ᠠᠯᠲᠠᠨᠬᠢᠯᠢ ᠰᠤᠮᠤ ᠨᠢ 2023 ᠣᠨ ᠤ ᠺᠠᠳ᠋ᠷ ᠠᠵᠢᠯᠲᠠᠨ ᠤ ᠲᠤᠰᠢᠶᠠᠯ ᠲᠤᠭᠠᠴᠢᠯᠲᠠ ᠶᠢ  ᠬᠢᠨᠠᠨ ᠰᠢᠯᠭᠠᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/2/1
      1 ᠰᠠᠷ᠎ᠠ ᠶᠢᠨ 22 ᠤ ᠡᠲᠤᠷ᠂ ᠠᠯᠲᠠᠨᠬᠢᠯᠢ ᠰᠤᠮᠤ ᠨᠢ 2023 ᠣᠨ ᠤ ᠺᠠᠳ᠋ᠷ ᠠᠵᠢᠯᠲᠠᠨ ᠤ ᠲᠤᠰᠢᠶᠠᠯ ᠲᠤᠭᠠᠴᠢᠯᠲᠠ ᠶᠢ ᠬᠢᠨᠠᠨ ᠰᠢᠯᠭᠠᠬᠤ ᠬᠤᠷᠠᠯ ᠬᠤᠷᠠᠯᠳᠤᠭᠤᠯᠵᠤ᠂ ᠪᠥᠬᠦ ᠺᠠᠳ᠋ᠷ ᠠᠵᠢᠯᠲᠠᠨ ᠬᠤᠷᠠᠯ ᠳᠤ ᠣᠷᠣᠯᠴᠠᠪᠠ᠃      ᠬᠤᠷᠠᠯ ᠠᠴᠠ ︽ᠪᠦᠬᠦ ᠬᠤᠰᠢᠭᠤᠨ ᠤ ᠵᠠᠰᠠᠭ ᠵᠠᠬᠢᠷᠭᠠᠨ ᠤ ᠪᠠᠶᠢᠭᠤᠯᠭ᠎ᠠ᠂ ᠠᠯᠪᠠᠲᠠᠨ ᠤ ᠬᠠᠤᠯᠢ ᠪᠠᠷ ᠯᠠᠪᠯᠠᠯᠲᠠ ᠪᠤᠯᠭᠠᠭᠰᠠᠨ ᠠᠵᠢᠯ ᠦᠢᠯᠡᠰ ᠤᠨ ᠨᠢᠭᠡᠴᠡ᠂ ᠣᠯᠠᠨ ᠲᠦᠮᠡᠨ ᠵᠠᠰᠠᠭ ᠵᠠᠬᠢᠷᠭᠠᠨ ᠤ ᠪᠠᠶᠢᠭᠤᠯᠭ᠎ᠠ ᠶᠢᠨ 2023 ᠣᠨ ᠤ ᠦᠨᠡᠯᠡᠨ ᠰᠢᠯᠭᠠᠬᠤ ᠠᠵᠢᠯ ᠢ ᠰᠠᠶᠢᠲᠤᠷ ᠬᠢᠬᠦ ᠲᠤᠬᠠᠢ ᠮᠡᠳᠡᠭᠳᠡᠯ︾ ︽2023 ᠣᠨ ᠤ ᠠᠵᠢᠯ ᠦᠢᠯᠡᠰ ᠤᠨ ᠨᠢᠭᠡᠴᠡ ᠶᠢᠨ ᠠᠵᠢᠯᠲᠠᠨ ᠪᠠ ᠪᠠᠶᠢᠭᠤᠯᠭ᠎ᠠ᠂ ᠠᠯᠪᠠᠲᠠᠨ ᠤ ᠬᠠᠤᠯᠢ ᠪᠠᠷ ᠯᠠᠪᠯᠠᠯᠲᠠ ᠪᠤᠯᠭᠠᠭᠰᠠᠨ ᠠᠵᠢᠯ ᠦᠢᠯᠡᠰ ᠤᠨ ᠨᠢᠭᠡᠴᠡ ᠶᠢᠨ ᠦᠢᠯᠡᠴᠢᠯᠡᠭᠡᠨ ᠤ ᠠᠵᠢᠯᠲᠠᠨ ᠤ ᠦᠨᠡᠯᠡᠯᠨ ᠰᠢᠯᠭᠠᠵᠤ ᠳᠠᠩᠰᠠᠯᠠᠬᠤ ᠠᠵᠢᠯ ᠢ ᠰᠠᠶᠢᠲᠤᠷ ᠬᠢᠬᠦ ᠲᠤᠬᠠᠢ ᠮᠡᠳᠡᠭᠳᠡᠯ︾ ︽2023 ᠣᠨ ᠤ ᠪᠦᠬᠦ ᠬᠤᠰᠢᠭᠤᠨ ᠤ ᠣᠷᠣᠨ ᠲᠤᠭ᠎ᠠ ᠠᠴᠠ ᠭᠠᠳᠠᠨᠠᠬᠢ ᠬᠠᠮᠢᠶᠠᠷᠤᠯᠲᠠ ᠶᠢᠨ ᠠᠵᠢᠯᠲᠠᠨ ᠤ ᠦᠨᠡᠯᠡᠨ ᠰᠢᠯᠭᠠᠵᠤ ᠳᠠᠩᠰᠠᠯᠠᠬᠤ ᠠᠵᠢᠯ ᠢ ᠰᠠᠶᠢᠲᠤᠷ ᠬᠢᠬᠦ ᠲᠤᠬᠠᠢ ᠮᠡᠳᠡᠭᠳᠡᠯ︾ ᠵᠡᠷᠭᠡ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ᠂ ᠲᠤᠰ ᠤᠳᠠᠭᠠᠨ ᠤ ᠬᠢᠨᠠᠨ ᠰᠢᠯᠭᠠᠬᠤ       ᠠᠭᠤᠯᠭ᠎ᠠ᠂ ᠲᠡᠰ ᠲᠠᠷᠠᠭ᠎ᠠ᠂ ᠶᠠᠪᠤᠴᠠ ᠲᠠᠷᠠᠭᠠᠯᠠᠯ ᠵᠢᠴᠢ ᠦᠷ᠎ᠡ ᠳ᠋ᠦᠩ ᠤᠨ ᠬᠡᠷᠡᠭᠯᠡᠯᠲᠡ ᠵᠡᠷᠭᠡ ᠲᠠᠯ᠎ᠠ ᠪᠠᠷ ᠨᠠᠷᠢᠨ ᠨᠢᠮᠪᠠᠢ ᠲᠠᠶᠢᠯᠪᠤᠷᠢᠯᠠᠯᠲᠠ ᠬᠢᠭᠰᠡᠨ ᠪᠠᠶᠢᠨ᠎ᠠ︔ ᠳᠠᠷᠠᠭ᠎ᠠ ᠨᠢ᠂ ᠬᠤᠷᠠᠯ ᠳᠤ ᠣᠷᠣᠯᠴᠠᠭᠰᠠᠳ ᠪᠤᠰᠤᠳᠴᠢ ᠲᠥᠪ ᠭᠤᠣᠯᠴᠢ ᠪᠠᠷ ᠦᠨᠡᠨ ᠢ ᠪᠠᠷᠢᠮᠲᠠᠯᠠᠬᠤ ᠵᠣᠷᠢᠭ ᠰᠠᠨᠠᠭ᠎ᠠ ᠪᠠᠷ ᠺᠠᠳ᠋ᠷ ᠠᠵᠢᠯᠲᠠᠨ ᠤ ᠮᠣᠷᠠᠯ᠂ ᠴᠢᠳᠠᠪᠤᠷᠢ᠂ ᠠᠵᠢᠯᠴᠢ᠂ ᠠᠮᠵᠢᠯᠲᠠ᠂ ᠠᠷᠢᠭᠤᠨ ᠴᠢᠬᠡᠴᠢ ᠵᠡᠷᠭᠡ ᠲᠠᠯ᠎ᠠ ᠶᠢᠨ ᠲᠣᠭᠤᠷᠢᠨ ᠳᠤ ᠠᠷᠠᠳᠴᠢᠯᠠᠯ ᠢᠶᠠᠷ ᠦᠨᠡᠯᠡᠯᠨ ᠰᠢᠯᠭᠠᠪᠠ᠃      ᠬᠤᠷᠠᠯ ᠠᠴᠠ᠂ ᠣᠨ ᠤ ᠦᠨᠡᠯᠡᠨ ᠰᠢᠯᠭᠠᠯᠲᠠ ᠨᠢ ᠥᠩᠭᠡᠷᠡᠭᠰᠡᠨ ᠨᠢᠭᠡ ᠵᠢᠯ ᠤᠨ ᠠᠵᠢᠯ ᠤᠨ ᠳ᠋ᠦᠩᠨᠡᠯᠲᠡ ᠪᠠ ᠦᠨᠡᠯᠡᠯᠲᠡ ᠪᠣᠯᠬᠤ ᠪᠠᠷ ᠪᠠᠷᠠᠬᠤ ᠦᠭᠡᠢ᠂ ᠨᠡᠩ ᠴᠤ ᠰᠢᠨ᠎ᠡ ᠨᠢᠭᠡ ᠵᠢᠯ ᠤᠨ ᠠᠵᠢᠯ ᠤᠨ ᠵᠣᠷᠢᠭᠵᠢᠭᠤᠯᠤᠯ ᠪᠠ ᠱᠠᠭᠠᠷᠳᠠᠯᠭ᠎ᠠ ᠪᠠᠶᠢᠵᠤ᠂ ᠪᠦᠬᠦ ᠺᠠᠳ᠋ᠷ ᠠᠵᠢᠯᠲᠠᠳ ᠲᠤᠰ ᠤᠳᠠᠭᠠᠨ ᠤ ᠦᠨᠡᠯᠡᠨ ᠰᠢᠯᠭᠠᠯᠲᠠ ᠪᠠᠷ ᠠᠵᠠ ᠲᠣᠬᠢᠶᠠᠯ ᠪᠣᠯᠭᠠᠵᠤ᠂ ᠲᠤᠷᠰᠢᠯᠭ᠎ᠠ ᠪᠠ ᠠᠷᠭ᠎ᠠ ᠬᠢᠳᠡᠯ ᠢᠶᠠᠨ ᠪᠦᠬᠦ ᠲᠠᠯ᠎ᠠ ᠪᠠᠷ ᠳ᠋ᠦᠩᠨᠡᠵᠦ᠂ ᠦᠨᠡᠯᠡᠨ ᠰᠢᠯᠭᠠᠬᠤ ᠠᠵᠢᠯ ᠤᠨ ᠴᠢᠬᠤᠯᠠ ᠠᠴᠢ ᠬᠤᠯᠪᠣᠭᠳᠠᠯ ᠢ ᠭᠦᠢᠴᠡᠳ ᠲᠠᠨᠢᠵᠤ᠂ ᠲᠤᠰ ᠪᠡᠶ᠎ᠡ ᠶᠢᠨ ᠴᠢᠳᠠᠪᠤᠷᠢ ᠪᠠ ᠬᠡᠪ ᠴᠢᠨᠠᠷ ᠪᠠᠨ ᠲᠠᠰᠤᠷᠠᠯᠲᠠ ᠦᠭᠡᠢ ᠴᠢᠩᠭᠠᠳᠬᠠᠵᠤ᠂ ᠴᠢᠨᠠᠷ ᠰᠠᠶᠢᠲᠠᠢ ᠬᠢᠨᠠᠨ ᠰᠢᠯᠭᠠᠯᠲᠠ ᠪᠠᠷ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ ᠬᠡᠵᠤ ᠴᠢᠬᠤᠯᠠᠴᠢᠯᠠᠪᠠ᠃
 
ᠢᠷᠡᠯᠲᠡ᠄ ᠠᠯᠲᠠᠨᠬᠢᠯᠢ ᠰᠤᠮᠤ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号