨᠠᠷ ᠢ ᠡᠵᠡᠮᠳᠡᠬᠦ᠂ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ᠂ ᠪᠠᠷᠢᠮᠵᠢᠶᠠᠵᠢᠭᠰᠠᠨ ᠪᠦᠲᠦᠭᠡᠨ ᠪᠠᠶᠢᠭᠤᠯᠤᠯᠲᠠ᠂ ᠨᠠᠷᠠᠲᠤ ᠲᠡᠮᠳᠡᠭᠲᠦ ᠶᠢᠨ ᠤᠬᠠᠭᠤᠯᠭ᠎ᠠ ᠵᠡᠷᠭᠡ ᠲᠠᠯ᠎ᠠ ᠪᠠᠷ ᠬᠦᠴᠦᠯᠡᠵᠦ᠂ ᠳᠤᠲᠠᠭᠳᠠᠯ ᠢ ᠨᠥᠬᠦᠪᠦᠷᠢᠯᠡᠵᠦ᠂ ᠪᠠᠭᠤᠷᠠᠢ ᠲᠠᠯ᠎ᠠ ᠶᠢ ᠦᠷᠭᠦᠯᠵᠢᠯᠡᠨ ᠠᠬᠢᠭᠤᠯᠵᠤ᠂ ᠮᠠᠯ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠦᠷᠭᠦᠯᠵᠢᠯᠡᠨ ᠠᠬᠢᠭᠤᠯᠪᠠ᠃      ᠠᠯᠠᠰᠢᠨ ᠬᠤᠨᠢᠨ ᠤ ᠡᠭᠦᠯᠳᠡᠷ ᠬᠠᠩᠭᠠᠬᠤ ᠴᠢᠳᠠᠪᠤᠷᠢ ᠶᠢ ᠳᠡᠭᠡᠭᠰᠢᠯᠡᠭᠦᠯᠬᠦ᠂ ᠠᠯᠠᠰᠢᠨ ᠦᠬᠡᠷ ᠤᠨ ᠢᠴᠡᠭᠡᠯ ᠦᠷ᠎ᠡ ᠶᠢᠨ ᠬᠡᠭᠡᠯᠳᠤᠭᠦᠯᠭᠡ᠂ ᠮᠣᠩᠭᠤᠯ ᠠᠳᠤᠭᠤᠨ ᠤ ᠡᠭᠦᠯᠳᠡᠷ ᠬᠠᠮᠠᠭᠠᠯᠠᠬᠤ ᠠᠵᠢᠯ ᠢ ᠭᠤᠣᠯᠳᠠᠯᠭ᠎ᠠ ᠲᠠᠢ ᠰᠠᠶᠢᠲᠤᠷ ᠠᠳᠬᠤᠪᠠ᠃ ᠡᠨᠡ ᠵᠢᠯ 79676 ᠲᠤᠯᠤᠭᠠᠢ ᠦᠵᠦᠮᠦᠴᠢᠨ ᠬᠤᠨᠢᠨ ᠳᠤ ᠬᠥᠮᠥᠨ ᠤ ᠬᠦᠴᠦ ᠪᠠᠷ ᠬᠡᠭᠡᠯᠲᠦᠭᠦᠯᠬᠦ ᠠᠵᠢᠯ ᠢ ᠪᠡᠶᠡᠯᠡᠭᠦᠯᠵᠦ᠂ ᠠᠯᠠᠰᠢᠨ ᠦᠬᠡᠷ ᠤᠨ ᠢᠴᠡᠭᠡᠯ ᠦᠷ᠎ᠡ ᠶᠢᠨ ᠬᠡᠭᠡᠯᠳᠤᠭᠦᠯᠭᠡ123 ᠥᠷᠲᠡᠭᠡ ᠴᠡᠭ ᠢ ᠨᠠᠶᠢᠳᠠᠪᠤᠷᠢᠵᠢᠭᠤᠯᠤᠨ᠂ ᠬᠤᠸᠠᠰᠢ ᠦᠬᠡᠷ ᠤᠨ ᠡᠭᠦᠯᠳᠡᠷ ᠪᠣᠶᠢᠵᠢᠭᠤᠯᠬᠤ ᠰᠦᠷᠦᠭ ᠢ ᠪᠣᠶᠢᠵᠢᠭᠤᠯᠪᠠ᠃ ᠨᠤᠲᠤᠭ ᠤᠨ ᠦᠬᠡᠷ ᠲᠤ ᠢᠴᠡᠭᠡᠯ ᠦᠷ᠎ᠡ ᠶᠢᠨ ᠬᠡᠭᠡᠯᠳᠤᠭᠦᠯᠭᠡ ᠬᠢᠬᠦ ᠮᠡᠷᠭᠡᠵᠢᠯ ᠢ ᠦᠨᠳᠦᠰᠦᠨ ᠱᠠᠲᠤᠨ ᠳᠤ ᠬᠦᠷᠭᠡᠬᠦ ᠪᠣᠯᠪᠠᠰᠤᠷᠠᠯ ᠤᠨ ᠠᠩᠭᠢ ᠶᠢ 8 ᠬᠤᠭᠤᠴᠠᠭ᠎ᠠ ᠡᠷᠬᠢᠯᠡᠵᠦ᠂ 210 ᠬᠥᠮᠥᠨ ᠤᠳᠠᠭ᠎ᠠ ᠳᠤ ᠪᠤᠯᠪᠠᠰᠤᠷᠠᠯ ᠬᠦᠷᠲᠡᠭᠡᠨ᠂ ᠣᠷᠣᠨ ᠨᠤᠲᠤᠭ ᠤᠨ ᠢᠴᠡᠭᠡᠯ ᠦᠷ᠎ᠡ ᠶᠢᠨ ᠬᠡᠭᠡᠯᠳᠤᠭᠦᠯᠭᠡ ᠶᠢᠨ ᠮᠡᠷᠭᠡᠵᠢᠯ ᠤᠨ ᠴᠢᠳᠠᠪᠤᠷᠢᠲᠠᠨ ᠨᠡᠶᠢᠲᠡ 65 ᠬᠦᠮᠦᠨ ᠢ ᠬᠥᠮᠥᠵᠢᠭᠦᠯᠪᠡ᠃ ᠮᠣᠩᠭᠤᠯ ᠠᠳᠤᠭᠤᠨ ᠤ ᠡᠭᠦᠯᠳᠡᠷ ᠢ ᠬᠠᠮᠠᠭᠠᠯᠠᠬᠤ ᠲᠠᠯᠠᠪᠠᠶ 1᠂  ᠭᠤᠣᠯᠳᠠᠯᠭᠠᠲᠤ ᠰᠦᠷᠦᠭ 30᠂ ᠦᠵᠦᠮᠦᠴᠢᠨ ᠠᠳᠤᠭᠤᠨ ᠤ ᠤᠳᠤᠮ ᠢ ᠬᠠᠮᠠᠭᠠᠯᠠᠬᠤ ᠡᠷᠦᠬᠡ 8 ᠶᠢ  ᠦᠷᠭᠦᠯᠵᠢᠯᠡᠨ ᠪᠠᠬᠢᠵᠢᠭᠦᠯᠬᠦ ᠶᠢᠨ ᠬᠠᠮᠲᠤ 7900 ᠰᠢᠷᠬᠡᠭ ᠮᠣᠩᠭᠤᠯ ᠠᠳᠤᠭᠤᠨ ᠤ ᠢᠴᠡᠭᠡᠯ ᠦᠷ᠎ᠡ ᠶᠢ ᠦᠢᠯᠡᠳᠪᠡ᠃      ᠮᠠᠯ ᠤᠨ ᠠᠰᠢᠭ ᠰᠢᠮ᠎ᠡ ᠶᠢᠨ ᠪᠦᠲᠦᠭᠡᠭᠳᠡᠭᠦᠨ ᠤ ᠢᠷᠡᠯᠲᠡ ᠵᠢᠴᠢ ᠦᠢᠯᠡᠳᠪᠦᠷᠢᠯᠡᠯ ᠤᠨ ᠭᠤᠭᠴᠤᠭ᠎ᠠ ᠶᠢᠨ ᠬᠢᠨᠠᠯᠲᠠ ᠬᠠᠮᠢᠶᠠᠷᠤᠯᠲᠠ ᠶᠢᠨ ᠲᠠᠯ᠎ᠠ ᠪᠠᠷ ᠬᠦᠴᠦ ᠲᠠᠯᠪᠢᠪᠠ᠃ ᠠᠮᠢᠲᠠᠨ ᠤ ᠬᠢᠵᠢᠭ ᠡᠪᠡᠳᠴᠢᠨ ᠢ ᠰᠡᠷᠭᠡᠶᠢᠯᠡᠨ ᠡᠵᠡᠮᠳᠡᠬᠦ ᠠᠵᠢᠯ ᠢ ᠰᠠᠶᠢᠲᠤᠷ ᠠᠳᠬᠤᠵᠤ᠂ ᠮᠠᠯ ᠡᠮᠨᠡᠯᠭᠡ ᠶᠢᠨ ᠨᠡᠶᠢᠭᠡᠮᠴᠢᠯᠡᠭᠰᠡᠨ ᠦᠢᠯᠡᠴᠢᠯᠡᠭᠡ ᠶᠢ ᠪᠦᠭᠦ ᠬᠤᠰᠢᠭᠤᠨ ᠤ ᠬᠡᠪᠴᠢᠶᠡᠨ ᠳᠤ  ᠪᠦᠭᠦ ᠲᠠᠯ᠎ᠠ ᠪᠠᠷ ᠬᠡᠷᠡᠭᠵᠢᠭᠦᠯᠵᠦ᠂ ᠬᠠᠪᠤᠷ ᠨᠠᠮᠤᠷ ᠬᠤᠶᠠᠷ ᠤᠯᠠᠷᠢᠯ ᠳᠤ 1204.214 ᠲᠦᠮᠡᠨ ᠮᠠᠯ ᠤᠨᠤᠭᠠᠨ ᠤ ᠬᠢᠵᠢᠭ ᠢ ᠲᠦᠪᠯᠡᠷᠡᠭᠦᠯᠦᠨ ᠰᠡᠷᠭᠡᠶᠢᠯᠡᠵᠦ᠂ ᠠᠮᠢᠲᠠᠨ ᠤ ᠬᠢᠵᠢᠭ ᠤᠨ ᠪᠠᠶᠢᠴᠠᠭᠠᠯᠲᠠ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠭᠠᠷᠤᠯᠲᠠ ᠶᠢᠨ ᠣᠷᠣᠨ ᠤ ᠬᠢᠵᠢᠭ ᠤᠨ ᠪᠠᠶᠢᠴᠠᠭᠠᠯᠲᠠ ᠶᠢ ᠨᠡᠶᠢᠳᠡ 6287 ᠲᠡᠷᠭᠡ ᠤᠳᠠᠭ᠎ᠠ᠂ ᠬᠢᠵᠢᠭ ᠤᠨ ᠪᠠᠶᠢᠴᠠᠭᠠᠯᠲᠠ ᠶᠢ 99.1544 ᠲᠦᠮᠡᠨ ᠲᠣᠯᠣᠭᠠᠢ ᠮᠠᠯ ᠤᠨᠤᠭᠠᠨ ᠳᠤ ᠥᠷᠨᠢᠭᠦᠯᠵᠦ᠂ ᠬᠢᠵᠢᠭ ᠤᠨ ᠪᠠᠶᠢᠴᠠᠭᠠᠯᠲᠠ ᠳᠤ ᠬᠢᠷᠢ ᠲᠡᠩᠴᠡᠭᠰᠡᠨ ᠮᠠᠯ ᠤᠨ ᠠᠰᠢᠭ ᠰᠢᠮ᠎ᠡ ᠶᠢᠨ ᠪᠦᠲᠦᠭᠡᠭᠳᠡᠭᠦᠨ 12528.92 ᠲᠣᠨ᠃ ᠦᠬᠡᠷ ᠬᠤᠨᠢ ᠶᠢ ᠳᠤᠷ᠎ᠠ ᠪᠠᠷ ᠢᠶᠠᠨ ᠠᠯᠠᠵᠤ ᠨᠢᠲᠤᠯᠬᠤ᠂ ᠮᠠᠯ ᠤᠨ ᠦᠬᠦᠳᠡᠯ ᠢ ᠡᠳ᠋ᠰᠢᠭᠦᠯᠬᠦ᠂ ︽ᠬᠠᠷ᠎ᠠ ᠮᠢᠬᠠᠯᠠᠭᠤᠯᠬᠤ ᠬᠠᠨᠳᠠ︾ ᠨᠡᠮᠡᠵᠦ ᠬᠡᠷᠡᠭᠯᠡᠬᠦ ᠵᠢᠴᠢ ᠰᠢᠯᠭᠠᠨ ᠪᠠᠶᠢᠴᠠᠭᠠᠬᠤ ᠳᠤ ᠬᠢᠷᠢ ᠲᠡᠩᠴᠡᠭᠰᠡᠨ ᠦᠭᠡᠢ ᠮᠢᠬᠠᠨ ᠤ ᠲᠥᠷᠥᠯ ᠤᠨ ᠪᠦᠲᠦᠭᠡᠭᠳᠡᠬᠦᠨ ᠢ ᠰᠢᠯᠭᠠᠨ ᠪᠠᠶᠢᠴᠠᠭᠠᠬᠤ ᠵᠡᠷᠭᠡ ᠬᠠᠤᠯᠢ ᠲᠣᠭᠲᠠᠭᠠᠯ ᠠᠴᠠ ᠵᠥᠷᠢᠴᠡᠭᠰᠡᠨ ᠦᠶᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠬᠡᠷᠡᠭᠯᠡᠭᠴᠢᠳ ᠤᠨ ᠢᠳᠡᠭᠡᠨ ᠤᠮᠳᠠᠭᠠᠨ ᠤ ᠠᠮᠤᠷ ᠲᠦᠪᠰᠢᠨ ᠢ ᠦᠨᠡᠨᠬᠦ  ᠪᠠᠲᠤᠯᠠᠪᠠ᠃      ᠬᠤᠰᠢᠭᠤ᠂ ᠰᠤᠮᠤ ᠪᠠᠯᠭᠠᠰᠤ᠂ ᠭᠠᠴᠠᠭ᠎ᠠ ᠭᠤᠷᠪᠠᠨ ᠱᠠᠲᠤᠨ ᠤ ᠡᠪᠡᠰᠦ ᠨᠥᠭᠡᠴᠡᠯᠡᠬᠦ ᠰᠢᠰᠲ᠋ᠧᠮ ᠢ ᠲᠠᠰᠤᠷᠠᠯᠲᠠ ᠦᠭᠡᠢ ᠪᠦᠷᠢᠨᠰᠢᠭᠦᠯᠬᠦ ᠶᠢᠨ ᠬᠠᠮᠲᠤ᠂ ᠪᠠᠷᠠᠭᠤᠨ ᠬᠡᠰᠡᠭ᠂ ᠳᠤᠮᠳᠠ ᠬᠡᠰᠡᠭ᠂ ᠵᠡᠭᠦᠨ ᠬᠡᠰᠡᠭ ᠲᠤ ᠪᠥᠬᠦ ᠬᠤᠰᠢᠭᠤ ᠶᠢ ᠨᠥᠯᠥᠭᠡᠯᠡᠭᠰᠡᠨ ᠭᠠᠮᠰᠢᠭ ᠲᠠᠢ ᠲᠡᠮᠡᠴᠡᠵᠦ ᠪᠠᠴᠢᠮ ᠪᠠᠶᠢᠳᠠᠯ ᠢ ᠠᠷᠭᠠᠴᠠᠬᠤ ᠡᠪᠡᠰᠦ ᠨᠥᠭᠡᠴᠡᠯᠡᠬᠦ ᠰᠠᠭᠤᠷᠢᠨ ᠭᠠᠵᠠᠷ ᠢ ᠰᠦᠪᠡᠭᠴᠢᠯᠡᠨ ᠪᠠᠶᠢᠭᠤᠯᠪᠠ᠃ ᠡᠭᠦᠨ ᠤ ᠬᠠᠮᠲᠤ᠂ ᠬᠤᠷᠰᠢᠶ᠎ᠠ᠂ ᠮᠠᠯᠵᠢᠬᠤ ᠡᠷᠦᠬᠡ ᠪᠠᠷ ᠭᠤᠣᠯ ᠴᠣᠭᠴᠠ ᠪᠣᠯᠭᠠᠵᠤ᠂ ᠰᠤᠮᠤ ᠪᠠᠯᠭᠠᠰᠤ ᠶᠢᠨ ᠬᠤᠪᠢᠶᠠᠷᠢ ᠲᠥᠪ ᠢᠶᠠᠷ ᠲᠤᠯᠬᠤ ᠴᠡᠭ ᠪᠣᠯᠭᠠᠵᠤ᠂ ᠬᠤᠰᠢᠭᠤ ᠲᠠᠰ ᠤᠨ ᠡᠪᠡᠰᠦ ᠪᠣᠷᠳᠤᠭ᠎ᠠ ᠨᠥᠭᠡᠴᠡᠯᠡᠬᠦ ᠰᠠᠭᠤᠷᠢᠨ ᠭᠠᠵᠠᠷ ᠢᠶᠠᠷ ᠨᠥᠬᠦᠪᠦᠷᠢ ᠪᠣᠯᠭᠠᠭᠰᠠᠨ ᠭᠤᠷᠪᠠᠳᠤᠭᠠᠷ ᠳᠡᠰ ᠤᠨ ᠡᠪᠡᠰᠦ ᠪᠣᠷᠳᠤᠭ᠎ᠠ ᠶᠢ ᠬᠠᠳᠠᠭᠠᠯᠠᠵᠤ ᠵᠥᠭᠡᠭᠡᠪᠦᠷᠢᠯᠡᠬᠦ ᠨᠡᠶᠢᠭᠡᠮᠴᠢᠯᠡᠭᠰᠡᠨ ᠦᠢᠯᠡᠴᠢᠯᠡᠭᠡᠨ ᠤ ᠵᠠᠭᠪᠤᠷ ᠢ ᠰᠦᠪᠡᠭᠴᠢᠯᠡᠨ ᠪᠠᠶᠢᠭᠤᠯᠬᠤ ᠶᠢᠨ ᠬᠠᠮᠲᠤ ᠡᠪᠡᠰᠦ ᠪᠣᠷᠳᠤᠭ᠎ᠠ ᠶᠢ ᠲᠤᠬᠠᠢ ᠶᠢᠨ ᠭᠠᠵᠠᠷ ᠲᠤᠨᠢ ᠣᠶᠢᠷ᠎ᠠ ᠬᠠᠪᠢ ᠳᠤᠨᠢ ᠡᠳ᠋ᠰᠢᠭᠦᠯᠬᠦ ᠶᠢ ᠲᠦᠷᠭᠡᠳᠬᠡᠨ ᠠᠬᠢᠭᠤᠯᠪᠠ᠃ ᠡᠨᠡ ᠵᠢᠯ᠂ ᠪᠥᠬᠦ ᠬᠤᠰᠢᠭᠤ ᠪᠠᠷ ᠢᠶᠠᠨ ᠨᠡᠶᠢᠲᠡ 44.67 ᠲᠦᠮᠡᠨ ᠲᠣᠨ ᠡᠪᠡᠰᠦ ᠪᠣᠷᠳᠤᠭ᠎ᠠ ᠨᠥᠭᠡᠴᠡᠯᠡᠪᠡ᠃      20 ᠲᠦᠮᠡᠨ ᠲᠥᠭᠦᠷᠢᠭ ᠤᠨ ᠪᠡᠯᠡ ᠣᠷᠣᠭᠤᠯᠵᠤ᠂ ᠨᠢᠭᠡ ᠭᠠᠷ ᠦᠢᠯᠡᠳᠬᠡᠯ ᠤᠨ ᠭᠠᠵᠠᠷ ᠢ ᠦᠢᠯᠡᠳᠪᠦᠷᠢᠯᠡᠯ ᠤᠨ ᠠᠵᠤ ᠠᠬᠤᠶᠢᠯᠠᠯ ᠪᠣᠯᠭᠠᠨ ᠲᠠᠰ ᠳᠡᠪᠰᠢᠭᠦᠯᠬᠦ ᠶᠢᠨ ᠬᠠᠮᠲᠤ ᠢᠳᠡᠭᠡᠨ ᠤ ᠵᠦᠢᠯ ᠤᠨ ᠦᠢᠯᠡᠳᠪᠦᠷᠢᠯᠡᠯ ᠤᠨ ᠵᠥᠪᠰᠢᠶᠡᠷᠡᠯ ᠤᠨ ᠦᠨᠡᠮᠯᠡᠯ ︵SC ᠦᠨᠡᠮᠯᠡᠯ︶ ᠢ ᠠᠮᠵᠢᠯᠲᠠ ᠲᠠᠢ ᠣᠯᠪᠠ᠃ 60 ᠲᠦᠮᠡᠨ ᠲᠥᠭᠦᠷᠢᠭ ᠤᠨ ᠪᠡᠯᠡ ᠣᠷᠣᠭᠤᠯᠵᠤ 2 ᠡᠷᠦᠬᠡ ᠶᠢᠨ ᠴᠠᠭᠠᠨ ᠢᠳᠡᠭᠡᠨ ᠤ ᠵᠢᠵᠢᠭ ᠦᠢᠯᠡᠳᠬᠡᠯ ᠢ ᠲᠠᠰ ᠳᠡᠪᠰᠢᠭᠦᠯᠦᠨ ᠥᠭᠡᠷᠡᠴᠢᠯᠡᠵᠦ᠂ 180 ᠲᠦᠮᠡᠨ ᠲᠥᠭᠦᠷᠢᠭ ᠤᠨ ᠪᠡᠯᠡ ᠣᠷᠣᠭᠤᠯᠵᠤ 5 ᠴᠡᠭᠡ ᠡᠳ᠋ᠰᠢᠭᠦᠯᠬᠦ ᠲᠤᠷᠰᠢᠯᠲᠠ ᠶᠢᠨ ᠴᠡᠭ ᠤᠨ ᠪᠦᠲᠦᠭᠡᠨ ᠪᠠᠶᠢᠭᠤᠯᠤᠯᠲᠠ ᠶᠢ ᠪᠡᠶᠡᠯᠡᠭᠦᠯᠪᠡ᠃ 1465 ᠲᠦᠮᠡᠨ ᠲᠥᠭᠦᠷᠢᠭ ᠣᠷᠣᠭᠤᠯᠵᠤ᠂ 32 ᠬᠥᠳᠡᠭ᠊ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠢᠱᠢᠶ᠎ᠡ ᠦᠵᠡᠭᠦᠯᠬᠦ ᠡᠷᠦᠬᠡ ᠶᠢ ᠪᠦᠲᠦᠭᠡᠨ ᠪᠠᠶᠢᠭᠤᠯᠵᠤ᠂ ᠣᠳᠣᠬᠢᠴᠢᠯᠠᠭᠰᠠᠨ ᠲᠥᠬᠦᠭᠡᠷᠦᠮᠵᠢ ᠶᠢ ᠲᠡᠭᠦᠯᠳᠡᠷᠵᠢᠭᠦᠯᠪᠡ᠃ ᠡᠭᠦᠨ ᠤ ᠬᠠᠮᠲᠤ ᠮᠠᠯ ᠤᠨ ᠦᠬᠦᠳᠡᠯ ᠢ ᠪᠤᠬᠢᠷᠳᠤᠯ ᠦᠭᠡᠢ ᠰᠢᠢᠳᠪᠦᠷᠢᠯᠡᠬᠦ ᠲᠥᠷᠥᠯ ᠵᠦᠢᠯ ᠤᠨ ᠡᠮᠦᠨᠡᠬᠢ ᠬᠤᠭᠤᠴᠠᠭᠠᠨ ᠤ ᠠᠵᠢᠯ ᠢ ᠢᠳᠡᠪᠬᠢᠲᠡᠢ ᠪᠠᠷ ᠲᠦᠯᠬᠢᠨ ᠠᠬᠢᠭᠤᠯᠪᠠ᠃      ᠦᠵᠦᠮᠦᠴᠢᠨ ᠬᠤᠨᠢᠨ ᠤ ᠦᠢᠯᠡᠰ ᠤᠨ ᠬᠠᠩᠵᠸᠤ ᠳᠠᠬᠢ ᠵᠣᠯᠭᠠᠯᠴᠠᠭ᠎ᠠ ᠪᠠᠷ ᠳᠠᠮᠵᠢᠭᠤᠯᠤᠨ ᠮᠠᠨ ᠤ ᠬᠤᠰᠢᠭᠤ ᠦᠵᠦᠮᠦᠴᠢᠨ ᠬᠤᠨᠢᠨ ᠤ ᠪᠥᠬᠦ ᠠᠵᠤ ᠦᠢᠯᠡᠰ ᠤᠨ ᠬᠡᠯᠬᠢᠶ᠎ᠡ ᠶᠢᠨ ᠬᠥᠭᠵᠢᠯᠲᠡ ᠶᠢ ᠤᠯᠠᠮ ᠨᠢᠭᠡ ᠠᠯᠬᠤᠮ ᠠᠬᠢᠭᠤᠯᠵᠤ᠂ ᠡᠭᠦᠯᠳᠡᠷ ᠪᠠ ᠴᠢᠨᠠᠷ ᠴᠢᠨᠰᠠᠭ᠎ᠠ ᠶᠢᠨ ᠰᠢᠯᠢᠳᠡᠭ ᠢ ᠪᠣᠶᠢᠵᠢᠭᠤᠯᠤᠨ ᠲᠠᠰ ᠳᠡᠪᠰᠢᠭᠦᠯᠬᠦ ᠶᠢ ᠴᠢᠩᠭᠠᠳᠬᠠᠨ᠂ ᠦᠵᠦᠮᠦᠴᠢᠨ ᠬᠤᠨᠢᠨ ᠤ ᠮᠢᠬᠠᠨ ᠤ ᠲᠥᠷᠥᠯ ᠲᠡᠮᠳᠡᠭᠲᠦ ᠶᠢ ᠥᠷᠲᠡᠭ ᠤᠨ ᠬᠡᠯᠬᠢᠶ᠎ᠡ ᠶᠢᠨ ᠳᠤᠮᠳᠠ ᠳᠡᠭᠡᠳᠦ ᠲᠠᠰ ᠳᠠᠰᠢ ᠤᠷᠲᠤᠳᠬᠠᠬᠤ ᠶᠢ ᠠᠬᠢᠭᠤᠯᠵᠤ᠂ ︽ᠴᠢᠨᠠᠷ ᠰᠠᠶᠢᠲᠠᠢ ᠪᠥᠭᠡᠳ ᠦᠨ᠎ᠡ ᠰᠠᠶᠢᠲᠠᠢ︾ ᠰᠠᠶᠢᠨ ᠡᠷᠭᠢᠯᠲᠡ ᠶᠢ  ᠪᠡᠶᠡᠯᠡᠭᠦᠯᠪᠡ᠃ ᠮᠠᠨ ᠤ ᠬᠤᠰᠢᠭᠤ ᠠᠷᠪᠠᠳᠤᠭᠠᠷ ᠬᠤᠭᠤᠴᠠᠭᠠᠨ ᠤ ︽ᠦᠵᠦᠮᠦᠴᠢᠨ ᠬᠤᠨᠢᠨ ᠤ ᠨᠠᠶᠢᠷ︾ ᠢ ᠪᠡᠯᠡᠳᠬᠡᠨ ᠡᠷᠭᠢᠯᠡᠵᠦ᠂ ᠦᠵᠦᠮᠦᠴᠢᠨ ᠬᠤᠨᠢᠨ ᠤ ᠡᠬᠢ ᠪᠠᠶᠠᠯᠢᠭ ᠤᠨ ᠳᠠᠪᠠᠭᠤᠯᠢᠭ ᠢ ᠨᠠᠩ ᠰᠠᠶᠢᠨ ᠢᠶᠠᠷ ᠪᠦᠲᠦᠭᠡᠭᠳᠡᠬᠦᠨ ᠤ ᠳᠠᠪᠠᠭᠤᠯᠢᠭ᠂ ᠠᠵᠤ ᠠᠬᠤᠢ ᠶᠢᠨ ᠳᠠᠪᠠᠭᠤᠯᠢᠭ᠂ ᠵᠠᠬ᠎ᠠ ᠳᠡᠯᠭᠡᠭᠦᠷ ᠤᠨ ᠳᠠᠪᠠᠭᠤᠯᠢᠭ ᠪᠣᠯᠭᠠᠨ ᠬᠤᠪᠢᠷᠠᠭᠤᠯᠪᠠ᠃
 
ᠢᠷᠡᠯᠲᠡ᠄ ᠵᠡᠬᠦᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号