ᠤᠯᠢᠶᠠᠰᠤᠲᠠᠶ ᠪᠠᠯᠭᠠᠰᠤᠨ ᠤ ᠰᠦᠨᠪᠤᠯᠠᠭ ᠨᠡᠶᠢᠭᠡᠮ ᠲᠣᠭᠤᠷᠢᠭ ᠨᠢ ᠬᠤᠸᠠᠷ ᠫᠤᠤᠵᠢᠩ ᠲᠠᠯᠪᠢᠬᠤ ᠠᠮᠤᠷ ᠲᠦᠪᠰᠢᠨ ᠤ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/2/1
      ᠬᠠᠷᠢᠶᠠᠲᠤ ᠣᠷᠣᠨ ᠤ ᠬᠤᠸᠠᠷ ᠫᠤᠤᠵᠢᠩ ᠲᠠᠯᠪᠢᠬᠤ ᠠᠮᠤᠷ ᠲᠦᠪᠰᠢᠨ ᠤ ᠤᠬᠠᠭᠤᠯᠭ᠎ᠠ ᠶᠢᠨ ᠠᠵᠢᠯ ᠢ ᠤᠯᠠᠮ ᠨᠢᠭᠡ ᠠᠯᠬᠤᠮ ᠴᠢᠩᠭᠠᠳᠬᠠᠵᠦ᠂ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠦᠨᠡᠨᠬᠦ ᠰᠠᠶᠢᠳᠦᠷ ᠬᠠᠮᠠᠭᠠᠯᠠᠵᠤ᠂ ᠠᠮᠤᠷ ᠠᠮᠤᠭᠤᠯᠠᠩ ᠡᠶ᠎ᠡ ᠵᠣᠬᠢᠴᠠᠯ ᠲᠠᠢ ᠨᠡᠶᠢᠭᠡᠮ ᠲᠣᠭᠤᠷᠢᠭ ᠤᠨ ᠠᠮᠢᠳᠤᠷᠠᠯ ᠤᠨ ᠣᠷᠴᠢᠨ ᠲᠣᠭᠤᠷᠢᠨ ᠢ ᠬᠠᠮᠲᠤᠪᠠᠷ ᠪᠠᠶᠢᠭᠤᠯᠬᠤ ᠶᠢᠨ ᠲᠦᠯᠦᠭᠡ᠂ 1 ᠰᠠᠷ᠎ᠠ ᠶᠢᠨ 18 ᠤ ᠡᠳᠦᠷ᠂ ᠤᠯᠢᠶᠠᠰᠤᠲᠠᠶ ᠪᠠᠯᠭᠠᠰᠤᠨ ᠤ ᠰᠦᠡᠪᠤᠯᠠᠭ ᠨᠡᠶᠢᠭᠡᠮ ᠲᠣᠭᠤᠷᠢᠭ ᠤᠨ ᠠᠵᠢᠯᠲᠠᠳ ᠬᠠᠷᠢᠶᠠᠲᠤ ᠣᠷᠣᠨ ᠤ ᠰᠠᠭᠤᠭᠠᠯᠢ ᠠᠷᠠᠳ ᠤᠨ ᠲᠣᠭᠤᠷᠢᠭ᠂ ᠬᠤᠳᠠᠯᠳᠤᠭᠠᠨ ᠤ ᠡᠷᠦᠬᠡ ᠵᠢᠴᠢ ᠰᠠᠭᠠᠯᠢ ᠶᠢᠨ ᠦᠨᠢᠶ᠎ᠡ ᠶᠢᠨ ᠲᠠᠯᠠᠪᠠᠢ ᠳᠤ ᠬᠦᠷᠴᠦ ᠬᠤᠸᠠᠷ ᠫᠤᠤᠵᠢᠩ ᠲᠠᠯᠪᠢᠬᠤ ᠠᠮᠤᠷ ᠲᠦᠪᠰᠢᠨ ᠤ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃      ᠠᠵᠢᠯᠯᠠᠭ᠎ᠠ ᠶᠢᠨ ᠳᠤᠮᠳᠠ᠂ ᠨᠡᠶᠢᠭᠡᠮ ᠲᠣᠭᠤᠷᠢᠭ ᠤᠨ ᠠᠵᠢᠯᠲᠠᠳ ᠡᠷᠦᠬᠡ ᠳᠤ ᠣᠷᠣᠵᠤ ᠤᠬᠠᠭᠤᠯᠭ᠎ᠠ ᠶᠢᠨ ᠬᠠᠭᠤᠳᠠᠰᠤ ᠲᠠᠷᠬᠠᠭᠠᠬᠤ᠂ ᠰᠠᠭᠤᠭᠠᠯᠢ ᠠᠷᠠᠳ ᠤᠨ ᠸᠢᠴᠠᠲ ᠤᠨ ᠬᠤᠯᠪᠤᠭᠠᠨ ᠳᠤ ᠳᠠᠮᠵᠢᠭᠤᠯᠤᠨ ᠲᠠᠷᠬᠠᠭᠠᠬᠤ᠂ ᠰᠠᠭᠤᠭᠠᠯᠢ ᠲᠣᠭᠤᠷᠢᠭ ᠲᠤ ᠡᠯᠭᠦᠭᠡ ᠪᠢᠴᠢᠭᠡᠰᠦ ᠨᠠᠭᠠᠬᠤ ᠵᠡᠷᠭᠡ ᠤᠯᠠᠨ ᠵᠦᠢᠯ ᠤᠨ ᠠᠷᠭ᠎ᠠ ᠬᠡᠯᠪᠡᠷᠢ ᠪᠠᠷ ᠬᠤᠸᠠᠷ ᠫᠤᠤᠵᠢᠩ ᠲᠠᠯᠪᠢᠬᠤ ᠳᠤ ᠠᠩᠬᠠᠷᠬᠤ ᠵᠤᠶᠢᠯᠡᠰ ᠵᠢᠴᠢ ᠬᠤᠯᠪᠣᠭᠳᠠᠯ ᠪᠦᠬᠦᠢ ᠲᠣᠭᠲᠠᠭᠠᠯ ᠢ ᠨᠠᠷᠢᠨ ᠨᠢᠭᠲᠠ ᠲᠠᠨᠢᠯᠴᠠᠭᠤᠯᠵᠤ᠂ ᠠᠮᠤᠷ ᠲᠦᠪᠰᠢᠨ ᠤ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠶᠢᠨ ᠬᠠᠮᠲᠤ ᠬᠠᠷᠢᠶᠠᠲᠤ ᠣᠷᠣᠨ ᠤ ᠰᠠᠭᠤᠭᠠᠯᠢ ᠠᠷᠠᠳ ᠢ ᠬᠤᠸᠠᠷ ᠫᠤᠤᠵᠢᠩ ᠲᠠᠯᠪᠢᠬᠤ ᠶᠢ ᠤᠬᠠᠮᠰᠠᠷ ᠠᠴᠠ ᠪᠠᠨ ᠵᠢᠷᠤᠮᠯᠠᠵᠤ᠂ ᠵᠦᠢ ᠵᠣᠬᠢᠰᠲᠠᠢ ᠬᠠᠳᠠᠭᠠᠯᠠᠵᠤ᠂ ᠠᠮᠤᠷ ᠲᠦᠪᠰᠢᠨ ᠢᠶᠠᠷ ᠲᠠᠯᠪᠢᠬᠤ ᠪᠠ ᠬᠤᠸᠠᠷ ᠫᠤᠤᠵᠢᠩ ᠲᠠᠯᠪᠢᠬᠤ ᠠᠮᠤᠷ ᠲᠦᠪᠰᠢᠨ ᠤ ᠤᠬᠠᠮᠰᠠᠷ  ᠢᠶᠠᠨ ᠲᠠᠰᠤᠷᠠᠯᠲᠠ ᠦᠭᠡᠢ ᠴᠢᠩᠭᠠᠳᠬᠠᠬᠤ   ᠶᠢ ᠤᠷᠢᠶᠠᠯᠠᠪᠠ᠃      ᠲᠣᠰ ᠤᠳᠠᠭᠠᠨ ᠤ ᠤᠬᠠᠭᠤᠯᠭ᠎ᠠ ᠶᠢᠨ ᠠᠵᠢᠯᠯᠠᠭ᠎ᠠ ᠨᠢ ᠬᠠᠷᠢᠶᠠᠲᠦ ᠣᠷᠣᠨ ᠤ ᠰᠠᠭᠤᠭᠠᠯᠢ ᠠᠷᠠᠳ ᠲᠤ ᠬᠤᠸᠠᠷ ᠫᠤᠤᠵᠢᠩ ᠲᠠᠯᠪᠢᠬᠤ ᠶᠢᠨ ᠬᠤᠤᠷ ᠬᠥᠨᠥᠭᠡᠯᠲᠦ ᠴᠢᠨᠠᠷ ᠢ ᠤᠯᠠᠮ ᠨᠢᠭᠡ ᠠᠯᠬᠤᠮ ᠲᠠᠨᠢᠭᠤᠯᠵᠤ᠂ ᠬᠠᠷᠢᠶᠠᠲᠦ ᠣᠷᠣᠨ ᠤ ᠰᠠᠭᠤᠭᠠᠯᠢ ᠠᠷᠠᠳ ᠤᠨ ᠠᠮᠤᠷ ᠲᠦᠪᠰᠢᠨ ᠤ ᠰᠡᠷᠭᠡᠶᠢᠯᠡᠯᠲᠡ ᠶᠢᠨ ᠤᠬᠠᠮᠰᠠᠷ ᠢ ᠴᠢᠩᠭᠠᠷᠠᠭᠤᠯᠵᠠᠶ᠃ ᠳᠠᠷᠠᠭᠠᠴᠢ ᠶᠢᠨ ᠠᠯᠬᠤᠮ ᠳᠤ᠂  ᠰᠦᠨᠪᠤᠯᠠᠭ ᠨᠡᠶᠢᠭᠡᠮ ᠲᠣᠭᠤᠷᠢᠭ ᠨᠢ ᠪᠣᠯᠪᠠᠰᠤᠨ ᠢᠶᠠᠷ ᠬᠤᠸᠠᠷ ᠫᠤᠤᠵᠢᠩ ᠲᠠᠯᠪᠢᠬᠤ ᠤᠬᠠᠭᠤᠯᠭ᠎ᠠ ᠬᠥᠮᠦᠵᠢᠯ ᠤᠨ ᠠᠵᠢᠯ ᠢ ᠦᠷᠭᠦᠯᠵᠢᠯᠡᠨ ᠰᠠᠶᠢᠳᠦᠷ ᠬᠢᠵᠦ᠂ ᠥᠷᠭᠡᠨ ᠤᠯᠠᠨ ᠰᠠᠭᠤᠭᠠᠯᠢ ᠠᠷᠠᠳ ᠢ ᠬᠦᠳᠦᠯᠦᠨ ᠵᠢᠯᠣᠭᠤᠳᠴᠤ ᠬᠤᠯᠪᠣᠭᠳᠠᠯ ᠪᠦᠬᠦᠢ ᠲᠣᠭᠲᠠᠭᠠᠯ ᠢ ᠤᠬᠠᠮᠰᠠᠷ ᠠᠴᠠ ᠪᠠᠨ ᠵᠢᠷᠤᠮᠯᠠᠭᠤᠯᠵᠤ᠂ ᠤᠳᠠᠯ ᠦᠭᠡᠢ ᠬᠦᠷᠴᠦ ᠢᠷᠡᠬᠦ ᠴᠠᠭᠠᠨ ᠰᠠᠷ᠎ᠠ ᠳᠤ ᠠᠮᠤᠷ ᠲᠦᠪᠰᠢᠨ᠂ ᠡᠷᠡᠭᠦᠯ ᠴᠢᠭᠢᠷᠠᠭ᠂ ᠪᠣᠯᠪᠠᠰᠤᠨ ᠪᠠᠶᠠᠷ ᠤᠨ ᠡᠳᠦᠷ ᠤᠨ ᠠᠭᠤᠷ ᠠᠮᠢᠰᠬᠤᠯ ᠢ ᠪᠤᠢ ᠪᠣᠯᠭᠠᠨ᠎ᠠ᠃
 
ᠢᠷᠡᠯᠲᠡ᠄ ᠤᠯᠢᠶᠠᠰᠤᠲᠠᠢ ᠪᠠᠯᠭᠠᠰᠤ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号