ᠠᠯᠲᠠᠨᠬᠢᠯᠢ ᠰᠤᠮᠤ ᠨᠢ 2024 ᠣᠨ ᠤ ᠪᠥᠬᠦ ᠬᠤᠰᠢᠭᠤᠨ ᠤ ᠬᠤᠶᠠᠷ ᠬᠤᠷᠠᠯ ᠤᠨ ᠵᠣᠷᠢᠭ ᠰᠠᠨᠠᠭ᠎ᠠ ᠵᠢᠴᠢ ᠪᠥᠬᠦ ᠬᠤᠰᠢᠭᠤᠨ ᠤ ᠠᠵᠤ ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠬᠤ ᠲᠤᠰᠬᠠᠢ ᠰᠡᠳᠦᠪᠲᠦ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/2/1
      1 ᠰᠠᠷ᠎ᠠ ᠶᠢᠨ 22 ᠤᠨ ᠡᠳᠦᠷ᠂ ᠠᠯᠲᠠᠨᠬᠢᠯᠢ ᠰᠤᠮᠤ ᠨᠢ 2024 ᠣᠨ ᠤ ᠪᠥᠬᠦ ᠬᠤᠰᠢᠭᠤᠨ ᠤ ᠬᠤᠶᠠᠷ ᠬᠤᠷᠠᠯ ᠤᠨ ᠵᠣᠷᠢᠭ ᠰᠠᠨᠠᠭ᠎ᠠ ᠵᠢᠴᠢ ᠪᠥᠬᠦ ᠬᠤᠰᠢᠭᠤᠨ ᠤ ᠠᠵᠤ ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠬᠤ ᠲᠤᠰᠬᠠᠢ ᠰᠡᠳᠦᠪᠲᠦ ᠬᠤᠷᠠᠯ ᠬᠤᠷᠠᠯᠳᠤᠭᠤᠯᠵᠤ᠂ ᠨᠠᠮ ᠵᠠᠰᠠᠭ ᠤᠨ ᠤᠳᠤᠷᠢᠳᠬᠤ ᠪᠠᠭ ᠤᠨ ᠭᠡᠰᠢᠭᠦᠨ᠂ ᠪᠥᠬᠦ ᠺᠠᠳ᠋ᠷ ᠠᠵᠢᠯᠲᠠᠨ ᠬᠤᠷᠠᠯ ᠳᠤ ᠤᠷᠤᠯᠴᠠᠪᠠ᠃      ᠬᠤᠷᠠᠯ ᠳᠤ᠂ ᠰᠤᠮᠤᠨ ᠤ ᠨᠠᠮ ᠤᠨ ᠬᠤᠷᠢᠶᠠᠨ ᠤ ᠱᠦᠵᠢ ᠶᠤᠰᠤᠲᠤ ᠨᠥᠬᠦᠷ ᠠᠴᠠ ᠵᠡᠭᠦᠨ ᠦᠵᠦᠮᠦᠴᠢᠨ ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯ᠂ ᠤᠯᠤᠰ ᠲᠥᠷᠥ ᠶᠢᠨ ᠵᠥᠪᠯᠡᠯᠭᠡᠨ ᠤ ᠵᠡᠭᠦᠨ ᠦᠵᠦᠮᠦᠴᠢᠨ ᠬᠤᠰᠢᠭᠤᠨ ᠤ ᠠᠷᠪᠠᠨ ᠨᠢᠭᠡᠳᠦᠭᠡᠷ ᠬᠤᠭᠤᠴᠠᠭᠠᠨ ᠤ ᠬᠤᠷᠢᠶ᠎ᠠ ᠶᠢᠨ ᠭᠤᠷᠪᠠᠳᠤᠭᠠᠷ ᠬᠤᠷᠠᠯ ᠵᠢᠴᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠵᠡᠭᠦᠨ ᠦᠵᠦᠮᠦᠴᠢᠨ ᠬᠤᠰᠢᠭᠤᠨ ᠤ ᠠᠷᠪᠠᠨ ᠳᠥᠷᠪᠡᠳᠦᠭᠡᠷ ᠬᠤᠭᠤᠴᠠᠭᠠᠨ ᠤ ᠬᠤᠷᠢᠶ᠎ᠠ ᠶᠢᠨ ᠲᠠᠪᠤᠳᠤᠭᠠᠷ ᠤᠳᠠᠭᠠᠨ ᠤ ︵ᠥᠷᠭᠡᠳᠬᠡᠭᠰᠡᠨ︶ ᠬᠤᠷᠠᠯ ᠵᠢᠴᠢ ᠪᠥᠬᠦ ᠬᠤᠰᠢᠭᠤᠨ ᠤ ᠠᠵᠤ ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ᠃      ᠬᠤᠷᠠᠯ ᠠᠴᠠ ᠱᠠᠭᠠᠷᠳᠠᠭᠰᠠᠨ ᠨᠢ᠂ ᠪᠦᠬᠦ ᠺᠠᠳ᠋ᠷ ᠠᠵᠢᠯᠲᠠᠨ ᠲᠤᠰ ᠤᠳᠠᠭᠠᠨ ᠤ ᠬᠤᠷᠠᠯ ᠢᠶᠠᠷ ᠠᠵᠠ ᠲᠣᠬᠢᠶᠠᠯ  ᠪᠤᠯᠭᠠᠨ᠂ ᠪᠦᠬᠦ ᠬᠤᠰᠢᠭᠤᠨ ᠤ ᠬᠤᠶᠠᠷ ᠬᠤᠷᠠᠯ ᠤᠨ ᠵᠣᠷᠢᠭ ᠰᠠᠨᠠᠭ᠎ᠠ᠂ ᠪᠦᠬᠦ ᠬᠤᠰᠢᠭᠤᠨ ᠤ ᠠᠵᠤ ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠶᠢ ᠣᠳᠣᠬᠠᠨ ᠤ ᠪᠠ ᠬᠤᠶᠢᠰᠢᠳᠠ ᠶᠢᠨ ᠬᠤᠭᠤᠴᠠᠭᠠᠨ ᠤ ᠴᠢᠬᠤᠯᠠ ᠤᠯᠤᠰ ᠲᠥᠷᠥ ᠶᠢᠨ ᠡᠭᠦᠷᠭᠡ ᠪᠣᠯᠭᠠᠵᠤ᠂ ᠵᠣᠷᠢᠭ ᠰᠠᠨᠠᠭᠠᠨ ᠤ ᠮᠥᠨ ᠴᠢᠨᠠᠷ ᠪᠠ ᠪᠠᠶᠠᠯᠢᠭ ᠠᠭᠤᠯᠬᠤᠨ ᠢ ᠭᠦᠨᠵᠡᠭᠡᠢ ᠣᠶᠢᠯᠠᠭᠠᠨ ᠣᠨᠣᠪᠴᠢᠲᠠᠶ ᠡᠵᠡᠮᠰᠢᠵᠦ᠂ ᠢᠯᠡᠳᠬᠡᠯ ᠳᠤ ᠳᠤᠷᠠᠳᠤᠭᠰᠠᠨ ᠬᠥᠭᠵᠢᠯᠲᠡ ᠶᠢᠨ ᠬᠠᠷᠠᠯᠲᠠ ᠪᠠ ᠠᠵᠢᠯ ᠤᠨ ᠭᠤᠣᠯᠳᠠᠯᠭ᠎ᠠ ᠲᠠᠢ ᠬᠠᠷᠢᠴᠠᠭᠤᠯᠤᠨ᠂ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ᠂ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠦᠨᠳᠦᠰᠦᠲᠡᠨ ᠤ ᠪᠦᠯᠬᠦᠮᠳᠡᠯ᠂ ᠠᠶᠤᠯᠭᠦᠢ ᠦᠢᠯᠡᠳᠪᠦᠷᠢᠯᠡᠯ᠂ ᠨᠡᠶᠢᠭᠡᠮ ᠤᠨ ᠵᠠᠰᠠᠯᠲᠠ ᠵᠡᠷᠭᠡ ᠭᠤᠤᠯᠲᠠᠯᠭᠠᠲᠤ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠤ᠂ ᠭᠤᠣᠯᠳᠠᠯᠭ᠎ᠠ ᠲᠠᠢ ᠬᠦᠷᠢᠶᠠᠨ ᠳᠤ ᠠᠩᠬᠠᠷᠤᠯ ᠢᠶᠠᠨ ᠲᠥᠪᠯᠡᠷᠡᠭᠦᠯᠵᠦ᠂ ᠵᠠᠩᠭᠢᠯᠠᠭ᠎ᠠ ᠶᠢᠨ ᠭᠤᠭᠴᠤᠭ᠎ᠠ ᠶᠢ ᠠᠳᠬᠤᠵᠤ᠂ ᠬᠦᠴᠦᠲᠡᠢ ᠠᠷᠭ᠎ᠠ ᠬᠡᠮᠵᠢᠶ᠎ᠡ ᠠᠪᠴᠤ᠂ ᠬᠠᠷᠠᠯᠲᠠ ᠰᠡᠳᠬᠢᠴᠡ ᠪᠠᠨ ᠤᠯᠠᠮ ᠴᠢᠨᠠᠭᠰᠢᠳᠠ ᠨᠠᠷᠢᠯᠢᠭᠵᠢᠭᠤᠯᠤᠨ᠂ ᠠᠵᠢᠯ ᠤᠨ ᠠᠷᠭ᠎ᠠ ᠬᠡᠮᠵᠢᠶ᠎ᠡ ᠪᠠᠨ ᠰᠢᠨᠡᠴᠢᠯᠡᠵᠦ᠂ 2024 ᠣᠨ ᠤ ᠡᠯ᠎ᠡ ᠵᠦᠢᠯ ᠤᠨ ᠠᠵᠢᠯ ᠤᠨ ᠡᠭᠦᠷᠭᠡ ᠶᠢ ᠤᠷᠢᠳᠴᠢᠯᠠᠨ ᠲᠥᠯᠥᠪᠵᠢᠭᠦᠯᠵᠦ᠂ ᠪᠦᠬᠦ ᠰᠤᠮᠤᠨ ᠤ ᠠᠵᠤ ᠠᠬᠤᠢ ᠪᠣᠯᠣᠨ ᠨᠡᠶᠢᠭᠡᠮ ᠤᠨ ᠡᠯ᠎ᠡ ᠵᠦᠢᠯ ᠤᠨ ᠦᠢᠯᠡᠰ ᠤᠨ ᠰᠢᠨ᠎ᠡ ᠳᠡᠭᠲᠡᠷ ᠲᠤ ᠭᠠᠷᠬᠤ ᠶᠢ ᠪᠦᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠢ ᠬᠡᠪᠠ᠃
 
ᠢᠷᠡᠯᠲᠡ᠄ ᠠᠯᠲᠠᠨᠬᠢᠯᠢ ᠰᠤᠮᠤ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号