ᠠᠯᠲᠠᠨᠬᠢᠯᠢ ᠰᠤᠮᠤᠨ ᠤ ᠰᠢᠨ᠎ᠡ ᠴᠠᠭ ᠦᠶ᠎ᠡ ᠶᠢᠨ ᠪᠣᠯᠪᠠᠰᠤᠨ ᠦᠢᠯᠡᠳᠦᠯᠭᠡ ᠨᠢ ︽ᠰᠢᠨ᠎ᠡ    ᠥᠨᠳᠦᠷᠯᠢᠭ︾ ᠢ ᠴᠣᠭᠴᠠᠯᠠᠨ ᠪᠠᠶᠢᠭᠤᠯᠵᠤ ᠮᠠᠯᠵᠢᠬᠤ ᠣᠷᠣᠨ ᠤ ᠤᠶᠤᠨ ᠤ ᠪᠣᠯᠪᠠᠰᠤᠨ ᠤ ᠪᠠᠶᠢᠭᠤᠯᠤᠯᠲᠠ ᠶᠢᠨ  ︽ᠭᠤᠣᠯ ᠬᠦᠭ ᠠᠶᠠᠰ︾ ᠢ ᠬᠠᠩᠭᠢᠨᠠᠭᠤᠯᠪᠠ
ᠨᠡᠶᠢᠲᠡᠯᠡᠭᠰᠡᠨ ᠴᠠᠭ᠄
2024/2/18
      ᠠᠯᠲᠠᠨᠬᠢᠯᠢ ᠰᠤᠮᠤ ᠨᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠮᠠᠨ ᠤ ᠬᠤᠰᠢᠭᠤᠨ ᠤ ᠰᠢᠨ᠎ᠡ ᠴᠠᠭ ᠦᠶ᠎ᠡ ᠶᠢᠨ ᠪᠣᠯᠪᠠᠰᠤᠨ ᠦᠢᠯᠡᠳᠦᠯᠭᠡ ᠶᠢᠨ ᠪᠠᠶᠢᠭᠤᠯᠤᠯᠲᠠ ᠶᠢ ᠠᠬᠢᠭᠤᠯᠬᠤ ᠠᠵᠢᠯ ᠤᠨ ᠬᠠᠮᠢᠶ᠎ᠠ ᠪᠦᠬᠦᠢ ᠱᠠᠭᠠᠷᠳᠠᠯᠭ᠎ᠠ ᠪᠠ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠪᠣᠳᠠᠲᠠᠢ ᠲᠠᠢ ᠪᠠᠨ ᠤᠶᠠᠯᠳᠤᠭᠤᠯᠤᠨ᠂ ᠭᠠᠵᠠᠷ ᠣᠷᠣᠨ ᠳᠤᠨᠢ ᠲᠣᠬᠢᠷᠠᠭᠤᠯᠤᠨ᠂ ᠰᠢᠨ᠎ᠡ ᠴᠠᠭ ᠦᠶ᠎ᠡ ᠶᠢᠨ ᠪᠣᠯᠪᠠᠰᠤᠨ ᠦᠢᠯᠡᠳᠦᠯᠭᠡ ᠶᠢᠨ ᠰᠠᠯᠪᠤᠷᠢ ︵ᠥᠷᠲᠡᠭᠡ︶ ᠶᠢᠨ ᠪᠠᠶᠢᠭᠤᠯᠤᠯᠲᠠ ᠶᠢᠨ ᠠᠵᠢᠯ ᠢ ᠯᠠᠪᠳᠠᠭᠤᠨ ᠪᠠᠲᠤᠲᠠᠢ ᠠᠬᠢᠭᠤᠯᠵᠤ᠂ ᠪᠣᠯᠪᠠᠰᠤᠨ ᠢ ᠪᠣᠶᠢᠵᠢᠭᠤᠯᠬᠤ᠂ ᠪᠣᠯᠪᠠᠰᠤᠨ ᠢ ᠦᠢᠯᠡᠳᠦᠯᠭᠡᠵᠢᠭᠦᠯᠬᠦ᠂ ᠪᠣᠯᠪᠠᠰᠤᠨ ᠢ ᠡᠭᠦᠳᠦᠨ ᠪᠠᠶᠢᠭᠤᠯᠬᠤ ᠶᠢ ᠠᠬᠢᠭᠤᠯᠤᠨ᠂ ᠪᠣᠯᠪᠠᠰᠤᠨ ᠠᠯᠲᠠᠨᠬᠢᠯᠢ ᠶᠢ ᠪᠦᠲᠦᠭᠡᠨ ᠪᠠᠶᠢᠭᠤᠯᠬᠤ ᠣᠶᠤᠨ ᠰᠠᠨᠠᠭᠠᠨ ᠤ ᠬᠦᠴᠦᠨ ᠴᠢᠳᠠᠯ ᠢ ᠨᠢᠭᠲᠠᠷᠠᠭᠤᠯᠪᠠ᠃      2019 ᠣᠨ ᠳᠤ ᠪᠠᠶᠢᠭᠤᠯᠤᠭᠳᠠᠭᠰᠠᠨ ᠠᠴᠠ ᠨᠠᠰᠢ᠂ ᠠᠯᠲᠠᠨᠬᠢᠯᠢ ᠰᠤᠮᠤᠨ ᠤ ᠰᠢᠨ᠎ᠡ ᠴᠠᠭ ᠦᠶ᠎ᠡ ᠶᠢᠨ ᠪᠣᠯᠪᠠᠰᠤᠨ ᠦᠢᠯᠡᠳᠦᠯᠭᠡ ᠶᠢᠨ ᠰᠠᠯᠪᠤᠷᠢ ︵ᠥᠷᠲᠡᠭᠡ︶ ᠶᠢᠨ ᠪᠦᠲᠦᠭᠡᠨ ᠪᠠᠶᠢᠭᠤᠯᠤᠯᠲᠠ ᠨᠢ ᠳᠥᠷᠪᠡᠨ ᠵᠢᠯ ᠭᠠᠷᠤᠢ ᠬᠤᠭᠤᠴᠠᠭᠠᠨ ᠳᠤ᠂ ᠪᠥᠬᠦ ᠰᠤᠮᠤᠨ ᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠰᠠᠯᠪᠤᠷᠢ ︵ᠥᠷᠲᠡᠭᠡ︶ ᠳᠤ ᠴᠥᠮ ᠲᠣᠭᠲᠠᠮᠠᠯ ᠠᠵᠢᠯᠯᠠᠭᠠᠨ ᠤ ᠰᠠᠭᠤᠷᠢᠨ ᠭᠠᠵᠠᠷ ᠢ ᠪᠠᠶᠢᠭᠤᠯᠵᠤ᠂ 2020 ᠣᠨ ᠳᠤ ᠮᠠᠨ ᠤ ᠰᠤᠮᠤ ᠪᠥᠬᠦ ᠬᠤᠰᠢᠭᠤᠨ ᠤ ᠰᠢᠨ᠎ᠡ ᠴᠠᠭ ᠦᠶ᠎ᠡ ᠶᠢᠨ ᠪᠣᠯᠪᠠᠰᠤᠨ ᠦᠢᠯᠡᠳᠦᠯᠭᠡ ᠶᠢᠨ ᠲᠤᠷᠰᠢᠯᠲᠠ ᠶᠢᠨ ᠨᠢᠭᠡᠴᠡ ᠪᠠᠷ ᠦᠨᠡᠯᠡᠭᠳᠡᠪᠡ᠃ 2023 ᠣᠨ ᠳᠤ᠂ ᠨᠠᠮ ᠤᠨ ᠬᠤᠷᠢᠶᠠᠨ ᠤ ᠲᠤᠰᠬᠠᠢ ᠰᠡᠳᠦᠪᠲᠦ ᠬᠤᠷᠠᠯ 3 ᠤᠳᠠᠭ᠎ᠠ ᠬᠤᠷᠠᠯᠳᠤᠭᠤᠯᠵᠤ᠂ ᠰᠢᠨ᠎ᠡ ᠴᠠᠭ ᠦᠶ᠎ᠡ ᠶᠢᠨ ᠪᠣᠯᠪᠠᠰᠤᠨ ᠦᠢᠯᠡᠳᠦᠯᠭᠡ ᠶᠢᠨ ᠠᠵᠢᠯ ᠢ ᠰᠤᠳᠤᠯᠵᠤ᠂ ᠪᠦᠬᠦ ᠰᠤᠮᠤᠨ ᠤ ᠰᠢᠨ᠎ᠡ ᠴᠠᠭ ᠦᠶ᠎ᠡ ᠶᠢᠨ ᠪᠣᠯᠪᠠᠰᠤᠨ ᠦᠢᠯᠡᠳᠦᠯᠭᠡ ᠶᠢᠨ ᠠᠵᠢᠯ ᠢ ᠠᠬᠢᠭᠤᠯᠬᠤ ᠬᠤᠷᠠᠯ 2 ᠤᠳᠠᠭ᠎ᠠ ᠬᠤᠷᠠᠯᠳᠤᠭᠤᠯᠵᠤ᠂ ᠰᠢᠨ᠎ᠡ ᠴᠠᠭ ᠦᠶ᠎ᠡ ᠶᠢᠨ ᠪᠣᠯᠪᠠᠰᠤᠨ ᠦᠢᠯᠡᠳᠦᠯᠭᠡ ᠶᠢᠨ ᠠᠵᠢᠯ ᠤᠨ ᠪᠣᠯᠪᠠᠰᠤᠷᠠᠯ ᠤᠨ ᠠᠩᠭᠢ ᠶᠢ 1 ᠤᠳᠠᠭ᠎ᠠ ᠡᠷᠬᠢᠯᠡᠪᠡ᠃ ᠡᠭᠦᠨ ᠤ ᠬᠠᠮᠲᠤ᠂ ︽ᠨᠢᠭᠡ ᠬᠡᠷᠡᠭ ᠢ ᠨᠢᠭᠡ ᠵᠥᠪᠯᠡᠬᠦ︾ ᠲᠥᠷᠥᠯ ᠵᠦᠢᠯ ᠢᠶᠠᠷ ᠳᠡᠮᠵᠢᠨ ᠪᠠᠳᠠᠷᠠᠬᠤ ᠭᠠᠴᠠᠭ᠎ᠠ ᠪᠠ ᠪᠠᠶᠠᠨᠬᠠᠩᠭᠠᠢ ᠭᠠᠴᠠᠭᠠᠨ ᠤ ᠰᠣᠶᠣᠯ ᠤᠨ ᠠᠵᠢᠯᠯᠠᠭᠠᠨ ᠤ ᠰᠠᠭᠤᠷᠢᠨ ᠭᠠᠵᠠᠷ ᠢ ᠪᠦᠲᠦᠭᠡᠨ ᠪᠠᠶᠢᠭᠤᠯᠤᠯᠲᠠ ︵ᠲᠣᠰ ᠲᠥᠷᠥᠯ ᠵᠦᠢᠯ ᠤᠨ ᠶᠡᠷᠦᠩᠬᠡᠢ ᠪᠡᠯᠡ ᠣᠷᠣᠭᠤᠯᠤᠯᠲᠠ ᠨᠢ 41.6 ᠲᠦᠮᠡᠨ ᠲᠥᠭᠦᠷᠢᠭ︶ ᠶᠢ ᠪᠡᠶᠡᠯᠡᠭᠦᠯᠵᠦ᠂ ᠴᠢᠭ ᠢᠶᠠᠷ ᠨᠡᠶᠢᠳᠡᠮ ᠢ ᠳᠠᠶᠢᠴᠢᠯᠠᠨ᠂ ᠡᠯ᠎ᠡ ᠭᠠᠴᠠᠭ᠎ᠠ ᠶᠢ ᠬᠥᠲᠥᠯᠥᠨ ᠵᠢᠯᠤᠭᠤᠳᠴᠤ ᠪᠡᠶᠡᠴᠢ ᠴᠢᠳᠠᠮᠠᠭᠠᠢ ᠴᠢᠨᠠᠷ ᠢ ᠢᠳᠡᠪᠬᠢᠲᠡᠢ ᠪᠠᠳᠠᠷᠠᠭᠤᠯᠵᠤ᠂ ᠪᠣᠯᠪᠠᠰᠤᠨ ᠦᠢᠯᠡᠳᠦᠯᠭᠡ ᠶᠢᠨ ᠰᠠᠯᠪᠤᠷᠢ ︵ᠥᠷᠲᠡᠭᠡ︶ ᠶᠢᠨ ᠡᠩᠨᠡᠭᠡ ᠶᠢᠨ ᠪᠠᠶᠢᠭᠤᠯᠤᠯᠲᠠ ᠪᠠ ᠡᠭᠦᠳᠦᠨ ᠪᠠᠶᠢᠭᠤᠯᠬᠤ ᠣᠷᠣᠭᠤᠯᠤᠯᠲᠠ ᠶᠢᠨ ︽ᠬᠤᠶᠠᠷ ᠢ ᠪᠣᠳᠠᠲᠠᠶᠢᠵᠢᠭᠤᠯᠬᠤ︾ ᠶᠢ ᠦᠨᠡᠨ ᠬᠦ ᠪᠠᠲᠤᠯᠠᠪᠠ᠃      ︽ᠵᠡᠭᠦᠨ ᠦᠵᠦᠮᠦᠴᠢᠨ ᠬᠤᠰᠢᠭᠤᠨ ᠤ ᠰᠢᠨ᠎ᠡ ᠴᠠᠭ ᠦᠶ᠎ᠡ ᠶᠢᠨ ᠪᠣᠯᠪᠠᠰᠤᠨ ᠦᠢᠯᠡᠳᠦᠯᠭᠡ ᠶᠢᠨ ᠵᠢᠱᠢᠶ᠎ᠡ ᠦᠵᠡᠭᠦᠯᠬᠦ ᠴᠡᠭ ᠤᠨ ᠠᠵᠢᠯ ᠤᠨ ᠬᠡᠷᠡᠭᠵᠢᠭᠦᠯᠬᠦ ᠲᠥᠰᠥᠯ︾ ᠤᠨ ᠱᠠᠭᠠᠷᠳᠠᠯᠭ᠎ᠠ ᠶᠢ ᠴᠢᠩᠭ᠎ᠠ ᠵᠢᠷᠤᠮᠯᠠᠨ᠂ ᠰᠢᠨ᠎ᠡ ᠴᠠᠭ ᠦᠶ᠎ᠡ ᠶᠢᠨ ᠪᠣᠯᠪᠠᠰᠤᠨ ᠦᠢᠯᠡᠳᠦᠯᠭᠡ ᠶᠢᠨ ᠰᠠᠯᠪᠤᠷᠢ ︵ᠥᠷᠲᠡᠭᠡ︶ ᠶᠢᠨ ᠪᠠᠶᠢᠭᠤᠯᠤᠯᠲᠠ ᠶᠢᠨ ᠤᠳᠤᠷᠢᠳᠬᠤ ᠳᠤᠭᠤᠶᠢᠯᠠᠩ ᠳᠤ ᠲᠣᠬᠢᠷᠠᠭᠤᠯᠤᠯᠲᠠ ᠬᠢᠵᠦ᠂ ᠠᠵᠢᠯ ᠢ ᠲᠦᠯᠬᠢᠨ ᠠᠬᠢᠭᠤᠯᠬᠤ ᠲᠣᠭᠲᠠᠴᠠ ᠶᠢ ᠪᠠᠶᠢᠭᠤᠯᠤᠨ᠂ ᠰᠢᠨ᠎ᠡ ᠴᠠᠭ ᠦᠶ᠎ᠡ ᠶᠢᠨ ᠪᠣᠯᠪᠠᠰᠤᠨ ᠦᠢᠯᠡᠳᠦᠯᠭᠡ ᠶᠢᠨ ᠠᠵᠢᠯ ᠢ ᠪᠣᠳᠠᠲᠤ ᠠᠮᠵᠢᠯᠲᠠ ᠶᠢᠨ ᠬᠢᠨᠠᠨ ᠰᠢᠯᠭᠠᠯᠲᠠ ᠳᠤ ᠣᠷᠣᠭᠤᠯᠵᠤ᠂ ᠰᠢᠯᠭᠠᠨ ᠦᠨᠡᠯᠡᠬᠦ ᠠᠵᠢᠯ ᠤᠨ ᠲᠣᠭᠲᠠᠴᠠ ᠶᠢ ᠪᠦᠷᠢᠨᠰᠢᠭᠦᠯᠦᠨ᠂ ᠪᠣᠯᠪᠠᠰᠤᠨ ᠦᠢᠯᠡᠳᠦᠯᠭᠡ ᠪᠠ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯ ᠢ ᠳᠦᠷᠢᠮᠵᠢᠭᠦᠯᠦᠨ ᠪᠠᠶᠢᠩᠭᠤᠵᠢᠭᠤᠯᠬᠤ ᠶᠢ ᠦᠨᠡᠨ ᠬᠦ ᠪᠠᠲᠤᠯᠠᠪᠠ︔ ︽ᠨᠢᠭᠡ ᠬᠡᠷ᠎ᠡ ᠲᠦᠷᠪᠡᠨ ᠬᠤᠷᠠᠯ︾ ᠤᠨ ᠳᠦᠷᠢᠮ ᠢ ᠪᠠᠶᠢᠭᠤᠯᠤᠨ ᠲᠡᠭᠦᠯᠳᠡᠷᠵᠢᠭᠦᠯᠵᠦ᠂ ︽ᠤᠯᠠᠭᠠᠨ ᠬᠠᠷ᠎ᠠ ᠰᠠᠮᠪᠠᠷ᠎ᠠ︾ ᠶᠢᠨ ᠳᠦᠷᠢᠮ ᠢ ᠨᠠᠶᠢᠳᠠᠪᠤᠷᠢᠵᠢᠭᠤᠯᠤᠨ᠂ ᠵᠠᠩ ᠳᠠᠳᠬᠠᠯ ᠢ ᠥᠭᠡᠷᠡᠴᠢᠯᠡᠬᠦ ︽ᠬᠤᠪᠢ ᠬᠤᠷᠠᠮᠳᠤᠭᠤᠯᠬᠤ ᠳᠦᠷᠢᠮ︾ ᠢ ᠢᠳᠡᠪᠬᠢᠲᠡᠢ ᠪᠠᠷ  ᠬᠡᠷᠡᠭᠵᠢᠬᠦᠯᠪᠠ︔ 2023 ᠣᠨ ᠳᠤ᠂ ᠡᠯ᠎ᠡ ᠭᠠᠴᠠᠭ᠎ᠠ ︽ᠨᠢᠭᠡ ᠬᠡᠷ᠎ᠡ ᠲᠦᠷᠪᠡᠨ ᠬᠤᠷᠠᠯ︾ ︽ᠬᠤᠪᠢ ᠬᠤᠷᠠᠮᠳᠤᠭᠤᠯᠬᠤ ᠳᠦᠷᠢᠮ︾ ᠪᠠ ︽ᠤᠯᠠᠭᠠᠨ ᠬᠠᠷ᠎ᠠ ᠰᠠᠮᠪᠠᠷ᠎ᠠ︾ ᠶᠢᠨ ᠠᠵᠢᠯ ᠢ ᠪᠥᠬᠦ ᠲᠠᠯ᠎ᠠ ᠪᠠᠷ ᠠᠬᠢᠭᠤᠯᠵᠤ᠂ ᠭᠠᠴᠠᠭ᠎ᠠ ᠪᠠᠷ ᠨᠢᠭᠡᠴᠢ ᠪᠣᠯᠭᠠᠨ᠂ ᠵᠢᠯ ᠪᠦᠷᠢ ︽ᠨᠢᠭᠡ ᠬᠡᠷ᠎ᠡ ᠲᠦᠷᠪᠡᠨ ᠬᠤᠷᠠᠯ︾ ᠤᠨ ᠠᠭᠤᠯᠭ᠎ᠠ ᠶᠢ ᠲᠡᠭᠦᠯᠳᠡᠷᠵᠢᠭᠦᠯᠵᠦ᠂ ᠬᠠᠭᠠᠰ ᠵᠢᠯ ᠳᠤ ᠨᠢᠭᠡ ᠤᠳᠠᠭ᠎ᠠ ︽ᠤᠯᠠᠭᠠᠨ ᠬᠠᠷ᠎ᠠ ᠰᠠᠮᠪᠠᠷ᠎ᠠ︾ ᠶᠢᠨ ᠦᠨᠡᠯᠡᠬᠦ ᠬᠤᠷᠠᠯ ᠬᠤᠷᠠᠯᠳᠤᠭᠤᠯᠵᠤ᠂ ᠭᠠᠴᠠᠭᠠᠨ ᠤ ᠠᠯᠪᠠᠨ ᠭᠡᠷ ᠲᠤ ᠢᠯᠡ ᠨᠡᠶᠢᠲᠡᠯᠡᠬᠦ ᠶᠢᠨ ᠬᠠᠮᠲᠤ ︽ᠤᠯᠠᠭᠠᠨ ᠰᠠᠮᠪᠠᠷ᠎ᠠ︾ ᠶᠢ ᠬᠥᠬᠢᠭᠦᠯᠦᠨ ᠱᠠᠩᠨᠠᠪᠠ᠃      ᠣᠯᠠᠨ ᠲᠦᠮᠡᠨ ᠤ ᠬᠡᠷᠡᠭᠴᠡᠭᠡ ᠱᠠᠭᠠᠷᠳᠠᠯᠭ᠎ᠠ ᠪᠠᠷ ᠤᠳᠤᠷᠢᠳᠤᠮᠵᠢ ᠪᠣᠯᠭᠠᠵᠤ᠂ ︽ᠰᠠᠭᠤᠷᠢᠨ ᠭᠠᠵᠠᠷ + ᠡᠩᠨᠡᠭᠡ +  ᠬᠦᠲᠠᠯᠬᠡᠬᠡᠨ︾ ᠤ ᠵᠠᠭᠪᠤᠷ ᠢᠶᠠᠷ ︽ᠬᠤᠶᠠᠷ ᠲᠥᠪ ᠨᠢᠭᠡ ᠲᠣᠪᠴᠢᠶ᠎ᠠ ᠲᠠᠪᠤᠨ ᠠᠯᠪᠠᠨ ᠬᠡᠷ︾ ᠤᠨ ᠡᠭᠦᠷᠭᠡ ᠴᠢᠲᠠᠪᠬᠢ ᠲᠠᠢ ᠤᠶᠠᠯᠳᠤᠭᠤᠯᠤᠨ᠂ 17 ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠭᠢ ᠶᠢ ᠵᠣᠬᠢᠶᠠᠨ ᠪᠠᠶᠢᠭᠤᠯᠵᠤ᠂ 154 ᠰᠠᠶᠢᠨ ᠳᠤᠷ᠎ᠠ ᠶᠢᠨ ᠠᠵᠢᠯᠯᠠᠭᠴᠢ ᠶᠢ ᠡᠯᠰᠡᠵᠦ᠂ ᠭᠤᠣᠯᠳᠠᠭᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠮᠠᠯ ᠠᠵᠤ ᠠᠬᠤᠢ᠂ ᠣᠶ ᠰᠢᠭᠤᠢ ᠡᠪᠡᠰᠦ ᠪᠡᠯᠴᠢᠭᠡᠷ᠂ ᠠᠮᠢ ᠠᠬᠤᠢ ᠶᠢᠨ ᠣᠷᠴᠢᠨ ᠲᠣᠭᠤᠷᠢᠨ᠂ ᠡᠷᠡᠭᠦᠯ ᠬᠠᠮᠠᠭᠠᠯᠠᠯ ᠡᠷᠡᠭᠦᠯ ᠮᠡᠨᠳᠦ᠂ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ᠂ ᠰᠣᠶᠣᠯ ᠰᠤᠷᠭᠠᠨ ᠬᠥᠮᠦᠵᠢᠯ᠂ ᠡᠮᠡᠭᠲᠡᠶᠢᠴᠦᠳ ᠬᠡᠦᠬᠡᠳ ᠵᠡᠷᠭᠡ ᠬᠦᠷᠢᠶ᠎ᠡ ᠴᠠᠷᠠᠭ᠎ᠠ ᠶᠢᠨ ᠲᠣᠭᠤᠷᠢᠨ ᠳᠤ ᠡᠩᠨᠡᠭᠡ   ᠶᠢ ᠪᠦᠷᠢᠨᠰᠢᠬᠦᠯᠵᠤ᠂ ︽ᠰᠦᠯᠵᠢᠶᠡᠨ ᠳᠡᠭᠡᠷ᠎ᠡ + ᠰᠦᠯᠵᠢᠶᠡᠨ  ᠭᠠᠲᠠᠨᠠᠬᠢ᠂ ᠵᠠᠬᠢᠶᠠᠯᠠᠭ᠎ᠠ ᠶᠢᠨ ᠬᠠᠭᠤᠳᠠᠰᠤ + ᠲᠣᠮᠢᠯᠠᠬᠤ ᠬᠠᠭᠤᠳᠠᠰᠤ᠂ ᠬᠤᠷᠠᠯ ᠤᠨ ᠲᠠᠯᠠᠪᠠᠶ + ᠲᠤᠬᠠᠢ ᠶᠢᠨ ᠲᠠᠯᠠᠪᠠᠶ︾ ᠶᠢᠨ ᠣᠯᠠᠨ ᠬᠡᠮᠵᠢᠯᠲᠦ ᠲᠣᠬᠢᠷᠠᠭᠤᠯᠤᠨ ᠬᠦᠷᠭᠡᠬᠦ ᠲᠣᠭᠲᠠᠴᠠ ᠶᠢ ᠪᠠᠶᠢᠭᠤᠯᠵᠤ᠂ ᠰᠤᠮᠤ᠂ ᠭᠠᠴᠠᠭ᠎ᠠ ︵ᠨᠡᠶᠢᠭᠡᠮ ᠲᠣᠭᠤᠷᠢᠭ︶᠂ ᠨᠠᠮ ᠤᠨ ᠭᠡᠰᠢᠭᠦᠨ ᠭᠤᠤᠯᠯᠠᠬᠤ ᠡᠷᠦᠬᠡ ᠶᠢᠨ ᠭᠤᠷᠪᠠᠨ ᠳᠡᠰ ᠤᠨ ᠰᠦᠷᠦᠭᠵᠢᠯ ᠢ ᠪᠠᠶᠢᠭᠤᠯᠵᠤ᠂ ᠮᠠᠯᠴᠢᠨ ︵ᠰᠠᠭᠤᠭᠠᠯᠢ︶ ᠲᠦᠮᠡᠨ ᠤ ᠤᠶᠢᠯᠡᠳᠪᠦᠷᠢᠯᠡᠯ ᠠᠮᠢᠳᠤᠷᠠᠯ ᠯᠤᠭ᠎ᠠ ᠨᠢᠭᠲᠠ ᠬᠤᠯᠪᠣᠭ᠎ᠠ ᠲᠠᠢ ᠮᠡᠳᠡᠭᠡ ᠵᠠᠩᠭᠢ᠂ ᠣᠬᠤᠷ ᠬᠠᠷᠠᠭᠠᠨ ᠳᠠᠪᠲᠠᠮᠵᠢ ᠵᠡᠷᠬᠡ  ᠶᠢ 200 ᠭᠠᠷᠤᠢ ᠵᠦᠢᠯ ᠢ ᠳᠠᠮᠵᠢᠭᠤᠯᠤᠨ ᠲᠠᠷᠬᠠᠭᠠᠵᠤ᠂ ᠲᠤᠬᠠᠢ ᠶᠢᠨ ᠲᠠᠯᠠᠪᠤᠷ ᠲᠤ ᠡᠳᠦᠷ ᠲᠤ ᠠᠵᠢᠯᠯᠠᠬᠤ ᠠᠵᠢᠯᠯᠠᠭ᠎ᠠ 6 ᠤᠳᠠᠭ᠎ᠠ᠂ ᠲᠠᠯ᠎ᠠ ᠨᠤᠲᠤᠭ ᠤᠨ ᠬᠤᠯᠤᠭᠠᠨ᠎ᠠ ᠶᠢᠨ ᠭᠠᠮᠰᠢᠭ ᠢ ᠰᠡᠷᠭᠡᠶᠢᠯᠡᠨ ᠵᠠᠰᠠᠬᠤ ᠤᠬᠠᠭᠤᠯᠭ᠎ᠠ ᠶᠢ 3 ᠤᠳᠠᠭ᠎ᠠ᠂ ᠠᠯᠪᠠᠨ ᠵᠢᠷᠤᠮ ᠤᠨ ᠡᠮᠴᠢᠯᠡᠭᠡᠨ ᠤ ᠰᠠᠶᠢᠨ ᠳᠤᠷ᠎ᠠ ᠶᠢᠨ ᠦᠢᠯᠡᠴᠢᠯᠡᠭᠡ ᠶᠢ 2 ᠤᠳᠠᠭ᠎ᠠ᠂ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ ᠴᠡᠭᠴᠡᠯᠡᠨ ᠵᠠᠰᠠᠬᠤ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ 20 ᠭᠠᠷᠤᠢ ᠤᠳᠠᠭ᠎ᠠ ᠦᠷᠨᠢᠬᠦᠯᠵᠤ᠂ ᠵᠥᠷᠢᠴᠡᠯ ᠵᠢᠭᠤᠷᠭᠠᠨ ᠢ 4 ᠤᠳᠠᠭ᠎ᠠ ᠵᠢᠭᠰᠠᠭᠠᠨ ᠪᠠᠶᠢᠴᠠᠭᠠᠵᠤ᠂ ᠬᠠᠤᠯᠢ ᠴᠠᠭᠠᠵᠠ ᠶᠢᠨ  ᠮᠠᠪᠯᠠᠯᠲᠠ 60 ᠭᠠᠷᠤᠢ ᠵᠤᠷᠪᠤᠰ ᠬᠠᠷᠢᠭᠤᠯᠵᠤ᠂ ᠰᠢᠨ᠎ᠡ ᠴᠠᠭ ᠦᠶ᠎ᠡ ᠶᠢᠨ ᠪᠣᠯᠪᠠᠰᠤᠨ ᠦᠢᠯᠡᠳᠦᠯᠭᠡ ᠶᠢᠨ ᠰᠠᠶᠢᠨ ᠳᠤᠷ᠎ᠠ ᠶᠢᠨ ᠦᠢᠯᠡᠴᠢᠯᠡᠭᠡᠨ ᠤ ︽ᠢᠯᠡ ᠺᠠᠷᠲ︾ ︽ᠬᠠᠷᠢᠯᠴᠠᠬᠤ ᠺᠠᠷᠲ︾ ᠢ 1000 ᠭᠠᠷᠤᠢ ᠬᠤᠪᠢ ᠦᠢᠯᠡᠳᠴᠦ ᠲᠠᠷᠬᠠᠭᠠᠪᠠ᠃      ᠡᠯ᠎ᠡ ᠲᠦᠷᠦᠯ ᠤᠨ ᠠᠴᠢᠶᠠᠯᠠᠪᠤᠷᠢ ᠶᠢᠨ ᠬᠡᠯᠪᠡᠷᠢ ᠶᠢ ᠭᠦᠢᠴᠡᠳ ᠠᠰᠢᠭᠯᠠᠵᠤ᠂ ᠤᠨᠤᠯ ᠤᠨ ᠤᠬᠠᠭᠤᠯᠤᠨ ᠲᠠᠶᠢᠯᠪᠤᠷᠢᠯᠠᠬᠤ᠂ ᠲᠦᠷᠦ ᠶᠢᠨ ᠪᠣᠳᠣᠯᠭ᠎ᠠ ᠶᠢᠨ ᠤᠬᠠᠭᠤᠯᠭ᠎ᠠ᠂ ᠲᠡᠷᠢᠭᠦᠨ ᠤ ᠬᠢ ᠶᠢ ᠰᠢᠯᠭᠠᠷᠠᠭᠤᠯᠤᠨ ᠰᠢᠯᠢᠳᠡᠭ ᠢ  ᠨᠢ ᠰᠣᠩᠭᠤᠬᠤ᠂ ᠤᠳᠬ᠎ᠠ ᠤᠷᠠᠯᠢᠭ ᠤᠨ ᠰᠣᠶᠣᠯ᠂ ᠵᠠᠩ ᠳᠠᠳᠬᠠᠯ ᠢ ᠥᠭᠡᠷᠡᠴᠢᠯᠡᠬᠦ ᠪᠠ ᠬᠠᠯᠠᠮᠵᠢᠯᠠᠨ ᠬᠠᠶᠢᠷᠠᠯᠠᠬᠤ ᠵᠡᠷᠭᠡ ᠰᠢᠨ᠎ᠡ ᠴᠠᠭ ᠦᠶ᠎ᠡ ᠶᠢᠨ ᠪᠣᠯᠪᠠᠰᠤᠨ ᠦᠢᠯᠡᠳᠦᠯᠭᠡ ᠶᠢᠨ ᠠᠵᠢᠯᠯᠠᠭ᠎ᠠ ᠶᠢ ᠢᠳᠡᠪᠬᠢᠲᠡᠢ ᠠᠬᠢᠭᠤᠯᠵᠤ᠂ ᠦᠨᠳᠦᠰᠦᠨ ᠱᠠᠲᠤᠨ ᠤ ᠤᠯᠠᠨ ᠲᠦᠮᠡᠨ ᠤ ᠤᠶᠤᠨ ᠤ ᠰᠣᠶᠣᠯ ᠤᠨ ᠬᠡᠷᠡᠭᠴᠡᠭᠡ ᠱᠠᠭᠠᠷᠳᠠᠯᠭ᠎ᠠ ᠶᠢ ᠪᠦᠲᠦᠮᠵᠢᠲᠡᠢ ᠬᠠᠩᠭᠠᠪᠠ᠃ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠬᠤ ᠶᠢ ᠨᠠᠮ ᠤᠨ ᠭᠡᠰᠢᠭᠦᠨ ᠺᠠᠳ᠋ᠷ ᠤᠯᠠᠨ ᠲᠦᠮᠡᠨ ᠤ ᠬᠥᠮᠦᠵᠢᠯ ᠪᠣᠯᠪᠠᠰᠤᠷᠠᠯ ᠤᠨ ᠵᠠᠪᠠᠯ ᠰᠤᠷᠬᠤ ᠬᠢᠴᠢᠶᠡᠯ ᠪᠣᠯᠭᠠᠵᠤ᠂ ︽ᠤᠨᠤᠯ ᠤᠨ ᠰᠤᠷᠤᠯᠴᠠᠯᠭ᠎ᠠ ᠶᠢᠨ ᠬᠥᠩᠭᠡᠨ ᠮᠣᠷᠢᠲᠤ ᠴᠡᠷᠢᠭ︾ ︽ᠡᠮᠡᠭᠲᠡᠶᠢᠴᠦᠳ ᠤᠨ ᠤᠬᠠᠭᠤᠯᠤᠨ ᠲᠠᠶᠢᠯᠪᠤᠷᠢᠯᠠᠬᠤ ᠪᠦᠯᠬᠦᠮ︾ ᠵᠡᠷᠭᠡ ᠤᠬᠠᠭᠤᠯᠤᠨ ᠲᠠᠶᠢᠯᠪᠤᠷᠢᠯᠠᠬᠤ ᠡᠩᠨᠡᠭᠡ ᠲᠠᠢ ᠬᠤᠯᠪᠣᠭᠠᠯᠠᠵᠤ᠂ ︽ᠶᠠᠷᠢᠬᠤ᠂ ᠳᠠᠭᠤᠯᠠᠬᠤ᠂ ᠤᠯᠠᠮᠵᠢᠯᠠᠬᠤ᠂ ᠲᠣᠭᠯᠠᠬᠤ︾ ᠤᠯᠠᠨ ᠵᠦᠢᠯ ᠤᠨ ᠬᠡᠯᠪᠡᠷᠢ ᠪᠠᠷ 20 ᠭᠠᠷᠤᠢ ᠲᠠᠯᠠᠪᠠᠢ ︵ᠤᠳᠠᠭ᠎ᠠ︶  ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠶᠢ ᠥᠷᠨᠢᠭᠦᠯᠵᠦ᠂ ᠬᠦᠯᠢᠶᠡᠨ ᠠᠪᠤᠭᠴᠢᠳ ᠤᠨ ᠲᠤᠭ᠎ᠠ 2500 ᠭᠠᠷᠤᠢ ᠬᠥᠮᠥᠨ ᠤᠳᠠᠭ᠎ᠠ ᠳᠤ ᠬᠦᠷᠴᠡᠢ᠃ ᠤᠯᠠᠭᠠᠨᠮᠥ᠋ᠴᠢᠷ ᠤᠨ ︽ᠰᠤᠷᠤᠯᠴᠠᠬᠤ · ᠡᠭᠦᠳᠦᠨ ᠪᠦᠲᠦᠭᠡᠬᠦ · ᠲᠣᠭᠯᠠᠬᠤ︾ ᠠᠵᠢᠯᠯᠠᠭ᠎ᠠ ᠶᠢ ᠭᠦᠨᠵᠡᠭᠡᠶᠢᠷᠡᠭᠦᠯᠵᠦ᠂ ᠤᠯᠠᠭᠠᠨᠮᠥ᠋ᠴᠢᠷ ᠤᠨ ︽ᠪᠠᠶᠠᠷ ᠪᠠᠶᠠᠰᠤᠯ ᠢ ᠬᠦᠷᠭᠡᠬᠦ᠂ ᠪᠣᠯᠪᠠᠰᠤᠨ ᠢ ᠬᠦᠷᠭᠡᠬᠦ︾ ᠦᠨᠳᠦᠰᠦᠨ ᠱᠠᠲᠤᠨ ᠤ ᠦᠢᠯᠡᠴᠢᠯᠡᠭᠡᠨ ᠤ ᠠᠵᠢᠯᠯᠠᠭ᠎ᠠ ᠶᠢ 2 ᠤᠳᠠᠭ᠎ᠠ ᠵᠣᠬᠢᠶᠠᠨ ᠪᠠᠶᠢᠭᠤᠯᠪᠠ᠃ ︽ᠦᠯᠢᠬᠡᠷ ᠳᠠᠭᠤᠷᠢᠶᠠᠯ ᠳᠡᠷᠭᠡᠳᠡ ᠨᠢ ᠪᠠᠶᠢᠬᠤ︾ ᠤᠬᠠᠭᠤᠯᠭ᠎ᠠ ᠬᠥᠮᠦᠵᠢᠯ ᠤᠨ ᠠᠵᠢᠯᠯᠠᠭ᠎ᠠ ᠶᠢ ᠥᠷᠭᠡᠨ ᠢᠶᠠᠷ ᠥᠷᠨᠢᠭᠦᠯᠵᠦ᠂ ᠨᠡᠶᠢᠲᠡᠯᠢᠭ ᠵᠢᠱᠢᠶ᠎ᠡ ᠶᠢ 3 ᠤᠳᠠᠭ᠎ᠠ ᠤᠬᠠᠭᠤᠯᠤᠨ ᠲᠠᠶᠢᠯᠪᠤᠷᠢᠯᠠᠪᠠ᠃ ᠴᠢᠬᠤᠯᠠ ᠶᠡᠭᠡ ᠪᠠᠶᠠᠷ ᠤᠨ ᠡᠳᠦᠷ ᠤᠨ ᠴᠠᠭ  ᠲᠠᠢ ᠤᠶᠠᠯᠲᠤᠭᠤᠯᠤᠨ᠂ ︽ ᠪᠢᠲᠠᠨ ᠤ ᠪᠠᠶᠠᠷ ᠤᠨ ᠡᠳᠦᠷ︾ ︽ᠰᠣᠶᠣᠯ ᠢ ᠲᠦᠮᠡᠨ ᠡᠷᠦᠬᠡ ᠳᠤ ᠬᠦᠷᠭᠡᠶ᠎ᠡ︾ ︽ᠪᠠᠶᠠᠷ ᠪᠠᠶᠠᠰᠤᠯ ᠪᠣᠯᠪᠠᠰᠤᠨ ᠢ ᠬᠦᠷᠭᠡᠶ᠎ᠡ︾ ︽ᠨᠠᠮ ᠤᠨ ᠠᠴᠢ ᠶᠢ ᠲᠠᠯᠠᠷᠬᠠᠵᠤ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠲᠠᠭᠠᠨ ᠤᠷᠤᠭᠰᠢᠯᠠᠬᠤ︾ ︽ᠪᠤᠭᠤᠷᠤᠯᠴᠤᠳ ᠤᠨ ᠰᠡᠳᠬᠢᠯ ᠨᠠᠮ ᠳᠠᠭᠠᠨ ᠰᠢᠨ᠎ᠡ ᠴᠠᠭ ᠦᠶ᠎ᠡ ᠶᠢ ᠬᠠᠩᠬᠢᠨᠠᠭᠤᠯᠤᠶ᠎ᠠ︾ ︽ᠤᠯᠤᠰ ᠢᠶᠠᠨ ᠬᠦᠴᠦᠷᠬᠡᠭᠵᠢᠭᠦᠯᠬᠦ ᠰᠡᠷᠭᠦᠨ ᠮᠠᠨᠳᠤᠯᠲᠠ ᠳᠤ ᠪᠢ ᠪᠠᠶᠢᠨ᠎ᠠ︾ ᠵᠡᠷᠭᠡ ᠪᠠᠷ ᠭᠤᠣᠯ ᠰᠡᠳᠦᠪ ᠪᠣᠯᠭᠠᠵᠤ᠂ ᠡᠯ᠎ᠡ ᠲᠦᠷᠦᠯ ᠤᠨ ᠤᠷᠠᠨ ᠰᠠᠶᠢᠬᠠᠨ ᠤ  ᠲᠣᠭᠯᠠᠯᠲᠠ ᠪᠠ ᠤᠯᠠᠨ ᠲᠦᠮᠡᠨᠴᠢ ᠴᠢᠨᠠᠷᠲᠠᠢ ᠰᠣᠶᠣᠯ ᠤᠷᠠᠯᠢᠭ ᠤᠨ ᠨᠠᠶᠢᠷ᠂ ᠪᠡᠶ᠎ᠡ ᠴᠢᠭᠢᠷᠠᠭᠵᠢᠭᠤᠯᠬᠤ ᠲᠠᠮᠢᠷ ᠤᠨ ᠴᠤᠭᠯᠠᠭᠠᠨ ᠢ 43 ᠲᠠᠯᠠᠪᠤᠷ ᠤᠳᠠᠭ᠎ᠠ ᠥᠷᠨᠢᠭᠦᠯᠵᠦ᠂ ᠡᠭᠦᠨ ᠤ ᠬᠠᠮᠲᠤ ᠦᠨᠳᠦᠰᠦᠨ ᠱᠠᠲᠤᠨ ᠤ ᠤᠬᠠᠭᠤᠯᠭ᠎ᠠ ᠬᠥᠮᠦᠵᠢᠯ ᠤᠨ ᠳᠤᠮᠳᠠᠬᠢ ᠨᠡᠶᠢᠲᠡ ᠶᠢᠨ ᠠᠰᠠᠷᠠᠮᠵᠢ ᠶᠢᠨ ᠺᠢᠨᠣ᠋ ᠶᠢᠨ ᠥᠪᠡᠷᠮᠢᠴᠡ ᠦᠢᠯᠡᠳᠦᠯ ᠢ ᠭᠦᠢᠴᠡᠳ ᠪᠠᠳᠠᠷᠠᠭᠤᠯᠵᠤ᠂ 51 ᠤᠳᠠᠭ᠎ᠠ ᠨᠡᠶᠢᠲᠡ ᠶᠢᠨ ᠠᠰᠠᠷᠠᠮᠵᠢ ᠶᠢᠨ ᠺᠢᠨᠣ᠋ ᠶᠢ ᠨᠠᠪᠲᠠᠷᠡᠭᠦᠯᠵᠦ᠂ 1000 ᠭᠠᠷᠤᠢ ᠬᠥᠮᠥᠨ ᠤᠳᠠᠭ᠎ᠠ ᠰᠣᠨᠢᠷᠬᠠᠪᠠ᠃      ᠵᠢᠯ ᠤᠰᠤ ᠶᠢ ᠶᠡᠭᠡ ᠪᠠᠷ ᠡᠷᠭᠢᠯᠡᠬᠦ᠂ ᠪᠦᠷᠢᠯᠭᠡᠨ ᠰᠦᠢᠳᠬᠡᠬᠦ ᠵᠡᠷᠭᠡ ᠬᠠᠭᠤᠴᠢᠨ ᠶᠣᠰᠣ ᠪᠦᠳᠦᠭᠦᠯᠢᠭ ᠵᠠᠩᠰᠢᠯ ᠢ ᠵᠠᠰᠠᠬᠤ ᠶᠢ ᠠᠬᠢᠭᠤᠯᠬᠤ ᠪᠠᠷ ᠭᠤᠣᠯ ᠠᠭᠤᠯᠭ᠎ᠠ ᠪᠣᠯᠭᠠᠵᠤ᠂ ᠡᠯ᠎ᠡ ᠭᠠᠴᠠᠭᠠᠨ ᠤ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠬᠠᠮᠲᠤ ᠪᠠᠷ ᠨᠠᠰᠤᠨ ᠪᠠᠶᠠᠷ ᠥᠩᠭᠡᠷᠡᠭᠦᠯᠬᠦ᠂ ᠭᠠᠴᠠᠭᠠᠨ ᠤ ᠲᠦᠷᠢᠮ ᠠᠷᠠᠳ ᠤᠨ ᠭᠡᠷ᠎ᠡ ᠶᠢᠨ ᠬᠤᠪᠢ ᠬᠤᠷᠠᠮᠳᠤᠭᠤᠯᠬᠤ ᠬᠠᠮᠢᠶᠠᠷᠤᠯᠲᠠ ᠶᠢᠨ ᠳᠦᠷᠢᠮ ᠵᠡᠷᠭᠡ ᠶᠢ ᠲᠣᠭᠲᠠᠭᠠᠵᠤ᠂ ᠪᠥᠬᠦ ᠬᠤᠰᠢᠭᠤᠨ ᠤ ᠠᠩᠬᠠᠳᠤᠭᠠᠷ ᠬᠤᠭᠤᠴᠠᠭᠠᠨ ᠤ ᠰᠢᠨ᠎ᠡ ᠴᠠᠭ ᠦᠶ᠎ᠡ ᠶᠢᠨ ᠪᠣᠯᠪᠠᠰᠤᠨ ᠦᠢᠯᠡᠳᠦᠯᠭᠡ ᠶᠢᠨ ᠰᠠᠶᠢᠨ ᠳᠤᠷ᠎ᠠ ᠶᠢᠨ ᠦᠢᠯᠡᠴᠢᠯᠡᠭᠡᠨ ᠤ ᠲᠥᠷᠥᠯ ᠵᠦᠢᠯ ᠤᠨ ᠤᠷᠤᠯᠳᠤᠭᠠᠨ ᠳᠤ ᠬᠤᠶᠠᠳᠤᠭᠠᠷ ᠳᠡᠰ ᠤᠨ ᠱᠠᠩᠨᠠᠯ ᠭᠥᠷᠳᠡᠵᠤ᠂ 49 ᠨᠠᠰᠤᠨ ᠠᠴᠠ ᠳᠣᠷᠣᠭᠰᠢᠬᠢ ᠵᠢᠯ ᠣᠴᠢᠭᠰᠠᠳ ᠤᠨ ᠡᠷᠭᠢᠯᠡᠭᠰᠡᠨ ᠦᠭᠡᠢ ᠪᠤᠶᠤ ᠳᠥᠭᠦᠮᠴᠢᠯᠡᠨ ᠡᠷᠭᠢᠯᠡᠭᠰᠡᠨ ᠨᠣᠷᠮ᠎ᠠ  ᠨᠢ 100% ᠳᠤ ᠬᠦᠷᠴᠦ᠂ 73 ᠨᠠᠰᠤᠨ ᠠᠴᠠ ᠳᠣᠷᠣᠭᠰᠢᠬᠢ ᠵᠢᠯ ᠣᠴᠢᠭᠰᠠᠳ ᠤᠨ ᠡᠷᠭᠢᠯᠡᠭᠰᠡᠨ ᠦᠭᠡᠢ ᠪᠤᠶᠤ ᠳᠥᠭᠦᠮᠴᠢᠯᠡᠨ ᠡᠷᠭᠢᠯᠡᠭᠰᠡᠨ ᠨᠣᠷᠮ᠎ᠠ ᠨᠢ 98 % ᠳᠤ ᠭᠦᠷᠦᠭᠰᠡᠨ ᠪᠠᠶᠢᠨ᠎ᠠ︔ ᠤᠳᠬ᠎ᠠ ᠤᠷᠠᠯᠢᠭ ᠤᠨ ᠪᠦᠲᠦᠭᠡᠯ ᠤᠨ ᠶᠠᠰᠤ ᠴᠢᠨᠠᠷ ᠢ ᠳᠡᠭᠡᠭᠰᠢᠯᠡᠭᠦᠯᠬᠦ ᠢᠨᠵᠧᠨᠧᠷᠢᠩ ᠢ ᠭᠦᠨᠵᠡᠭᠡᠢ ᠬᠡᠷᠡᠭᠵᠢᠭᠦᠯᠵᠦ᠂ ᠴᠢᠬᠤᠯᠠ ᠶᠡᠭᠡ ᠭᠤᠣᠯ ᠰᠡᠳᠦᠪᠲᠦ ᠤᠳᠬ᠎ᠠ ᠤᠷᠠᠯᠢᠭ ᠤᠨ ᠰᠣᠳᠣᠨ ᠪᠦᠲᠦᠭᠡᠯ ᠢ ᠵᠣᠬᠢᠶᠠᠨ ᠪᠦᠲᠦᠭᠡᠬᠦ ᠵᠦᠢᠯᠡᠰ ᠢ ᠡᠯᠰᠡᠬᠦ ᠠᠵᠢᠯᠯᠠᠭ᠎ᠠ ᠶᠢ 2 ᠤᠳᠠᠭ᠎ᠠ ᠥᠷᠨᠢᠭᠦᠯᠪᠡ︔ ︽ᠬᠤᠶᠠᠷ ᠢ ᠪᠣᠶ ᠪᠣᠯᠭᠠᠬᠤ︾ ᠶᠢ ᠴᠢᠬᠤᠯᠠᠴᠢᠯᠠᠵᠤ᠂ ᠮᠠᠯᠵᠢᠬᠤ ᠣᠷᠣᠨ ᠤ ᠦᠢᠯᠡᠳᠪᠦᠷᠢᠯᠡᠯ ᠠᠮᠢᠳᠤᠷᠠᠯ ᠤᠨ ᠣᠨᠴᠠᠯᠢᠭ ᠲᠠᠢ ᠤᠶᠠᠯᠳᠤᠭᠤᠯᠤᠨ᠂ ᠴᠠᠭᠠᠨ ᠢᠳᠡᠭᠡᠨ ᠤ ᠰᠣᠶᠣᠯ᠂  ᠦᠵᠤᠮᠤᠴᠢᠨ ᠬᠤᠨᠢᠨ ᠤ ᠰᠣᠶᠣᠯ ᠢ ᠭᠦᠢᠴᠡᠳ ᠪᠠᠳᠠᠷᠠᠭᠤᠯᠵᠤ᠂ ᠴᠠᠭᠠᠨ ᠢᠳᠡᠭᠡᠨ ᠤ ᠠᠳᠠᠯᠢᠳᠬᠠᠨ ᠰᠢᠯᠭᠠᠷᠠᠭᠤᠯᠬᠤ ᠠᠵᠢᠯᠯᠠᠭ᠎ᠠ ᠪᠠ ᠦᠵᠦᠮᠦᠴᠢᠨ ᠬᠤᠨᠢᠨ ᠤ ᠠᠳᠠᠯᠢᠳᠬᠠᠨ ᠰᠢᠯᠭᠠᠷᠠᠭᠤᠯᠬᠤ ᠤᠷᠤᠯᠳᠤᠭᠠᠨ ᠢ ᠶᠡᠬᠡᠪᠡᠷ ᠦᠷᠨᠢᠬᠦᠯᠪᠠ᠃      ᠠᠯᠲᠠᠨᠬᠢᠯᠢ ᠰᠤᠮᠤᠨ ᠤ ᠰᠢᠨ᠎ᠡ ᠴᠠᠭ ᠦᠶ᠎ᠡ ᠶᠢᠨ ᠪᠣᠯᠪᠠᠰᠤᠨ ᠦᠢᠯᠡᠳᠦᠯᠭᠡ ᠨᠢ ᠨᠡᠶᠢᠭᠡᠮ ᠵᠢᠷᠤᠮ ᠤᠨ ᠭᠤᠣᠯᠯᠠᠭᠴᠢ ᠦᠷᠳᠡᠭ ᠤᠨ ᠦᠵᠡᠯᠲᠡ ᠶᠢᠨ ᠤᠬᠠᠭᠤᠯᠭ᠎ᠠ ᠬᠥᠮᠦᠵᠢᠯ ᠢ ᠪᠦᠬᠦᠨ ᠢ ᠪᠦᠷᠬᠦᠭᠦᠯᠬᠦ ᠶᠢ ᠬᠦᠴᠦᠯᠡᠨ᠂ ᠰᠠᠶᠢᠨ ᠳᠤᠷ᠎ᠠ ᠶᠢᠨ ᠬᠦᠴᠦᠨ ᠢ ᠢᠳᠡᠪᠬᠢᠲᠡᠢ ᠪᠠᠷ ᠲᠠᠶᠢᠴᠢᠯᠠᠨ᠂ ᠤᠯᠠᠨ ᠲᠦᠮᠡᠨ ᠤ ᠣᠷᠣᠯᠴᠠᠬᠤ ᠳᠤᠷᠠᠲᠠᠢ᠂ ᠤᠯᠠᠨ ᠲᠦᠮᠡᠨ ᠤ ᠰᠠᠨᠠᠭᠠᠨ ᠳᠤ ᠨᠡᠶᠢᠴᠡᠭᠰᠡᠨ ᠪᠣᠯᠪᠠᠰᠤᠨ ᠦᠢᠯᠡᠳᠦᠯᠭᠡ ᠶᠢᠨ ᠠᠵᠢᠯᠯᠠᠭ᠎ᠠ ᠶᠢ ᠥᠷᠨᠢᠭᠦᠯᠵᠦ᠂ ᠨᠠᠮ ᠤᠨ ᠲᠠᠭᠤᠨ ᠢ ᠦᠷᠭᠦᠯᠵᠢᠯᠡᠨ ᠤᠯᠠᠮᠵᠢᠯᠠᠵᠤ᠂ ᠪᠣᠯᠪᠠᠰᠤᠨ ᠰᠢᠨ᠎ᠡ ᠰᠤᠷᠲᠠᠯ ᠢ ᠪᠤᠢ ᠪᠣᠯᠭᠠᠵᠤ᠂ ᠰᠢᠯᠢᠳᠡᠭ ᠰᠣᠶᠣᠯ ᠢ ᠤᠯᠠᠮᠵᠢᠯᠠᠨ ᠵᠠᠯᠭᠠᠮᠵᠢᠯᠠᠵᠤ᠂ ᠠᠷᠠᠳ ᠤᠯᠠᠨ ᠤ ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ ᠤᠶᠤᠨ ᠤ ᠪᠠ ᠰᠣᠶᠣᠯ ᠤᠨ ᠬᠡᠷᠡᠭᠴᠡᠭᠡ ᠶᠢ ᠨᠡᠩ ᠰᠠᠶᠢᠲᠤᠷ ᠬᠠᠩᠭᠠᠵᠤ᠂ ᠤᠯᠠᠨ ᠲᠦᠮᠡᠨ ᠳᠤ ᠦᠢᠯᠡᠴᠢᠯᠡᠬᠦ ︽ᠡᠴᠦᠰ ᠤᠨ ᠨᠢᠭᠡ ᠺᠢᠯᠣᠮᠧᠲᠷ︾ ᠢ ᠨᠠᠪᠲᠠᠷᠠᠬᠦᠯᠪᠠ᠃
 
ᠢᠷᠡᠯᠲᠡ᠄ ᠠᠯᠲᠠᠨᠬᠢᠯᠢ ᠰᠤᠮᠤ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号