ᠤᠯᠢᠶᠠᠰᠤᠲᠠᠢ ᠪᠠᠯᠭᠠᠰᠤᠨ ᠤ ᠦᠩᠲᠤ ᠭᠠᠴᠠᠭᠠᠨ ᠤ ᠨᠠᠮ ᠤᠨ ᠡᠭᠦᠷ ᠨᠢ ᠭᠤᠣᠯ ᠰᠡᠳᠦᠪᠲᠦ ᠬᠥᠮᠦᠵᠢᠯ ᠤᠨ ᠲᠤᠰᠬᠠᠢ ᠰᠡᠳᠦᠪᠲᠦ ᠵᠣᠬᠢᠶᠠᠨ ᠪᠠᠶᠢᠭᠤᠯᠤᠯᠲᠠ ᠶᠢᠨ ᠠᠮᠢᠳᠤᠷᠠᠯ ᠤᠨ ᠬᠤᠷᠠᠯ ᠢ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/2/1
      ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠨᠠᠮ ᠤᠨ ᠵᠣᠬᠢᠶᠠᠨ ᠪᠠᠶᠢᠭᠤᠯᠤᠯᠲᠠ ᠶᠢᠨ ᠤᠯᠤᠰ ᠲᠦᠷᠦ ᠶᠢᠨ ᠴᠢᠳᠠᠪᠬᠢ ᠪᠣᠯᠣᠨ ᠵᠣᠬᠢᠶᠠᠨ ᠪᠠᠶᠢᠭᠤᠯᠤᠯᠲᠠ ᠶᠢᠨ ᠴᠢᠳᠠᠪᠬᠢ ᠶᠢ ᠴᠢᠩᠭᠠᠳᠬᠠᠬᠤ ᠶᠢᠨ ᠲᠥᠯᠥᠭᠡ᠂ 1 ᠰᠠᠷ᠎ᠠ ᠶᠢᠨ 23 ᠤ ᠡᠳᠦᠷ᠂ ᠤᠯᠢᠶᠠᠰᠤᠲᠠᠢ ᠪᠠᠯᠭᠠᠰᠤᠨ ᠤ ᠦᠩᠲᠦ  ᠭᠠᠴᠠᠭᠠᠨ ᠤ ᠨᠠᠮ ᠤᠨ ᠡᠭᠦᠷ ᠨᠢ ᠭᠤᠣᠯ ᠰᠡᠳᠦᠪᠲᠦ ᠬᠥᠮᠦᠵᠢᠯ ᠤᠨ ᠲᠤᠰᠬᠠᠢ ᠰᠡᠳᠦᠪᠲᠦ ᠵᠣᠬᠢᠶᠠᠨ ᠪᠠᠶᠢᠭᠤᠯᠤᠯᠲᠠ ᠶᠢᠨ ᠠᠮᠢᠳᠤᠷᠠᠯ ᠤᠨ ᠬᠤᠷᠠᠯ ᠬᠤᠷᠠᠯᠳᠤᠭᠤᠯᠪᠠ᠃      ᠬᠤᠷᠠᠯ ᠠᠴᠠ ᠡᠮᠦᠨ᠎ᠡ᠂ ᠨᠠᠮ ᠤᠨ ᠡᠭᠦᠷ ᠤᠨ ᠨᠠᠮ ᠤᠨ ᠭᠡᠰᠢᠭᠦᠨ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠳᠦᠷᠢᠮ︾ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠡᠭᠦᠷ ᠤᠨ ᠠᠵᠢᠯ ᠤᠨ ᠳᠦᠷᠢᠮ ︵ᠲᠤᠷᠰᠢᠨ ᠬᠡᠷᠡᠭᠵᠢᠭᠦᠯᠬᠦ︶︾ ᠵᠡᠷᠭᠡ ᠠᠭᠤᠯᠭ᠎ᠠ ᠶᠢ ᠲᠥᠪᠯᠡᠷᠡᠭᠦᠯᠦᠨ ᠰᠤᠷᠤᠯᠴᠠᠵᠤ᠂ ᠰᠡᠳᠬᠢᠯ ᠤᠨ ᠦᠭᠡ ᠪᠠᠨ ᠬᠡᠯᠡᠯᠴᠡᠨ ᠶᠠᠷᠢᠯᠴᠠᠬᠤ ᠶᠢ ᠨᠡᠶᠢᠳᠡᠮ ᠥᠷᠨᠢᠭᠦᠯᠵᠦ᠂ ᠦᠵᠡᠯ ᠰᠠᠨᠠᠭ᠎ᠠ ᠪᠣᠯᠣᠨ ᠠᠵᠢᠯ ᠲᠠᠢ ᠪᠠᠨ ᠤᠶᠠᠯᠳᠤᠭᠤᠯᠵᠤ᠂ ᠣᠷᠣᠰᠢᠵᠤ ᠪᠠᠶᠢᠭ᠎ᠠ ᠠᠰᠠᠭᠤᠳᠠᠯ ᠪᠣᠯᠣᠨ ᠬᠦᠷᠦᠯᠴᠡᠬᠦ ᠦᠭᠡᠢ ᠲᠠᠯ᠎ᠠ ᠪᠠᠨ ᠭᠦᠨᠵᠡᠭᠡᠢ ᠪᠠᠶᠢᠴᠠᠭᠠᠵᠦ᠂ ᠲᠤᠰᠬᠠᠢ ᠰᠡᠳᠦᠪᠲᠦ ᠵᠣᠬᠢᠶᠠᠨ ᠪᠠᠶᠢᠭᠤᠯᠤᠯᠲᠠ ᠶᠢᠨ ᠠᠮᠢᠳᠤᠷᠠᠯ ᠤᠨ ᠬᠤᠷᠠᠯ ᠢ ᠰᠠᠶᠢᠲᠤᠷ ᠬᠤᠷᠠᠯᠳᠤᠭᠤᠯᠬᠤ  ᠳᠤ ᠪᠠᠲᠤ ᠪᠠᠬᠢ ᠰᠠᠭᠤᠷᠢ ᠶᠢ ᠲᠠᠯᠪᠢᠭᠰᠠᠨ ᠪᠠᠶᠢᠨ᠎ᠠ᠃      ᠬᠤᠷᠠᠯ ᠳᠡᠭᠡᠷ᠎ᠡ᠂ ᠨᠠᠮ ᠤᠨ ᠡᠭᠦᠷ ᠤᠨ ᠱᠦᠵᠢ ᠠᠴᠠ 2022 ᠣᠨ ᠤ ᠵᠣᠬᠢᠶᠠᠨ ᠪᠠᠶᠢᠭᠤᠯᠤᠯᠲᠠ ᠶᠢᠨ ᠠᠮᠢᠳᠤᠷᠠᠯ ᠤᠨ ᠬᠤᠷᠠᠯ ᠤᠨ ᠠᠰᠠᠭᠤᠳᠠᠯ ᠢ ᠴᠡᠭᠴᠡᠯᠡᠨ ᠨᠠᠶᠢᠳᠠᠪᠤᠷᠢᠵᠢᠭᠤᠯᠤᠭᠰᠠᠨ ᠪᠠᠶᠢᠳᠠᠯ ᠵᠢᠴᠢ ᠲᠤᠰ ᠤᠳᠠᠭ᠎ᠠ ᠶᠢᠨ ᠲᠤᠰᠬᠠᠢ ᠰᠡᠳᠦᠪᠲᠦ ᠵᠣᠬᠢᠶᠠᠨ ᠪᠠᠶᠢᠭᠤᠯᠤᠯᠲᠠ ᠶᠢᠨ ᠠᠮᠢᠳᠤᠷᠠᠯ ᠤᠨ ᠬᠤᠷᠠᠯ ᠠᠴᠠ ᠡᠮᠦᠨᠡᠬᠢ ᠪᠡᠯᠡᠳᠬᠡᠯ ᠠᠵᠢᠯ ᠤᠨ ᠪᠠᠶᠢᠳᠠᠯ ᠢ ᠮᠡᠲᠡᠭᠦᠯᠵᠦ᠂ ᠨᠠᠮ ᠤᠨ ᠡᠭᠦᠷ ᠢ ᠲᠥᠯᠥᠭᠡᠯᠡᠨ ᠳᠡᠭᠡᠳᠦ ᠱᠠᠲᠤᠨ ᠤ ᠵᠣᠬᠢᠶᠠᠨ ᠪᠠᠶᠢᠭᠤᠯᠤᠯᠲᠠ ᠶᠢᠨ ᠲᠣᠭᠲᠠᠭᠠᠯ ᠢ ᠬᠡᠷᠡᠭᠵᠢᠭᠦᠯᠬᠦ᠂ ᠵᠣᠬᠢᠶᠠᠨ ᠪᠠᠶᠢᠭᠤᠯᠤᠯᠲᠠ ᠶᠢᠨ ᠠᠮᠢᠳᠤᠷᠠᠯ ᠢ ᠴᠢᠩᠭᠠᠳᠬᠠᠬᠤ ᠵᠡᠷᠭᠡ 6 ᠲᠠᠯ᠎ᠠ ᠪᠠᠷ ᠬᠠᠷᠢᠴᠠᠭᠤᠯᠤᠨ ᠪᠠᠶᠢᠴᠠᠭᠠᠭᠰᠠᠨ ᠪᠥᠭᠡᠳ ᠬᠤᠪᠢ ᠬᠥᠮᠥᠨ ᠤ ᠬᠠᠷᠢᠴᠠᠭᠤᠯᠤᠭᠰᠠᠨ ᠪᠠᠶᠢᠴᠠᠭᠠᠯᠲᠠ ᠬᠢᠵᠡᠢ᠃ ᠲᠠᠷᠠᠭ᠎ᠠ ᠨᠢ᠂ ᠤᠯᠠᠨ ᠢᠶᠠᠷ ᠢᠶᠠᠨ ᠬᠤᠷᠠᠯ ᠤᠨ ᠭᠤᠣᠯ ᠰᠡᠳᠦᠪ ᠲᠠᠢ ᠨᠢᠭᠲᠠ ᠤᠶᠠᠯᠳᠤᠭᠤᠯᠤᠨ᠂ ᠠᠰᠠᠭᠤᠳᠠᠯ ᠢ ᠭᠦᠨᠵᠡᠭᠡᠢ ᠪᠠᠶᠢᠴᠠᠭᠠᠨ ᠦᠵᠡᠵᠦ᠂ ᠨᠢᠭᠡᠳ ᠨᠢᠭᠡ ᠪᠠᠷ ᠬᠠᠷᠢᠴᠠᠭᠤᠯᠤᠭᠰᠠᠨ ᠪᠠᠶᠢᠴᠠᠭᠠᠯᠲᠠ ᠬᠢᠵᠦ᠂ ᠰᠢᠭᠦᠮᠵᠢᠯᠡᠯ ᠪᠠ ᠥᠪᠡᠷ ᠤᠨ ᠰᠢᠭᠦᠮᠵᠢᠯᠡᠯ ᠥᠷᠨᠢᠭᠦᠯᠵᠦ᠂ ᠣᠷᠣᠰᠢᠵᠤ ᠪᠠᠶᠢᠭ᠎ᠠ ᠠᠰᠠᠭᠤᠳᠠᠯ ᠢ ᠡᠷᠢᠵᠦ᠂ ᠰᠢᠯᠲᠠᠭᠠᠨ ᠢ ᠭᠦᠨᠵᠡᠭᠡᠢ ᠵᠠᠳᠠᠯᠵᠤ᠂ ᠬᠤᠶᠢᠰᠢᠳᠠ ᠶᠢᠨ ᠴᠢᠷᠮᠠᠶᠢᠬᠤ ᠴᠢᠭᠯᠡᠯ ᠢ ᠲᠣᠳᠣᠷᠬᠠᠶᠢᠯᠠᠵᠤ᠂ ᠬᠠᠷᠢᠯᠴᠠᠨ ᠬᠠᠪᠰᠤᠷᠤᠯᠴᠠᠬᠤ᠂ ᠬᠠᠮᠲᠤ ᠪᠠᠷ ᠳᠡᠭᠡᠭᠰᠢᠯᠡᠭᠦᠯᠬᠦ ᠵᠣᠷᠢᠯᠭ᠎ᠠ ᠳᠠᠭᠠᠨ ᠬᠦᠷᠴᠦ᠂ ᠬᠠᠮᠤᠭ ᠡᠴᠦᠰ ᠲᠤ ᠨᠠᠮ ᠤᠨ ᠭᠡᠰᠢᠭᠦᠨ ᠳᠤ ᠠᠷᠠᠳᠴᠢᠯᠠᠯ ᠢᠶᠠᠷ ᠦᠨᠡᠯᠡᠯᠲᠡ ᠬᠢᠪᠡ᠃      ᠲᠣᠰ ᠤᠳᠠᠭᠠᠨ ᠤ ᠲᠤᠰᠬᠠᠢ ᠰᠡᠳᠦᠪᠲᠦ ᠵᠣᠬᠢᠶᠠᠨ ᠪᠠᠶᠢᠭᠤᠯᠤᠯᠲᠠ ᠶᠢᠨ ᠠᠮᠢᠳᠤᠷᠠᠯ ᠤᠨ ᠬᠤᠷᠠᠯ ᠨᠢ ᠨᠠᠮ ᠤᠨ ᠭᠡᠰᠢᠭᠦᠳ ᠤᠨ ᠬᠤᠭᠤᠷᠣᠨᠳᠣᠬᠢ ᠨᠢᠭᠲᠠᠷᠠᠯ ᠤᠨ ᠬᠦᠴᠦᠨ ᠢ ᠨᠡᠮᠡᠭᠳᠡᠭᠦᠯᠵᠦ᠂ ᠪᠥᠬᠦ ᠨᠠᠮ ᠤᠨ ᠭᠡᠰᠢᠭᠦᠳ ᠤᠨ ᠨᠠᠮᠴᠢ ᠴᠢᠨᠠᠷ ᠤᠨ ᠪᠣᠯᠪᠠᠰᠤᠷᠠᠯ ᠪᠠ ᠬᠤᠭᠤᠷᠣᠨᠳᠣᠬᠢ ᠰᠣᠯᠢᠯᠴᠠᠭ᠎ᠠ ᠨᠡᠪᠲᠡᠷᠡᠯᠴᠡᠭᠡ ᠶᠢ        ᠴᠢᠩᠭᠠᠳᠬᠠᠨ᠂ ᠭᠠᠴᠠᠭᠠᠨ ᠤ ᠨᠠᠮ ᠤᠨ ᠡᠭᠦᠷ ᠤᠨ ᠬᠤᠶᠢᠰᠢᠳᠠ ᠶᠢᠨ ᠠᠵᠢᠯ ᠢᠶᠠᠨ ᠥᠷᠨᠢᠭᠦᠯᠬᠦ ᠳᠤ ᠰᠠᠶᠢᠨ ᠰᠠᠭᠤᠷᠢ ᠲᠠᠯᠪᠢᠵᠡᠢ᠃ ᠲᠠᠷᠠᠭᠠᠴᠢ ᠶᠢᠨ ᠠᠯᠬᠤᠮ ᠳᠤ᠂ ᠦᠩᠲᠤ ᠭᠠᠴᠠᠭᠠᠨ ᠤ ᠨᠠᠮ ᠤᠨ ᠡᠭᠦᠷ ᠨᠢ ᠲᠣᠰ ᠤᠳᠠᠭᠠᠨ ᠤ ᠵᠣᠬᠢᠶᠠᠨ ᠪᠠᠶᠢᠭᠤᠯᠤᠯᠲᠠ ᠶᠢᠨ ᠠᠮᠢᠳᠤᠷᠠᠯ ᠤᠨ ᠬᠤᠷᠠᠯ ᠢᠶᠠᠷ ᠠᠵᠠ ᠲᠣᠬᠢᠶᠠᠯ ᠪᠣᠯᠭᠠᠵᠤ᠂ ᠡᠷᠢᠵᠦ ᠣᠯᠣᠭᠰᠠᠨ ᠠᠰᠠᠭᠤᠳᠠᠯ ᠪᠠ ᠬᠦᠷᠦᠯᠴᠡᠬᠦ ᠦᠭᠡᠢ ᠲᠠᠯ᠎ᠠ ᠪᠠᠨ ᠬᠠᠷᠢᠴᠠᠭᠤᠯᠤᠨ᠂ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠲᠣᠭᠲᠠᠭᠠᠵᠤ᠂ ᠥᠭᠡᠷᠡᠴᠢᠯᠡᠨ ᠰᠠᠶᠢᠵᠢᠷᠠᠭᠤᠯᠬᠤ ᠴᠢᠭᠯᠡᠯ ᠢᠶᠠᠨ ᠲᠣᠳᠣᠷᠬᠠᠶᠢᠯᠠᠨ᠂ ᠣᠳᠣᠬᠠᠨ ᠳᠤ ᠥᠭᠡᠷᠡᠴᠢᠯᠡᠬᠦ ᠪᠠ ᠣᠷᠳᠣ ᠬᠤᠭᠤᠴᠠᠭ᠎ᠠ ᠪᠠᠷ ᠪᠠᠶᠢᠭᠤᠯᠬᠤ ᠶᠢ ᠤᠶᠠᠯᠳᠤᠭᠤᠯᠵᠤ᠂ ᠦᠨᠡᠨ ᠬᠦ ᠪᠣᠳᠠᠲᠤ ᠦᠷ᠎ᠡ ᠪᠦᠲᠦᠮᠵᠢ ᠣᠯᠵᠤ᠂ ᠦᠷ᠎ᠡ ᠪᠦᠲᠦᠮᠵᠢ ᠭᠠᠷᠭᠠᠬᠤ ᠶᠢ ᠦᠨᠡᠨ ᠬᠦ ᠪᠠᠲᠤᠯᠠᠨ᠎ᠠ᠃
 
ᠢᠷᠡᠯᠲᠡ᠄ ᠤᠯᠢᠶᠠᠰᠤᠲᠠᠢ ᠪᠠᠯᠭᠠᠰᠤ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号