︽ᠴᠠᠰᠤ ᠲᠠᠢ ᠲᠡᠮᠡᠴᠡᠵᠦ᠂ ᠵᠠᠭᠤᠨ ᠡᠳᠦᠷ ᠤᠨ ᠰᠢᠪᠲᠤᠯᠤᠯᠲᠠ︾ ᠪᠠᠷ ᠠᠯᠲᠠᠨᠬᠢᠯᠢ ᠰᠤᠮᠤ ᠨᠢ      ︽ᠭᠤᠷᠪᠠᠨ ᠠᠷᠭ᠎ᠠ ᠬᠡᠮᠵᠢᠶ᠎ᠡ︾ ᠠᠪᠴᠤ ᠤᠯᠠᠨ ᠲᠦᠮᠡᠨ ᠤ ᠠᠮᠤᠷ ᠲᠦᠪᠰᠢᠨ ᠢ ᠪᠠᠲᠤᠯᠠᠪᠠ
ᠨᠡᠶᠢᠲᠡᠯᠡᠭᠰᠡᠨ ᠴᠠᠭ᠄
2024/2/18
      ᠮᠥᠰᠤ ᠴᠠᠰᠤ ᠦᠷᠭᠦᠯᠵᠢᠯᠡᠭᠰᠡᠨ ᠠᠭᠤᠷ ᠠᠮᠢᠰᠬᠤᠯ ᠢ ᠪᠦᠲᠦᠮᠵᠢᠲᠡᠢ ᠠᠷᠭᠠᠴᠠᠬᠤ ᠶᠢᠨ ᠲᠥᠯᠥᠭᠡ᠂  ᠠᠯᠲᠠᠨᠬᠢᠯᠢ ᠰᠤᠮᠤ ᠨᠢ ᠨᠠᠷᠢᠨ ᠨᠢᠮᠪᠠᠢ ᠵᠣᠬᠢᠶᠠᠨ ᠪᠠᠶᠢᠭᠤᠯᠤᠨ ᠲᠣᠬᠢᠷᠠᠭᠤᠯᠵᠤ᠂ ᠪᠦᠬᠦ ᠬᠦᠴᠦᠨ ᠢᠶᠠᠷ ᠢᠶᠠᠨ        ︽ᠴᠠᠰᠤ ᠲᠠᠢ ᠲᠡᠮᠡᠴᠡᠨ᠂ ᠵᠠᠭᠤᠨ ᠡᠳᠦᠷ ᠪᠠᠶᠢᠯᠳᠤᠵᠤ︾᠂ ᠭᠠᠮᠰᠢᠭ ᠠᠴᠠ ᠠᠪᠤᠷᠠᠬᠤ᠂ ᠠᠮᠤᠷ ᠲᠦᠪᠰᠢᠨ ᠢ ᠪᠠᠲᠤᠯᠠᠬᠤ᠂ ᠵᠠᠮ ᠨᠡᠪᠲᠡᠷᠡᠯᠭᠡ ᠶᠢ ᠰᠠᠭᠠᠳ ᠦᠭᠡᠢ ᠨᠡᠪᠲᠡᠷᠡᠭᠦᠯᠬᠦ ᠵᠡᠷᠭᠡ ᠠᠵᠢᠯ ᠢ ᠭᠤᠣᠯᠳᠠᠯᠭ᠎ᠠ ᠲᠠᠢ ᠠᠳᠬᠤᠵᠤ᠂ ᠦᠨᠳᠦᠰᠦᠨ ᠱᠠᠲᠤᠨ ᠤ ᠺᠠᠳ᠋ᠷ ᠠᠵᠢᠯᠲᠠᠳ ᠨᠢ ᠪᠣᠳᠠᠲᠤ ᠠᠵᠢᠯᠯᠠᠭ᠎ᠠ ᠪᠠᠷ ᠢᠶᠠᠨ ᠠᠷᠠᠳ ᠲᠦᠮᠡᠨ ᠳᠤ ᠪᠠᠨ ᠦᠢᠯᠡᠴᠢᠯᠡᠪᠠ᠃      ◆ᠮᠥᠰᠤ ᠴᠠᠰᠤᠲᠠᠢ ᠴᠠᠭ ᠠᠭᠤᠷ ᠢ ᠰᠡᠷᠭᠡᠶᠢᠯᠡᠨ ᠠᠷᠭᠠᠴᠠᠬᠤ ᠠᠵᠢᠯ ᠤᠨ ᠬᠤᠷᠠᠯ ᠢ ᠣᠯᠠᠨ ᠤᠳᠠᠭ᠎ᠠ ᠬᠤᠷᠠᠯᠳᠤᠭᠤᠯᠵᠤ᠂ ᠺᠠᠲᠠᠷ ᠠᠵᠢᠯᠲᠠᠳ ᠤᠨ ᠡᠭᠦᠷᠭᠡ ᠶᠢ ᠲᠣᠳᠣᠷᠬᠠᠶᠢᠯᠠᠨ᠂ ᠭᠠᠮᠰᠢᠭ ᠢ ᠰᠡᠷᠭᠡᠶᠢᠯᠡᠨ ᠬᠠᠬᠢᠷ ᠬᠦᠢᠲᠡᠨ ᠢ ᠡᠰᠡᠷᠭᠦᠴᠡᠬᠦ ᠠᠵᠢᠯ ᠢ ᠪᠥᠬᠦ ᠲᠠᠯ᠎ᠠ ᠪᠠᠷ ᠪᠠᠶᠢᠷᠢᠯᠠᠭᠤᠯᠵᠤ᠂ ᠴᠠᠰᠤᠨ ᠠᠴᠠ ᠰᠡᠷᠭᠡᠶᠢᠯᠡᠨ ᠭᠠᠮᠰᠢᠭ ᠢ ᠡᠰᠡᠷᠭᠦᠴᠡᠬᠦ ᠪᠡᠯᠡᠳᠬᠡᠯ ᠲᠥᠰᠥᠯ ᠢ ᠪᠠᠶᠢᠭᠤᠯᠪᠠ᠃ ᠭᠤᠣᠯ ᠤᠳᠤᠷᠢᠳᠤᠯᠭ᠎ᠠ ᠨᠠᠷ ᠨᠢᠭᠡᠳᠦᠭᠡᠷ ᠬᠠᠷᠢᠭᠤᠴᠠᠯᠭᠠᠲᠠᠨ ᠤ ᠬᠠᠷᠢᠭᠤᠴᠠᠯᠭ᠎ᠠ ᠶᠢ ᠡᠭᠦᠷᠭᠡᠯᠡᠵᠦ᠂ ︽ᠤᠳᠤᠷᠢᠳᠤᠯᠭ᠎ᠠ ᠶᠢᠨ ᠬᠠᠷᠢᠭᠤᠴᠠᠯᠭ᠎ᠠ ᠶᠢ ᠭᠠᠴᠠᠭᠠᠨ ᠳᠤ᠂ ᠺᠠᠳ᠋ᠷ ᠤᠨ ᠬᠠᠷᠢᠭᠤᠴᠠᠯᠭ᠎ᠠ ᠶᠢ ᠲᠤᠤᠷᠵᠢᠯ ᠤᠨ ᠳᠤᠭᠤᠶᠢᠯᠠᠩ ᠳᠤ᠂  ᠭᠠᠴᠠᠭᠠᠨ ᠤ ᠬᠠᠷᠢᠭᠤᠴᠠᠯᠭ᠎ᠠ ᠶᠢ ᠡᠷᠦᠬᠡ ᠳᠤ        ᠬᠦᠷᠦᠭᠦᠯᠬᠦ︾ ᠭᠤᠷᠪᠠᠨ ᠱᠠᠲᠤᠨ ᠤ ᠬᠤᠯᠪᠤᠭᠠᠯᠠᠨ ᠬᠥᠳᠡᠯᠦᠯᠴᠡᠬᠦ ᠵᠠᠭᠪᠤᠷ ᠢ ᠴᠢᠩᠭ᠎ᠠ ᠨᠠᠶᠢᠳᠠᠪᠤᠷᠢᠵᠢᠭᠤᠯᠤᠨ᠂ 24 ᠴᠠᠭ ᠢᠶᠠᠷ ᠵᠢᠵᠢᠭᠦᠷᠯᠡᠬᠦ ᠳᠦᠷᠢᠮ ᠢ ᠬᠡᠷᠡᠭᠵᠢᠭᠦᠯᠵᠦ᠂ ᠬᠠᠮᠵᠢᠯᠴᠠᠭ᠎ᠠ ᠨᠡᠪᠲᠡᠷᠡᠯᠭᠡ ᠪᠠᠨ ᠴᠢᠩᠭᠠᠳᠬᠠᠵᠤ᠂ ᠴᠠᠰᠤ ᠬᠥᠯᠳᠡᠭᠰᠡᠨ ᠪᠠᠶᠢᠳᠠᠯ ᠪᠠ ᠭᠡᠨᠡᠳᠲᠡ ᠶᠢᠨ ᠬᠡᠷᠡᠭ ᠤᠨ ᠮᠡᠳᠡᠭᠡ ᠵᠠᠩᠭᠢ ᠶᠢ ᠬᠠᠮᠤᠭ ᠤᠨ ᠲᠡᠷᠢᠭᠦᠨ ᠳᠤ ᠮᠡᠳᠡᠭᠦᠯᠬᠦ ᠪᠤᠯᠭᠠᠵᠠᠢ᠃      ◆ᠴᠠᠰᠤ ᠶᠢ ︽ᠰᠣᠨᠣᠰᠤᠮᠠᠭᠴᠠ︾ ᠬᠥᠳᠡᠯᠵᠦ᠂ ᠴᠠᠰᠤ ᠪᠠᠷ ᠵᠠᠷᠯᠢᠭ ᠪᠣᠯᠭᠠᠵᠤ᠂ ᠪᠠᠴᠢᠮ ᠪᠠᠶᠢᠳᠠᠯ ᠢ ᠠᠷᠭᠠᠴᠠᠬᠤ ᠠᠪᠤᠷᠠᠨ ᠲᠤᠰᠠᠯᠠᠬᠤ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠪᠡ᠃ ᠨᠠᠮ ᠤᠨ ᠭᠡᠰᠢᠭᠦᠨ᠂ ᠡᠷᠦᠬᠡ ᠶᠢᠨ ᠴᠡᠷᠢᠭ᠂ ᠰᠤᠮᠤᠨ ᠤ ᠺᠠᠳ᠋ᠷ ᠪᠣᠯᠣᠨ ᠰᠠᠶᠢᠨ ᠳᠤᠷ᠎ᠠ ᠶᠢᠨ ᠠᠵᠢᠯᠯᠠᠭᠰᠠᠳ ᠢ ᠢᠳᠡᠪᠬᠢᠲᠡᠢ ᠪᠠᠷ ᠳᠠᠶᠢᠴᠢᠯᠠᠨ ︽ᠮᠠᠰᠢᠨ + ᠬᠥᠮᠥᠨ ᠤ ᠬᠦᠴᠦ︾ ᠶᠢᠨ ᠠᠷᠭ᠎ᠠ ᠮᠠᠶ᠋ᠢᠭ ᠢᠶᠠᠷ ᠴᠠᠰᠤ ᠬᠤᠷᠠᠭᠰᠠᠨ ᠵᠠᠮ ᠤᠨ ᠬᠡᠰᠡᠭ ᠢ ᠰᠠᠭᠠᠳ ᠦᠭᠡᠢ ᠨᠠᠪᠲᠠᠷᠡᠭᠦᠯᠵᠦ᠂ ᠬᠠᠷᠢᠶᠠᠲᠤ ᠣᠷᠣᠨ ᠤ ᠮᠠᠯᠴᠢᠳ ᠤᠨ ᠶᠠᠪᠤᠵᠤ ᠰᠠᠭᠤᠬᠤ ᠠᠮᠤᠷ ᠲᠦᠪᠰᠢᠨ ᠢ ᠪᠠᠲᠤᠯᠠᠵᠤ᠂ ᠨᠡᠶᠢᠲᠡ 25 ᠤᠳᠬᠤᠭᠤᠷ ᠲᠡᠷᠭᠡ 270 ᠭᠠᠷᠤᠢ ᠤᠳᠠᠭ᠎ᠠ ᠲᠦᠯᠬᠢᠵᠦ᠂ 5 ᠪᠠᠲᠤᠯᠠᠭ᠎ᠠ ᠶᠢᠨ        ᠲᠡᠷᠭᠡ᠂ 32 ᠴᠠᠰᠤ ᠴᠡᠪᠡᠷᠯᠡᠬᠦ ᠪᠠᠭᠠᠵᠢ ᠭᠠᠷᠭᠠᠵᠤ᠂ 5200 ᠭᠠᠷᠤᠢ ᠺᠢᠯᠣᠮᠧᠲᠷ ᠴᠠᠰᠤ ᠠᠷᠢᠯᠭᠠᠵᠠᠢ᠃ ᠮᠠᠯᠴᠢᠳ ᠢ ᠬᠠᠪᠰᠤᠷᠤᠨ ᠡᠪᠦᠯ ᠤᠨ ᠤᠯᠠᠷᠢᠯ ᠤᠨ ᠡᠪᠡᠰᠦ ᠪᠣᠷᠳᠤᠭ᠎ᠠ ᠬᠠᠳᠠᠭᠠᠯᠠᠬᠤ 82 ᠲᠡᠷᠭᠡ ᠶᠢ ᠰᠠᠭᠠᠳ ᠦᠭᠡᠢ ᠬᠦᠷᠭᠡᠵᠦ᠂ ᠰᠤᠮᠤᠨ ᠤ ᠭᠤᠣᠯ ᠳᠡᠳ᠋ ᠵᠠᠮ ᠢ ᠪᠥᠬᠦ ᠬᠦᠴᠦᠨ ᠢᠶᠠᠷ ᠢᠶᠠᠨ ᠨᠡᠪᠲᠡᠷᠡᠭᠦᠯᠦᠨ᠂ ᠡᠭᠦᠨ ᠤ ᠵᠡᠷᠭᠡᠪᠡᠷ᠂ ᠬᠤᠸᠠ ᠶᠢᠦ ᠠᠵᠢᠯᠯᠠᠬᠤ ᠲᠣᠭᠤᠷᠢᠭ᠂ ᠲᠢᠶᠠᠨ ᠳ᠋ᠢ ᠰᠢᠯᠢᠨ ᠨᠡᠭᠦᠷᠡᠰᠦᠨ ᠠᠭᠤᠷᠬᠠᠢ ᠶᠢᠨ ᠬᠢᠨ ᠥᠪᠡᠷᠲᠡᠭᠡᠨ ᠴᠠᠰᠤ ᠠᠷᠢᠯᠭᠠᠬᠤ ᠮᠠᠰᠢᠨ ᠲᠡᠷᠭᠡ ᠬᠥᠳᠡᠯᠭᠡᠨ ᠴᠠᠰᠤ ᠬᠤᠷᠠᠭᠰᠠᠨ ᠵᠠᠮ ᠤᠨ ᠬᠡᠰᠡᠭ ᠢ ᠬᠠᠮᠵᠢᠨ ᠴᠡᠪᠡᠷᠯᠡᠵᠡᠢ᠃      ◆ᠡᠪᠡᠰᠦ ᠪᠣᠷᠳᠤᠭ᠎ᠠ ᠶᠢᠨ ᠳᠤᠲᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠦᠨᠳᠦᠰᠦᠨ ᠱᠠᠲᠤᠨ ᠳᠤ ᠭᠦᠨᠵᠡᠭᠡᠶᠢᠷᠡᠵᠦ ᠠᠷᠠᠳ ᠤᠨ ᠠᠮᠢᠳᠤᠷᠠᠯ ᠢ ᠰᠠᠬᠢᠨ ᠬᠠᠮᠠᠭᠠᠯᠠᠨ᠎ᠠ᠃ ᠮᠠᠯᠴᠢᠨ ᠲᠦᠮᠡᠨ ᠤ ᠡᠪᠡᠰᠦ ᠪᠣᠷᠳᠤᠭ᠎ᠠ ᠶᠢᠨ ᠳᠤᠲᠠᠭᠳᠠᠯ ᠳᠤ ᠴᠢᠭᠯᠡᠭᠦᠯᠦᠨ᠂ ᠰᠤᠮᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠦᠳᠲᠡᠷ ᠲᠦᠷᠭᠡᠨ ᠴᠤᠤᠷᠢᠶᠠᠲᠤᠨ ᠳᠠᠭᠠᠵᠤ᠂ ᠭᠠᠴᠠᠭᠠᠨ ᠤ ︽ᠬᠤᠶᠠᠷ ᠵᠥᠪᠯᠡᠯ︾ ᠢ ᠢᠳᠡᠪᠬᠢᠲᠡᠢ ᠪᠠᠷ ᠳᠠᠶᠢᠴᠢᠯᠠᠨ ᠡᠪᠡᠰᠦ ᠪᠣᠷᠳᠤᠭ᠎ᠠ ᠳᠤᠲᠠᠭᠳᠠᠵᠤ ᠪᠠᠶᠢᠭ᠎ᠠ ᠲᠤᠭ᠎ᠠ ᠬᠡᠮᠵᠢᠶ᠎ᠡ᠂ ᠲᠡᠭᠡᠭᠡᠪᠦᠷᠢᠯᠡᠬᠦ ᠲᠡᠷᠭᠡᠨ ᠠᠩᠭᠢ᠂ ᠡᠪᠡᠰᠦᠨ ᠤ ᠢᠷᠡᠯᠲᠡ ᠵᠢᠴᠢ ᠲᠦᠭᠡᠭᠡᠬᠦ ᠴᠠᠭ ᠵᠡᠷᠭᠡ ᠪᠣᠳᠠᠲᠠᠢ ᠠᠰᠠᠭᠤᠳᠠᠯ ᠢ ᠰᠤᠳᠤᠯᠤᠨ ᠶᠠᠷᠢᠯᠴᠠᠵᠤ᠂ ᠰᠠᠨᠠᠭᠠᠴᠢᠯᠠᠭ᠎ᠠ   ᠠᠴᠠ ᠪᠠᠨ ᠬᠠᠷᠢᠯᠴᠠᠬᠤ᠂ ᠲᠥᠪᠯᠡᠷᠡᠭᠦᠯᠦᠨ ᠲᠡᠭᠡᠭᠡᠪᠦᠷᠢᠯᠡᠬᠦ᠂ ᠬᠢᠮᠳᠠ ᠦᠨ᠎ᠡ ᠪᠠᠷ ᠬᠤᠳᠠᠯᠳᠤᠬᠤ᠂ ᠵᠦᠢ ᠵᠣᠬᠢᠰᠲᠠᠢ ᠬᠤᠪᠢᠶᠠᠷᠢᠯᠠᠬᠤ ᠢᠶᠠᠷ ᠳᠠᠮᠵᠢᠭᠤᠯᠤᠨ᠂ ᠵᠡᠭᠦᠨ ᠬᠡᠰᠡᠭ ᠤᠨ ᠰᠤᠮᠤ ᠪᠠᠯᠭᠠᠰᠤ   ᠠᠴᠠ 460 ᠲᠣᠨ ᠡᠪᠡᠰᠦ ᠪᠣᠷᠳᠤᠭ᠎ᠠ ᠶᠢ ᠬᠤᠳᠠᠯᠳᠤᠨ ᠠᠪᠴᠤ᠂ ᠠᠨᠳᠠ ᠰᠠᠶᠢᠨ ᠳᠤᠷ᠎ᠠ ᠶᠢᠨ ᠠᠵᠢᠯᠯᠠᠭᠴᠢ ᠶᠢᠨ ᠲᠡᠷᠭᠡᠨ ᠠᠩᠭᠢ ᠠᠴᠠ ᠨᠢᠭᠡᠳᠦᠯᠲᠡᠢ ᠲᠡᠭᠡᠭᠡᠪᠦᠷᠢᠯᠡᠵᠦ᠂ ᠵᠠᠰᠠᠭ ᠤᠨ ᠣᠷᠳᠣᠨ ᠠᠴᠠ ᠰᠦᠢᠳᠬᠡᠯ ᠬᠤᠷᠢᠶᠠᠬᠤ ᠦᠭᠡᠢ ᠲᠠᠯᠠᠪᠤᠷ ᠬᠠᠩᠭᠠᠵᠤ ᠣᠷᠣᠯᠠᠨ ᠬᠤᠳᠠᠯᠳᠤᠬᠤ ᠴᠡᠭ ᠪᠠᠶᠢᠭᠤᠯᠤᠨ᠂ ᠡᠪᠡᠰᠦ ᠪᠣᠷᠳᠤᠭ᠎ᠠ ᠳᠤᠲᠠᠭᠳᠠᠵᠤ ᠪᠠᠶᠢᠭ᠎ᠠ ᠡᠷᠦᠬᠡ ᠳᠤ ᠪᠣᠷᠣᠯᠠᠭᠤᠯᠪᠠ᠃ ᠡᠭᠦᠨ ᠤ ᠬᠠᠮᠲᠤ ᠡᠯ᠎ᠡ ᠭᠠᠴᠠᠭ᠎ᠠ ᠡᠪᠡᠰᠦ ᠪᠣᠷᠳᠤᠭ᠎ᠠ ᠨᠥᠭᠡᠴᠡᠯᠡᠬᠦ ᠰᠠᠭᠤᠷᠢᠨ ᠭᠠᠵᠠᠷ ᠤᠨ ᠦᠢᠯᠡᠳᠦᠯ ᠢ ᠭᠦᠢᠴᠡᠳ ᠪᠠᠳᠠᠷᠠᠭᠤᠯᠵᠤ᠂ ᠬᠡᠰᠡᠭ ᠡᠪᠡᠰᠦ ᠪᠣᠷᠳᠤᠭ᠎ᠠ ᠶᠢ ᠨᠥᠭᠡᠴᠡᠯᠡᠬᠦ ᠪᠠ ᠭᠠᠴᠠᠭ᠎ᠠ ᠰᠠᠭᠤᠷᠢᠨ ᠭᠠᠵᠠᠷ ᠢ ᠮᠠᠯᠵᠢᠬᠤ ᠡᠷᠦᠬᠡ ᠶᠢᠨ ᠡᠪᠦᠯᠵᠢᠬᠦ ᠳᠤ ᠪᠠᠲᠤ ᠪᠠᠬᠢ ᠡᠳ᠋ ᠪᠣᠳᠠᠰ ᠤᠨ ᠪᠠᠲᠤᠯᠠᠭ᠎ᠠ ᠬᠠᠩᠭᠠᠪᠠ᠃      ◆ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠮᠡᠳᠡᠯᠭᠡ ᠶᠢ ᠥᠷᠭᠡᠨ ᠢᠶᠠᠷ ᠢᠳᠡᠪᠬᠢᠲᠡᠢ ᠤᠬᠠᠭᠤᠯᠵᠤ᠂ ᠰᠤᠮᠤᠨ ᠤ ᠸᠢᠴᠠᠲ ᠤᠨ ᠨᠡᠶᠢᠲᠡ ᠶᠢᠨ ᠳ᠋ᠤᠭᠠᠷ᠂ ᠭᠠᠴᠠᠭ᠎ᠠ ︵ᠨᠡᠶᠢᠭᠡᠮ ᠲᠤᠭᠤᠷᠢᠭ︶ ᠤᠨ ᠸᠢᠴᠠᠲ ᠬᠤᠯᠪᠤᠭ᠎ᠠ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠴᠠᠭ ᠠᠭᠤᠷ ᠤᠨ ᠰᠡᠷᠡᠮᠵᠢ ᠶᠢᠨ ᠮᠡᠳᠡᠭᠡ ᠵᠠᠩᠭᠢ ᠶᠢ ᠴᠠᠭ ᠲᠤᠬᠠᠢ ᠳᠤᠨᠢ ᠨᠡᠶᠢᠲᠡᠯᠡᠵᠦ᠂ ᠮᠠᠯᠴᠢᠳ ᠢ ᠴᠢᠬᠤᠯᠠ ᠤᠴᠢᠷ ᠦᠭᠡᠢ ᠪᠤᠯ ᠭᠠᠳᠠᠭᠰᠢ ᠶᠠᠪᠤᠬᠤ ᠦᠭᠡᠢ ᠪᠠᠶᠢᠬᠤ ᠶᠢ ᠤᠷᠢᠶᠠᠯᠠᠵᠤ᠂ ᠵᠠᠮ ᠬᠠᠷᠢᠯᠴᠠᠭᠠᠨ ᠤ ᠠᠳᠡᠯ ᠭᠠᠷᠬᠤ ᠶᠢ ᠤᠷᠢᠳᠴᠢᠯᠠᠨ ᠰᠡᠷᠭᠡᠶᠢᠯᠡᠵᠦ᠂ ᠲᠣᠰ ᠪᠡᠶ᠎ᠡ ᠶᠢᠨ ᠠᠮᠢ ᠨᠠᠰᠤᠨ ᠤ ᠠᠮᠤᠷ ᠲᠦᠪᠰᠢᠨ ᠢ ᠪᠠᠲᠤᠯᠠᠨ᠂ ᠣᠯᠠᠨ ᠲᠦᠮᠡᠨ ᠳᠤ ᠰᠡᠷᠭᠡᠶᠢᠯᠡᠨ ᠠᠷᠭᠠᠴᠠᠬᠤ ᠪᠡᠯᠡᠳᠬᠡᠯ ᠢ ᠰᠠᠶᠢᠲᠤᠷ ᠬᠢᠵᠦ᠂ ᠡᠷᠲᠡ ᠠᠷᠭᠠᠴᠠᠵᠤ᠂ ᠡᠷᠲᠡ ᠰᠡᠷᠡᠮᠵᠢᠯᠡᠭᠦᠯᠬᠦ  ᠠᠵᠢᠯ ᠶᠢ ᠢᠳᠡᠪᠬᠢᠲᠡᠢ ᠬᠢᠪᠠ᠃ ᠡᠭᠦᠨ ᠤ ᠬᠠᠮᠲᠤ᠂ ᠡᠷᠦᠬᠡ ᠳᠤ ᠬᠦᠨᠵᠡᠬᠡᠶᠢᠷᠠᠨ ᠰᠤᠷᠪᠤᠯᠵᠢᠯᠠᠬᠤ᠂ ᠤᠲᠠᠰᠤ ᠪᠠᠷ ᠬᠤᠯᠪᠤᠭᠠᠯᠠᠨ ᠰᠤᠷᠪᠤᠯᠵᠢᠯᠠᠬᠤ᠂ ᠵᠢᠷᠭᠢᠶ᠎ᠡ ᠪᠠᠷ ᠠᠰᠠᠭᠤᠨ ᠰᠤᠷᠪᠤᠯᠵᠢᠯᠠᠬᠤ᠂ ᠲᠤᠬᠠᠢ ᠶᠢᠨ ᠲᠠᠯᠠᠪᠤᠷ ᠲᠤ ᠰᠣᠷᠪᠤᠯᠵᠢᠯᠠᠭ᠎ᠠ ᠬᠦᠯᠢᠶᠡᠬᠦ ᠵᠡᠷᠭᠡ ᠠᠷᠭ᠎ᠠ ᠬᠡᠮᠵᠢᠶ᠎ᠡ ᠪᠠᠷ ᠮᠠᠯᠴᠢᠳ ᠤᠨ ᠮᠠᠯ ᠤᠨ ᠭᠠᠷᠭᠠᠯᠲᠠ᠂ ᠡᠪᠡᠰᠦ ᠪᠣᠷᠳᠤᠭ᠎ᠠ ᠨᠥᠭᠡᠴᠡᠯᠡᠬᠦ᠂ ᠨᠡᠭᠦᠷᠡᠰᠦ ᠬᠠᠳᠠᠭᠠᠯᠠᠬᠤ ᠵᠡᠷᠭᠡ ᠦᠢᠯᠡᠳᠪᠦᠷᠢᠯᠡᠯ ᠠᠮᠢᠳᠤᠷᠠᠯ ᠤᠨ ᠪᠠᠶᠢᠳᠠᠯ ᠢ ᠪᠥᠬᠦ ᠲᠠᠯ᠎ᠠ ᠪᠠᠷ ᠡᠵᠢᠮᠰᠢᠪᠠ᠃      ᠲᠠᠷᠠᠭᠠᠴᠢ ᠶᠢᠨ ᠠᠯᠬᠤᠮ ᠳᠤ᠂ ᠠᠯᠲᠠᠨᠬᠢᠯᠢ ᠰᠤᠮᠤ ᠨᠢ ᠴᠠᠭ ᠠᠭᠤᠷ ᠤᠨ ᠬᠤᠪᠢᠷᠠᠯᠲᠠ ᠶᠢ ᠦᠷᠭᠦᠯᠵᠢᠯᠡᠨ ᠠᠩᠬᠠᠷᠴᠤ᠂ ᠮᠠᠯᠵᠢᠬᠤ ᠣᠷᠣᠨ ᠤ ᠬᠠᠪᠤᠷ ᠤᠨ ᠤᠯᠠᠷᠢᠯ ᠤᠨ ᠮᠠᠯ ᠠᠵᠤ ᠠᠬᠤᠢ ᠶᠢᠨ ᠦᠢᠯᠡᠳᠪᠦᠷᠢᠯᠡᠯ ᠤᠨ ᠤᠷᠤᠭᠰᠢᠲᠠᠢ ᠶᠠᠪᠤᠭᠳᠠᠬᠤ ᠶᠢ ᠪᠠᠲᠤᠯᠠᠵᠤ᠂ ᠬᠠᠪᠤᠷ ᠤᠨ ᠤᠯᠠᠷᠢᠯ ᠤᠨ ᠲᠥᠯ ᠲᠤᠰᠬᠤ ᠠᠵᠢᠯ ᠢ ᠡᠮᠬᠢ ᠵᠢᠷᠤᠮ ᠲᠠᠢ ᠠᠬᠢᠭᠤᠯᠤᠨ᠂ ᠠᠷᠠᠳ ᠤᠨ ᠠᠮᠢᠳᠤᠷᠠᠯ ᠢ ᠪᠠᠲᠤᠯᠠᠬᠤ ᠠᠰᠠᠭᠤᠳᠠᠯ ᠤᠨ ᠲᠠᠯ᠎ᠠ ᠪᠠᠷ ᠦᠷᠭᠦᠯᠵᠢᠯᠡᠨ ᠬᠦᠴᠦᠯᠡᠨ ᠴᠢᠷᠮᠠᠶᠢᠵᠤ᠂ ᠮᠠᠯᠴᠢᠨ ᠲᠦᠮᠡᠨ ᠤ ᠵᠢᠷᠭᠠᠯᠲᠤ ᠲᠥᠷᠥᠭᠳᠡᠯ ᠢ ᠲᠠᠰᠤᠷᠠᠯᠳᠠ ᠦᠭᠡᠢ ᠨᠡᠮᠡᠭᠳᠡᠭᠦᠯᠦᠨ᠎ᠡ᠃
 
ᠢᠷᠡᠯᠲᠡ᠄ ᠠᠯᠲᠠᠨᠬᠢᠯᠢ ᠰᠤᠮᠤ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号